ᠣᠩᠭᠤᠢ
ᠨᠡᠶᠢᠲᠡᠯᠡᠭᠰᠡᠨ ᠴᠠᠭ᠄
2020/3/23
        ᠣᠩᠭᠤᠢ ︵1910~2004 ᠣᠨ︶᠂ ᠴᠠᠬᠠᠷ ᠵᠡᠭᠦᠨ ᠭᠠᠷ ᠤᠨ ᠰᠢᠯᠣᠭᠤᠨ ᠴᠠᠭᠠᠨ ᠦᠬᠡᠷᠴᠢᠨ ᠰᠦᠷᠦᠭ ︵ᠣᠣᠯ ᠤᠨ ᠮᠢᠩᠭᠠᠨ ᠵᠢᠷᠭᠤᠳᠣᠭᠠᠷ ᠰᠣᠮᠣᠨ︶᠎ ᠤᠨ ᠮᠠᠯᠴᠢᠨ ᠮᠠᠵᠢᠭ᠂ ᠴᠡᠴᠡᠭᠮ᠎ᠠ ᠶᠢᠨ ᠭᠡᠷ ᠲᠤ ᠲᠥᠷᠦᠵᠡᠢ᠃         1918 ᠣᠨ ᠳᠤ ᠣᠩᠭᠤᠢ ᠨᠠᠢᠮᠠᠨ ᠨᠠᠰᠣᠨ ᠠᠴᠠ ᠪᠠᠨ ᠡᠬᠢᠯᠡᠨ ᠴᠢᠣᠸᠠᠨ ᠰᠢᠨ ᠶᠠᠩ ᠰᠦᠮ᠎ᠡ᠂ ᠬᠠᠳᠠᠨᠬᠤᠰᠢᠭᠤ ᠰᠦᠮ᠎ᠡ ᠳᠤ ᠲᠥᠪᠡᠳ ᠬᠡᠯᠡ ᠰᠣᠷᠣᠯᠴᠠᠬᠤ ᠶᠢᠨ ᠳᠠᠭᠠᠤ ᠪᠠᠰᠠ ᠮᠣᠩᠭᠤᠯ ᠬᠡᠯᠡ ᠰᠣᠷᠴᠠᠢ᠃         1923~ 1932 ᠣᠨ ᠳᠤ ᠭᠡᠷ ᠲᠡᠭᠡᠨ ᠪᠣᠴᠠᠨ ᠬᠤᠨᠢ ᠬᠠᠷᠢᠭᠤᠯᠵᠤ ᠪᠠᠶᠢᠪᠠ᠃         1932 ᠣᠨ ᠳᠤ ᠰᠦᠷᠦᠭ ᠤᠨ ᠶᠠᠮᠣᠨ ᠠᠴᠠ ᠠᠮᠣᠷ ᠢ ᠬᠠᠮᠠᠭᠠᠯᠠᠬᠤ ᠴᠡᠷᠢᠭ ᠪᠣᠯᠭᠠᠵᠤ᠂ 1933 ᠣᠨ ᠳᠤ ᠠᠮᠣᠷ ᠢ ᠬᠠᠮᠠᠭᠠᠯᠠᠬᠤ ᠴᠡᠷᠢᠭ ᠠᠩᠭᠢ ᠳᠤ ᠳᠠᠰᠤᠭ ᠤᠨ ᠳᠠᠷᠤᠭ᠎ᠠ ᠪᠠᠷ ᠳᠡᠪᠰᠢᠵᠡᠢ᠃1935 ᠣᠨ ᠳᠤ ᠮᠢᠩᠭᠠᠨ ᠮᠠᠯᠵᠢᠯ ᠤᠨ ᠲᠠᠯᠠᠪᠠᠢ ᠶᠢᠨ ᠵᠣᠳᠪᠠᠵᠠᠪ ᠤᠨ ᠴᠠᠬᠠᠷ ᠵᠡᠭᠦᠨ ᠭᠠᠷ ᠤᠨ ᠠᠮᠣᠷ ᠢ ᠬᠠᠮᠠᠭᠠᠯᠠᠬᠤ ᠴᠡᠷᠢᠭ ᠢ ᠥᠷᠭᠡᠳᠭᠡᠨ ᠵᠠᠰᠠᠭ ᠤᠨ ᠣᠷᠳᠣᠨ ᠤ ᠮᠣᠩᠭᠤᠯ ᠮᠣᠷᠢᠲᠤ ᠴᠡᠷᠢᠭ ᠤᠨ ᠬᠤᠶᠠᠳᠣᠭᠠᠷ ᠳ᠋ᠢᠸᠢᠽᠢ ᠪᠣᠯᠭᠠᠬᠤ ᠳᠤ ᠪᠣᠣᠴᠠᠩ᠂ ᠺᠠᠩ ᠪᠣᠤ ᠵᠡᠷᠭᠡ ᠶᠢᠨ ᠭᠠᠵᠠᠷ ᠤᠨ ᠨᠡᠶᠢᠭᠡᠮ ᠤᠨ ᠠᠮᠣᠷ ᠳᠥᠪᠰᠢᠨ ᠢ ᠬᠠᠮᠠᠭᠠᠯᠠᠵᠤ ᠰᠠᠭᠤᠵᠠᠢ᠃         1935 ᠣᠨ ᠳᠤ ᠵᠠᠩᠪᠸᠢ ᠶᠢᠨ ᠴᠡᠷᠢᠭ ᠤᠨ ᠨᠣᠶᠠᠳ ᠤᠨ ᠰᠣᠷᠭᠠᠭᠤᠯᠢ ᠳᠤ ᠬᠠᠭᠠᠰ ᠵᠢᠯ ᠴᠡᠷᠢᠭ ᠤᠨ ᠪᠣᠯᠪᠠᠰᠣᠷᠠᠯ ᠬᠢᠵᠡᠢ᠃         1937 ᠣᠨ ᠳᠤ ᠲᠦᠷᠦᠭᠦᠴᠢ ᠪᠠᠭ᠎ᠠ ᠠᠩᠭᠢ ᠶᠢᠨ ᠳᠠᠷᠤᠭ᠎ᠠ ᠪᠠᠷ ᠳᠡᠪᠰᠢᠵᠡᠢ᠃         1938 ᠣᠨ ᠤ ᠵᠣᠨ ᠹᠦ᠋ ᠽᠦᠸᠧ ᠢ ᠶᠢᠨ ᠴᠡᠷᠢᠭ ᠢ ᠡᠰᠡᠷᠭᠦᠴᠡᠵᠦ᠂ ᠺᠠᠩ ᠪᠣᠤ ᠶᠢ ᠬᠠᠮᠠᠭᠠᠯᠠᠬᠤ ᠪᠠᠶᠢᠯᠳᠣᠭᠠᠨ ᠳᠤ ᠣᠷᠣᠵᠠᠢ᠃         1939 ᠣᠨ ᠤ ᠨᠢᠭᠡ ᠰᠠᠷ᠎ᠠ ᠳᠤ ᠵᠠᠩᠪᠸᠢ ᠶᠢᠨ ᠠᠮᠣᠷ ᠢ ᠬᠠᠮᠠᠭᠠᠯᠠᠬᠤ ᠰᠧᠯᠢᠩᠪᠦ᠋ ᠳᠤ ᠰᠢᠯᠵᠢᠵᠡᠢ᠃         1940 ᠣᠨ ᠳᠤ ᠳᠣᠮᠳᠠ ᠠᠩᠭᠢ ᠶᠢᠨ ᠳᠠᠷᠤᠭ᠎ᠠ ᠪᠠᠷ ᠳᠡᠪᠰᠢᠪᠡ᠂ ᠲᠣᠰ ᠵᠢᠯ ᠳᠡᠭᠡᠨ ᠶᠡᠭᠡ ᠠᠩᠭᠢ ᠎ ᠶᠢᠨ ᠳᠠᠷᠤᠭ᠎ᠠ ᠶᠢᠨ ᠳᠣᠰᠢᠶᠠᠯ ᠳᠤ ᠳᠡᠪᠰᠢᠵᠡᠢ᠃1942 ᠣᠨ ᠳᠤ ᠡᠾᠧᠪᠸᠢ ᠶᠢᠨ ᠴᠦᠩ ᠯᠢ ᠰᠢᠶᠠᠨ ᠳᠤ᠂ ᠨᠠᠢᠮᠠᠨ ᠵᠠᠮ ᠤᠨ ᠴᠡᠷᠢᠭ ᠲᠠᠢ ᠠᠭᠤᠯᠵᠠᠨ ᠭᠤᠷᠪᠠᠨ ᠣᠳᠠᠭ᠎ᠠ ᠶᠢᠨ ᠪᠠᠶᠢᠯᠳᠣᠭᠠᠨ ᠬᠢᠵᠦ᠂ ᠬᠡᠨ ᠠᠯᠢᠨ ᠢᠶᠠᠨ ᠳᠡᠶᠢᠯᠦᠭᠰᠡᠨ ᠦᠭᠡᠢ ᠴᠡᠷᠢᠭ ᠤᠨ ᠬᠤᠸᠠᠷᠠᠨ ᠳᠠᠭᠠᠨ ᠪᠣᠴᠠᠵᠠᠢ᠃         1944 ᠣᠨ ᠤ ᠬᠠᠪᠣᠷ᠂ ᠠᠮᠣᠷ ᠢ ᠬᠠᠮᠠᠭᠠᠯᠠᠬᠤ ᠴᠡᠷᠢᠭ ᠠᠩᠭᠢ ᠨᠢ ᠬᠠᠭᠤᠷᠠᠢ ᠵᠠᠮ ᠤᠨ ᠴᠡᠷᠢᠭ ᠤᠨ ᠬᠤᠶᠠᠳᠣᠭᠠᠷ ᠳ᠋ᠢᠸᠢᠽᠢ ᠶᠢᠨ ᠰᠢᠭᠤᠳ ᠬᠠᠷᠢᠶ᠎ᠠ ᠬᠤᠷᠢᠶ᠎ᠠ ᠲᠠᠢ ᠨᠡᠶᠢᠯᠡᠵᠦ᠂ ᠨᠢᠭᠡᠳᠦᠭᠡᠷ ᠰᠣᠮᠣᠨ ᠤ ᠠᠬᠠᠮᠠᠳ ᠳᠣᠰᠠᠯᠠᠭᠴᠢ᠂ ᠰᠣᠮᠣᠨ ᠳᠠᠷᠤᠭ᠎ᠠ ᠪᠣᠯᠵᠠᠢ᠃         1945 ᠣᠨ ᠤ 3 ᠰᠠᠷ᠎ᠠ ᠳᠤ ᠮᠢᠩᠭᠠᠨ ᠬᠤᠰᠢᠭᠤᠨ ᠳᠠᠭᠠᠨ ᠰᠢᠯᠵᠢᠨ ᠢᠷᠡᠵᠦ ᠦᠷᠭᠦᠯᠵᠢᠯᠡᠨ ᠠᠮᠣᠷ ᠎ ᠢ ᠬᠠᠮᠠᠭᠠᠯᠠᠬᠤ ᠶᠡᠭᠡ ᠠᠩᠭᠢ ᠶᠢᠨ ᠰᠣᠮᠣᠨ ᠳᠠᠷᠤᠭ᠎ᠠ ᠶᠢᠨ ᠳᠣᠰᠢᠶᠠᠯ ᠢ ᠬᠠᠷᠢᠭᠤᠴᠠᠵᠠᠢ᠃ ᠲᠣᠰ ᠵᠢᠯ ᠤᠨ 8 ᠳ᠋ᠣᠭᠠᠷ ᠰᠠᠷ᠎ᠠ ᠳᠤ ᠵᠥᠪᠯᠡᠯᠲᠦ ᠮᠣᠩᠭᠤᠯ ᠤᠨ ᠬᠤᠯᠪᠣᠭᠠᠲᠤ ᠴᠡᠷᠢᠭ ᠳᠣᠯᠣᠨᠨᠠᠭᠤᠷ ᠳᠤ ᠣᠷᠣᠵᠤ᠂ ᠰᠢᠯᠣᠭᠤᠨ ᠬᠥᠬᠡ ᠬᠤᠰᠢᠭᠤ ᠶᠢ ᠴᠢᠯᠦᠭᠡᠯᠡᠵᠡᠢ᠃ ᠣᠩᠭᠤᠢ ᠵᠥᠪᠯᠡᠯᠲᠦ ᠮᠣᠩᠭᠤᠯ ᠤᠨ ᠬᠤᠯᠪᠣᠭᠠᠲᠤ ᠴᠡᠷᠢᠭ ᠲᠤ ᠵᠡᠪᠰᠡᠭ ᠢᠶᠠᠨ ᠬᠠᠶᠠᠨ ᠪᠠᠭᠤᠨ ᠥᠭᠭᠦᠭᠰᠡᠨ ᠤ ᠳᠠᠷᠠᠭ᠎ᠠ ᠭᠡᠷ ᠲᠡᠭᠡᠨ ᠬᠠᠷᠢᠵᠠᠢ᠃ 1945 ᠣᠨ ᠤ 9 ᠰᠠᠷ᠎ᠠ ᠠᠴᠠ ᠮᠢᠩᠭᠠᠨ ᠬᠤᠰᠢᠭᠤᠨ ᠤ 6 ᠳ᠋ᠣᠭᠠᠷ ᠰᠣᠮᠣᠨ ᠤ ᠵᠠᠩᠭᠢ ᠶᠢᠨ ᠳᠣᠰᠢᠶᠠᠯ ᠢ ᠬᠠᠷᠢᠭᠤᠴᠠᠪᠠ᠃ 11 ᠳ᠋ᠣᠭᠡᠷ ᠰᠠᠷ᠎ᠠ ᠳᠤ ᠮᠢᠩᠭᠠᠨ ᠬᠤᠰᠢᠭᠤᠨ ᠤ ᠡᠯ᠎ᠡ ᠰᠣᠮᠣᠨ ᠤ ᠠᠷᠠᠳ ᠤᠨ ᠵᠠᠰᠠᠭ ᠤᠨ ᠠᠷᠠᠳᠴᠢᠯᠠᠯ ᠲᠥᠪᠯᠡᠷᠡᠯ ᠤᠨ ᠠᠷᠠᠳ ᠤᠨ ᠲᠥᠯᠦᠭᠡᠯᠡᠭᠴᠢᠳ ᠤᠨ ᠬᠤᠷᠠᠯ ᠳᠡᠭᠡᠷ᠎ᠡ ᠮᠢᠩᠭᠠᠨ ᠬᠤᠰᠢᠭᠤᠨ ᠤ 6 ᠳ᠋ᠣᠭᠠᠷ ᠰᠣᠮᠣᠨ ᠤ ᠰᠣᠮᠣᠨ ᠳᠠᠷᠤᠭ᠎ᠠ ᠪᠠᠷ ᠰᠣᠩᠭᠤᠭᠳᠠᠪᠠ᠃         1946 ᠣᠨ ᠳᠤ ᠮᠢᠩᠭᠠᠨ ᠬᠤᠰᠢᠭᠤᠨ ᠤ 6 ᠳ᠋ᠣᠭᠠᠷ ᠰᠣᠮᠣᠨ ᠤ ᠰᠠᠯᠪᠣᠷᠢ ᠬᠤᠷᠠᠯ ᠤᠨ ᠳᠠᠷᠤᠭ᠎ᠠ᠂ ᠮᠢᠩᠭᠠᠨ ᠬᠤᠰᠢᠭᠤᠨ ᠤ ᠣᠷᠣᠨ ᠨᠣᠲᠤᠭ ᠤᠨ ᠴᠡᠷᠢᠭ ᠠᠩᠭᠢ ᠶᠢᠨ 80 ᠳ᠋ᠣᠭᠠᠷ ᠬᠤᠷᠢᠶᠠᠨ ᠤ ᠳᠡᠳ᠋ ᠳᠠᠷᠤᠭ᠎ᠠ ᠪᠠᠶᠢᠵᠠᠢ᠃ ᠣᠩᠭᠤᠢ ᠮᠢᠩᠭᠠᠨ ᠬᠤᠰᠢᠭᠤᠨ ᠤ 80 ᠳ᠋ᠣᠭᠠᠷ ᠬᠤᠷᠢᠶ᠎ᠠ ᠪᠠᠨ ᠳᠠᠶᠢᠴᠢᠯᠠᠨ ᠬᠠᠪᠢᠷᠭ᠎ᠠ᠂ ᠪᠣᠱᠣᠣᠳᠠᠢ ᠶᠢ ᠬᠠᠮᠠᠭᠠᠯᠠᠬᠤ ᠪᠠᠶᠢᠯᠳᠣᠭᠠᠨ ᠳᠤ ᠣᠷᠣᠯᠴᠠᠨ᠂ ᠭᠤᠮᠢᠨᠳᠠᠩ ᠤᠨ ᠴᠡᠷᠢᠭ ᠠᠩᠭᠢ ᠶᠢᠨ ᠳᠠᠭᠠᠷᠢᠯᠲᠠ ᠶᠢ ᠬᠤᠷᠢᠭᠯᠠᠨ ᠵᠣᠭᠰᠣᠭᠠᠵᠤ᠂ ᠮᠢᠩᠭᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠬᠠᠮᠠᠭᠠᠯᠠᠨ᠂ ᠴᠠᠬᠠᠷ ᠬᠤᠪᠢᠰᠬᠠᠯ ᠤᠨ ᠰᠠᠭᠤᠷᠢᠨ ᠭᠠᠵᠠᠷ ᠢ ᠪᠠᠶᠢᠭᠤᠯᠬᠤ ᠳᠤ ᠭᠠᠪᠢᠶ᠎ᠠ ᠵᠢᠳᠬᠦᠯ ᠦᠵᠡᠭᠦᠯᠦᠭᠰᠡᠨ ᠶᠣᠮ᠃         1947 ᠣᠨ ᠤ ᠪᠢᠯᠢᠭ ᠤᠨ ᠣᠯᠠᠷᠢᠯ ᠤᠨ 9 ᠰᠠᠷ᠎ᠠ ᠶᠢᠨ 15᠎ ᠤ ᠡᠳᠦᠷ ᠮᠢᠩᠭᠠᠨ ᠬᠤᠰᠢᠭᠤᠨ ᠤ 80 ᠳ᠋ᠣᠭᠠᠷ ᠬᠤᠷᠢᠶ᠎ᠠ ᠴᠠᠭᠠᠨ ᠣᠰᠤ ᠳᠤ ᠴᠡᠷᠢᠭ ᠢᠶᠠᠨ ᠴᠡᠭᠴᠡᠯᠡᠵᠦ ᠪᠠᠶᠢᠲᠠᠯ᠎ᠠ ᠭᠡᠨᠡᠳᠲᠡ ᠲᠠᠩᠭ᠎ᠠ ᠭᠡᠳᠡᠭ ᠬᠤᠲᠠᠨ ᠎ ᠤ ᠬᠢᠨᠢ ᠬᠦᠮᠦᠨ ᠢᠷᠡᠵᠦ᠂ ᠣᠩᠭᠤᠢ ᠳᠡᠳ᠋ ᠬᠤᠷᠢᠶᠠᠨ ᠳᠠᠷᠤᠭ᠎ᠠ ᠲᠠᠢ ᠣᠴᠠᠷᠠᠨ᠂ ︽ᠴᠢᠨᠤ ᠭᠡᠷᠭᠡᠢ ᠴᠢᠨᠢ ᠬᠦᠨᠳᠦ ᠡᠪᠡᠳᠴᠢᠯᠡᠵᠡᠢ᠂ ᠦᠬᠦᠮᠡᠷ ᠪᠠᠶᠢᠨ᠎ᠠ᠂ ᠲᠦᠷᠭᠡᠨ ᠭᠡᠷ ᠲᠡᠭᠡᠨ ᠬᠠᠷᠢᠵᠤ ᠡᠮᠴᠢᠯᠡᠭᠦᠯᠡ︾ ᠭᠡᠵᠦ ᠳᠣᠷᠵᠢᠶᠦ᠋ᠩᠷᠦ᠋ᠩ ᠬᠤᠷᠢᠶᠠᠨ ᠳᠠᠷᠤᠭ᠎ᠠ ᠠᠴᠠ ᠨᠢ ᠴᠢᠯᠦᠭᠡ ᠠᠪᠣᠭᠤᠯᠵᠤ᠂ ᠬᠤᠶᠠᠷ ᠬᠠᠮᠠᠭᠠᠯᠠᠭᠴᠢ ᠴᠡᠷᠢᠭ ᠤᠨ ᠬᠠᠮᠲᠤ ᠭᠡᠷ ᠲᠡᠭᠡᠨ ᠬᠠᠷᠢᠵᠤ᠂ ᠮᠡᠬᠡᠯᠡᠭᠳᠡᠭᠰᠡᠨ ᠢᠶᠠᠨ ᠮᠡᠳᠡᠭᠰᠡᠨ ᠪᠣᠯᠪᠠᠴᠤ᠂ ᠭᠡᠷ ᠡᠷᠦᠬᠡ ᠪᠠᠨ ᠰᠦᠢᠳᠭᠡᠬᠦ ᠦᠭᠡᠢ ᠪᠠᠶᠢᠳᠠᠯ ᠳᠣᠣᠷ᠎ᠠ ᠭᠤᠮᠢᠨᠳᠠᠩ ᠢ ᠳᠠᠭᠠᠪᠠ᠃          ᠰᠦᠨ ᠯᠠᠨ ᠹᠧᠩ᠂ ᠣᠶᠣᠨᠪᠢᠯᠢᠭ᠌ ᠠᠪᠣᠭᠠᠢ ᠲᠠᠢ ᠠᠭᠤᠯᠵᠠᠵᠤ ᠮᠢᠩᠭᠠᠨ ᠬᠤᠰᠢᠭᠤᠨ ᠤ ᠣᠷᠣᠨ ᠨᠣᠲᠤᠭ ᠤᠨ ᠶᠡᠷᠦᠩᠬᠡᠢ ᠴᠡᠷᠢᠭ ᠠᠩᠭᠢ ᠶᠢᠨ ᠬᠤᠷᠠᠩᠲᠠ᠂ ᠬᠤᠷᠢᠶᠠᠨ ᠳᠠᠷᠤᠭ᠎ᠠ᠂ ᠴᠠᠬᠠᠷ ᠵᠡᠭᠦᠨ ᠭᠠᠷ ᠤᠨ ᠲᠠᠪᠣᠨ ᠬᠤᠰᠢᠭᠤᠨ ᠤ ᠨᠢᠭᠡᠳᠦᠭᠡᠷ ᠶᠡᠭᠡ ᠠᠩᠭᠢ ᠶᠢᠨ ᠳᠠᠷᠤᠭ᠎ᠠ ᠶᠢ ᠳᠠᠪᠬᠤᠷᠯᠠᠨ ᠬᠠᠷᠢᠭᠤᠴᠠᠬᠤ ᠪᠠᠷ ᠪᠣᠯᠵᠤ᠂ ᠴᠢᠭᠤᠯᠣᠯᠲᠤ ᠬᠠᠭᠠᠯᠭ᠎ᠠ ᠳᠠᠬᠢ ᠴᠡᠷᠢᠭ ᠤᠨ ᠰᠧᠯᠢᠩᠪᠦ᠋ ᠠᠴᠠ ᠴᠡᠷᠢᠭ ᠤᠨ ᠫᠣᠤ ᠰᠣᠮᠣ᠂ ᠡᠳ᠋ ᠬᠡᠷᠡᠭᠰᠡᠯ ᠠᠪᠴᠤ ᠪᠣᠣᠴᠠᠩ ᠳᠤ ᠢᠷᠡᠵᠦ ᠡᠭᠦᠷᠭᠡ ᠭᠦᠢᠴᠡᠳᠭᠡᠬᠦ ᠪᠣᠯᠣᠭᠰᠠᠨ ᠨᠢ ᠣᠩᠭᠤᠢ ᠳᠡᠳ᠋ ᠬᠤᠷᠢᠶᠠᠨ ᠳᠠᠷᠤᠭ᠎ᠠ ᠳᠠᠶᠢᠰᠣᠨ ᠳᠤ ᠪᠠᠭᠤᠵᠤ ᠣᠷᠪᠠᠭᠰᠠᠨ ᠶᠠᠪᠣᠴᠠ ᠪᠣᠯᠣᠨ᠎ᠠ᠃         1949 ᠣᠨ ᠳᠤ ᠳᠡᠮᠴᠣᠭ᠍ᠳᠣᠩᠷᠣᠪ ︵ᠳ᠋ᠧ ᠸᠠᠩ︶ ᠣᠩᠭᠤᠢ ᠲᠡᠳᠡᠨ ᠢ ᠳᠠᠭᠠᠭᠤᠯᠣᠨ ᠠᠯᠠᠱᠠ ᠶᠢᠨ ᠭᠤᠷᠣᠬᠠᠢ ᠨᠠᠭᠤᠷ ᠭᠡᠬᠦ ᠭᠠᠵᠠᠷ ᠬᠦᠷᠦᠭᠡᠳ ᠳ᠋ᠧ ᠸᠠᠩ ᠥᠪᠡᠷ ᠢᠶᠠᠨ ᠮᠣᠩᠭᠤᠯ ᠳᠤ ᠣᠴᠢᠭᠰᠠᠨ ᠶᠣᠮ᠃ ᠲᠣᠰ ᠵᠢᠯ ᠎ ᠤᠨ 12 ᠰᠠᠷ᠎ᠠ ᠳᠤ ᠳ᠋ᠧ ᠸᠠᠩ ᠥᠪᠡᠷ ᠤᠨ ᠨᠡᠷ᠎ᠡ ᠪᠠᠷ ᠢᠶᠠᠨ ᠯᠢ ᠱᠸᠤ ᠰᠢᠩ᠂ ᠪᠣᠶᠠᠨᠳᠡᠯᠭᠡᠷ᠂ ᠰᠦᠬᠡᠪᠠᠭᠠᠲᠣᠷ᠂ ᠨᠣᠮᠢᠨᠪᠠᠭᠠᠲᠣᠷ ᠵᠡᠷᠭᠡ ᠲᠡᠳᠡᠨ ᠤ 11 ᠬᠦᠮᠦᠨ ᠢ ᠳᠠᠭᠤᠳᠠᠪᠠ᠃ ᠲᠡᠳᠡᠨ ᠤ 11 ᠬᠦᠮᠦᠨ ᠳ᠋ᠧ ᠸᠠᠩ ᠤᠨ ᠳᠠᠭᠤᠳᠠᠯᠭ᠎ᠠ ᠪᠠᠷ ᠮᠣᠩᠭᠤᠯ ᠤᠨ ᠬᠦᠨᠳᠡᠰᠦ ᠴᠠᠭᠠᠨ ᠠᠭᠤᠯᠠᠨ ᠳᠤ ᠬᠦᠷᠪᠡ᠂ ᠬᠡᠳᠦᠨ ᠬᠤᠨᠤᠭ ᠤᠨ ᠳᠠᠷᠠᠭ᠎ᠠ ᠮᠣᠩᠭᠤᠯ ᠤᠨ ᠴᠣᠶᠢᠵᠢᠯ ᠶᠠᠮᠣᠨ ᠤ ᠰᠠᠶᠢᠳ᠄ ᠣᠩᠭᠤᠢ ᠶᠢ ᠳᠠᠭᠤᠳᠠᠵᠤ ︽ᠴᠢᠮ᠎ᠠ ᠳᠤ ᠨᠢᠭᠡᠨ ᠴᠢᠬᠤᠯᠠ ᠡᠭᠦᠷᠭᠡ ᠥᠭᠭᠦᠶ᠎ᠡ︾ ᠭᠡᠪᠡ᠃ ︽ᠳ᠋ᠧ ᠸᠠᠩ᠂ ᠯᠢ ᠱᠸᠤ ᠰᠢᠩ ᠤᠨ ᠨᠡᠷ᠎ᠡ ᠪᠠᠷ ᠪᠢᠴᠢᠭᠰᠡᠨ ᠵᠠᠬᠢᠳᠠᠯ ᠢ ᠣᠩᠭᠤᠢ ᠳᠤ ᠥᠭᠴᠡᠢ᠂ ᠴᠢ ᠡᠨᠡ ᠬᠦ᠋ ᠵᠠᠬᠢᠳᠠᠯ ᠢ ᠠᠪᠴᠤ ᠥᠪᠦᠷ ᠮᠣᠩᠭᠤᠯ ᠳᠠᠭᠠᠨ ᠬᠠᠷᠢᠵᠤ ᠳ᠋ᠧ ᠸᠠᠩ ᠤᠨ ᠮᠣᠩᠭᠤᠯ ᠴᠡᠷᠢᠭ ᠎ ᠤᠨ ᠪᠠᠷᠠᠭᠤᠨᠰᠢ ᠳᠣᠲᠠᠭᠠᠵᠤ ᠶᠠᠪᠣᠬᠤ ᠶᠢ ᠬᠤᠷᠢᠭᠯᠠᠨ ᠵᠣᠭᠰᠣᠭᠠᠬᠤ ᠠᠵᠢᠯ ᠢ ᠬᠢᠬᠦ ᠬᠡᠷᠡᠭᠲᠡᠢ᠂ ᠲᠡᠳᠡᠭᠡᠷ ᠮᠣᠩᠭᠤᠯ ᠴᠡᠷᠢᠭ ᠰᠢᠨᠵᠢᠶᠠᠩ ᠢᠶᠠᠷ ᠳᠠᠮᠵᠢᠵᠤ ᠠᠹᠭᠠᠨᠢᠰᠲ᠋ᠠᠨ ᠬᠦᠷᠴᠦ ᠠᠮᠧᠷᠢᠺᠠ ᠲᠠᠢ ᠰᠦᠯᠪᠡᠭᠡᠯᠡᠨ ᠳᠡᠯᠡᠬᠡᠢ ᠳᠡᠭᠡᠷ᠎ᠡ ᠳᠡᠪᠵᠢᠶᠡᠨ ᠭᠠᠷᠭᠠᠬᠤ ᠭᠡᠵᠦ ᠪᠠᠶᠢᠨ᠎ᠠ᠃ ᠣᠩᠭᠤᠢ ᠳᠤ᠂ ᠲᠡᠳᠡᠭᠡᠷ ᠬᠦᠮᠦᠰ ᠲᠤ ︿ᠮᠣᠩᠭᠤᠯ ᠣᠯᠣᠰ ᠠᠴᠠ ᠬᠡᠯᠡᠵᠦ ᠪᠠᠶᠢᠨ᠎ᠠ﹀᠂ ᠲᠡᠳᠡᠨ ᠳᠤ ︿ᠳᠣᠮᠳᠠᠳᠤ ᠣᠯᠣᠰ ᠤᠨ ᠠᠷᠠᠳ ᠤᠨ ᠴᠢᠯᠦᠭᠡᠯᠡᠬᠦ ᠴᠡᠷᠢᠭ ᠲᠤ ᠣᠷᠣᠵᠤ ᠥᠭᠬᠦ ᠠᠴᠠ ᠥᠭᠡᠷ᠎ᠡ ᠵᠥᠪ ᠵᠠᠮ ᠦᠭᠡᠢ﹀᠎ ᠶᠢ ᠬᠡᠯᠡᠵᠦ ᠥᠭᠭᠦᠭᠡᠷᠡᠢ︾ ᠭᠡᠵᠡᠢ᠃ ᠢᠩᠭᠢᠭᠡᠳ ᠣᠩᠭᠤᠢ ᠶᠢ ᠮᠣᠩᠭᠤᠯ ᠤᠨ ᠲᠣᠨᠢᠳ ᠭᠡᠳᠡᠭ ᠬᠦᠮᠦᠨ ᠲᠠᠢ ᠶᠠᠪᠣᠭᠤᠯᠪᠠ᠃ ᠣᠩᠭᠤᠢ ᠥᠪᠦᠷ ᠮᠣᠩᠭᠤᠯ ᠳᠠᠭᠠᠨ ᠪᠣᠴᠠᠵᠤ ᠢᠷᠡᠭᠡᠳ ᠳ᠋ᠧ ᠸᠠᠩ᠂ ᠯᠢ ᠱᠸᠤ ᠰᠢᠩ ᠤᠨ ᠵᠠᠬᠢᠳᠠᠯ ᠢ ᠦᠵᠡᠭᠦᠯᠵᠦ ᠪᠠᠷᠠᠭᠤᠨᠰᠢ ᠬᠢᠯᠢ ᠭᠠᠷᠬᠤ ᠪᠠᠷ ᠪᠠᠶᠢᠭᠰᠠᠨ ᠮᠣᠩᠭᠤᠯ ᠴᠡᠷᠢᠭ ᠵᠠᠰᠠᠭ ᠎ ᠤᠨ ᠬᠦᠮᠦᠰ ᠲᠤ ᠪᠠᠭᠤᠵᠤ ᠥᠭᠬᠦ ᠠᠵᠢᠯ ᠢ ᠬᠢᠪᠡ᠃ ᠮᠣᠩᠭᠤᠯ ᠤᠨ ᠲᠣᠨᠢᠳ ᠭᠡᠳᠡᠭ ᠬᠦᠮᠦᠨ ᠢ ᠨᠢᠭᠡ ᠯᠡ ᠬᠤᠨᠣᠭᠤᠯᠣᠭᠠᠳ ᠬᠢᠯᠢ ᠳᠤ ᠬᠦᠷᠭᠡᠨ ᠪᠣᠴᠠᠭᠠᠭᠰᠠᠨ᠃ ᠭᠡᠬᠦ ᠳᠤ ᠵᠠᠷᠢᠮ ᠨᠢ ︽ᠣᠩᠭᠤᠢ ᠪᠢᠳᠡᠨ ᠢ ᠬᠤᠳᠠᠯᠳᠣᠪᠠ︾ ᠭᠡᠵᠦ ᠠᠭᠤᠷᠯᠠᠵᠤ ᠪᠠᠶᠢᠭᠰᠠᠨ᠂ ᠳ᠋ᠧ ᠸᠠᠩ ᠤᠨ ᠮᠣᠩᠭᠤᠯ ᠴᠡᠷᠢᠭ ᠤᠨ ᠰᠠᠭᠠᠷᠠ ᠬᠤᠷᠢᠶᠠᠨ ᠳᠠᠷᠤᠭ᠎ᠠ ᠣᠩᠭᠤᠢ ᠶᠢ ᠠᠯᠠᠨ᠎ᠠ ᠭᠡᠵᠦ ᠪᠠᠶᠢᠪᠠ᠃ ᠭᠡᠪᠡᠴᠦ ᠭᠠᠷ ᠬᠥᠳᠡᠯᠵᠦ ᠴᠢᠳᠠᠭᠰᠠᠨ ᠦᠭᠡᠢ ᠶᠣᠮ ᠭᠡᠨ᠎ᠡ᠃ ᠵᠠᠭᠤ ᠭᠠᠷᠣᠢ ᠴᠡᠷᠢᠭ ᠳᠠᠭᠠᠭᠤᠯᠣᠨ ᠳᠣᠰᠠᠭᠠᠷ ᠲᠤᠭ ᠪᠣᠰᠬᠠᠨ ᠶᠠᠪᠣᠭᠰᠠᠨ ᠪᠣᠰᠣᠳ ᠮᠢᠩᠭ᠎ᠠ ᠭᠠᠷᠣᠢ ᠴᠡᠷᠢᠭ ᠵᠠᠰᠠᠭ ᠤᠨ ᠬᠦᠮᠦᠰ ᠨᠢ ︽ᠳᠣᠮᠳᠠᠳᠤ ᠣᠯᠣᠰ ᠤᠨ ᠠᠷᠠᠳ ᠤᠨ ᠴᠢᠯᠦᠭᠡᠯᠡᠬᠦ ᠴᠡᠷᠢᠭ︾᠎ ᠳᠤ ᠵᠡᠪᠰᠡᠭᠲᠦ ᠪᠣᠰᠣᠯᠭ᠎ᠠ ᠭᠠᠷᠭᠠᠨ ᠪᠠᠭᠤᠵᠤ ᠥᠭᠴᠡᠢ᠃ ᠣᠩᠭᠤᠢ ᠡᠭᠦᠷᠭᠡ ᠪᠠᠨ ᠪᠡᠶᠡᠯᠡᠭᠦᠯᠦᠭᠡᠳ ᠪᠣᠴᠠᠵᠤ ᠮᠣᠩᠭᠤᠯ ᠣᠯᠣᠰ ᠲᠤ ᠣᠴᠢᠬᠤ ᠳᠤ ᠣᠩᠭᠤᠢ ᠶᠢ ᠶᠡᠭᠡ ᠭᠠᠪᠢᠶ᠎ᠠ ᠪᠠᠶᠢᠭᠤᠯᠪᠠ᠂ ᠳᠣᠮᠳᠠᠳᠤ ᠮᠣᠩᠭᠤᠯ ᠬᠤᠶᠠᠷ ᠣᠯᠣᠰ ᠤᠨ ᠲᠠᠯ᠎ᠠ ᠶᠢᠨ ︽ᠵᠥᠪᠰᠢᠶᠡᠷᠡᠬᠦ ᠳᠣᠭᠲᠠᠭᠠᠯ︾ ᠭᠠᠷᠭᠠᠬᠤ ᠳᠡᠭᠡᠷ᠎ᠡ ᠭᠠᠪᠢᠶ᠎ᠠ ᠵᠢᠳᠬᠦᠯ ᠪᠠᠶᠢᠭᠤᠯᠣᠭᠰᠠᠨ ᠶᠣᠮ ᠭᠡᠳ ᠮᠣᠩᠭᠤᠯ ᠣᠯᠣᠰ ᠤᠨ ᠰᠢᠨᠵᠢᠯᠡᠬᠦ ᠣᠬᠠᠭᠠᠨ ᠤ ᠬᠦᠷᠢᠶᠡᠯᠡᠩ ᠤᠨ ᠣᠷᠭᠤᠮᠠᠯ ᠢ ᠰᠣᠳᠣᠯᠬᠤ ᠭᠠᠵᠠᠷ ᠲᠤ ᠠᠵᠢᠯᠯᠠᠭᠤᠯᠵᠠᠢ᠃         1956 ᠣᠨ ᠳᠤ ᠳᠣᠮᠳᠠᠳᠤ ᠣᠯᠣᠰ ᠤᠨ ᠬᠠᠯᠬ᠎ᠠ ᠮᠣᠩᠭᠤᠯ ᠳᠤ ᠲᠥᠮᠡᠨ ᠪᠠᠷᠢᠯᠭ᠎ᠠ ᠶᠢᠨ ᠠᠵᠢᠯᠴᠢᠨ ᠣᠴᠢᠵᠤ ᠣᠯᠠᠭᠠᠨᠪᠠᠭᠠᠲᠣᠷ ᠢ ᠪᠥᠲᠦᠭᠡᠨ ᠪᠠᠶᠢᠭᠤᠯᠬᠤ ᠺᠣᠮᠫᠠᠨᠢ ᠳᠤ ᠣᠷᠴᠢᠭᠤᠯᠣᠭᠴᠢ ᠪᠠᠷ ᠠᠵᠢᠯᠯᠠᠭᠤᠯᠪᠠ᠃         1958 ᠣᠨ ᠤ 10 ᠰᠠᠷ᠎ᠠ ᠶᠢᠨ 5᠎ ᠤ ᠡᠳᠦᠷ ᠣᠩᠭᠤᠢ ᠶᠢ ᠳᠣᠮᠳᠠᠳᠤ ᠣᠯᠣᠰ ᠠᠴᠠ ᠨᠡᠬᠡᠮᠵᠢᠯᠡᠵᠦ ᠪᠠᠷᠢᠪᠴᠢᠯᠠᠭᠤᠯᠪᠠ᠃ ᠮᠣᠩᠭᠤᠯ ᠣᠯᠣᠰ ᠤᠨ ᠨᠢᠭᠡ ᠬᠤᠷᠠᠩᠲᠠ᠂ ᠨᠢᠭᠡ ᠬᠤᠰᠢᠭᠤᠴᠢ ᠴᠡᠷᠢᠭ ᠤᠨ ᠳᠠᠷᠤᠭ᠎ᠠ ᠡᠷᠢᠶᠡᠨ ᠬᠤᠲᠠ ᠶᠢᠨ ᠳᠣᠲᠣᠭᠠᠲᠤ ᠶᠢ ᠬᠠᠮᠠᠭᠠᠯᠠᠬᠤ ᠳᠣᠪᠴᠢᠶ᠎ᠠ ᠳᠤ ᠬᠦᠷᠭᠡᠵᠡᠢ᠃ ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠣᠪᠴᠢᠶ᠎ᠠ ᠳᠠᠬᠢᠨ ᠥᠪᠦᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠎ ᠳᠤ ᠬᠦᠷᠭᠡᠨ ᠬᠥᠬᠡᠬᠤᠲᠠ ᠶᠢᠨ ᠭᠢᠨᠳᠠᠨ ᠳᠤ ᠬᠤᠷᠢᠵᠠᠢ᠃         ᠣᠩᠭᠤᠢ ᠶᠢ ᠳᠡᠮᠡᠢ ᠣᠳᠠᠯ ᠦᠭᠡᠢ ᠥᠪᠦᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠬᠦᠮᠦᠨ ᠢᠷᠡᠵᠦ ︽ᠲᠠᠨ ᠤ ᠪᠠᠶᠢᠳᠠᠯ ᠢ ᠪᠢᠳᠡ ᠪᠥᠷ ᠮᠡᠳᠡᠨ᠎ᠡ᠂ ᠲᠠ ᠬᠤᠪᠢᠰᠬᠠᠯ ᠳᠤ ᠳᠣᠰᠠᠲᠠᠢ ᠠᠵᠢᠯ ᠬᠢᠵᠡᠢ᠂ ᠶᠠᠯ᠎ᠠ ᠦᠭᠡᠢ᠂ ᠲᠠᠨ ᠳᠤ ᠰᠢᠢᠳᠬᠡᠯ ᠦᠭᠡᠢ︾ ᠬᠡᠮᠡᠨ ᠰᠣᠯᠠᠯᠠᠨ ᠲᠠᠯᠪᠢᠵᠤ ᠶᠠᠪᠣᠭᠤᠯᠪᠠ᠃ ᠡᠨᠡ ᠳᠠᠰᠢᠷᠠᠮ ᠳᠤ ᠨᠣᠲᠤᠭ ᠲᠠᠭᠠᠨ ᠪᠣᠴᠠᠵᠤ ᠢᠷᠡᠭᠡᠳ ᠨᠢᠭᠡ ᠬᠤᠭᠤᠴᠠᠭ᠎ᠠ ᠠᠮᠠᠷᠠᠵᠤ ᠰᠠᠭᠤᠪᠠ᠃ 1959 ᠣᠨ ᠤ 3 ᠰᠠᠷ᠎ᠠ ᠳᠤ ᠰᠢᠯᠢᠩᠬᠤᠲᠠ ᠳᠤ ᠣᠴᠢᠵᠤ ᠠᠵᠢᠯ ᠡᠷᠢᠪᠡ᠂ ᠡᠨᠡ ᠬᠤᠭᠤᠴᠠᠭᠠᠨ ᠳᠤ ᠬᠦᠨᠳᠦ ᠡᠪᠡᠳᠴᠢᠯᠡᠵᠦ ᠭᠤᠷᠪᠠᠨ ᠵᠢᠯ ᠬᠡᠪᠲᠡᠷᠢ ᠳᠤ ᠣᠷᠣᠵᠤ ᠡᠮᠴᠢᠯᠡᠭᠦᠯᠦᠨ ᠵᠠᠰᠠᠭᠤᠯᠵᠤ ᠰᠠᠶᠢᠨ ᠪᠣᠯᠣᠭᠰᠠᠨ ᠶᠣᠮ᠃ 1963 ᠣᠨ ᠤ 12 ᠰᠠᠷ᠎ᠠ ᠶᠢᠨ 5᠎ ᠤ ᠡᠳᠦᠷ ᠣᠩᠭᠤᠢ ᠶᠢ ᠳᠠᠬᠢᠨ ᠬᠡᠨᠡᠳᠲᠡ ︽ᠳᠠᠶᠢᠨ ᠤ ᠶᠠᠯᠠᠲᠠᠨ︾ ᠭᠡᠵᠦ ᠪᠠᠷᠢᠪᠴᠢᠯᠠᠵᠤ ᠬᠥᠬᠡᠬᠤᠲᠠ ᠶᠢᠨ ᠭᠢᠨᠳᠠᠨ ᠳᠤ ᠠᠪᠠᠴᠢᠵᠤ ᠬᠤᠭᠤᠴᠠᠭ᠎ᠠ ᠦᠭᠡᠢ ᠬᠤᠷᠢᠵᠠᠢ᠃ 1966 ᠣᠨ ᠳᠤ 16 ᠵᠢᠯ ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠭᠦᠨ ᠳᠠᠰᠣᠯᠵᠤ ᠬᠥᠬᠡᠬᠤᠲᠠ ᠶᠢᠨ ᠬᠢᠮᠢ ᠶᠢᠨ ᠦᠢᠯᠡᠳᠪᠦᠷᠢ ᠳᠤ ᠬᠦᠷᠭᠡᠨ ᠬᠥᠳᠡᠯᠮᠦᠷᠢ ᠳᠤ ᠥᠭᠡᠷᠡᠴᠢᠯᠡᠪᠡ᠃ 1975 ᠣᠨ ᠤ 3 ᠰᠠᠷ᠎ᠠ ᠳᠤ ᠣᠩᠭᠤᠢ ᠶᠢ ᠪᠥᠭᠦᠳᠡ ᠨᠠᠶᠢᠷᠠᠮᠳᠠᠬᠤ ᠳᠣᠮᠳᠠᠳᠤ ᠠᠷᠠᠳ ᠣᠯᠣᠰ ᠎ ᠤᠨ ᠠᠷᠠᠳ ᠤᠨ ᠲᠥᠯᠦᠭᠡᠯᠡᠭᠴᠢᠳ ᠤᠨ ᠳᠥᠷᠪᠡᠳᠦᠭᠡᠷ ᠣᠳᠠᠭᠠᠨ ᠤ ᠬᠤᠶᠠᠳᠠᠬᠢ ᠪᠠᠶᠢᠩᠭᠤ ᠶᠢᠨ ᠬᠤᠷᠢᠶᠠᠨ ᠤ ᠬᠤᠷᠠᠯᠳᠣᠭᠠᠨ ᠤ ᠳᠣᠭᠲᠠᠭᠠᠯ ᠢᠶᠠᠷ ᠭᠤᠮᠢᠨᠳᠠᠩ ᠤᠨ ᠨᠠᠮ᠂ ᠲᠥᠷᠦ᠂ ᠴᠡᠷᠢᠭ ᠤᠨ ᠰᠢᠶᠠᠨ ᠬᠤᠷᠢᠶ᠎ᠠ ᠱᠠᠲᠣᠨ ᠠᠴᠠ ᠳᠡᠭᠡᠭᠰᠢ ᠳᠠᠶᠢᠨ ᠤ ᠶᠠᠯᠠᠲᠠᠨ ᠤ ︽ᠣᠨᠴᠠ ᠠᠭᠤᠴᠢᠯᠠᠯ︾᠎ ᠢᠶᠠᠷ ᠨᠣᠲᠤᠭ ᠲᠤᠨᠢ ᠪᠣᠴᠠᠭᠠᠨ ᠶᠠᠪᠣᠭᠤᠯᠵᠤ ᠬᠥᠳᠡᠯᠮᠦᠷᠢ ᠬᠢᠯᠭᠡᠵᠡᠢ᠃         1986 ᠣᠨ ᠳᠤ ᠣᠩᠭᠤᠢ ᠰᠢᠯᠣᠭᠤᠨ ᠬᠥᠬᠡ ᠬᠤᠰᠢᠭᠤᠨ ᠤ ᠣᠯᠣᠰ ᠲᠥᠷᠦ ᠶᠢᠨ ᠵᠥᠪᠯᠡᠯᠭᠡᠨ ᠤ ᠬᠤᠶᠠᠳᠣᠭᠠᠷ ᠬᠤᠭᠤᠴᠠᠭᠠᠨ ᠤ ᠭᠤᠷᠪᠠᠳᠣᠭᠠᠷ ᠬᠤᠷᠠᠯ ᠳᠡᠭᠡᠷ᠎ᠡ ᠣᠯᠣᠰ ᠲᠥᠷᠦ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠪᠠ᠃         2004 ᠣᠨ ᠤ 2 ᠰᠠᠷ᠎ᠠ ᠶᠢᠨ 8᠎ ᠤ ᠡᠳᠦᠷ ᠬᠦᠢᠰᠦ ᠶᠢᠨ ᠭᠤᠣᠯ ᠭᠠᠴᠠᠭᠠᠨ ᠤ ᠭᠡᠷ ᠲᠡᠭᠡᠨ ᠨᠠᠰᠤ ᠪᠠᠷᠠᠵᠠᠢ᠃ ᠲᠣᠰ ᠵᠢᠯ 94 ᠨᠠᠰᠣᠲᠠᠢ᠃         ᠣᠩᠭᠤᠢ᠂ 2004 ᠣᠨ ᠳᠤ ︽ᠰᠢᠯᠣᠭᠤᠨ ᠬᠥᠬᠡ ᠬᠤᠰᠢᠭᠤᠨ ᠤ ᠣᠶᠢᠯᠯᠭ᠎ᠠ︾ ᠭᠡᠬᠦ ᠨᠣᠮ ᠳᠤ ᠲᠡᠮᠳᠡᠭᠯᠡᠭᠳᠡᠵᠡᠢ᠃︽ᠰᠢᠯᠣᠭᠤᠨ ᠬᠥᠬᠡ ᠶᠢᠨ ᠴᠣᠣᠲᠤ ᠬᠦᠮᠦᠰ︾ ᠭᠡᠬᠦ ᠨᠣᠮ ᠠᠴᠠ ᠮᠠᠶᠢᠯᠠᠰᠤ ᠪᠠᠭᠤᠯᠭᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号