| | ᠬᠤᠨᠢᠨ ᠤ ᠠᠮᠠᠷᠠᠤ ᠳᠡᠭᠡᠷᠡᠬᠢ ᠶᠠᠷ᠎ᠠ ᠶᠢ ᠡᠮᠨᠡᠨ ᠵᠠᠰᠠᠬᠤ ᠠᠷᠭ᠎ᠠ᠄ | 1. ᠡᠩ ᠲᠡᠷᠢᠭᠦᠨ ᠳᠤ ᠡᠪᠡᠳᠴᠢᠨ ᠲᠠᠢ ᠬᠤᠨᠢ ᠶᠢ ᠲᠤᠰᠠᠭᠠᠷᠯᠠᠵᠤ᠂ ᠬᠠᠰᠢᠶ᠎ᠠ ᠰᠠᠷᠠᠪᠴᠢ᠂ ᠬᠦᠳᠡᠯᠭᠡᠭᠡᠨ ᠤ ᠲᠠᠯᠠᠪᠠᠢ ᠶᠢ | ᠲᠦᠢᠯᠪᠤᠷᠢᠲᠠᠶ ᠠᠷᠢᠭᠤᠳᠬᠠᠨ᠎ᠠ᠃ | 2. ᠡᠪᠡᠳᠴᠢᠲᠡᠢ ᠬᠤᠨᠢ ᠳᠤ ᠵᠦᠭᠡᠯᠡᠨ ᠪᠦᠭᠡᠳ ᠰᠢᠩᠭᠡᠭᠡᠬᠦ ᠳᠤ ᠠᠮᠠᠷ᠂ ᠢᠳᠡᠭᠦᠰᠢ ᠴᠢᠨᠠᠷ ᠢᠶᠠᠷ ᠰᠠᠶᠢᠨ ᠲᠡᠵᠢᠭᠡᠯ | ᠪᠣᠷᠳᠤᠭ᠎ᠠ ᠥᠭᠴᠦ᠂ ᠠᠷᠢᠭᠤᠨ ᠴᠡᠪᠡᠷ ᠤᠰᠤ ᠤᠮᠳᠠ ᠶᠢ ᠭᠦᠢᠴᠡᠳ ᠪᠠᠲᠤᠯᠠᠬᠤ ᠬᠡᠷᠡᠭᠲᠡᠢ᠃ | 3. ᠤᠷᠢᠳᠠᠪᠠᠷ ᠡᠪᠡᠳᠴᠢᠲᠡᠢ ᠬᠤᠨᠢᠨ ᠤ ᠤᠷᠤᠭᠤᠯ ᠤᠨ ᠬᠡᠰᠡᠭ ᠤᠨ ᠲᠠᠪ ᠢ ᠤᠬᠢᠶᠠᠨ ᠴᠡᠪᠡᠷᠯᠡᠵᠦ᠂ ᠴᠡᠩᠭᠡᠭ ᠳᠠᠪᠤᠰᠤ ᠲᠠᠢ | ᠤᠰᠤ ᠪᠤᠶᠤ 0.1% ᠳᠡᠭᠡᠲᠦ ᠮᠠᠩᠭᠠᠨ ᠬᠦᠴᠢᠯ ᠤᠨ ᠺᠠᠯᠢ ︵高锰酸钾︶ ᠶᠢᠨ ᠠᠭᠤᠰᠤᠮᠠᠯ ᠢᠶᠠᠷ | ᠰᠢᠷᠬ᠎ᠠ ᠶᠢ ᠨᠢ ᠭᠦᠢᠴᠡᠳ ᠤᠬᠢᠶᠠᠨ ᠴᠡᠪᠡᠷᠯᠡᠵᠦ᠂ ᠳᠠᠷᠠᠭ᠎ᠠ ᠨᠢ ᠪᠣᠷᠣ ᠤᠰᠤᠨ ᠡᠮ ᠪᠤᠶᠤ ᠢᠣᠳ᠋ᠲᠤ ᠭᠯᠢᠼᠧᠷᠢᠨ ︵碘甘 | 油︶ ︵ᠢᠣᠳ᠋ᠲᠤ ᠴᠢᠩᠭᠢ ᠪᠠ ᠭᠯᠢᠼᠧᠷᠢᠨ ᠶᠢ 1᠄ 1 ᠶᠢᠨ ᠬᠠᠷᠢᠴᠠᠯ ᠢᠶᠠᠷ ᠭᠦᠢᠴᠡᠳ ᠬᠤᠯᠢᠪᠠᠯ ᠪᠣᠯᠴᠢᠬᠠᠨ᠎ᠠ︶ ᠢ | ᠰᠢᠷᠬᠠᠨ ᠳᠡᠭᠡᠷ᠎ᠡ ᠨᠢ ᠡᠳᠦᠷ ᠪᠦᠷᠢ 1-2 ᠤᠳᠠᠭ᠎ᠠ ᠲᠦᠷᠬᠢᠵᠦ᠂ ᠪᠦᠷᠢᠮᠦᠰᠦᠨ ᠡᠳᠡᠭᠡᠷᠡᠲᠡᠯ᠎ᠡ ᠲᠦᠷᠬᠢᠨ᠎ᠡ᠃ | 4.ᠡᠮ ᠢᠶᠠᠷ ᠵᠠᠰᠠᠬᠤ᠄ ︵1︶ ᠮᠠ ᠯᠢᠨ ᠭᠤᠸ᠎ᠠ ︵吗啉胍︶ 0.1 ᠭᠷᠠᠮ / ᠺᠢᠯᠣᠭ᠍ᠷᠠᠮ᠂ ᠫᠧᠨᠢᠼᠢᠯᠢᠨ ᠤ ᠺᠠᠯᠢ ︵ | 青霉素钾︶ ᠪᠤᠶᠤ ᠨᠠᠲᠷᠢ ᠶᠢᠨ ᠳᠠᠪᠤᠰᠤ ︵钠盐︶ 4-5 ᠮᠢᠯᠢᠭᠷᠡᠮ / ᠺᠢᠯᠣᠭ᠍ᠷᠠᠮ᠂ ᠡᠳᠦᠷ ᠲᠤ 1 | ᠤᠳᠠᠭ᠎ᠠ᠂ ᠦᠷᠭᠦᠯᠵᠢᠯᠡᠨ 3 ᠡᠳᠦᠷ ᠪᠣᠯ ᠨᠢᠭᠡ ᠡᠮᠴᠢᠯᠡᠭᠡᠨ ᠤ ᠬᠤᠭᠤᠴᠠᠭ᠎ᠠ᠂ 2-3 ᠡᠳᠦᠷ ᠠᠯᠤᠰᠯᠠᠵᠤ᠂ | ᠬᠤᠶᠠᠳᠤᠭᠠᠷ ᠡᠮᠴᠢᠯᠡᠭᠡᠨ ᠤ ᠬᠤᠭᠤᠴᠠᠭ᠎ᠠ ᠬᠢᠨ᠎ᠡ᠂ ᠶᠡᠷᠦ ᠳᠡᠭᠡᠨ 2-3 ᠡᠮᠴᠢᠯᠡᠭᠡᠨ ᠤ ᠬᠤᠭᠤᠴᠠᠭ᠎ᠠ ᠬᠢᠪᠡᠯ ᠪᠣᠯᠴᠢᠬᠠᠨ᠎ᠠ | ᠃ ︵2︶ ᠸᠢᠲ᠋ᠠᠮᠢᠨ C 0.5 ᠮᠢᠯᠢᠯᠢᠳ᠋ᠷ᠂ ᠸᠢᠲ᠋ᠠᠮᠢᠨ B12 0.02 ᠮᠢᠯᠢᠯᠢᠳ᠋ᠷ ᠢ ᠪᠤᠯᠴᠢᠩ ᠳᠤ ᠲᠠᠷᠢᠨ᠎ᠠ᠂ ᠡᠳᠦᠷ ᠲᠤ | 2 ᠤᠳᠠᠭ᠎ᠠ᠂ 3 -4 ᠡᠳᠦᠷ ᠪᠣᠯ ᠨᠢᠭᠡ ᠡᠮᠴᠢᠯᠡᠭᠡᠨ ᠤ ᠬᠤᠭᠤᠴᠠᠭ᠎ᠠ᠂ ᠦᠷᠭᠦᠯᠵᠢᠯᠡᠨ 2 ᠡᠮᠴᠢᠯᠡᠭᠡᠨ ᠤ ᠬᠤᠭᠤᠴᠠᠭ᠎ᠠ | ᠬᠡᠷᠡᠭᠯᠡᠨ᠎ᠡ᠃ ᠬᠤᠷᠠᠭ᠎ᠠ ᠠᠮᠠᠷᠠᠤᠲᠠᠬᠤ ᠨᠢ ᠪᠠᠰᠠ ᠨᠢᠭᠡ ᠰᠢᠯᠲᠠᠭᠠᠨ ᠨᠢ ᠬᠠᠯᠠᠭᠤᠳᠠᠭᠰᠠᠨ ᠪᠠᠶᠢᠵᠤ ᠮᠡᠳᠡᠨ᠎ᠡ᠂ ᠡᠭᠦᠨ ᠳᠤ | ᠬᠤᠨᠢᠨ ᠤ ᠪᠡᠶ᠎ᠡ ᠶᠢᠨ ᠳᠤᠯᠠᠭᠠᠨ ᠢ ᠬᠡᠮᠵᠢᠬᠦ ᠴᠢᠬᠤᠯᠠᠲᠠᠶ᠂ ᠬᠡᠷᠪᠡ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠳᠠᠯ ᠳᠤ ᠪᠠᠶᠢᠪᠠᠯ | ᠂ ᠬᠠᠯᠠᠭᠤᠳᠠᠭᠰᠠᠨ ᠠᠴᠠ ᠡᠭᠦᠰᠦᠭᠰᠡᠨ ᠪᠠᠶᠢᠵᠤ ᠮᠡᠳᠡᠨ᠎ᠡ᠂ ᠪᠠᠭ᠎ᠠ ᠰᠠᠭ᠎ᠠ ᠬᠠᠯᠠᠭᠤᠨ ᠢ ᠲᠤᠭᠤᠯᠬᠤ ᠡᠮ ᠣᠯᠭᠤᠪᠠᠯ | ᠪᠣᠯᠴᠢᠬᠠᠨ᠎ᠠ᠂ ᠬᠤᠨᠢ ᠶᠢ ᠴᠦ ᠰᠢᠷᠬᠠᠲᠤᠭᠤᠯᠬᠤ ᠦᠭᠡᠢ᠃ ᠬᠡᠷᠪᠡ ᠪᠡᠶ᠎ᠡ ᠶᠢᠨ ᠳᠤᠯᠠᠭᠠᠨ ᠨᠢ ᠬᠡᠪ ᠤᠨ ᠪᠤᠰᠤ ᠪᠣᠯ | ᠬᠤᠨᠢᠨ ᠤ ᠪᠡᠶ᠎ᠡ ᠳᠡᠭᠡᠷ᠎ᠡ ᠪᠤᠰᠤᠳ ᠡᠪᠡᠳᠴᠢᠨ ᠤ ᠢᠯᠡᠷᠡᠯ ᠪᠠᠶᠢᠬᠤ ᠡᠰᠡᠬᠦ ᠶᠢ ᠠᠵᠢᠭᠯᠠᠬᠤ ᠴᠢᠬᠤᠯᠠᠲᠠᠶ᠃ | | |