ᠴᠣᠭᠰᠣᠩᠵᠠᠪ
ᠨᠡᠶᠢᠲᠡᠯᠡᠭᠰᠡᠨ ᠴᠠᠭ᠄
2020/3/31
         ᠴᠣᠭᠰᠣᠩᠵᠠᠪ ︵1912~1983 ᠣᠨ︶᠂ ᠣᠣᠯ ᠤᠨ ᠲᠠᠶᠢᠹᠣᠰᠧ ᠪᠠᠷᠠᠭᠤᠨ ᠭᠠᠷ ᠰᠦᠷᠦᠭ  ᠤᠨ ᠮᠠᠯᠴᠢᠨ ᠮᠠᠰᠢᠪᠠᠶᠠᠷ ᠤᠨ ᠭᠡᠷ ᠲᠤ ᠲᠥᠷᠦᠵᠡᠢ᠃          1949 ᠣᠨ 10 ᠰᠠᠷ᠎ᠠ ᠠᠴᠠ 1951 ᠣᠨ ᠤ 10 ᠰᠠᠷ᠎ᠠ ᠬᠦᠷᠲᠡᠯ᠎ᠡ ᠮᠢᠩᠭᠠᠨ ᠲᠠᠶᠢᠹᠣᠰᠧ ᠬᠤᠯᠪᠣᠭᠠᠲᠤ ᠬᠤᠰᠢᠭᠤᠨ ᠤ ᠭᠤᠷᠪᠠᠳᠣᠭᠠᠷ ᠰᠣᠮᠣᠨ ᠤ ᠮᠠᠯᠴᠢᠳ ᠤᠨ ᠬᠤᠷᠠᠯ ᠤᠨ ᠭᠡᠰᠢᠭᠦᠨ ᠪᠠᠶᠢᠪᠠ᠃ 1951 ᠣᠨ ᠤ 10 ᠰᠠᠷ᠎ᠠ ᠠᠴᠠ 1952 ᠣᠨ ᠤ 6 ᠰᠠᠷ᠎ᠠ ᠬᠦᠷᠲᠡᠯ᠎ᠡ ᠮᠢᠩᠭᠠᠨ ᠲᠠᠶᠢᠹᠣᠰᠧ ᠬᠤᠯᠪᠣᠭᠠᠲᠤ ᠬᠤᠰᠢᠭᠤᠨ  ᠤ ᠶᠡᠷᠦᠩᠬᠡᠢ ᠬᠤᠷᠰᠢᠶᠠᠨ ᠤ ᠺᠠᠳ᠋ᠷ ᠢᠶᠠᠷ ᠠᠵᠢᠯᠯᠠᠭᠰᠠᠨ ᠶᠣᠮ᠃          1952 ᠣᠨ ᠳᠤ ·ᠨᠠᠮ ᠤᠨ ᠲᠥᠷᠦ ᠶᠢᠨ ᠪᠣᠳᠣᠯᠭ᠎ᠠ ᠶᠢ ᠴᠣᠣᠷᠢᠶᠠᠳᠣᠨ ︽ᠲᠠᠪᠣᠨ ᠣᠳᠤ ᠪᠠᠶᠢᠩᠭᠤ ᠶᠢᠨ ᠬᠤᠪᠰᠣᠷᠣᠯᠴᠠᠬᠤ ᠳᠣᠭᠤᠶᠢᠯᠠᠩ︾ ᠢ ᠪᠠᠶᠢᠭᠤᠯᠣᠨ ᠠᠵᠢᠯᠯᠠᠵᠤ᠂ ᠮᠠᠯ ᠠᠵᠤ ᠠᠬᠤᠢ ᠶᠢᠨ ᠥᠨᠢᠷ ᠥᠰᠦᠯᠲᠡ ᠶᠢ ᠣᠯᠣᠭᠰᠠᠨ ᠢᠶᠠᠷ ︽ᠪᠥᠬᠦ ᠣᠯᠣᠰ ᠤᠨ ᠬᠥᠳᠡᠯᠮᠦᠷᠢ ᠶᠢᠨ ᠵᠢᠱᠢᠶᠡᠴᠢ︾ ᠪᠠᠷ ᠰᠣᠩᠭᠤᠭᠳᠠᠪᠠ᠃          1980 ᠣᠨ ᠤ 3 ᠰᠠᠷ᠎ᠠ ᠳᠤ ᠣᠷᠣᠨ ᠤ ᠬᠦᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠪᠠ᠃          1955 ᠣᠨ ᠤ 6 ᠰᠠᠷ᠎ᠠ ᠳᠤ ᠳᠣᠮᠳᠠᠳᠤ ᠣᠯᠣᠰ ᠤᠨ ᠡᠪ ᠬᠠᠮᠳᠤ ᠨᠠᠮ ᠳᠤ ᠡᠯᠰᠡᠭᠳᠡᠪᠡ᠃ 1956 ᠣᠨ ᠴᠣᠭᠰᠣᠩᠵᠠᠪ ᠤᠨ ︽ᠲᠠᠪᠣᠨ ᠣᠳᠤ ᠳᠣᠭᠤᠶᠢᠯᠠᠩ︾ ᠨᠢ ᠪᠠᠶᠢᠩᠭᠤ ᠶᠢᠨ ᠬᠤᠷᠰᠢᠶ᠎ᠠ ᠪᠣᠯᠪᠠ᠃ ᠴᠣᠭᠰᠣᠩᠵᠠᠪ 1956 ᠣᠨ ᠠᠴᠠ 1981 ᠣᠨ ᠬᠦᠷᠲᠡᠯ᠎ᠡ ᠨᠠᠮ ᠤᠨ ᠰᠢᠯᠣᠭᠤᠨ ᠬᠥᠬᠡ ᠬᠤᠰᠢᠭᠤᠨ ᠤ ᠨᠢᠭᠡ᠂ ᠬᠤᠶᠠᠷ᠂ ᠭᠤᠷᠪᠠ᠂ ᠳᠥᠷᠪᠡ᠂ ᠲᠠᠪᠤ᠂ ᠵᠢᠷᠭᠤᠳᠣᠭᠠᠷ ᠣᠳᠠᠭᠠᠨ ᠤ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ᠂ 1949 ᠣᠨ ᠠᠴᠠ 1956 ᠣᠨ ᠬᠦᠷᠲᠡᠯ᠎ᠡ ᠰᠢᠯᠣᠭᠤᠨ ᠬᠥᠬᠡ ᠬᠤᠰᠢᠭᠤᠨ ᠤ ᠠᠷᠠᠳ ᠤᠨ ᠲᠥᠯᠦᠭᠡᠯᠡᠭᠴᠢ᠂ ᠠᠶᠢᠮᠠᠭ ᠤᠨ ᠣᠯᠣᠰ ᠲᠥᠷᠦ ᠶᠢᠨ ᠵᠥᠪᠯᠡᠯᠭᠡᠨ ᠤ ᠭᠡᠰᠢᠭᠦᠨ ᠪᠠᠶᠢᠪᠠ᠃ 1963 ᠣᠨ ᠳᠤ ᠪᠥᠬᠦ ᠣᠯᠣᠰ ᠤᠨ ᠭᠤᠷᠪᠠᠳᠣᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠪᠠᠶᠢᠪᠠ᠃           ᠴᠣᠭᠰᠣᠩᠵᠠᠪ 1983 ᠣᠨ ᠤ 8 ᠰᠠᠷ᠎ᠠ ᠶᠢᠨ 24 ᠤ ᠡᠳᠦᠷ ᠡᠪᠡᠳᠴᠢᠨ ᠢᠶᠠᠷ ᠨᠠᠰᠤ ᠪᠠᠷᠠᠪᠠ᠃           ᠴᠣᠭᠰᠣᠩᠵᠠᠪ᠂ 1990 ᠣᠨ ᠳᠤ ︽ᠰᠢᠯᠢ ᠶᠢᠨ ᠭᠤᠣᠯ ᠤᠨ ᠠᠯᠳᠠᠷᠲᠤ ᠬᠦᠮᠦᠰ︾᠂ 2004 ᠣᠨ ᠳᠤ ︽ᠰᠢᠯᠣᠭᠤᠨ ᠬᠥᠬᠡ ᠬᠤᠰᠢᠭᠤᠨ ᠤ ᠣᠶᠢᠯᠠᠯᠭ᠎ᠠ ︵ᠳᠣᠣᠷᠠᠳᠤ︶︾᠂ ︽ᠲᠠᠶᠢᠹᠣᠰᠧ ᠪᠠᠷᠠᠭᠤᠨ ᠭᠠᠷ ᠰᠦᠷᠦᠭ ︵ᠬᠤᠰᠢᠭᠤ︶︾ ᠵᠡᠷᠭᠡ ᠨᠣᠮ ᠳᠤ ᠲᠡᠮᠳᠡᠭᠯᠡᠭᠳᠡᠵᠡᠢ᠃ ︽ᠰᠢᠯᠣᠭᠤᠨ ᠬᠥᠬᠡ ᠬᠤᠰᠢᠭᠤᠨ ᠤ ᠴᠣᠣᠲᠤ ᠬᠦᠮᠦᠰ︾ ᠭᠡᠬᠦ ᠨᠣᠮ ᠠᠴᠠ ᠮᠠᠶᠢᠯᠠᠰᠤ ᠪᠠᠭᠤᠯᠭᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号