ᠦᠨᠢᠲᠡ ᠶᠢᠨ ᠨᠦᠬᠦᠷᠯᠡᠯ_ ᠰᠡᠴᠡᠨᠪᠠᠭᠠᠳᠣᠷ
ᠨᠡᠶᠢᠲᠡᠯᠡᠭᠰᠡᠨ ᠴᠠᠭ᠄
2020/3/31
          ᠰᠡᠴᠡᠨᠪᠠᠭᠠᠲᠣᠷ᠂ 1961 ᠣᠨ ᠤ 3 ᠰᠠᠷ᠎ᠠ ᠳᠤ᠂ ᠰᠢᠯᠣᠭᠤᠨ ᠬᠥᠬᠡ ᠬᠤᠰᠢᠭᠤ ᠨᠣᠲᠤᠭ ᠲᠠᠢ ᠪᠠᠯᠵᠢᠨᠢᠮ᠎ᠠ ᠷᠠᠰᠢᠮ᠎ᠠ ᠶᠢᠨ ᠬᠦᠦ ᠪᠣᠯᠵᠤ ᠵᠠᠶᠠᠭᠠᠵᠠᠢ᠃ ᠲᠡᠷᠡ ᠪᠠᠷ 1976 ᠣᠨ ᠳᠤ ᠰᠢᠯᠢ ᠶᠢᠨ ᠭᠤᠣᠯ ᠠᠶᠢᠮᠠᠭ  ᠤᠨ ᠣᠷᠠᠨ ᠰᠠᠶᠢᠬᠠᠨ ᠤ ᠬᠥᠭᠵᠢᠮ ᠤᠨ ᠠᠩᠭᠢ ᠳᠤ ᠯᠢᠩᠪᠣᠴᠢᠨ ᠢᠶᠠᠷ ᠡᠯᠰᠡᠭᠳᠡᠵᠦ᠂ 1982 ᠣᠨ ᠳᠤ ᠥᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠪᠠᠨ ᠲᠡᠭᠦᠰᠦᠭᠡᠳ ᠥᠪᠦᠷ ᠮᠣᠩᠭᠤᠯ ᠤᠨ ᠷᠠᠳᠢᠤ᠋ ᠲᠧᠯᠸᠢᠰ ᠣᠷᠠᠯᠢᠭ  ᠤᠨ ᠪᠥᠯᠬᠦᠮ ᠳᠤ ᠠᠵᠢᠯᠯᠠᠭᠠᠳ᠂ ᠣᠳᠣ ᠦᠪᠦᠷ ᠮᠣᠩᠭᠤᠯ ᠤᠨ ᠦᠨᠳᠦᠰᠦᠳᠡᠨ ᠤ ᠲᠠᠭᠤᠣ ᠣᠷᠠᠯᠢᠭ ᠤᠨ ᠪᠦᠯᠬᠦᠮ ᠳᠤ ᠠᠵᠢᠯᠯᠠᠵᠦ ᠪᠠᠶᠢᠨ᠎ᠠ᠃           ᠰᠡᠴᠡᠨᠪᠠᠭᠠᠲᠣᠷ ᠤᠨ ᠳᠠᠭᠤᠯᠠᠭᠰᠠᠨ ︽ᠠᠷᠣ ᠭᠡᠷ ᠲᠡᠭᠡᠨ ᠵᠠᠬᠢᠳᠠᠯ ᠪᠢᠴᠢᠯ᠎ᠡ ᠪᠢ︾ ᠭᠡᠳᠡᠭ ᠳᠠᠭᠤᠤ  ᠨᠢ ᠮᠣᠩᠭᠤᠯ ᠣᠷᠣᠨ ᠢᠶᠠᠷ ᠥᠷᠭᠡᠨ ᠳᠠᠷᠬᠠᠵᠤ ᠵᠠᠯᠠᠭᠤ ᠪᠠᠭᠠᠴᠣᠳ ᠤᠨ ᠬᠠᠶᠢᠷᠠᠲᠠᠢ ᠳᠠᠭᠤᠤ ᠪᠣᠯᠣᠨ ᠳᠡᠯᠭᠡᠷᠡᠵᠡᠢ᠃ ᠲᠣᠰ ᠳᠠᠭᠤᠤ ᠶᠢ 1985 ᠣᠨ ᠳᠤ ᠥᠪᠦᠷ ᠮᠣᠩᠭᠤᠯ ᠤᠨ ᠷᠠᠳᠢᠣ᠋ ᠬᠤᠷᠢᠶ᠎ᠠ ᠨᠡᠪᠲᠡᠷᠡᠭᠦᠯᠵᠦ᠂ ︽ᠲᠠᠯ᠎ᠠ ᠨᠣᠲᠤᠭ  ᠤᠨ ᠳᠠᠭᠤᠯᠠᠯ︾ ᠰᠡᠳᠬᠦᠯ ᠳᠤ ᠨᠡᠶᠢᠲᠡᠯᠡᠨ᠂ ᠣᠯᠠᠨ ᠬᠦᠮᠦᠨ ᠤ ᠳᠠᠭᠤᠤ ᠶᠢᠨ ᠡᠮᠬᠢᠳᠬᠡᠯ ︽ᠴᠠᠭᠠᠨ ᠰᠠᠷᠠᠯ ᠮᠣᠷᠢ︾ ᠰᠣᠷᠢᠨᠵᠢᠨ ᠪᠢᠴᠢᠯᠭᠡ ᠳᠤ ᠰᠣᠩᠭᠤᠨ ᠣᠷᠣᠭᠤᠯᠣᠭᠰᠠᠨ ᠪᠥᠭᠡᠳ ᠥᠪᠦᠷ ᠮᠣᠩᠭᠤᠯ ᠤᠨ ᠶᠢᠰᠦᠨ ᠵᠢᠯ ᠤᠨ ᠳᠦᠷᠢᠮᠲᠦ ᠳᠣᠮᠳᠠᠳᠤ ᠰᠣᠷᠭᠠᠭᠤᠯᠢ ᠶᠢᠨ ︽ᠳᠠᠭᠤᠤ ᠬᠥᠭᠵᠢᠮ ᠤᠨ ᠰᠣᠨᠢᠷᠬᠠᠯ︾ ᠬᠢᠴᠢᠶᠡᠯ ᠤᠨ ᠨᠣᠮ ᠳᠤ ᠰᠢᠯᠢᠨ ᠣᠷᠣᠭᠤᠯᠣᠭᠰᠠᠨ ᠠᠴᠠ ᠲᠣᠰ ᠳᠠᠭᠤᠤ ᠨᠢ ᠪᠥᠬᠦ ᠣᠷᠣᠨ ᠤ ᠵᠢᠭᠠᠬᠤ ᠮᠠᠲ᠋ᠧᠷᠢᠶᠠᠯ ᠤᠨ ᠠᠭᠤᠯᠭ᠎ᠠ ᠪᠣᠯᠣᠨ ᠲᠥᠭᠡᠮᠡᠯᠵᠢᠵᠡᠢ᠃ ᠲᠠ ᠪᠦᠬᠦᠨ ᠳᠡᠬᠡᠨ︽ᠦᠨᠢᠲᠡ ᠶᠢᠨ ᠨᠦᠬᠦᠷᠯᠡᠯ︾ ᠬᠡᠰᠡᠨ ᠰᠠᠢᠬᠠᠨ  ᠲᠠᠭᠣᠣ ᠡᠷᠭᠦᠶ᠎ᠡ︕ᠦᠨᠢᠳᠡ ᠶᠢᠨ ᠨᠦᠬᠦᠷᠯᠡᠯ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号