ᠪᠠᠶᠠᠨᠵᠢᠷᠭᠠᠯ
ᠨᠡᠶᠢᠲᠡᠯᠡᠭᠰᠡᠨ ᠴᠠᠭ᠄
2020/4/10
      ᠪᠠᠶᠠᠨᠵᠢᠷᠭᠠᠯ ︵1916~1984 ᠣᠨ︶᠂ 1916 ᠣᠨ ᠳᠤ ᠴᠠᠬᠠᠷ ᠳᠣᠰᠬᠠᠢ ᠣᠷᠣᠨ ᠤ ᠲᠠᠶᠢᠹᠣᠰᠧ ᠪᠠᠷᠠᠭᠤᠨ ᠭᠠᠷ ᠤᠨ ᠠᠭᠲᠠᠨ ᠠᠶᠢᠯ ᠤᠨ ᠮᠠᠯᠴᠢᠨ ᠥᠯᠵᠡᠢ ᠶᠢᠨ ᠬᠤᠶᠠᠳᠣᠭᠠᠷ ᠬᠥᠪᠡᠭᠦᠨ ᠪᠣᠯᠵᠤ ᠲᠥᠷᠦᠵᠡᠢ᠃      1964 ᠣᠨ ᠳᠤ ᠬᠤᠪᠢᠰᠬᠠᠯᠲᠤ ᠴᠡᠷᠢᠭ ᠲᠤ ᠣᠷᠣᠵᠤ ᠣᠯᠣᠰ ᠣᠷᠣᠨ ᠤ ᠪᠠᠨ ᠴᠢᠯᠦᠭᠡᠯᠡᠯᠲᠡ ᠶᠢᠨ ᠦᠢᠯᠡᠰ ᠲᠤ ᠵᠢᠳᠬᠦᠨ ᠶᠡᠭᠡ ᠪᠠᠭ᠎ᠠ ᠣᠯᠠᠨ ᠣᠳᠠᠭᠠᠨ ᠤ ᠪᠠᠶᠢᠯᠳᠣᠭᠠᠨ ᠳᠤ ᠣᠷᠣᠯᠴᠠᠨ᠂ ᠠᠳᠠᠯᠢ ᠪᠣᠰᠤ ᠳᠠᠰ ᠤᠨ ᠭᠠᠪᠢᠶ᠎ᠠ ᠲᠠᠪᠤ ᠣᠳᠠᠭ᠎ᠠ ᠪᠠᠶᠢᠭᠤᠯᠪᠠ᠃      1951 ᠣᠨ ᠳᠤ ᠳᠣᠮᠳᠠᠳᠤ ᠣᠯᠣᠰ ᠤᠨ ᠡᠪ ᠬᠠᠮᠲᠤ ᠨᠠᠮ ᠳᠤ ᠣᠷᠣᠵᠠᠢ᠃ ᠴᠢᠯᠦᠭᠡᠯᠡᠭᠳᠡᠭᠰᠡᠨ ᠤ ᠳᠠᠷᠠᠭ᠎ᠠ ᠰᠣᠶᠢᠶᠣᠸᠠᠨ ᠮᠣᠵᠢ ᠶᠢᠨ ᠳᠣᠮᠳᠠᠳᠤ ᠭᠦᠩ ᠤᠨ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠲᠤ ᠠᠵᠢᠯᠯᠠᠵᠤ ᠪᠠᠶᠢᠭᠰᠠᠨ ᠠᠴᠠ ᠪᠠᠨ 1952 ᠣᠨ ᠳᠤ ᠴᠡᠷᠢᠭ ᠠᠴᠠ ᠬᠠᠯᠠᠭᠳᠠᠵᠤ᠂ ᠣᠳᠤ ᠶᠢᠨ ᠰᠢᠯᠣᠭᠤᠨ ᠬᠥᠬᠡ ᠬᠤᠰᠢᠭᠤᠨ ᠤ ᠱᠠᠩᠳᠤ ᠶᠢᠨ ᠭᠤᠣᠯ ᠰᠣᠮᠣᠨ ᠳᠤ ᠪᠣᠴᠠᠨ ᠢᠷᠡᠵᠦ ᠨᠡᠶᠢᠭᠡᠮ ᠵᠢᠷᠣᠮᠲᠤ ᠬᠤᠪᠢᠰᠬᠠᠯ ᠳᠤ ᠣᠷᠣᠯᠴᠠᠪᠠ ᠃ ᠲᠡᠷᠡ ᠨᠣᠲᠤᠭ ᠣᠰᠣᠨ ᠤ ᠮᠠᠯᠴᠢᠳ ᠢᠶᠠᠨ ᠳᠠᠶᠢᠴᠢᠯᠠᠨ ᠳᠠᠭᠠᠭᠤᠯᠵᠤ ᠬᠠᠮᠤᠭ ᠠᠩᠬᠠᠨ ᠤ ᠬᠠᠪᠰᠣᠷᠣᠯᠴᠠᠬᠤ ᠳᠣᠭᠤᠶᠢᠯᠠᠩ ᠢ ᠪᠠᠶᠢᠭᠤᠯᠤᠨ ᠬᠤᠷᠰᠢᠶᠠᠵᠢᠯ ᠢ ᠪᠡᠶᠡᠯᠡᠭᠦᠯᠵᠦ᠂ ᠪᠥᠬᠦ ᠣᠷᠣᠨ ᠤ ᠣᠣᠭᠠᠨ ᠨᠢᠭᠡᠳᠦᠯ— ᠱᠠᠩᠳᠤ ᠎ ᠶᠢᠨ ᠭᠤᠣᠯ ᠨᠢᠭᠡᠳᠦᠯ ᠪᠠᠶᠢᠭᠤᠯᠣᠭᠳᠠᠬᠤ ᠳᠤ ᠰᠠᠭᠤᠷᠢ ᠨᠥᠬᠦᠴᠡᠯ ᠪᠦᠷᠢᠯᠳᠦᠭᠦᠯᠦᠭᠰᠡᠨ ᠶᠣᠮ᠃       ᠨᠢᠭᠡᠳᠦᠯ ᠪᠠᠶᠢᠭᠤᠯᠣᠭᠳᠠᠭᠰᠠᠨ ᠤ ᠳᠠᠷᠠᠭ᠎ᠠ᠂ ᠲᠡᠷᠡ ᠪᠠᠷ ᠲᠣᠰ ᠨᠢᠭᠡᠳᠦᠯ ᠤᠨ ᠪᠠᠶᠠᠩᠭᠤᠣᠯ ᠪᠠᠷᠢᠭᠠᠳᠠ ᠶᠢᠨ ᠨᠠᠮ ᠤᠨ ᠡᠭᠦᠷ ᠤᠨ ᠱᠦᠵᠢ ᠶᠢᠨ ᠠᠵᠢᠯ ᠢ ᠬᠠᠷᠢᠭᠤᠴᠠᠵᠤ᠂ ᠨᠡᠶᠢᠭᠡᠮ ᠨᠡᠶᠢᠲᠡ ᠶᠢᠨ ᠦᠢᠯᠡᠰ ᠲᠤ ᠣᠶᠣᠨ ᠴᠢᠳᠠᠯ ᠎ ᠢᠶᠠᠨ ᠰᠢᠪᠬᠠᠵᠤ ᠶᠠᠪᠣᠭᠰᠠᠨ ᠠᠴᠠ ᠬᠦᠳᠡᠯᠮᠦᠷᠢ ᠶᠢᠨ ᠵᠢᠱᠢᠶᠡᠴᠢ᠂ ᠰᠠᠶᠢᠨ ᠮᠠᠯᠴᠢᠨ ᠤ ᠵᠢᠱᠢᠶᠡᠴᠢ᠂ ᠬᠠᠯᠠᠭᠳᠠᠭᠰᠠᠨ ᠴᠡᠷᠢᠭ ᠤᠨ ᠵᠢᠱᠢᠶᠡᠴᠢ᠂ ᠠᠮᠣᠷ ᠢ ᠬᠠᠮᠠᠭᠠᠯᠠᠭᠰᠠᠨ ᠭᠠᠪᠢᠶᠠᠲᠠᠨ ᠵᠡᠷᠭᠡ ᠢᠷᠠᠭᠤ ᠠᠯᠳᠠᠷ ᠢᠶᠠᠷ ᠬᠤᠰᠢᠭᠤ ᠠᠶᠢᠮᠠᠭ ᠣᠷᠣᠨ ᠤ ᠱᠠᠩᠨᠠᠯ ᠰᠠᠶᠢᠰᠢᠶᠠᠯ ᠢ ᠵᠢᠯ ᠳᠠᠷᠠᠭᠠᠯᠠᠨ ᠬᠦᠷᠲᠡᠭᠰᠡᠭᠡᠷ ᠢᠷᠡᠭᠰᠡᠨ ᠪᠥᠭᠡᠳ 1956 ᠣᠨ ᠳᠤ ᠪᠥᠬᠦ ᠣᠯᠣᠰ ᠤᠨ ᠨᠡᠶᠢᠭᠡᠮ ᠵᠢᠷᠣᠮᠲᠤ ᠪᠥᠲᠦᠭᠡᠨ ᠪᠠᠶᠢᠭᠤᠯᠣᠯᠲᠠ ᠶᠢᠨ ᠢᠳᠡᠪᠬᠢᠲᠡᠨ ᠤ ᠲᠥᠯᠦᠭᠡᠯᠡᠭᠴᠢ ᠪᠠᠷ ᠰᠣᠩᠭᠤᠭᠳᠠᠵᠤ᠂ 1965 ᠣᠨ ᠳᠤ ᠪᠥᠬᠦ ᠣᠯᠣᠰ ᠤᠨ ᠡᠯ᠎ᠡ ᠦᠨᠳᠦᠰᠦᠲᠡᠨ ᠤ ᠲᠣᠭᠤᠷᠢᠨ ᠦᠵᠡᠬᠦ ᠪᠥᠯᠬᠦᠮ ᠳᠤ ᠣᠷᠣᠯᠴᠠᠵᠤ᠂ ᠮᠠᠤ ᠽᠧ ᠳ᠋ᠦᠩ᠂ ᠯᠢᠤ ᠱᠣᠤ ᠴᠢ᠂ ᠵᠸᠤ ᠡᠸ᠋ᠨ ᠯᠠᠢ ᠵᠡᠷᠭᠡ ᠨᠡᠮ  ᠲᠥᠷᠦ ᠶᠢᠨ ᠣᠳᠣᠷᠢᠳᠣᠭᠴᠢᠳ ᠎ ᠲᠠᠢ ᠬᠤᠶᠠᠷᠲᠠ ᠠᠭᠤᠯᠵᠠᠭᠰᠠᠨ ᠪᠢᠯᠡ᠃       ᠪᠠᠶᠠᠨᠵᠢᠷᠭᠠᠯ ᠭᠤᠸᠠᠢ᠂ 1977 ᠣᠨ ᠳᠤ ᠪᠠᠷᠢᠭᠠᠳᠠ ᠶᠢᠨ ᠨᠠᠮ ᠤᠨ ᠡᠭᠦᠷ ᠤᠨ ᠱᠦᠵᠢ ᠶᠢᠨ ᠠᠵᠢᠯ ᠎ ᠢᠶᠠᠨ ᠬᠠᠷᠢᠭᠤᠴᠠᠬᠤ ᠶᠢᠨ ᠬᠠᠮᠲᠤ ᠱᠠᠩᠲᠤ ᠶᠢᠨ ᠭᠤᠣᠯ ᠰᠣᠮᠣᠨ ᠤ ᠨᠠᠮ ᠤᠨ ᠬᠤᠷᠢᠶᠠᠨ ᠳᠤ ᠪᠠᠶᠢᠩᠭᠤ ᠶᠢᠨ ᠬᠡᠰᠢᠭᠦᠨ᠂ ᠰᠢᠯᠣᠭᠤᠨ ᠬᠥᠬᠡ ᠬᠤᠰᠢᠭᠤᠨ ᠤ ᠣᠯᠣᠰ ᠲᠥᠷᠦ ᠶᠢᠨ ᠵᠥᠪᠯᠡᠯᠭᠡᠨ ᠤ ᠭᠡᠰᠢᠭᠦᠨ ᠪᠣᠯᠪᠠ᠃      1984 ᠣᠨ ᠤ 8 ᠰᠠᠷ᠎ᠠ ᠶᠢᠨ 20᠎ ᠳᠤ ᠨᠠᠰᠤ ᠪᠠᠷᠠᠪᠠ᠃       ᠪᠠᠶᠠᠨᠵᠢᠷᠭᠠᠯ᠂ 1990 ᠣᠨ ᠳᠤ ︽ᠰᠢᠯᠢ ᠶᠢᠨ ᠭᠤᠣᠯ ᠤᠨ ᠠᠯᠳᠠᠷᠲᠤ ᠬᠦᠮᠦᠰ︾᠂ 2009 ᠣᠨ ᠤ ︽ᠲᠠᠶᠢᠹᠣᠰᠧ ᠪᠠᠷᠠᠭᠤᠨ ᠭᠠᠷ ᠰᠦᠷᠦᠭ ︵ᠬᠤᠰᠢᠭᠤ︶︾ ᠬᠡᠮᠡᠬᠦ ᠨᠣᠮ ᠳᠤ ᠲᠡᠮᠳᠡᠭᠯᠡᠭᠳᠡᠵᠡᠢ᠃ ︽ᠰᠢᠯᠣᠭᠤᠨ ᠬᠥᠬᠡ ᠬᠤᠰᠢᠭᠤᠨ ᠤ ᠴᠣᠣᠳᠤ ᠬᠦᠮᠦᠰ︾ ᠭᠡᠬᠦ ᠨᠣᠮ ᠠᠴᠠ ᠮᠠᠶᠢᠯᠠᠰᠤ ᠪᠠᠭᠤᠯᠭᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号