ᠪᠠᠶᠠᠨᠵᠢᠷᠭᠠᠯ
ᠨᠡᠶᠢᠲᠡᠯᠡᠭᠰᠡᠨ ᠴᠠᠭ᠄
2020/4/10
      ᠪᠠᠶᠠᠨᠵᠢᠷᠭᠠᠯ ︵1916~1984 ᠣᠨ︶᠂ 1916 ᠣᠨ ᠳᠤ ᠴᠠᠬᠠᠷ ᠳᠣᠰᠬᠠᠢ ᠣᠷᠣᠨ ᠤ ᠲᠠᠶᠢᠹᠣᠰᠧ ᠪᠠᠷᠠᠭᠤᠨ ᠭᠠᠷ ᠤᠨ ᠠᠭᠲᠠᠨ ᠠᠶᠢᠯ ᠤᠨ ᠮᠠᠯᠴᠢᠨ ᠥᠯᠵᠡᠢ ᠶᠢᠨ ᠬᠤᠶᠠᠳᠣᠭᠠᠷ ᠬᠥᠪᠡᠭᠦᠨ ᠪᠣᠯᠵᠤ ᠲᠥᠷᠦᠵᠡᠢ᠃      1964 ᠣᠨ ᠳᠤ ᠬᠤᠪᠢᠰᠬᠠᠯᠲᠤ ᠴᠡᠷᠢᠭ ᠲᠤ ᠣᠷᠣᠵᠤ ᠣᠯᠣᠰ ᠣᠷᠣᠨ ᠤ ᠪᠠᠨ ᠴᠢᠯᠦᠭᠡᠯᠡᠯᠲᠡ ᠶᠢᠨ ᠦᠢᠯᠡᠰ ᠲᠤ ᠵᠢᠳᠬᠦᠨ ᠶᠡᠭᠡ ᠪᠠᠭ᠎ᠠ ᠣᠯᠠᠨ ᠣᠳᠠᠭᠠᠨ ᠤ ᠪᠠᠶᠢᠯᠳᠣᠭᠠᠨ ᠳᠤ ᠣᠷᠣᠯᠴᠠᠨ᠂ ᠠᠳᠠᠯᠢ ᠪᠣᠰᠤ ᠳᠠᠰ ᠤᠨ ᠭᠠᠪᠢᠶ᠎ᠠ ᠲᠠᠪᠤ ᠣᠳᠠᠭ᠎ᠠ ᠪᠠᠶᠢᠭᠤᠯᠪᠠ᠃      1951 ᠣᠨ ᠳᠤ ᠳᠣᠮᠳᠠᠳᠤ ᠣᠯᠣᠰ ᠤᠨ ᠡᠪ ᠬᠠᠮᠲᠤ ᠨᠠᠮ ᠳᠤ ᠣᠷᠣᠵᠠᠢ᠃ ᠴᠢᠯᠦᠭᠡᠯᠡᠭᠳᠡᠭᠰᠡᠨ ᠤ ᠳᠠᠷᠠᠭ᠎ᠠ ᠰᠣᠶᠢᠶᠣᠸᠠᠨ ᠮᠣᠵᠢ ᠶᠢᠨ ᠳᠣᠮᠳᠠᠳᠤ ᠭᠦᠩ ᠤᠨ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠲᠤ ᠠᠵᠢᠯᠯᠠᠵᠤ ᠪᠠᠶᠢᠭᠰᠠᠨ ᠠᠴᠠ ᠪᠠᠨ 1952 ᠣᠨ ᠳᠤ ᠴᠡᠷᠢᠭ ᠠᠴᠠ ᠬᠠᠯᠠᠭᠳᠠᠵᠤ᠂ ᠣᠳᠤ ᠶᠢᠨ ᠰᠢᠯᠣᠭᠤᠨ ᠬᠥᠬᠡ ᠬᠤᠰᠢᠭᠤᠨ ᠤ ᠱᠠᠩᠳᠤ ᠶᠢᠨ ᠭᠤᠣᠯ ᠰᠣᠮᠣᠨ ᠳᠤ ᠪᠣᠴᠠᠨ ᠢᠷᠡᠵᠦ ᠨᠡᠶᠢᠭᠡᠮ ᠵᠢᠷᠣᠮᠲᠤ ᠬᠤᠪᠢᠰᠬᠠᠯ ᠳᠤ ᠣᠷᠣᠯᠴᠠᠪᠠ ᠃ ᠲᠡᠷᠡ ᠨᠣᠲᠤᠭ ᠣᠰᠣᠨ ᠤ ᠮᠠᠯᠴᠢᠳ ᠢᠶᠠᠨ ᠳᠠᠶᠢᠴᠢᠯᠠᠨ ᠳᠠᠭᠠᠭᠤᠯᠵᠤ ᠬᠠᠮᠤᠭ ᠠᠩᠬᠠᠨ ᠤ ᠬᠠᠪᠰᠣᠷᠣᠯᠴᠠᠬᠤ ᠳᠣᠭᠤᠶᠢᠯᠠᠩ ᠢ ᠪᠠᠶᠢᠭᠤᠯᠤᠨ ᠬᠤᠷᠰᠢᠶᠠᠵᠢᠯ ᠢ ᠪᠡᠶᠡᠯᠡᠭᠦᠯᠵᠦ᠂ ᠪᠥᠬᠦ ᠣᠷᠣᠨ ᠤ ᠣᠣᠭᠠᠨ ᠨᠢᠭᠡᠳᠦᠯ— ᠱᠠᠩᠳᠤ  ᠶᠢᠨ ᠭᠤᠣᠯ ᠨᠢᠭᠡᠳᠦᠯ ᠪᠠᠶᠢᠭᠤᠯᠣᠭᠳᠠᠬᠤ ᠳᠤ ᠰᠠᠭᠤᠷᠢ ᠨᠥᠬᠦᠴᠡᠯ ᠪᠦᠷᠢᠯᠳᠦᠭᠦᠯᠦᠭᠰᠡᠨ ᠶᠣᠮ᠃       ᠨᠢᠭᠡᠳᠦᠯ ᠪᠠᠶᠢᠭᠤᠯᠣᠭᠳᠠᠭᠰᠠᠨ ᠤ ᠳᠠᠷᠠᠭ᠎ᠠ᠂ ᠲᠡᠷᠡ ᠪᠠᠷ ᠲᠣᠰ ᠨᠢᠭᠡᠳᠦᠯ ᠤᠨ ᠪᠠᠶᠠᠩᠭᠤᠣᠯ ᠪᠠᠷᠢᠭᠠᠳᠠ ᠶᠢᠨ ᠨᠠᠮ ᠤᠨ ᠡᠭᠦᠷ ᠤᠨ ᠱᠦᠵᠢ ᠶᠢᠨ ᠠᠵᠢᠯ ᠢ ᠬᠠᠷᠢᠭᠤᠴᠠᠵᠤ᠂ ᠨᠡᠶᠢᠭᠡᠮ ᠨᠡᠶᠢᠲᠡ ᠶᠢᠨ ᠦᠢᠯᠡᠰ ᠲᠤ ᠣᠶᠣᠨ ᠴᠢᠳᠠᠯ  ᠢᠶᠠᠨ ᠰᠢᠪᠬᠠᠵᠤ ᠶᠠᠪᠣᠭᠰᠠᠨ ᠠᠴᠠ ᠬᠦᠳᠡᠯᠮᠦᠷᠢ ᠶᠢᠨ ᠵᠢᠱᠢᠶᠡᠴᠢ᠂ ᠰᠠᠶᠢᠨ ᠮᠠᠯᠴᠢᠨ ᠤ ᠵᠢᠱᠢᠶᠡᠴᠢ᠂ ᠬᠠᠯᠠᠭᠳᠠᠭᠰᠠᠨ ᠴᠡᠷᠢᠭ ᠤᠨ ᠵᠢᠱᠢᠶᠡᠴᠢ᠂ ᠠᠮᠣᠷ ᠢ ᠬᠠᠮᠠᠭᠠᠯᠠᠭᠰᠠᠨ ᠭᠠᠪᠢᠶᠠᠲᠠᠨ ᠵᠡᠷᠭᠡ ᠢᠷᠠᠭᠤ ᠠᠯᠳᠠᠷ ᠢᠶᠠᠷ ᠬᠤᠰᠢᠭᠤ ᠠᠶᠢᠮᠠᠭ ᠣᠷᠣᠨ ᠤ ᠱᠠᠩᠨᠠᠯ ᠰᠠᠶᠢᠰᠢᠶᠠᠯ ᠢ ᠵᠢᠯ ᠳᠠᠷᠠᠭᠠᠯᠠᠨ ᠬᠦᠷᠲᠡᠭᠰᠡᠭᠡᠷ ᠢᠷᠡᠭᠰᠡᠨ ᠪᠥᠭᠡᠳ 1956 ᠣᠨ ᠳᠤ ᠪᠥᠬᠦ ᠣᠯᠣᠰ ᠤᠨ ᠨᠡᠶᠢᠭᠡᠮ ᠵᠢᠷᠣᠮᠲᠤ ᠪᠥᠲᠦᠭᠡᠨ ᠪᠠᠶᠢᠭᠤᠯᠣᠯᠲᠠ ᠶᠢᠨ ᠢᠳᠡᠪᠬᠢᠲᠡᠨ ᠤ ᠲᠥᠯᠦᠭᠡᠯᠡᠭᠴᠢ ᠪᠠᠷ ᠰᠣᠩᠭᠤᠭᠳᠠᠵᠤ᠂ 1965 ᠣᠨ ᠳᠤ ᠪᠥᠬᠦ ᠣᠯᠣᠰ ᠤᠨ ᠡᠯ᠎ᠡ ᠦᠨᠳᠦᠰᠦᠲᠡᠨ ᠤ ᠲᠣᠭᠤᠷᠢᠨ ᠦᠵᠡᠬᠦ ᠪᠥᠯᠬᠦᠮ ᠳᠤ ᠣᠷᠣᠯᠴᠠᠵᠤ᠂ ᠮᠠᠤ ᠽᠧ ᠳ᠋ᠦᠩ᠂ ᠯᠢᠤ ᠱᠣᠤ ᠴᠢ᠂ ᠵᠸᠤ ᠡᠸ᠋ᠨ ᠯᠠᠢ ᠵᠡᠷᠭᠡ ᠨᠡᠮ  ᠲᠥᠷᠦ ᠶᠢᠨ ᠣᠳᠣᠷᠢᠳᠣᠭᠴᠢᠳ  ᠲᠠᠢ ᠬᠤᠶᠠᠷᠲᠠ ᠠᠭᠤᠯᠵᠠᠭᠰᠠᠨ ᠪᠢᠯᠡ᠃       ᠪᠠᠶᠠᠨᠵᠢᠷᠭᠠᠯ ᠭᠤᠸᠠᠢ᠂ 1977 ᠣᠨ ᠳᠤ ᠪᠠᠷᠢᠭᠠᠳᠠ ᠶᠢᠨ ᠨᠠᠮ ᠤᠨ ᠡᠭᠦᠷ ᠤᠨ ᠱᠦᠵᠢ ᠶᠢᠨ ᠠᠵᠢᠯ  ᠢᠶᠠᠨ ᠬᠠᠷᠢᠭᠤᠴᠠᠬᠤ ᠶᠢᠨ ᠬᠠᠮᠲᠤ ᠱᠠᠩᠲᠤ ᠶᠢᠨ ᠭᠤᠣᠯ ᠰᠣᠮᠣᠨ ᠤ ᠨᠠᠮ ᠤᠨ ᠬᠤᠷᠢᠶᠠᠨ ᠳᠤ ᠪᠠᠶᠢᠩᠭᠤ ᠶᠢᠨ ᠬᠡᠰᠢᠭᠦᠨ᠂ ᠰᠢᠯᠣᠭᠤᠨ ᠬᠥᠬᠡ ᠬᠤᠰᠢᠭᠤᠨ ᠤ ᠣᠯᠣᠰ ᠲᠥᠷᠦ ᠶᠢᠨ ᠵᠥᠪᠯᠡᠯᠭᠡᠨ ᠤ ᠭᠡᠰᠢᠭᠦᠨ ᠪᠣᠯᠪᠠ᠃      1984 ᠣᠨ ᠤ 8 ᠰᠠᠷ᠎ᠠ ᠶᠢᠨ 20 ᠳᠤ ᠨᠠᠰᠤ ᠪᠠᠷᠠᠪᠠ᠃       ᠪᠠᠶᠠᠨᠵᠢᠷᠭᠠᠯ᠂ 1990 ᠣᠨ ᠳᠤ ︽ᠰᠢᠯᠢ ᠶᠢᠨ ᠭᠤᠣᠯ ᠤᠨ ᠠᠯᠳᠠᠷᠲᠤ ᠬᠦᠮᠦᠰ︾᠂ 2009 ᠣᠨ ᠤ ︽ᠲᠠᠶᠢᠹᠣᠰᠧ ᠪᠠᠷᠠᠭᠤᠨ ᠭᠠᠷ ᠰᠦᠷᠦᠭ ︵ᠬᠤᠰᠢᠭᠤ︶︾ ᠬᠡᠮᠡᠬᠦ ᠨᠣᠮ ᠳᠤ ᠲᠡᠮᠳᠡᠭᠯᠡᠭᠳᠡᠵᠡᠢ᠃ ︽ᠰᠢᠯᠣᠭᠤᠨ ᠬᠥᠬᠡ ᠬᠤᠰᠢᠭᠤᠨ ᠤ ᠴᠣᠣᠳᠤ ᠬᠦᠮᠦᠰ︾ ᠭᠡᠬᠦ ᠨᠣᠮ ᠠᠴᠠ ᠮᠠᠶᠢᠯᠠᠰᠤ ᠪᠠᠭᠤᠯᠭᠠᠪᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号