| | ᠨᠠ᠊· ᠰᠠᠶᠢᠨᠴᠣᠭᠲᠤ ︵1914~ 1973 ᠣᠨ︶᠂ ᠪᠠᠰᠠ ᠰᠠᠶᠢᠨᠴᠣᠩᠭᠠ ᠭᠡᠳᠡᠭ᠃ 1914 | ᠣᠨ ᠤ 2 ᠰᠠᠷ᠎ᠠ ᠶᠢᠨ 23 ᠤ ᠡᠳᠦᠷ ᠣᠣᠯ ᠤᠨ ᠴᠠᠬᠠᠷ ᠭᠦᠯᠦ ᠬᠥᠬᠡ ᠬᠤᠰᠢᠭᠤᠨ ᠤ ᠬᠤᠶᠠᠳᠣᠭᠠᠷ ᠰᠣᠮᠣᠨ ︵ | ᠣᠳᠤ ᠶᠢᠨ ᠰᠢᠯᠣᠭᠤᠨ ᠬᠥᠬᠡ ᠬᠤᠰᠢᠭᠤᠨ ᠤ ᠨᠠᠷᠠᠲᠤ ᠰᠣᠮᠣᠨ ᠤ ᠰᠢᠷᠡᠭᠡᠲᠦ ᠭᠠᠴᠠᠭ᠎ᠠ︶ ᠤ ᠮᠠᠯᠴᠢᠨ ᠨᠠᠰᠣᠨᠳᠡᠯᠭᠡᠷ | ᠤᠨ ᠭᠡᠷ ᠲᠤ ᠲᠥᠷᠦᠵᠡᠢ᠃ ᠪᠠᠭ᠎ᠠ ᠶᠢᠨ ᠨᠡᠷ᠎ᠡ ᠨᠢ ᠽᠠᠭᠫᠦ᠋ᠷᠪᠦ᠃ 1932 ᠣᠨ ᠳᠤ ᠪᠠᠭ᠎ᠠ ᠰᠣᠷᠭᠠᠭᠤᠯᠢ ᠶᠢᠨ | ᠪᠠᠭᠰᠢ ᠶᠢᠨ ᠬᠠᠪᠰᠣᠷᠣᠭᠴᠢ ᠶᠢᠨ ᠠᠵᠢᠯ ᠢ ᠬᠢᠵᠦ ᠥᠩᠭᠡᠷᠡᠪᠡ᠃ 1936 ᠣᠨ ᠤ ᠡᠪᠦᠯ᠂ ᠳᠣᠬᠠᠢ ᠶᠢᠨ ᠦᠶ᠎ᠡ | ᠶᠢᠨ ︽ᠮᠣᠩᠭᠤᠯ ᠵᠠᠰᠠᠭ ᠤᠨ ᠣᠷᠳᠣᠨ︾ ᠤ ᠲᠣᠮᠢᠯᠠᠯᠲᠠ ᠪᠠᠷ ᠰᠢᠯᠭᠠᠭᠤᠯᠢ ᠬᠦᠯᠢᠶᠡᠵᠦ ᠬᠢᠷᠢ ᠲᠡᠩᠴᠡᠭᠰᠡᠳ ᠤᠨ | ᠨᠢᠭᠡ ᠪᠠᠷ 1937 ᠣᠨ ᠠᠴᠠ 1941 ᠣᠨ ᠤ ᠡᠴᠦᠰ ᠪᠣᠯᠲᠠᠯ᠎ᠠ ᠶᠠᠫᠣᠨ ᠣᠯᠣᠰ ᠤᠨ ᠨᠥᠬᠦᠷᠰᠡᠭ ᠬᠥᠷᠰᠢ | ᠥᠨᠳᠦᠷ ᠵᠡᠷᠭᠡ ᠶᠢᠨ ᠠᠷᠠᠯᠵᠢᠶᠠᠨ ᠤ ᠰᠣᠷᠭᠠᠭᠤᠯᠢ ᠪᠠ ᠲᠣᠣᠺᠢᠤ᠋ ᠬᠤᠲᠠ ᠶᠢᠨ ᠲᠣᠷᠣᠨᠠᠳᠠᠬᠢᠨ ᠤ ᠶᠡᠭᠡ ᠰᠣᠷᠭᠠᠭᠤᠯᠢ | ᠶᠢᠨ ᠳᠣᠰᠬᠠᠢ ᠠᠩᠭᠢ ᠶᠢᠨ ᠰᠣᠷᠭᠠᠨ ᠬᠦᠮᠦᠵᠢᠯ ᠤᠨ ᠰᠠᠯᠠᠭ᠎ᠠ ᠳᠤ ᠰᠣᠷᠣᠯᠴᠠᠵᠠᠢ᠃ 1942 ᠣᠨ ᠤ ᠡᠬᠢ ᠪᠠᠷ | ᠣᠯᠣᠰ ᠲᠠᠭᠠᠨ ᠪᠣᠴᠠᠵᠤ ᠢᠷᠡᠭᠡᠳ 1945 ᠣᠨ ᠤ ᠨᠠᠮᠣᠷ ᠬᠦᠷᠲᠡᠯ᠎ᠡ ᠳᠡᠮᠴᠣᠭ᠍ᠳᠣᠩᠷᠣᠪ ᠸᠠᠩ ᠤᠨ ᠪᠢᠴᠢᠭᠡᠴᠢ᠂ | ᠪᠠᠷᠠᠭᠤᠨ ᠰᠦᠨᠢᠳ ᠬᠤᠰᠢᠭᠤᠨ ᠤ ᠭᠡᠷ ᠤᠨ ᠠᠵᠢᠯ ᠢ ᠦᠨᠡᠮᠯᠡᠨ ᠦᠢᠯᠡᠳᠬᠦ ᠦᠬᠢᠳ ᠤᠨ ᠰᠣᠷᠭᠠᠭᠤᠯᠢ ᠶᠢᠨ | ᠪᠠᠭᠰᠢ ᠵᠡᠷᠭᠡ ᠠᠵᠢᠯ ᠢ ᠭᠦᠢᠴᠡᠳᠭᠡᠵᠦ ᠪᠠᠶᠢᠪᠠ᠃ 1945 ᠣᠨ ᠤ ᠨᠠᠮᠣᠷ᠂ ᠵᠥᠪᠯᠡᠯᠲᠦ ᠪᠠ ᠮᠣᠩᠭᠤᠯ ᠣᠯᠣᠰ | ᠤᠨ ᠴᠡᠷᠢᠭ ᠠᠩᠭᠢ ᠶᠢᠨ ᠲᠣᠮᠢᠯᠠᠯᠲᠠ ᠪᠠᠷ ︽ᠴᠠᠬᠠᠷ ᠠᠶᠢᠮᠠᠭ ᠤᠨ ᠲᠦᠷ ᠴᠠᠭ ᠤᠨ ᠵᠠᠰᠠᠭ ᠤᠨ ᠣᠷᠳᠣᠨ︾ ᠤ | ᠳᠠᠷᠤᠭ᠎ᠠ ᠶᠢᠨ ᠳᠣᠰᠢᠶᠠᠯ ᠢ ᠡᠭᠦᠷᠭᠡᠯᠡᠵᠦ ᠪᠠᠶᠢᠭᠰᠠᠨ ᠢᠶᠠᠨ ᠲᠣᠰ ᠵᠢᠯ ᠤᠨ 9 ᠰᠠᠷ᠎ᠠ ᠳᠤ ᠪᠥᠭᠦᠳᠡ ᠨᠠᠶᠢᠷᠠᠮᠳᠠᠬᠤ | ᠮᠣᠩᠭᠤᠯ ᠠᠷᠠᠳ ᠣᠯᠣᠰ ᠲᠤ ᠬᠦᠷᠴᠦ 1947 ᠣᠨ ᠤ ᠡᠴᠦᠰ ᠪᠣᠯᠲᠠᠯ᠎ᠠ ᠰᠦᠬᠡᠪᠠᠭᠠᠲᠣᠷ ᠨᠡᠷᠡᠮᠵᠢᠲᠦ ᠰᠢᠨ᠎ᠡ | ᠬᠦᠴᠦᠨ ᠤ ᠳᠡᠭᠡᠳᠦ ᠰᠣᠷᠭᠠᠭᠤᠯᠢ ᠳᠤ ᠰᠣᠷᠣᠯᠴᠠᠪᠠ᠃ 1947 ᠣᠨ ᠤ 11 ᠳ᠋ᠣᠭᠡᠷ ᠰᠠᠷ᠎ᠠ ᠳᠤ ᠣᠯᠣᠰ ᠲᠠᠭᠠᠨ | ᠪᠣᠴᠠᠵᠤ ᠢᠷᠡᠭᠡᠳ ᠥᠪᠦᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠳᠤ ᠠᠵᠢᠯᠯᠠᠪᠠ᠃ 1951 ᠣᠨ ᠳᠤ | ᠥᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠳᠤ ᠠᠵᠢᠯ ᠰᠢᠯᠵᠢᠵᠠᠢ᠃ 1958 ᠣᠨ ᠳᠤ ᠳᠣᠮᠳᠠᠳᠤ | ᠣᠯᠣᠰ ᠤᠨ ᠡᠪ ᠬᠠᠮᠲᠤ ᠨᠠᠮ ᠳᠤ ᠡᠯᠰᠡᠭᠳᠡᠪᠡ᠃ ᠲᠣᠰ ᠵᠢᠯ ᠤᠨ 10 ᠳ᠋ᠣᠭᠠᠷ ᠰᠠᠷ᠎ᠠ ᠳᠤ ᠣᠣᠯ ᠤᠨ ᠵᠥᠪᠯᠡᠯᠲᠦ | ᠶᠢᠨ ᠲᠠᠰᠺᠧᠨ᠋ᠲ ᠲᠤ ᠪᠣᠯᠣᠭᠰᠠᠨ ᠠᠽᠢᠶ᠎ᠠ ᠠᠹᠷᠢᠺᠠ ᠶᠢᠨ ᠵᠣᠬᠢᠶᠠᠯᠴᠢᠳ ᠤᠨ ᠬᠤᠷᠠᠯᠳᠣᠭᠠᠨ ᠳᠤ ᠣᠷᠣᠯᠴᠠᠵᠤ | ᠠᠽᠢᠶ᠎ᠠ ᠠᠹᠷᠢᠺᠠ ᠶᠢᠨ ᠵᠣᠬᠢᠶᠠᠯᠴᠢᠳ ᠤᠨ ᠪᠠᠶᠢᠩᠭᠤ ᠶᠢᠨ ᠬᠡᠷᠡᠭ ᠡᠷᠬᠢᠯᠡᠬᠦ ᠭᠠᠵᠠᠷ ᠤᠨ ᠳᠣᠮᠳᠠᠳᠤ ᠣᠯᠣᠰ ᠤᠨ | ᠲᠠᠯ᠎ᠠ ᠶᠢᠨ ᠬᠤᠯᠪᠣᠭ᠎ᠠ ᠪᠠᠷᠢᠬᠤ ᠵᠥᠪᠯᠡᠯ ᠤᠨ ᠬᠡᠰᠢᠭᠦᠨ ᠢᠶᠠᠷ ᠰᠣᠩᠭᠤᠭᠳᠠᠭᠰᠠᠨ ᠪᠠᠶᠢᠨ᠎ᠠ᠃ 1966 ᠣᠨ ᠠᠴᠠ | 1970 ᠣᠨ ᠬᠦᠷᠲᠡᠯ᠎ᠡ ︽ᠰᠣᠶᠣᠯ ᠤᠨ ᠶᠡᠭᠡ ᠬᠤᠪᠢᠰᠬᠠᠯ︾ ᠤᠨ ᠰᠢᠭᠤᠷᠭᠠᠨ ᠳᠤ ᠪᠣᠷᠣᠭᠤᠰᠢᠶᠠᠨ ᠲᠡᠮᠡᠴᠡᠭᠳᠡᠵᠦ | ᠶᠠᠪᠣᠭᠰᠠᠨ ᠢᠶᠠᠨ 1971 ᠣᠨ ᠤ 7 ᠰᠠᠷ᠎ᠠ ᠳᠤ ᠪᠠᠶᠠᠨᠬᠤᠸᠠ ᠳᠠᠬᠢ ᠪᠢᠩᠲ᠋ᠣᠸᠠᠨ ᠠᠴᠠ ᠬᠥᠬᠡᠬᠤᠲᠠ ᠳᠠᠭᠠᠨ | ᠪᠣᠴᠠᠵᠤ ᠢᠷᠡᠭᠡᠳ᠂ 1973 ᠣᠨ ᠤ 5 ᠳ᠋ᠣᠭᠠᠷ ᠰᠠᠷ᠎ᠠ ᠶᠢᠨ 13 ᠤ ᠡᠳᠦᠷ ᠬᠤᠳᠣᠭᠤᠳᠣᠨ ᠦᠮᠡᠨ ᠢᠶᠠᠷ | ᠱᠠᠩᠬᠠᠢ ᠬᠤᠳᠠᠨ ᠳᠤ ᠲᠠᠭᠠᠯᠠᠯ ᠲᠡᠭᠦᠰᠴᠡᠢ᠃ | ᠨᠠ᠊· ᠰᠠᠶᠢᠨᠴᠣᠭᠲᠤ ᠪᠣᠯ ᠳᠣᠮᠳᠠᠳᠤ ᠣᠯᠣᠰ ᠤᠨ ᠣᠯᠣᠰ ᠲᠥᠷᠦ ᠶᠢᠨ ᠵᠥᠪᠯᠡᠯᠭᠡᠨ ᠤ ᠭᠡᠰᠢᠭᠦᠨ᠂ | ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠣᠭᠠᠷ ᠬᠤᠭᠤᠴᠠᠭᠠᠨ ᠤ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠮᠥᠨ᠃ ᠳᠣᠮᠳᠠᠳᠤ ᠣᠯᠣᠰ ᠤᠨ ᠵᠣᠬᠢᠶᠠᠯᠴᠢᠳ ᠤᠨ | ᠨᠡᠶᠢᠭᠡᠮᠯᠢᠭ ᠤᠨ ᠬᠡᠷᠡᠭ ᠡᠷᠬᠢᠯᠡᠭᠴᠢ᠂ ᠥᠪᠦᠷ ᠮᠣᠩᠭᠤᠯ ᠤᠨ ᠣᠳᠬ᠎ᠠ ᠣᠷᠠᠯᠢᠭ ᠤᠨ ᠬᠤᠯᠪᠣᠭᠠᠨ ᠤ ᠳᠡᠳ᠋ | ᠲᠡᠷᠢᠭᠦᠯᠡᠭᠴᠢ᠂ ᠳᠣᠮᠳᠠᠳᠤ ᠣᠯᠣᠰ ᠤᠨ ᠵᠣᠬᠢᠶᠠᠯᠴᠢᠳ ᠤᠨ ᠡᠪᠯᠡᠯ ᠤᠨ ᠲᠡᠷᠢᠭᠦᠯᠡᠭᠴᠢ᠂ ᠪᠥᠬᠦ ᠣᠯᠣᠰ ᠤᠨ | ᠣᠳᠬ᠎ᠠ ᠣᠷᠠᠯᠢᠭ ᠤᠨ ᠬᠤᠯᠪᠣᠭᠠᠨ ᠤ ᠭᠡᠰᠢᠭᠦᠨ ᠵᠡᠷᠭᠡ ᠡᠭᠦᠷᠭᠡ ᠳᠣᠰᠢᠶᠠᠯ ᠲᠠᠢ ᠪᠠᠶᠢᠵᠠᠢ᠃ 1999 ᠣᠨ ᠳᠤ ︽ | ᠨᠠ᠊· ᠰᠠᠶᠢᠨᠴᠣᠭᠲᠤ ᠶᠢᠨ ᠪᠦᠷᠢᠨ ᠵᠣᠬᠢᠶᠠᠯ︾ ᠬᠡᠪᠯᠡᠭᠳᠡᠨ ᠳᠠᠷᠬᠠᠭᠳᠠᠵᠠᠢ᠃ | ᠨᠠ᠊· ᠰᠠᠶᠢᠨᠴᠣᠭᠲᠤ᠂ 1990 ᠣᠨ ᠳᠤ ︽ᠴᠠᠬᠠᠷ ᠮᠣᠩᠭᠤᠯ︾᠂ ︽ᠰᠢᠯᠢ ᠶᠢᠨ ᠭᠤᠣᠯ ᠤᠨ | ᠠᠯᠳᠠᠷᠲᠤ ᠬᠦᠮᠦᠰ︾᠂ 2004 ᠣᠨ ᠤ ︽ᠰᠢᠯᠣᠭᠤᠨ ᠬᠥᠬᠡ ᠬᠤᠰᠢᠭᠤᠨ ᠤ ᠣᠶᠢᠯᠠᠯᠭ᠎ᠠ ︵ᠳᠣᠣᠷᠠᠳᠤ︶︾᠂ | 2006 ᠣᠨ ᠳᠤ ︽ᠴᠠᠬᠠᠷ ᠴᠢᠭᠤᠯᠭᠠᠨ ᠤ ᠡᠷᠳᠡᠮᠰᠣᠶᠣᠯᠲᠤ ᠮᠣᠩᠭᠤᠯ ᠳᠣᠮᠳᠠᠳᠤ ᠰᠣᠷᠭᠠᠭᠤᠯᠢ︾ ᠶᠢᠨ ᠲᠡᠦᠬᠡᠨ | ᠮᠠᠲ᠋ᠧᠷᠢᠶᠠᠯ᠂ 2006 ᠣᠨ ᠳᠤ ︽ᠴᠠᠬᠠᠷ ᠰᠢᠯᠣᠭᠤᠨ ᠬᠥᠬᠡ ᠬᠤᠰᠢᠭᠤ︾᠂ 2008 ᠣᠨ ᠳᠤ ᠰᠢᠯᠢ ᠶᠢᠨ | ᠭᠤᠣᠯ ᠤᠨ ᠢᠷᠠᠭᠤ ᠨᠠᠶᠢᠷᠠᠭ ᠤᠨ ᠰᠢᠯᠢᠮᠡᠯ ︽ᠣᠳᠣᠳ ᠤᠨ ᠭᠡᠭᠡ︾ ᠵᠡᠷᠭᠡ ᠨᠣᠮ ᠳᠤ ᠳᠣᠷᠠᠰᠬᠠᠭᠳᠠᠨ | ᠲᠡᠮᠳᠡᠭᠯᠡᠭᠳᠡᠵᠡᠢ᠃ |