ᠳ᠋ᠠᠮᠪᠠ
ᠨᠡᠶᠢᠲᠡᠯᠡᠭᠰᠡᠨ ᠴᠠᠭ᠄
2020/4/22
     ᠳ᠋ᠠᠮᠪᠠ ︵1917~ 1975 ᠣᠨ︶᠂ 1917 ᠣᠨ ᠳᠤ ᠣᠣᠯ ᠤᠨ ᠴᠠᠬᠠᠷ ᠭᠦᠯᠦ ᠬᠥᠬᠡ ᠬᠤᠰᠢᠭᠤᠨ ᠤ ᠭᠤᠷᠪᠠᠨ ᠰᠣᠮᠣᠨ ᠤ ᠨᠠᠷᠠᠲᠤ ᠬᠡᠮᠡᠬᠦ ᠭᠠᠵᠠᠷ ᠮᠠᠯᠴᠢᠨ ᠳᠠᠭᠠᠮᠢ ᠶᠢᠨ ᠲᠡᠮᠦᠷ ᠤᠨ ᠭᠡᠷ ᠲᠤ ᠲᠥᠷᠦᠵᠡᠢ ᠃ ᠳᠡᠭᠡᠷ᠎ᠡ ᠵᠠᠭᠤᠨ ᠤ ᠲᠠᠪᠢᠭᠠᠳ ᠣᠨ ᠤ ᠡᠬᠢᠨ ᠳᠤ ᠨᠡᠶᠢᠭᠡᠮ ᠤᠨ ᠠᠮᠣᠷ ᠳᠥᠪᠰᠢᠨ ᠢ ᠬᠠᠮᠠᠭᠠᠯᠠᠬᠤ ᠳᠤ ᠭᠠᠷᠮᠠᠭᠠᠶᠢᠯᠠᠨ ᠵᠢᠳᠬᠦᠭᠰᠡᠨ ᠳ᠋ᠠᠮᠪᠠ ᠠᠮᠣᠷ ᠢ ᠬᠠᠮᠠᠭᠠᠯᠠᠭᠰᠠᠨ ᠵᠢᠱᠢᠶᠡᠴᠢ ᠪᠠᠷ ᠰᠣᠩᠭᠤᠭᠳᠠᠵᠤ ᠬᠤᠰᠢᠭᠤ ᠰᠣᠮᠣᠨ ᠤ ᠱᠠᠩᠨᠠᠯ ᠬᠥᠬᠢᠭᠦᠯᠦᠯ ᠢ ᠣᠯᠵᠠᠢ᠃ 1953 ᠣᠨ ᠳᠤ ᠳ᠋ᠠᠮᠪᠠ ᠨᠠᠮ ᠤᠨ ᠣᠷᠢᠶᠠᠯᠠᠭ᠎ᠠ ᠶᠢ ᠴᠣᠣᠷᠢᠶᠠᠳᠣᠨ ᠬᠤᠲᠠ ᠣᠰᠣᠨ ᠤ ᠪᠠᠨ ᠮᠠᠯᠴᠢᠳ ᠢ ᠳᠠᠶᠢᠴᠢᠯᠠᠨ ᠬᠠᠪᠰᠣᠷᠣᠯ ᠤᠨ ᠳᠣᠭᠤᠶᠢᠯᠠᠩ ᠪᠠᠶᠢᠭᠤᠯᠵᠤ᠂ 1956 ᠣᠨ ᠳᠤ ᠠᠩᠬ᠎ᠠ ᠵᠡᠷᠭᠡ ᠶᠢᠨ ᠬᠤᠷᠰᠢᠶ᠎ᠠ ᠪᠣᠯᠪᠠ᠃ ᠮᠠᠯ ᠨᠢ ᠥᠨᠢᠷ ᠥᠰᠴᠦ ᠦᠢᠯᠡᠳᠪᠦᠷᠢᠯᠡᠯ ᠨᠢ ᠳᠡᠭᠡᠭᠰᠢᠯᠡᠭᠰᠡᠨ ᠠᠮᠵᠢᠯᠲᠠ ᠪᠠᠷ ᠳ᠋ᠠᠮᠪᠠ ᠴᠠᠬᠠᠷ ᠠᠶᠢᠮᠠᠭ ᠤᠨ ᠬᠥᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠵᠠᠢ᠃      1958 ᠣᠨ ᠳᠤ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠪᠠ᠃      1959 ᠣᠨ ᠤ 10 ᠰᠠᠷ᠎ᠠ ᠶᠢᠨ 1 ᠳᠤ ᠪᠥᠬᠦ ᠣᠯᠣᠰ ᠤᠨ ᠲᠣᠭᠤᠷᠢᠨ ᠦᠵᠡᠬᠦ ᠪᠥᠯᠬᠦᠮ ᠳᠤ ᠣᠷᠣᠯᠴᠠᠨ᠂ ᠣᠯᠣᠰ ᠤᠨ ᠪᠠᠶᠠᠷ ᠲᠤ ᠣᠷᠣᠯᠴᠠᠭᠠᠳ ᠮᠠᠤ ᠲᠡᠷᠢᠭᠦᠯᠡᠭᠴᠢ ᠲᠠᠢ ᠠᠭᠤᠯᠵᠠᠵᠠᠢ᠃ᠳ᠋ᠠᠮᠪᠠ ᠣᠷᠢᠳ ᠬᠤᠵᠢᠳ ᠬᠤᠰᠢᠭᠤ ᠠᠶᠢᠮᠠᠭ᠂ ᠣᠷᠣᠨ ᠤ ᠵᠢᠱᠢᠶᠡᠴᠢ ᠪᠠᠷ ᠣᠯᠠᠨ ᠣᠳᠠᠭ᠎ᠠ ᠰᠣᠩᠭᠤᠭᠳᠠᠵᠤ ᠶᠠᠪᠣᠭᠰᠠᠨ ᠢᠶᠠᠷ ᠥᠯᠦ ᠪᠠᠷᠠᠮ ᠪᠠᠭ ᠤᠨ ᠳᠠᠷᠤᠭ᠎ᠠ᠂ ᠡᠭᠦᠷ ᠤᠨ ᠱᠦᠵᠢ ᠶᠢᠨ ᠳᠣᠰᠢᠶᠠᠯ ᠢ ᠣᠯᠠᠨ ᠵᠢᠯ ᠬᠢᠭᠰᠡᠨ ᠨᠢᠭᠡᠨ ᠨᠡᠷ᠎ᠡ ᠨᠢᠳᠡᠷ ᠲᠡᠭᠡᠨ ᠳᠣᠬᠢᠷᠠᠭᠰᠠᠨ ᠰᠢᠯᠢᠳᠡᠭ ᠨᠠᠮ ᠤᠨ ᠭᠡᠰᠢᠭᠦᠨ ᠪᠢᠯᠡ᠃      1975 ᠣᠨ ᠳᠤ ᠡᠪᠡᠳᠴᠢᠨ ᠢᠶᠠᠷ ᠨᠠᠰᠣ ᠪᠠᠷᠠᠵᠠᠢ᠃      ᠳ᠋ᠠᠮᠪᠠ᠂ 1990 ᠣᠨ ᠳᠤ ︽ᠰᠢᠯᠢ ᠶᠢᠨ ᠭᠤᠣᠯ ᠤᠨ ᠠᠯᠳᠠᠷᠲᠤ ᠬᠦᠮᠦᠰ︾᠂ 1997 ᠣᠨ ᠳᠤ ︽ᠰᠢᠯᠣᠭᠤᠨ ᠬᠥᠬᠡ ᠬᠤᠰᠢᠭᠤᠨ ᠤ ᠮᠠᠯ ᠠᠵᠤ ᠠᠬᠤᠢ ᠶᠢᠨ ᠲᠡᠮᠳᠡᠭᠯᠡᠯ︾ ᠬᠡᠮᠡᠬᠦ ᠨᠣᠮ ᠳᠤ ᠲᠡᠮᠳᠡᠭᠯᠡᠭᠳᠡᠵᠡᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号