ᠳ᠋ᠠᠮᠪᠠ
ᠨᠡᠶᠢᠲᠡᠯᠡᠭᠰᠡᠨ ᠴᠠᠭ᠄
2020/4/23
     ᠳ᠋ᠠᠮᠪᠠ ︵1918~ 1985 ᠣᠨ︶᠂ ᠪᠣᠷᠵᠢᠭᠢᠨ ᠣᠪᠣᠭ ᠲᠠᠢ᠂ ᠣᠣᠯ ᠤᠨ ᠴᠠᠬᠠᠷ ᠵᠡᠭᠦᠨ ᠭᠠᠷ ᠤᠨ ᠲᠠᠶᠢᠹᠣᠰᠧ ᠪᠠᠷᠠᠭᠤᠨ ᠭᠠᠷ ᠰᠦᠷᠦᠭ ︵ᠬᠤᠰᠢᠭᠤ︶᠎ ᠤᠨ ᠨᠣᠷᠪᠣᠽᠠᠨ᠎ᠠ ᠠᠮᠪᠠᠨ ᠤ ᠬᠥᠪᠡᠭᠦᠨ ᠪᠣᠯᠣᠨ᠎ᠠ᠃      1926 ᠣᠨ ᠤ 9 ᠰᠠᠷ᠎ᠠ ᠳᠤ ᠴᠢᠭᠤᠯᠣᠯᠲᠤ ᠬᠠᠭᠠᠯᠭ᠎ᠠ ᠶᠢᠨ ᠪᠣᠤ ᠬᠤᠸᠠ ᠭᠠᠩ ᠣᠯᠣᠰ ᠤᠨ ᠨᠡᠷᠡᠮᠵᠢᠲᠦ ᠪᠠᠭ᠎ᠠ ᠰᠣᠷᠭᠠᠭᠤᠯᠢ ᠳᠤ ᠳᠥᠷᠪᠡᠨ ᠵᠢᠯ ᠬᠢᠲᠠᠳ ᠬᠡᠯᠡᠨ ᠤ ᠳᠣᠰᠬᠠᠢ ᠰᠠᠯᠪᠣᠷᠢ ᠳᠤ ᠰᠣᠷᠣᠯᠴᠠᠪᠠ᠃      1934 ᠣᠨ ᠤ 9 ᠰᠠᠷ᠎ᠠ ᠳᠤ᠂ ᠣᠣᠯ ᠤᠨ ᠴᠠᠬᠠᠷ ᠮᠣᠵᠢ ᠶᠢᠨ ᠵᠠᠩᠪᠸᠢ ᠳᠠᠬᠢ᠂ ᠮᠠᠯᠵᠢᠯ ᠤᠨ ᠰᠠᠯᠠᠭᠠᠨ ᠎ ᠤ ᠳᠣᠰᠬᠠᠢ ᠬᠠᠮᠢᠶᠠᠷᠣᠯᠲᠠ ᠶᠢᠨ ᠰᠠᠯᠪᠣᠷᠢ ᠳᠤ ᠰᠣᠷᠣᠯᠴᠠᠵᠠᠢ᠃      1935 ᠣᠨ ᠤ 9 ᠰᠠᠷ᠎ᠠ ᠳᠤ ᠮᠠᠨᠢᠪᠠᠳᠠᠯᠠ ᠵᠠᠬᠢᠷᠣᠯ ᠤᠨ ᠮᠠᠨᠵᠤ ᠶᠢᠨ ᠰᠧᠩ ᠠᠨ ᠴᠡᠷᠢᠭ ᠤᠨ ᠨᠣᠶᠠᠳ ᠎ ᠤᠨ ᠰᠣᠷᠭᠠᠭᠤᠯᠢ ᠳᠤ ᠳᠥᠷᠪᠡᠨ ᠵᠢᠯ ᠰᠣᠷᠣᠯᠴᠠᠵᠤ ᠲᠡᠭᠦᠰᠪᠡ᠃      1939 ᠣᠨ ᠤ 9 ᠰᠠᠷ᠎ᠠ ᠳᠤ ᠳᠡᠮᠴᠣᠭ᠍ᠳᠣᠩᠷᠣᠪ ᠤᠨ ᠮᠣᠩᠭᠤᠯ ᠴᠡᠷᠢᠭ ᠤᠨ ᠰᠧᠯᠢᠩᠪᠦ᠋ ᠳᠤ ᠵᠥᠪᠳᠡᠭᠴᠢ ︵ᠽᠠᠨᠮᠤ︶᠎ ᠪᠠᠷ ᠠᠵᠢᠯᠯᠠᠵᠤ ᠳᠡᠰᠯᠡᠭᠴᠢ ᠳᠡᠪᠰᠢᠵᠡᠢ᠃      1941 ᠣᠨ ᠤ 9 ᠰᠠᠷ᠎ᠠ ᠳᠤ ᠶᠠᠫᠣᠨ ᠤ ᠲᠣᠣᠺᠢᠤ᠋ ᠶᠢᠨ ᠬᠠᠭᠤᠷᠠᠢ ᠵᠠᠮ ᠤᠨ ᠴᠡᠷᠢᠭ ᠤᠨ ᠨᠣᠶᠠᠳ ᠤᠨ ᠰᠣᠷᠭᠠᠭᠤᠯᠢ ᠳᠤ ᠰᠣᠷᠣᠯᠴᠠᠵᠤ ᠠᠬᠠᠮᠠᠳ ᠳᠡᠰᠯᠡᠭᠴᠢ ᠪᠣᠯᠵᠠᠢ᠃      1943 ᠣᠨ ᠤ 10 ᠰᠠᠷ᠎ᠠ ᠳᠤ ᠣᠯᠣᠰ ᠲᠠᠭᠠᠨ ᠪᠣᠴᠠᠨ ᠢᠷᠡᠭᠰᠡᠨ ᠤ ᠰᠡᠭᠦᠯᠡᠷ ᠴᠠᠬᠠᠷ ᠠᠶᠢᠮᠠᠭ ᠤᠨ ᠵᠣᠳᠪᠠᠵᠠᠪ ᠤᠨ ᠮᠣᠩᠭᠤᠯ ᠤᠨ ᠴᠡᠷᠢᠭ ᠤᠨ ᠬᠤᠶᠠᠳᠣᠭᠠᠷ ᠬᠤᠷᠢᠶᠠᠨ ᠤ ᠬᠠᠮᠠᠭᠠᠯᠠᠯᠲᠠ ᠶᠢᠨ ᠵᠥᠪᠳᠡᠭᠴᠢ ︵ᠽᠠᠨᠮᠤ︶ ᠎ ᠶᠢᠨ ᠭᠠᠵᠠᠷ ᠤᠨ ᠳᠠᠷᠤᠭ᠎ᠠ ᠪᠠᠷ ᠲᠣᠮᠢᠯᠠᠭᠳᠠᠵᠠᠢ᠃      1944 ᠣᠨ ᠤ 2 ᠰᠠᠷ᠎ᠠ ᠳᠤ ᠪᠣᠤ ᠭᠦᠢ ᠶᠠᠨ ᠤ ᠮᠣᠩᠭᠤᠯ ᠴᠡᠷᠢᠭ ᠤᠨ ᠰᠣᠷᠭᠠᠭᠤᠯᠢ ᠳᠤ ᠳᠥᠷᠪᠡᠳᠦᠭᠡᠷ ᠲᠣᠭᠤᠷᠢᠭ ᠤᠨ ᠳᠠᠷᠤᠭ᠎ᠠ ᠶᠢᠨ ᠳᠣᠰᠢᠶᠠᠯ ᠢ ᠬᠠᠷᠢᠭᠤᠴᠠᠵᠠᠢ᠃      1944 ᠣᠨ ᠳᠤ ᠮᠣᠩᠭᠤᠯ ᠬᠢᠵᠠᠭᠠᠷ ᠤᠨ ᠵᠠᠰᠠᠭ ᠤᠨ ᠣᠷᠳᠣᠨ ᠤ ᠡᠷᠬᠢᠯᠡᠭᠰᠡᠨ ᠮᠣᠩᠭᠤᠯ᠂ ᠬᠢᠲᠠᠳ᠂ ᠶᠠᠫᠣᠨ ᠭᠤᠷᠪᠠᠨ ᠬᠡᠯᠡᠨ ᠤ ᠣᠷᠴᠢᠭᠤᠯᠭ᠎ᠠ ᠳᠤ ᠰᠢᠯᠭᠠᠭᠳᠠᠨ ᠬᠢᠷᠢ ᠲᠡᠩᠴᠡᠵᠦ᠂ ᠰᠠᠷ᠎ᠠ ᠶᠢᠨ ᠴᠠᠯᠢᠩ ᠤᠨ ᠨᠡᠮᠡᠭᠳᠡᠯ ᠎ ᠨᠢ ᠭᠤᠴᠢᠨ ᠲᠥᠭᠦᠷᠢᠭ ᠪᠣᠯᠵᠠᠢ᠃       1945 ᠣᠨ ᠤ 10 ᠰᠠᠷ᠎ᠠ ᠳᠤ ᠨᠠᠢᠮᠠᠳᠣᠭᠠᠷ ᠵᠠᠮ ᠤᠨ ᠴᠡᠷᠢᠭ ᠬᠥᠬᠡᠬᠤᠲᠠ ᠶᠢ ᠪᠥᠰᠡᠯᠡᠭᠰᠡᠨ ᠪᠠᠶᠢᠨ᠎ᠠ᠃ ᠳ᠋ᠠᠮᠪᠠ ᠮᠣᠩᠭᠤᠯ ᠴᠡᠷᠢᠭ ᠤᠨ ᠲᠥᠯᠦᠭᠡᠯᠡᠭᠴᠢ ᠪᠠᠷ ᠲᠣᠮᠢᠯᠠᠭᠳᠠᠵᠤ᠂ ᠨᠠᠢᠮᠠᠳᠣᠭᠠᠷ ᠵᠠᠮ ᠤᠨ ᠴᠡᠷᠢᠭ ᠲᠠᠢ ᠠᠭᠤᠯᠵᠠᠯᠲᠠ ᠬᠢᠵᠦ ᠫᠣᠤ ᠵᠠᠭᠤ ᠭᠠᠷᠣᠢ᠂ ᠰᠣᠮᠣ ᠬᠤᠶᠠᠷ ᠲᠥᠮᠡ ᠶᠢ ᠥᠭᠴᠦ᠂ ᠬᠤᠶᠠᠷ ᠲᠠᠯ᠎ᠠ ᠶᠢᠨ ᠡᠪᠲᠡᠢ ᠶᠠᠷᠢᠯᠴᠠᠭᠠᠨ ᠢᠶᠠᠷ ᠬᠥᠬᠡᠬᠤᠲᠠ ᠶᠢ ᠨᠠᠶᠢᠷᠠᠮᠳᠠᠯ ᠢᠶᠠᠷ ᠴᠢᠯᠦᠭᠡᠯᠡᠬᠦ ᠬᠡᠯᠡᠯᠴᠡᠭᠡᠷ ᠢ ᠳᠣᠭᠲᠠᠭᠠᠬᠤ ᠳᠤ ᠣᠷᠣᠯᠴᠠᠵᠠᠢ᠃        ᠲᠣᠰ ᠵᠢᠯ ᠤᠨ 11 ᠰᠠᠷ᠎ᠠ ᠳᠤ ᠳ᠋ᠠᠮᠪᠠ ᠴᠢᠭᠤᠯᠣᠯᠲᠤ ᠬᠠᠭᠠᠯᠭ᠎ᠠ ᠳᠤ ᠬᠦᠷᠴᠦ ᠳᠣᠮᠳᠠᠳᠤ ᠣᠯᠣᠰ ᠤᠨ ᠡᠪ ᠬᠠᠮᠲᠤ ᠨᠠᠮ ᠤᠨ ᠣᠳᠣᠷᠢᠳᠣᠭᠰᠠᠨ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠠᠲᠤ ᠬᠤᠷᠠᠯ ᠳᠤ ᠣᠷᠣᠯᠴᠠᠨ᠂ ᠣᠯᠠᠭᠠᠨᠬᠦᠦ ᠲᠡᠷᠢᠭᠦᠯᠡᠭᠴᠢ ᠶᠢᠨ ᠰᠣᠷᠭᠠᠭᠤᠯᠢ ᠶᠢᠨ ᠳᠠᠷᠤᠭ᠎ᠠ ᠶᠢᠨ ᠥᠪᠦᠷ ᠮᠣᠩᠭᠤᠯ ᠤᠨ ᠴᠡᠷᠢᠭ ᠤᠨ ᠶᠠᠪᠣᠳᠠᠯ ᠤᠨ ᠶᠡᠭᠡ ᠰᠣᠷᠭᠠᠭᠤᠯᠢ ᠳᠤ ᠨᠢᠭᠡ ᠵᠢᠯ ᠪᠣᠯᠪᠠᠰᠣᠷᠠᠨ ᠰᠣᠷᠣᠯᠴᠠᠵᠠᠢ᠃        1946 ᠣᠨ ᠤ 11 ᠰᠠᠷ᠎ᠠ ᠳᠤ ᠰᠣᠷᠣᠯᠭ᠎ᠠ ᠪᠠᠨ ᠲᠡᠭᠦᠰᠭᠡᠵᠦ ᠥᠪᠦᠷ ᠮᠣᠩᠭᠤᠯ ᠤᠨ ᠰᠢᠯᠢ ᠶᠢᠨ ᠭᠤᠣᠯ᠂ ᠴᠠᠬᠠᠷ᠂ ᠪᠠᠶᠠᠨᠨᠠᠭᠤᠷ᠂ ᠣᠯᠠᠭᠠᠨᠴᠠᠪ ᠠᠶᠢᠮᠠᠭ ᠤᠨ ᠠᠵᠢᠯᠯᠠᠬᠤ ᠺᠣᠮᠢᠰ ᠲᠤ ᠬᠤᠪᠢᠶᠠᠭᠳᠠᠵᠤ ᠭᠠᠵᠠᠷ ᠣᠷᠣᠨ ᠤ ᠫᠠᠷᠲ᠋ᠢᠽᠠᠨ ᠳᠠᠶᠢᠨ ᠤ ᠮᠣᠷᠢᠲᠤ ᠴᠡᠷᠢᠭ ᠤᠨ 16 ᠳ᠋ᠣᠭᠠᠷ ᠳ᠋ᠢᠸᠢᠽᠢ ᠶᠢᠨ ᠬᠤᠶᠠᠳᠣᠭᠠᠷ ᠬᠤᠷᠢᠶᠠᠨ ᠤ ᠵᠥᠪᠳᠡᠭᠴᠢ ︵ᠽᠠᠨᠮᠤ︶᠎ ᠶᠢᠨ ᠳᠣᠰᠢᠶᠠᠯ ᠬᠠᠷᠢᠭᠤᠴᠠᠵᠠᠢ᠃        1947 ᠣᠨ ᠤ 12 ᠰᠠᠷ᠎ᠠ ᠳᠤ᠂ ᠳ᠋ᠠᠮᠪᠠ ᠠᠪᠤ ᠨᠣᠷᠪᠣᠽᠠᠨ᠎ᠠ ᠪᠠᠨ ᠳᠠᠭᠠᠵᠤ᠂ ᠭᠤᠮᠢᠨᠳᠠᠩ ᠳᠤ ᠣᠷᠣᠪᠠ ᠃ ᠬᠥᠪᠡᠭᠦᠨ ᠳ᠋ᠠᠮᠪᠠ ᠶᠢ ᠴᠠᠬᠠᠷ ᠠᠶᠢᠮᠠᠭ ᠤᠨ ᠠᠮᠣᠷ ᠢ ᠬᠠᠮᠠᠭᠠᠯᠠᠬᠤ ᠰᠧᠯᠢᠩᠪᠦ᠋ ᠶᠢᠨ ᠳᠡᠳ᠋ ᠬᠤᠷᠠᠩᠲᠠ᠂ ᠵᠥᠪᠳᠡᠭᠴᠢ ᠶᠢᠨ ᠭᠠᠵᠠᠷ ᠤᠨ ᠳᠠᠷᠤᠭ᠎ᠠ ᠪᠠᠷ ᠲᠣᠮᠢᠯᠠᠵᠤ᠂ ᡁᠢ ᠸᠧᠨ ᠺᠦᠢ ᠶᠢᠨ ᠬᠤᠯᠢᠮᠠᠭ ᠴᠡᠷᠢᠭ ᠤᠨ ᠶᠡᠭᠡ ᠠᠩᠭᠢ ᠶᠢᠨ ᠬᠤᠷᠢᠶᠠᠨ ᠳᠠᠷᠤᠭ᠎ᠠ ᠪᠣᠯᠵᠠᠢ᠃        ᠳ᠋ᠠᠮᠪᠠ ᠪᠣᠣᠴᠠᠩ ᠳᠤ ᠪᠣᠴᠠᠭᠰᠠᠨ ᠤ ᠳᠠᠷᠠᠭ᠎ᠠ᠂ ᠮᠥᠭᠳᠡᠨᠪᠣᠤ ᠰᠧᠯᠢᠩ ᠤᠨ ᠵᠠᠷᠯᠢᠭ ᠢᠶᠠᠷ ᠬᠠᠪᠢᠷᠭ᠎ᠠ᠂ ᠪᠣᠱᠣᠣᠳᠠᠢ᠂ ᠬᠤᠯᠣᠰᠣᠲᠠᠢ᠂ ᠳᠣᠮᠳᠠ ᠬᠤᠲᠠ᠂ ᠪᠠᠭ᠎ᠠ ᠡᠷᠢᠶᠡᠨ᠂ ᠦᠬᠡᠷᠴᠢᠨ ᠣᠪᠣᠭ᠎ᠠ᠂ ᠬᠠᠶᠢᠷᠬᠠᠨ ᠡᠩᠭᠡᠷ ᠵᠡᠷᠭᠡ ᠭᠠᠵᠠᠷ ᠤᠨ ᠪᠠᠶᠢᠯᠳᠣᠭᠠᠨ ᠳᠤ ᠣᠷᠣᠭᠰᠠᠨ ᠪᠠ ᠳᠣᠯᠣᠨᠨᠠᠭᠤᠷ᠂ ᠪᠣᠣᠴᠠᠩ᠂ ᠺᠠᠩ ᠪᠣᠤ ᠶᠢ ᠬᠠᠮᠠᠭᠠᠯᠠᠬᠤ ᠳᠠᠶᠢᠨ ᠳᠤ ᠪᠡᠶ᠎ᠡ ᠪᠠᠷ ᠢᠶᠠᠨ ᠣᠷᠣᠯᠴᠠᠵᠤ ᠭᠤᠮᠢᠨᠳᠠᠩ ᠨᠠᠮ ᠳᠤ ᠦᠨᠡᠨᠴᠢ ᠰᠢᠳᠣᠷᠭᠤ ᠪᠠᠷ ᠵᠢᠳᠬᠦᠵᠦ ᠢᠷᠡᠭᠰᠡᠨ ᠪᠠᠶᠢᠨ᠎ᠠ᠃        1949 ᠣᠨ ᠤ 1 ᠰᠠᠷ᠎ᠠ ᠳᠤ ᠴᠢᠭᠤᠯᠣᠯᠲᠤ ᠬᠠᠭᠠᠯᠭ᠎ᠠ ᠶᠢ ᠴᠢᠯᠦᠭᠡᠯᠡᠬᠦ ᠪᠠᠶᠢᠯᠳᠣᠭᠠᠨ ᠳᠤ ᠨᠠᠢᠮᠠᠳᠣᠭᠠᠷ ᠵᠠᠮ ᠤᠨ ᠴᠡᠷᠢᠭ ᠲᠤ ᠪᠥᠰᠡᠯᠡᠭᠳᠡᠨ ᠪᠠᠷᠢᠭᠳᠠᠵᠠᠢ᠃ ᠳᠡᠮᠡᠢ ᠣᠳᠠᠯ ᠦᠭᠡᠢ ᠨᠠᠢᠮᠠᠳᠣᠭᠠᠷ ᠵᠠᠮ ᠤᠨ ᠴᠡᠷᠢᠭ ᠠᠴᠠ ᠳᠣᠲᠠᠭᠠᠨ ᠭᠠᠷᠴᠤ᠂ ᠪᠡᠭᠡᠵᠢᠩ ᠬᠤᠲᠠ ᠳᠤ ᠬᠦᠷᠴᠦ ᠡᠬᠢᠯᠡᠭᠡᠳ ᠭᠤᠷᠪᠠᠨ ᠬᠦᠷᠳᠦᠲᠦ ᠲᠡᠷᠭᠡ ᠣᠨᠣᠵᠤ ᠠᠮᠢᠳᠣᠷᠠᠯ ᠎ ᠢᠶᠠᠨ ᠠᠷᠭᠠᠴᠠᠵᠤ ᠲᠠᠪᠣᠨ ᠵᠢᠯ ᠠᠵᠢᠯᠯᠠᠬᠤ ᠳᠣᠮᠳᠠ᠂ ᠪᠡᠭᠡᠵᠢᠩ ᠬᠤᠶᠢᠲᠤ ᠬᠤᠲᠠ ᠶᠢᠨ ᠲᠣᠭᠤᠷᠢᠭ ᠤᠨ ᠭᠤᠷᠪᠠᠨ ᠬᠦᠷᠳᠦᠲᠦ ᠲᠡᠷᠭᠡᠨ ᠤ ᠠᠵᠢᠯᠴᠢᠨ ᠤ ᠡᠪᠯᠡᠯ ᠤᠨ ᠲᠡᠷᠢᠭᠦᠯᠡᠭᠴᠢ ᠪᠣᠯᠵᠠᠢ᠃        1955 ᠣᠨ ᠤ 12 ᠰᠠᠷ᠎ᠠ᠂ ᠴᠠᠬᠠᠷ ᠠᠶᠢᠮᠠᠭ ᠤᠨ ᠳᠣᠲᠣᠭᠠᠳᠤ ᠶᠢ ᠬᠠᠮᠠᠭᠠᠯᠬᠤ ᠭᠠᠵᠠᠷ ᠠᠴᠠ ᠪᠠᠷᠢᠪᠴᠢᠯᠠᠵᠤ ᠳᠠᠶᠢᠨ ᠤ ᠶᠠᠯᠠᠲᠠᠨ ᠢᠶᠠᠷ 15 ᠵᠢᠯ ᠤᠨ ᠬᠤᠭᠤᠴᠠᠭ᠎ᠠ ᠲᠠᠢ ᠬᠤᠷᠢᠵᠤ᠂ ᠲᠢᠶᠠᠨᠵᠢᠨ ᠬᠤᠲᠠ ᠶᠢᠨ ᠫᠸᠢ ᠨᠠᠨ ᠰᠢᠶᠠᠨ ᠤ ᠳᠠᠶᠢᠨ ᠤ ᠶᠠᠯᠠᠲᠠᠨ ᠣᠶᠣᠨᠪᠢᠯᠢᠭ᠌ ︵ᠬᠢᠲᠠᠳ ᠨᠡᠷ᠎ᠡ ᠵᠣᠤ ᠴᠧᠩ ᠪᠢ︶ ᠵᠡᠷᠭᠡ ᠬᠦᠮᠦᠰ ᠤᠨ ᠭᠡᠷᠡᠴᠢᠯᠡᠯᠲᠡ ᠪᠠᠷ ᠳ᠋ᠠᠮᠪᠠ ᠶᠢᠨ ᠬᠢᠭᠰᠡᠨ ᠶᠠᠯ᠎ᠠ ᠶᠢ ᠬᠥᠩᠭᠡᠪᠴᠢᠯᠡᠨ ᠠᠭᠤᠴᠢᠯᠠᠵᠠᠢ᠃ ᠳᠠᠷᠠᠭ᠎ᠠ ᠨᠢ ᠥᠪᠦᠷ ᠮᠣᠩᠭᠤᠯ ᠎ ᠤᠨ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠲᠣᠮᠢᠯᠠᠯᠲᠠ ᠪᠠᠷ ᠳ᠋ᠠᠮᠪᠠ ᠪᠢᠴᠢᠭ ᠤᠨ ᠨᠡᠷ᠎ᠡ ᠪᠠᠨ ︽ᠱᠠ ᠶᠣᠸᠠᠨ ︵沙原︶︾ ᠭᠡᠵᠦ ᠳᠠᠭᠤᠳᠠᠬᠤ ᠪᠣᠯᠵᠤ᠂ ᠠᠯᠠᠱᠠ ᠬᠥᠬᠡᠨᠡᠭᠤᠷ ᠵᠡᠷᠭᠡ ᠭᠠᠵᠠᠷ ᠲᠤ ᠲᠠᠪᠣᠨ ᠵᠢᠯ ᠡᠭᠦᠷᠭᠡ ᠭᠦᠢᠴᠡᠳᠭᠡᠵᠡᠢ᠃        1975 ᠣᠨ ᠤ 3 ᠰᠠᠷ᠎ᠠ ᠳᠤ᠂ ᠪᠥᠬᠦ ᠣᠯᠣᠰ ᠤᠨ ᠠᠷᠠᠳ ᠤᠨ ᠲᠥᠯᠦᠭᠡᠯᠡᠭᠴᠢ ᠶᠢᠨ ᠳᠥᠷᠪᠡᠳᠦᠭᠡᠷ ᠣᠳᠠᠭᠠᠨ ᠤ ᠬᠤᠶᠠᠳᠠᠬᠢ ᠪᠠᠶᠢᠩᠭᠤ ᠶᠢᠨ ᠬᠤᠷᠢᠶᠠᠨ ᠤ ᠬᠤᠷᠠᠯ ᠤᠨ ᠳᠣᠭᠲᠠᠭᠠᠯ ᠢᠶᠠᠷ ᠭᠤᠮᠢᠨᠳᠠᠩ ᠤᠨ ᠨᠠᠮ ᠵᠠᠰᠠᠭ ᠴᠡᠷᠢᠭ ᠤᠨ ᠰᠢᠶᠠᠨ᠂ ᠬᠤᠷᠢᠶ᠎ᠠ ᠠᠴᠠ ᠳᠡᠭᠡᠭᠰᠢ ᠳᠠᠶᠢᠨ ᠤ ᠶᠠᠯᠠᠳᠠᠨ ᠳᠤ ᠣᠨᠴᠠ ᠠᠭᠤᠴᠢᠯᠠᠯ ᠦᠵᠡᠭᠦᠯᠵᠦ᠂ ᠭᠡᠷ ᠎ ᠲᠤᠨᠢ ᠬᠠᠷᠢᠭᠤᠯᠣᠨ ᠬᠥᠳᠡᠯᠮᠦᠷᠢ ᠳᠤ ᠣᠷᠣᠯᠴᠠᠬᠤ ᠳᠣᠬᠢᠶᠠᠯ ᠣᠯᠭᠤᠵᠠᠢ᠃ᠳ᠋ᠠᠮᠪᠠ 1985 ᠣᠨ ᠤ 4 ᠰᠠᠷ᠎ᠠ ᠶᠢᠨ 20᠎ ᠳᠤ ᠨᠠᠰᠣ ᠪᠠᠷᠠᠪᠠ᠃ ᠲᠣᠰ ᠵᠢᠯ 67 ᠨᠠᠰᠣᠲᠠᠢ᠃ᠳ᠋ᠠᠮᠪᠠ᠂ 2004 ᠣᠨ ᠳᠤ ︽ᠰᠢᠯᠣᠭᠤᠨ ᠬᠥᠬᠡ ᠬᠤᠰᠢᠭᠤᠨ ᠤ ᠣᠶᠢᠯᠠᠯᠭ᠎ᠠ ︵ᠳᠣᠣᠷᠠᠲᠤ︶︾ ᠬᠡᠮᠡᠬᠦ ᠨᠣᠮ ᠳᠤ ᠲᠡᠮᠳᠡᠭᠯᠡᠭᠳᠡᠵᠡᠢ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号