ᠠᠭᠸᠠᠩ
ᠨᠡᠶᠢᠲᠡᠯᠡᠭᠰᠡᠨ ᠴᠠᠭ᠄
2020/4/3
       ᠠᠭᠸᠠᠩ ︵1914~ 1981 ᠣᠨ︶᠂ ᠴᠠᠬᠠᠷ ᠳᠣᠰᠬᠠᠢ ᠣᠷᠣᠨ ᠤ ᠮᠢᠩᠭᠠᠨ ᠮᠠᠯᠵᠢᠯ ᠤᠨ ᠲᠠᠯᠠᠪᠠᠢ  ᠶᠢᠨ ᠰᠢᠯᠣᠭᠤᠨ ᠴᠠᠭᠠᠨ ᠬᠤᠨᠢᠨ ᠰᠦᠷᠦᠭ ᠤᠨ ᠰᠦᠮᠡᠲᠦ ᠶᠢᠨ ᠭᠤᠣᠯ ᠤᠨ ᠮᠠᠯᠴᠢᠨ ᠪᠣᠷᠣᠠᠦ᠋ᠬᠢᠨ ᠤ ᠭᠡᠷ ᠲᠤ ᠲᠥᠷᠦᠪᠡ᠃        1924~ 1929 ᠣᠨ ᠬᠦᠷᠲᠡᠯ᠎ᠡ ᠭᠡᠷ ᠲᠡᠭᠡᠨ ᠲᠥᠪᠡᠳ ᠪᠢᠴᠢᠭ ᠵᠢᠭᠠᠯᠭᠠᠵᠤ᠂ 1929~ 1933 ᠣᠨ ᠳᠤ ᠰᠢᠯᠢ ᠶᠢᠨ ᠭᠤᠣᠯ ᠶᠢᠨ ᠪᠠᠶᠢᠰᠠ ᠶᠢᠨ ᠰᠦᠮ᠎ᠡ ᠳᠤ ᠯᠠᠮᠠ ᠪᠣᠯᠪᠠ᠃ 1933~ 1941 ᠣᠨ ᠬᠦᠷᠲᠡᠯ᠎ᠡ ᠭᠡᠷ ᠲᠡᠭᠡᠨ ᠮᠠᠯ ᠮᠠᠯᠵᠢᠵᠤ ᠰᠠᠭᠤᠵᠠᠢ᠃       1941~ 1945 ᠣᠨ ᠬᠦᠷᠲᠡᠯ᠎ᠡ ᠴᠢᠭᠤᠯᠣᠯᠲᠤ ᠬᠠᠭᠠᠯᠭ᠎ᠠ ᠬᠤᠲᠠᠨ ᠳᠤ ᠮᠣᠩᠭᠤᠯ ᠬᠢᠵᠠᠭᠠᠷ ᠤᠨ ᠡᠳᠦᠷ ᠤᠨ ᠰᠣᠨᠢᠨ ᠤ ᠬᠤᠷᠢᠶ᠎ᠠ ᠳᠤ ᠵᠢᠷᠣᠭᠴᠢᠨ ᠪᠣᠯᠵᠠᠢ᠃ 1945 ᠣᠨ ᠤ 8 ᠰᠠᠷ᠎ᠠ ᠠᠴᠠ 1950 ᠣᠨ ᠬᠦᠷᠲᠡᠯ᠎ᠡ ᠭᠡᠷ ᠲᠡᠭᠡᠨ ᠪᠠᠶᠢᠵᠤ 1950~ 1954 ᠣᠨ ᠬᠦᠷᠲᠡᠯ᠎ᠡ ᠴᠠᠬᠠᠷ ᠠᠶᠢᠮᠠᠭ ᠤᠨ ᠰᠣᠶᠣᠯ ᠤᠨ ᠠᠩᠭᠢ  ᠳᠤ ᠠᠵᠢᠯᠯᠠᠪᠠ᠃ 1954~ 1956 ᠣᠨ ᠬᠦᠷᠲᠡᠯ᠎ᠡ ᠭᠡᠷ ᠲᠡᠭᠡᠨ ᠰᠠᠭᠤᠪᠠ᠃ 1956~ 1961 ᠣᠨ ᠬᠦᠷᠲᠡᠯ᠎ᠡ ᠰᠢᠯᠣᠭᠤᠨ ᠬᠥᠬᠡ ᠬᠤᠰᠢᠭᠤᠨ ᠤ ᠣᠯᠠᠭᠠᠨᠮᠦ᠋ᠴᠢᠷ ᠲᠤ ᠠᠵᠢᠯᠯᠠᠵᠠᠢ᠃ 1981 ᠣᠨ ᠳᠤ ᠴᠢᠭᠤᠯᠣᠯᠲᠤ ᠬᠠᠭᠠᠯᠭ᠎ᠠ ᠬᠤᠲᠠᠨ᠎ᠠ ᠡᠪᠡᠳᠴᠢᠨ ᠢᠶᠠᠷ ᠨᠠᠰᠤ ᠪᠠᠷᠠᠪᠠ᠃         ᠵᠢᠷᠣᠭᠴᠢᠨ ᠠᠭᠸᠠᠩ 13 ᠨᠠᠰᠣᠲᠠᠢ ᠳᠠᠭᠠᠨ ︽ᠴᠠᠭᠠᠨ ᠡᠪᠦᠭᠡᠨ︾ ᠬᠡᠮᠡᠬᠦ ᠠᠩᠬᠠᠨ ᠤ ᠪᠥᠲᠦᠭᠡᠯ ᠪᠣᠯᠬᠤ ᠣᠰᠣᠨ ᠪᠣᠳᠤᠭ ᠤᠨ ᠵᠢᠷᠤᠭ ᠢᠶᠠᠨ ᠵᠢᠷᠣᠵᠤ᠂ ᠲᠡᠭᠦᠨ ᠤ ᠳᠠᠷᠠᠭ᠎ᠠ ᠣᠯᠠᠨ ᠤ ᠰᠣᠨᠢᠷᠬᠠᠯ ᠢ ᠳᠠᠲᠠᠭᠰᠠᠨ ᠨᠢ ︽ᠮᠣᠯᠣᠨ ᠳᠣᠶᠢᠨ ᠡᠬᠡ ᠶᠢᠨ ᠠᠴᠢ ᠶᠢ ᠬᠠᠷᠢᠭᠤᠯᠣᠭᠰᠠᠨ ᠠᠨᠤ︾ ᠬᠡᠮᠡᠬᠦ ᠦᠯᠢᠭᠡᠷᠲᠦ ᠵᠢᠷᠤᠭ ᠪᠣᠯᠣᠨ᠎ᠠ᠃ ᠬᠤᠷᠢᠭᠠᠳ ᠨᠠᠰᠣᠨ ᠳᠠᠭᠠᠨ ︽ᠳᠦᠢᠩᠺᠦᠷ ᠤᠨ ᠬᠤᠲᠠ ᠮᠠᠨᠳᠠᠯ︾ ᠬᠡᠮᠡᠬᠦ ᠬᠠᠨ᠎ᠠ ᠶᠢᠨ ᠵᠢᠷᠤᠭ ᠢ ᠬᠠᠳᠠᠨᠬᠤᠰᠢᠭᠤ ᠰᠦᠮ᠎ᠡ ᠳᠤ ᠵᠢᠷᠣᠵᠤ᠂ 27 ᠨᠠᠰᠣᠨ ᠳᠠᠭᠠᠨ ︽ᠨᠠᠷᠠᠸ᠎ᠠ ᠰᠦᠮ᠎ᠡ︾ ᠶᠢᠨ ᠴᠠᠮ ᠤᠨ ᠪᠠᠭ ᠢ ᠴᠠᠷᠳᠠᠵᠤ᠂ ᠴᠠᠭ ᠤᠨ ᠬᠡᠷᠡᠭᠰᠡᠯ᠂ ᠴᠠᠮ ᠤᠨ ᠵᠠᠰᠠᠯ ᠬᠤᠪᠴᠠᠰᠤ ᠶᠢ ᠣᠷᠠᠯᠠᠨ ᠴᠢᠮᠡᠭᠯᠡᠭᠰᠡᠨ ᠨᠢ ᠴᠠᠬᠠᠷ ᠤᠨ ᠣᠯᠠᠨ ᠰᠦᠮ᠎ᠡ ᠶᠢᠨ ᠴᠠᠮ ᠤᠨ ᠪᠠᠭ ᠠᠴᠠ ᠳᠠᠪᠠᠭᠰᠠᠨ ᠪᠠᠶᠢᠪᠠ᠃         1950~ 1958 ᠣᠨ ᠬᠦᠷᠲᠡᠯ᠎ᠡ ᠠᠷᠠᠳ ᠨᠡᠶᠢᠲᠡ ᠶᠢᠨ ᠰᠣᠩᠭᠤᠭᠤᠯᠢ᠂ ᠠᠩᠬᠠᠳᠠᠭᠴᠢ ᠲᠠᠪᠣᠨ ᠵᠢᠯ ᠤᠨ ᠲᠥᠯᠦᠪᠯᠡᠭᠡ᠂ ᠬᠤᠷᠰᠢᠶᠠᠵᠢᠭᠤᠯᠣᠯᠲᠠ ᠶᠢ ᠣᠷᠠᠯᠠᠨ ᠵᠢᠷᠣᠵᠤ ᠢᠳᠡᠪᠬᠢᠲᠡᠢ ᠣᠬᠠᠭᠤᠯᠪᠠ᠃ 1958 ᠣᠨ  ᠳᠤ ᠥᠪᠦᠷ ᠮᠣᠩᠭᠤᠯ ᠤᠨ ᠮᠦᠽᠸᠢ ᠶᠢ ᠪᠠᠶᠢᠭᠤᠯᠬᠤ ᠠᠵᠢᠯ ᠳᠤ ᠣᠷᠣᠯᠴᠠᠵᠤ᠂ ᠵᠢᠷᠣᠬᠤ᠂ ᠱᠣᠭᠤᠮᠠᠯ᠂ ᠴᠠᠷᠳᠠᠮᠠᠯ᠂ ᠪᠠᠷᠢᠮᠠᠯ ᠤᠨ ᠠᠵᠢᠯ ᠢ ᠠᠷᠪᠢᠨ ᠬᠢᠵᠠᠢ᠃ ᠠᠭᠸᠠᠩ 1960 ᠣᠨ ᠳᠤ ᠥᠪᠦᠷ ᠮᠣᠩᠭᠤᠯ ᠤᠨ ᠠᠩᠬᠠᠳᠠᠭᠴᠢ ᠣᠳᠠᠭᠠᠨ ᠤ ᠣᠳᠬ᠎ᠠ ᠣᠷᠠᠯᠢᠭ ᠤᠨ ᠲᠥᠯᠦᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃ ᠵᠢᠷᠣᠭᠴᠢᠨ ᠠᠭᠸᠠᠩ ᠤᠨ ᠵᠢᠷᠣᠭᠰᠠᠨ ︽ᠬᠤᠶᠠᠷ ᠪᠣᠣᠷ᠎ᠠ ᠶᠢᠨ ᠲᠡᠮᠡᠴᠡᠭᠡᠨ︾᠂ ︽ᠪᠠᠭ᠎ᠠ ᠡᠷᠢᠶᠡᠨ ᠤ ᠪᠠᠶᠢᠯᠳᠣᠭᠠᠨ︾᠂ ︽ᠱᠠᠩᠳᠤ ᠶᠢᠨ ᠭᠤᠣᠯ ᠤᠨ ᠬᠥᠪᠡᠭᠡᠨ ᠳᠠᠬᠢ ᠦᠬᠡᠷ ᠤᠨ ᠰᠦᠷᠦᠭ︾᠂ ︽ᠬᠤᠨᠢᠴᠢᠨ ᠬᠡᠦᠬᠡᠨ︾᠂ ︽ᠲᠠᠯ᠎ᠠ ᠨᠣᠲᠤᠭ ᠤᠨ ᠮᠠᠯᠴᠢᠳ︾ ᠵᠡᠷᠭᠡ ᠳᠣᠰᠣᠨ ᠪᠣᠳᠤᠭ ᠤᠨ ᠵᠢᠷᠤᠭ ᠨᠢ ᠲᠡᠭᠦᠨ ᠤ ᠰᠢᠯᠢᠳᠡᠭ ᠪᠥᠲᠦᠭᠡᠯ ᠤᠳ ᠪᠣᠯᠣᠨ᠎ᠠ ᠃ 1961 ᠣᠨ ᠳᠤ ᠨᠠᠮ ᠪᠠᠶᠢᠭᠤᠯᠣᠭᠳᠠᠭᠰᠠᠨ 40 ᠵᠢᠯ ᠤᠨ ᠣᠢ ᠳᠤ ᠪᠡᠯᠡᠭ ᠪᠣᠯᠭᠠᠵᠤ ᠵᠢᠷᠣᠭᠰᠠᠨ ︽ᠮᠣᠩᠭᠤᠯ ᠦᠨᠳᠦᠰᠦᠲᠡᠨ ᠤ ᠬᠡ ᠣᠭᠠᠯᠵᠠ︾ ᠬᠡᠮᠡᠬᠦ ᠳᠣᠮᠣ ᠳᠡᠪᠲᠡᠷ ᠨᠢ ᠥᠪᠦᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠳᠤ ᠬᠡᠪᠯᠡᠭᠳᠡᠵᠡᠢ᠃ ᠡᠨᠡ ᠪᠣᠯ ᠲᠡᠭᠦᠨ ᠤ ᠮᠣᠩᠭᠤᠯ ᠦᠨᠳᠦᠰᠦᠲᠡᠨ ᠤ ᠣᠯᠠᠮᠵᠢᠯᠠᠯᠲᠤ ᠬᠡ ᠣᠭᠠᠯᠵᠠ ᠶᠢᠨ ᠥᠪ ᠬᠥᠷᠦᠩᠭᠡ ᠶᠢ ᠵᠠᠯᠭᠠᠮᠵᠢᠯᠠᠨ ᠠᠪᠴᠤ ᠬᠥᠭᠵᠢᠭᠦᠯᠦᠨ ᠳᠡᠯᠭᠡᠷᠡᠭᠦᠯᠦᠭᠰᠡᠨ ᠤ ᠣᠬᠢ ᠰᠣᠳᠤ ᠵᠢᠱᠢᠶ᠎ᠡ ᠪᠢᠯᠡ᠃         ᠠᠭᠸᠠᠩ᠂ 1990 ᠣᠨ ᠳᠤ ︽ᠴᠠᠬᠠᠷ ᠮᠣᠩᠭᠤᠯ︾᠂ ︽ᠰᠢᠯᠢ ᠶᠢᠨ ᠭᠤᠣᠯ ᠤᠨ ᠠᠯᠳᠠᠷᠲᠤ ᠬᠦᠮᠦᠰ ︾᠂ 2004 ᠣᠨ ᠳᠤ ︽ᠮᠢᠩᠭᠠᠨ ᠬᠤᠰᠢᠭᠤᠨ ᠤ ᠲᠡᠦᠬᠡ ᠶᠢᠨ ᠲᠣᠶᠢᠮᠤ︾᠂ ︽ᠰᠢᠯᠣᠭᠤᠨ ᠬᠥᠬᠡ ᠬᠤᠰᠢᠭᠤᠨ  ᠤ ᠣᠶᠢᠯᠠᠯᠭ᠎ᠠ ︵ᠳᠣᠣᠷᠠᠳᠤ︶︾ ᠬᠡᠮᠡᠬᠦ ᠵᠡᠷᠭᠡ ᠨᠣᠮ ᠳᠤ ᠲᠡᠮᠳᠡᠭᠯᠡᠭᠳᠡᠵᠡᠢ᠃       ︽ᠰᠢᠯᠣᠭᠤᠨ ᠬᠥᠬᠡ ᠬᠤᠰᠢᠭᠤᠨ ᠤ ᠴᠣᠣᠲᠤ ᠬᠦᠮᠦᠰ︾ ᠭᠡᠬᠦ ᠨᠣᠮ ᠠᠴᠠ ᠮᠠᠶᠢᠯᠠᠰᠤ ᠪᠠᠭᠤᠯᠭᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号