| ᠭᠤᠩᠴᠣᠭᠰᠦ᠋ᠷᠦᠩ ︵ᠭᠤᠩᠵᠢᠷ᠂ 1918 ᠣᠨ~ 1999 ᠣᠨ︶ ᠣᠣᠯ ᠤᠨ ᠲᠠᠶᠢᠹᠣᠰᠧ ᠪᠠᠷᠠᠭᠤᠨ | ᠭᠠᠷ ᠤᠨ ᠭᠦᠯᠦ ᠰᠢᠷ᠎ᠠ ᠰᠦᠷᠦᠭ ᠤᠨ ᠬᠦᠮᠦᠨ᠃ | 1939~ 1944 ᠣᠨ ᠬᠦᠷᠲᠡᠯ᠎ᠡ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠤ ᠦᠶ᠎ᠡ ᠶᠢᠨ | ᠬᠥᠬᠡᠬᠤᠲᠠ ᠳᠠᠬᠢ ᠡᠮᠨᠡᠯᠭᠡ ᠶᠢᠨ ᠰᠣᠷᠭᠠᠭᠤᠯᠢ᠂ ᠴᠢᠭᠤᠯᠣᠯᠲᠤ ᠬᠠᠭᠠᠯᠭ᠎ᠠ ᠳᠠᠬᠢ ᠲᠥᠪ ᠤᠨ ᠰᠣᠷᠭᠠᠭᠤᠯᠢ ᠶᠢᠨ | ᠬᠤᠷᠢᠶᠠᠨ ᠤ ᠰᠣᠷᠣᠭᠴᠢ ᠪᠠᠷ ᠣᠷᠢᠳ ᠬᠤᠵᠢᠳ 4 ᠵᠢᠯ ᠰᠢᠬᠠᠮ ᠰᠣᠷᠣᠯᠴᠠᠵᠤ᠂1945 ᠣᠨ ᠳᠤ ᠰᠣᠷᠣᠯᠭ᠎ᠠ | ᠲᠡᠭᠦᠰᠴᠦ ᠭᠡᠷ ᠲᠡᠭᠡᠨ ᠬᠠᠷᠢᠵᠤ ᠢᠷᠡᠪᠡ᠃ | 1946 ᠣᠨ ᠤ 3 ᠰᠠᠷ᠎ᠠ ᠳᠤ ᠲᠠᠶᠢᠹᠣᠰᠧ ᠪᠠᠷᠠᠭᠤᠨ ᠭᠠᠷ ᠬᠤᠰᠢᠭᠤᠨ᠎ᠠ ᠬᠤᠪᠢᠰᠬᠠᠯ ᠳᠤ ᠣᠷᠣᠵᠤ᠂ 11 | ᠳ᠋ᠣᠭᠡᠷ ᠳ᠋ᠢᠸᠢᠽᠢ ᠶᠢ ᠳᠠᠭᠠᠵᠤ ᠫᠠᠷᠲ᠋ᠢᠽᠠᠨ ᠳᠠᠶᠢᠨ ᠬᠢᠪᠡ᠃ | 1947~ 1948 ᠣᠨ ᠬᠦᠷᠲᠡᠯ᠎ᠡ ᠮᠠᠯᠴᠢᠨ ᠠᠷᠠᠳ ᠤᠨ ᠬᠥᠳᠡᠯᠭᠡᠭᠡᠨ ᠳᠤ ᠣᠷᠣᠯᠴᠠᠵᠤ᠂1949~ | 1952 ᠣᠨ ᠬᠦᠷᠲᠡᠯ᠎ᠡ ᠭᠦᠯᠦ ᠬᠥᠬᠡ ᠬᠤᠰᠢᠭᠤᠨ ᠤ ᠠᠷᠠᠳ ᠤᠨ ᠶᠠᠪᠣᠳᠠᠯ ᠤᠨ ᠰᠠᠯᠠᠭᠠᠨ ᠤ ᠰᠠᠯᠠᠭᠠᠨ ᠳᠠᠷᠤᠭ᠎ᠠ | ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠪᠠᠷ ᠠᠵᠢᠯᠯᠠᠵᠠᠢ᠃ | 1952~ 1960 ᠣᠨ ᠬᠦᠷᠲᠡᠯ᠎ᠡ ᠴᠠᠬᠠᠷ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ᠂ ᠰᠢᠯᠣᠭᠤᠨ | ᠬᠥᠬᠡ ᠬᠤᠰᠢᠭᠤᠨ ᠤ ᠳᠡᠳ᠋ ᠳᠠᠷᠤᠭ᠎ᠠ᠂ ᠠᠶᠢᠮᠠᠭ ᠤᠨ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ ᠪᠠᠷ | ᠠᠵᠢᠯᠯᠠᠵᠠᠢ᠃ | 1957 ᠣᠨ ᠳᠤ ᠳᠣᠮᠳᠠᠳᠤ ᠣᠯᠣᠰ ᠤᠨ ᠡᠪ ᠬᠠᠮᠲᠤ ᠨᠠᠮ ᠳᠤ ᠡᠯᠰᠡᠭᠳᠡᠪᠡ᠃ | 1961~ 1966 ᠣᠨ ᠬᠦᠷᠲᠡᠯ᠎ᠡ 5.1 ᠮᠠᠯᠵᠢᠯ ᠤᠨ ᠲᠠᠯᠠᠪᠠᠢ᠂ ᠰᠢᠯᠢ ᠶᠢᠨ ᠭᠤᠣᠯ ᠤᠨ ᠦᠷ᠎ᠡ ᠶᠢᠨ | ᠮᠠᠯ ᠤᠨ ᠲᠠᠯᠠᠪᠠᠢ ᠶᠢᠨ ᠳᠡᠳ᠋ ᠱᠦᠵᠢ᠂ ᠳᠠᠯᠠᠪᠠᠢ ᠶᠢᠨ ᠳᠠᠷᠤᠭ᠎ᠠ ᠪᠠᠷ ᠠᠵᠢᠯᠯᠠᠵᠠᠢ᠃ | ︽ᠰᠣᠶᠣᠯ ᠤᠨ ᠶᠡᠭᠡ ᠬᠤᠪᠢᠰᠬᠠᠯ︾ ᠤᠨ ᠳᠣᠮᠳᠠ ᠪᠡᠶ᠎ᠡ ᠰᠡᠳᠬᠢᠯ ᠤᠨ ᠳᠠᠷᠴᠢᠯᠭᠠᠯ ᠳᠤ ᠣᠴᠠᠷᠠᠨ 7 ᠵᠢᠯ | ᠬᠥᠳᠡᠯᠮᠦᠷᠢ ᠪᠠᠷ ᠥᠭᠡᠷᠡᠴᠢᠯᠡᠪᠡ᠃ | 1974~ 1983 ᠣᠨ ᠬᠦᠷᠲᠡᠯ᠎ᠡ ᠴᠡᠷᠢᠭ ᠤᠨ ᠭᠤᠴᠢᠨ ᠨᠢᠭᠡᠳᠦᠭᠡᠷ ︵ᠦᠷ᠎ᠡ ᠶᠢᠨ ᠮᠠᠯ ᠤᠨ ᠲᠠᠯᠠᠪᠠᠢ︶ | ᠬᠤᠷᠢᠶ᠎ᠠ᠂ ᠠᠶᠢᠮᠠᠭ ᠤᠨ ᠮᠠᠯ ᠲᠠᠷᠢᠶᠠᠯᠠᠩ ᠤᠨ ᠲᠠᠯᠠᠪᠠᠢ ᠶᠢᠨ ᠬᠠᠮᠢᠶᠠᠷᠣᠯᠲᠠ ᠶᠢᠨ ᠳᠣᠪᠴᠢᠶ᠎ᠠ ᠳᠤ ᠨᠠᠮ ᠤᠨ | ᠬᠤᠷᠢᠶᠠᠨ ᠤ ᠳᠡᠳ᠋ ᠱᠦᠵᠢ᠂ ᠳᠡᠳ᠋ ᠬᠤᠷᠢᠶᠠᠨ ᠳᠠᠷᠤᠭ᠎ᠠ᠂ ᠳᠡᠳ᠋ ᠳᠣᠪᠴᠢᠶᠠᠨ ᠳᠠᠷᠤᠭ᠎ᠠ᠂ ᠵᠥᠪᠯᠡᠭᠴᠢ ᠪᠠᠷ | ᠠᠵᠢᠯᠯᠠᠵᠤ᠂ 1984 ᠣᠨ ᠳᠤ ᠠᠵᠢᠯ ᠢᠶᠠᠨ ᠳᠠᠷᠬᠠᠯᠠᠭᠰᠠᠨ ᠪᠠᠶᠢᠨ᠎ᠠ᠃ | ᠭᠤᠩᠴᠣᠭᠰᠦ᠋ᠷᠦᠩ ᠬᠤᠪᠢᠰᠬᠠᠯ ᠤᠨ ᠠᠵᠢᠯ ᠳᠤ ᠣᠷᠣᠯᠴᠠᠭᠠᠳ ᠫᠠᠷᠲ᠋ᠢᠽᠠᠨ ᠳᠠᠶᠢᠨ ᠤ ᠦᠶ᠎ᠡ᠂ | ᠠᠷᠠᠳᠴᠢᠯᠠᠭᠰᠠᠨ ᠬᠤᠪᠢᠰᠬᠠᠯ ᠤᠨ ᠦᠶ᠎ᠡ᠂ ᠨᠡᠶᠢᠭᠡᠮ ᠵᠢᠷᠣᠮᠲᠤ ᠪᠥᠲᠦᠭᠡᠨ ᠪᠠᠶᠢᠭᠤᠯᠣᠯᠲᠠ ᠶᠢᠨ ᠱᠠᠲᠤ ᠦᠶ᠎ᠡ ᠳᠤ | ᠴᠦ ᠭᠡᠰᠡᠨ ᠪᠥᠷ ᠠᠳᠠᠯᠢ ᠪᠣᠰᠤ ᠠᠵᠢᠯ ᠤᠨ ᠣᠳᠣᠷᠢᠳᠬᠤ ᠪᠠᠶᠢᠷᠢ ᠳᠡᠭᠡᠷ᠎ᠡ ᠪᠠᠶᠢᠵᠤ᠂ ᠨᠠᠮ ᠪᠠ ᠠᠷᠠᠳ ᠲᠥᠮᠡᠨ ᠤ | ᠠᠷᠢᠭᠤᠨ ᠦᠢᠯᠡᠰ ᠲᠤ ᠭᠠᠷᠮᠠᠭᠠᠢ ᠵᠢᠳᠬᠦᠯ ᠭᠠᠷᠭᠠᠭᠰᠠᠨ ᠨᠡᠷ᠎ᠡ ᠲᠥᠷᠦ ᠲᠠᠢ ᠠᠬᠠᠮᠠᠳ ᠺᠠᠳ᠋ᠷ ᠶᠣᠮ᠃ | ᠭᠤᠩᠴᠣᠭᠰᠦ᠋ᠷᠦᠩ᠂ 2004 ᠣᠨ ᠳᠤ ︽ᠲᠠᠶᠢᠹᠣᠰᠧ ᠪᠠᠷᠠᠭᠤᠨ ᠭᠠᠷ ᠰᠦᠷᠦᠭ ︵ᠬᠤᠰᠢᠭᠤ︶︾ | ᠬᠡᠮᠡᠬᠦ ᠲᠡᠦᠬᠡᠨ ᠨᠣᠮ ᠳᠤ ᠲᠡᠮᠳᠡᠭᠯᠡᠭᠳᠡᠵᠡᠢ᠃ | ︽ᠰᠢᠯᠣᠭᠤᠨ ᠬᠥᠬᠡ ᠬᠤᠰᠢᠭᠤᠨ ᠤ ᠴᠣᠣᠲᠤ ᠬᠦᠮᠦᠰ︾ ᠨᠣᠮ ᠠᠴᠠ ᠮᠠᠶᠢᠯᠠᠰᠤ ᠪᠠᠭᠤᠯᠭᠠᠪᠠ᠃ | |