| | ᠳᠣᠪᠳᠣᠨᠪᠠᠯ ︵1915~ 1971 ᠣᠨ︶᠂ ᠥᠭᠡᠷ᠎ᠡ ᠨᠡᠷ᠎ᠡ ᠳ᠋ᠦᠸᠧ ᠽᠢ ᠱᠸᠦ᠂ ᠮᠣᠩᠭᠤᠯ | ᠦᠨᠳᠦᠰᠦᠲᠡᠨ᠂ 1915 ᠣᠨ ᠳᠤ ᠣᠣᠯ ᠤᠨ ᠴᠠᠬᠠᠷ ᠴᠢᠭᠤᠯᠭᠠᠨ ᠤ ᠮᠢᠩᠭᠠᠨ ᠬᠤᠰᠢᠭᠤᠨ ᠳᠤ ᠲᠥᠷᠦᠵᠡᠢ᠃ | 1937 ᠣᠨ ᠳᠤ ᠪᠡᠭᠡᠵᠢᠩ ᠤᠨ ᠮᠣᠩᠭᠤᠯ ᠲᠥᠪᠡᠳ ᠤᠨ ᠰᠣᠷᠭᠠᠭᠤᠯᠢ ᠲᠡᠭᠦᠰᠦᠭᠡᠳ ᠥᠪᠦᠷ ᠮᠣᠩᠭᠤᠯ ᠤᠨ | ᠮᠣᠷᠢᠲᠤ ᠴᠡᠷᠢᠭ ᠤᠨ ᠭᠤᠷᠪᠠᠳᠣᠭᠠᠷ ᠳ᠋ᠢᠸᠢᠽᠢ ᠶᠢᠨ ᠰᠠᠯᠪᠣᠷᠢ ᠠᠩᠭᠢ ᠳᠤ ᠠᠵᠢᠯᠯᠠᠵᠤ ᠪᠠᠶᠢᠵᠠᠢ᠃ 1945 ᠣᠨ | ᠠᠴᠠ ᠰᠣᠶᠢᠶᠣᠸᠠᠨ ᠮᠣᠩᠭᠤᠯ ᠤᠨ ᠠᠰᠠᠷᠠᠮᠵᠢ ᠶᠢᠨ ᠬᠤᠷᠠᠯ ᠤᠨ ᠣᠷᠴᠢᠭᠤᠯᠭ᠎ᠠ ᠶᠢᠨ ᠠᠵᠢᠯ ᠤᠨ ᠡᠷᠬᠢᠯᠡᠭᠴᠢ | ᠪᠣᠯᠣᠨ ᠰᠣᠶᠢᠶᠣᠸᠠᠨ ᠮᠣᠵᠢ ᠶᠢᠨ ᠮᠣᠩᠭᠤᠯ ᠬᠤᠰᠢᠭᠤᠳ ᠤᠨ ᠵᠠᠰᠠᠭ ᠤᠨ ᠶᠠᠪᠣᠳᠠᠯ ᠤᠨ ᠵᠥᠪᠯᠡᠯ ᠶᠡᠷᠦᠩᠬᠡᠢ | ᠶᠠᠪᠣᠳᠠᠯ ᠤᠨ ᠰᠠᠯᠠᠭᠠᠨ ᠤ ᠳᠠᠷᠤᠭ᠎ᠠ ᠵᠡᠷᠭᠡ ᠳᠣᠰᠢᠶᠠᠯ ᠬᠠᠷᠢᠭᠤᠴᠠᠵᠠᠢ᠃ | 1949 ᠣᠨ ᠠᠴᠠ ᠬᠤᠶᠢᠰᠢ ᠰᠣᠶᠢᠶᠣᠸᠠᠨ ᠮᠣᠵᠢ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠣᠷᠴᠢᠭᠤᠯᠬᠤ ᠰᠠᠯᠠᠭᠠᠨ ᠤ ᠳᠡᠳ᠋ ᠳᠠᠷᠤᠭ᠎ᠠ ᠪᠠᠶᠢᠪᠠ᠃ 1950 ᠣᠨ ᠳᠤ ᠰᠣᠶᠢᠶᠣᠸᠠᠨ ᠮᠣᠵᠢ ᠶᠢᠨ | ᠦᠨᠳᠦᠰᠦᠲᠡᠨ ᠤ ᠳᠣᠮᠳᠠᠳᠤ ᠰᠣᠷᠭᠠᠭᠤᠯᠢ ᠶᠢᠨ ᠮᠣᠩᠭᠤᠯ ᠬᠡᠯᠡᠨ ᠤ ᠪᠠᠭᠰᠢ ᠪᠠᠶᠢᠵᠤ᠂ 1961 ᠣᠨ ᠳᠤ ᠣᠷᠢᠳ | ᠬᠤᠵᠢᠳ ᠲᠥᠮᠡᠳ ᠬᠤᠰᠢᠭᠤᠨ ᠤ ᠠᠷᠠᠳ ᠤᠨ ᠵᠥᠪᠯᠡᠯ ᠤᠨ ᠠᠯᠪᠠᠨ ᠭᠡᠷ ᠤᠨ ᠣᠷᠴᠢᠭᠤᠯᠣᠭᠴᠢ ᠪᠥᠭᠡᠳ ᠪᠠᠭᠰᠢ | ᠪᠠᠶᠢᠪᠠ᠃ 1964 ᠣᠨ ᠳᠤ ᠣᠣᠯ ᠰᠣᠷᠭᠠᠭᠤᠯᠢ ᠳᠠᠭᠠᠨ ᠪᠣᠴᠠᠨ 17 ᠵᠢᠯ ᠪᠠᠭᠰᠢᠯᠠᠪᠠ᠃ | ᠳᠣᠪᠳᠣᠨᠪᠠᠯ ᠮᠣᠩᠭᠤᠯ ᠬᠢᠲᠠᠳ ᠦᠬᠡ ᠬᠡᠯᠡ ᠦᠰᠦᠭ ᠪᠢᠴᠢᠭ ᠲᠤ ᠨᠡᠪᠲᠡᠷᠡᠵᠦ᠂ ᠮᠠᠨᠵᠤ᠂ ᠲᠥᠪᠡᠳ ᠬᠡᠯᠡ | ᠶᠢ ᠪᠠᠭ᠎ᠠ ᠰᠠᠭ᠎ᠠ ᠮᠡᠳᠡᠳᠡᠭ᠂ ᠡᠷᠲᠡᠨ ᠤ ᠮᠣᠩᠭᠤᠯ ᠬᠡᠯᠡ᠂ ᠮᠣᠩᠭᠤᠯ ᠣᠷᠠᠨ ᠪᠢᠴᠢᠯᠭᠡ ᠳᠤ ᠴᠢᠳᠠᠮᠠᠭᠠᠢ ᠶᠣᠮ᠃ ︽ | ᠣᠯᠠᠭᠠᠨ ᠪᠥᠴᠢᠲᠡᠨ ᠤ ᠣᠰᠣᠨ ᠴᠥᠬᠦᠷᠦᠮ︾ ᠳᠤ ᠮᠣᠩᠭᠤᠯ ᠦᠰᠦᠭ ᠢᠶᠠᠷ ᠪᠢᠴᠢᠭᠡᠰᠦ ᠪᠢᠴᠢᠪᠡ᠃ ᠥᠪᠦᠷ | ᠮᠣᠩᠭᠤᠯ ᠤᠨ ᠰᠣᠷᠭᠠᠨ ᠬᠦᠮᠦᠵᠢᠯ ᠤᠨ ᠬᠡᠪᠯᠡᠯ ᠤᠨ ᠬᠤᠷᠢᠶᠠᠨ ᠤ ᠬᠡᠪᠯᠡᠭᠦᠯᠦᠭᠰᠡᠨ ︽ᠮᠣᠩᠭᠤᠯ ᠬᠡᠯᠡᠨ ᠤ ᠦᠭᠡᠰ | ᠤᠨ ᠲᠣᠯᠢ︾ ᠶᠢ ᠬᠠᠷᠭᠤᠭᠤᠯᠬᠤ ᠠᠵᠢᠯ ᠳᠤ ᠣᠷᠣᠯᠴᠠᠵᠠᠢ᠃ | 1971 ᠣᠨ ᠳᠤ ᠡᠪᠡᠳᠴᠢᠨ ᠢᠶᠠᠷ ᠨᠠᠰᠣ ᠪᠠᠷᠠᠪᠠ᠃ | ᠳᠣᠪᠳᠣᠨᠪᠠᠯ᠂ 2004 ᠣᠨ ᠳᠤ ︽ᠰᠢᠯᠣᠭᠤᠨ ᠬᠥᠬᠡ ᠬᠤᠰᠢᠭᠤᠨ ᠤ ᠣᠶᠢᠯᠠᠯᠭ᠎ᠠ ︵ᠳᠣᠣᠷᠠᠳᠤ︶︾ | ᠬᠡᠮᠡᠬᠦ ᠨᠣᠮ ᠳᠤ ᠲᠡᠮᠳᠡᠭᠯᠡᠭᠳᠡᠵᠡᠢ᠃ | ︽ᠰᠢᠯᠣᠭᠤᠨ ᠬᠥᠬᠡ ᠬᠤᠰᠢᠭᠤᠨ ᠤ ᠴᠣᠣᠳᠤ ᠬᠦᠮᠦᠰ︾ ᠭᠡᠬᠦ ᠨᠣᠮ ᠠᠴᠠ ᠮᠠᠶᠢᠯᠠᠰᠤ ᠪᠠᠭᠤᠯᠭᠠᠪᠠ᠃ |