| | 1947 ᠤᠨ ᠤ 11 ᠰᠠᠷ᠎ᠠ ᠳᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ | ᠪᠤᠱᠤᠤᠳᠠᠢ ᠰᠤᠮᠤᠨ ᠤ ᠪᠠᠶᠠᠨᠪᠤᠯᠠᠭ ᠭᠠᠴᠠᠭᠠᠨ ᠤ ᠮᠠᠯᠴᠢᠨ ᠠᠷᠢᠶᠠᠵᠠᠪ ᠤᠨ ᠦᠬᠢᠨ ᠪᠤᠯᠵᠦ ᠵᠠᠶᠠᠭᠠᠵᠠᠢ᠃ 1957 | ᠤᠨ — 1963 ᠤᠨ ᠪᠤᠯᠳᠠᠯ᠎ᠠ ᠪᠤᠱᠤᠤᠳᠠᠢ ᠪᠠᠭ᠎ᠠ ᠰᠤᠷᠭᠠᠭᠤᠯᠢ ᠳᠤ ᠰᠤᠷᠤᠯᠴᠠᠵᠦ᠂ 1963 ᠤᠨ — | 1964 ᠤᠨ ᠪᠤᠯᠳᠠᠯ᠎ᠠ ᠰᠢᠯᠤᠭᠤᠨ ᠬᠦᠬᠡ ᠬᠤᠰᠢᠭᠤᠨ ᠤ ᠲᠤᠮᠳᠠᠳᠤ ᠰᠤᠷᠭᠠᠭᠤᠯᠢ ᠳᠤ ᠰᠤᠷᠤᠯᠴᠠᠵᠦ᠂ 1964 | ᠤᠨ ᠳᠤ ᠦᠪᠦᠷ ᠮᠤᠩᠭᠤᠯ ᠤᠨ ᠤᠷᠠᠯᠢᠭ ᠤᠨ ᠰᠤᠷᠭᠠᠭᠤᠯᠢ ᠳᠤ ᠰᠢᠯᠭᠠᠵᠦ ᠤᠷᠤᠭᠠᠳ ᠠᠯᠳᠠᠷᠳᠤ ᠲᠠᠭᠤᠴᠢᠨ | ᠵᠠᠭᠤᠨᠠᠰᠤᠳᠤ ᠪᠠᠭᠰᠢ ᠠᠴᠠ ᠤᠷᠳᠤ ᠶᠢᠨ ᠲᠠᠭᠤᠤ ᠰᠤᠷᠴᠦ᠂ 1970 ᠤᠨ ᠳᠤ ᠰᠤᠷᠭᠠᠭᠤᠯᠢ ᠲᠡᠬᠦᠰᠴᠦ ᠬᠤᠰᠢᠭᠤ | ᠨᠤᠳᠤᠭ ᠤᠨ ᠢᠶᠠᠨ ᠤᠯᠠᠭᠠᠨᠮᠦ᠋ᠴᠢᠷ ᠲᠤ ᠠᠵᠢᠯᠯᠠᠵᠦ᠂ 1981 ᠤᠨ ᠳᠤ ᠬᠤᠰᠢᠭᠤ ᠰᠤᠶᠤᠯ ᠤᠨ ᠬᠡᠷ ᠲᠤ | ᠠᠵᠢᠯ ᠰᠢᠯᠵᠢᠵᠦ᠂ 2005 ᠤᠨ ᠳᠤ ᠠᠵᠢᠯ ᠠᠴᠠ ᠪᠠᠨ ᠠᠮᠤᠰᠬᠢᠵᠠᠢ᠃ 2006 ᠤᠨ ᠠᠴᠠ ᠡᠬᠢᠯᠡᠨ ᠤᠳᠤ | ᠪᠤᠯᠳᠠᠯ᠎ᠠ ᠰᠢᠯᠤᠭᠤᠨ ᠬᠦᠬᠡ ᠬᠤᠰᠢᠭᠤᠨ ᠤ ᠠᠰᠤᠷᠤ ᠢᠵᠠᠭᠤᠷ ᠤᠷᠠᠯᠢᠭ ᠤᠨ ᠪᠦᠯᠬᠦᠮ ᠳᠤ ᠠᠵᠢᠯᠯᠠᠵᠦ ᠪᠠᠶᠢᠨ᠎ᠠ᠃ | ᠠ᠊ ᠨᠠᠷᠠᠨᠴᠢᠮᠡᠭ ᠭᠤᠸᠠᠢ ᠲᠤᠮᠳᠠᠳᠤ ᠤᠯᠤᠰ ᠤᠨ ᠤᠯᠠᠨ ᠲᠦᠮᠡᠨᠴᠢ ᠲᠠᠭᠤᠤ ᠬᠦᠭᠵᠢᠮ ᠤᠨ ᠨᠡᠶᠢᠬᠡᠮᠯᠢᠭ | ᠤᠨ ᠬᠡᠰᠢᠬᠦᠨ᠂ ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠷᠠᠯᠢᠭ ᠢ ᠰᠤᠳᠤᠯᠤᠨ ᠬᠦᠭᠵᠢᠬᠦᠯᠵᠦ | ᠠᠬᠢᠭᠤᠯᠬᠤ ᠵᠦᠪᠯᠠᠯ ᠤᠨ ᠤᠷᠳᠤ ᠶᠢᠨ ᠲᠠᠭᠤᠤ ᠶᠢᠨ ᠬᠡᠷᠡᠭ ᠡᠷᠬᠢᠯᠡᠭᠴᠢ᠂ ᠤᠷᠤᠨ ᠤ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠴᠠᠬᠠᠷ ᠠᠷᠠᠳ ᠤᠨ ᠲᠠᠭᠤᠤ ᠶᠢᠨ ᠦᠪᠯᠡᠨ ᠤᠯᠠᠮᠵᠢᠯᠠᠭᠴᠢ᠂ ᠦᠪᠦᠷ ᠮᠤᠩᠭᠤᠯ ᠤᠨ ᠴᠠᠬᠠᠷ | ᠰᠤᠶᠤᠯ ᠤᠨ ᠰᠤᠳᠤᠯᠭᠠᠨ ᠤ ᠨᠡᠶᠢᠬᠡᠮᠯᠢᠭ ᠤᠨ ᠬᠡᠰᠢᠬᠦᠨ᠂ ᠰᠢᠯᠢ ᠶᠢᠨ ᠭᠤᠤᠯ ᠠᠶᠢᠮᠠᠭ ᠤᠨ ᠪᠤᠳᠠᠰ ᠤᠨ ᠪᠤᠰᠤ | ᠰᠤᠶᠤᠯ ᠤᠨ ᠦᠪ ᠤᠨ ᠴᠠᠬᠠᠷ ᠠᠷᠠᠳ ᠤᠨ ᠲᠠᠭᠤᠤ ᠶᠢᠨ ᠦᠪᠯᠡᠨ ᠵᠠᠯᠭᠠᠮᠵᠢᠯᠠᠭᠴᠢ᠂ ᠰᠢᠯᠢ ᠶᠢᠨ ᠭᠤᠤᠯ ᠠᠶᠢᠮᠠᠭ | ᠤᠨ ᠤᠷᠠᠯᠢᠭ ᠤᠨ ᠵᠤᠬᠢᠶᠠᠨ ᠪᠦᠳᠦᠬᠡᠬᠦ ᠰᠤᠳᠤᠯᠭᠠᠨ ᠤ ᠲᠦᠪ ᠤᠨ ᠰᠤᠳᠤᠯᠭᠠᠴᠢ᠂ ᠰᠢᠯᠢ ᠶᠢᠨ ᠭᠤᠤᠯ ᠠᠶᠢᠮᠠᠭ | ᠤᠨ ᠤᠷᠳᠤ ᠶᠢᠨ ᠲᠠᠭᠤᠤ ᠶᠢᠨ ᠨᠡᠶᠢᠬᠡᠮᠯᠢᠭ ᠤᠨ ᠲᠠᠭᠤᠤ ᠬᠦᠭᠵᠢᠮ ᠤᠨ ᠤᠨᠴᠠ ᠤᠷᠢᠭᠰᠠᠨ ᠪᠠᠭᠰᠢ᠂ ᠰᠢᠯᠢ ᠶᠢᠨ | ᠭᠤᠤᠯ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠲᠠᠭᠤᠤ ᠬᠦᠭᠵᠢᠮ ᠤᠨ ᠨᠡᠶᠢᠬᠡᠮ ᠤᠨ | ᠬᠡᠰᠢᠬᠦᠨ ᠢᠶᠠᠷ ᠠᠵᠢᠯᠯᠠᠵᠦ ᠪᠤᠢ᠃ | | | ᠡᠵᠢ | ᠦᠬᠡ᠄ ᠭᠤᠩᠴᠤᠭ ᠠᠶ᠎ᠠ᠄ ᠠ᠊ ᠨᠠᠷᠠᠨᠴᠢᠮᠡᠭ | ᠠ ᠠ ᠠ ᠠ ᠠ ᠠ | ᠠ ᠠ ᠠ ᠠ ᠠ ᠠ | ᠦᠷᠬᠡᠨ ᠬᠠᠩᠭᠠᠢ ᠳᠤ ᠨᠠᠮᠠᠢᠢ ᠪᠠᠨ ᠵᠠᠶᠠᠭᠠᠭᠰᠠᠨ | ᠦᠷ᠎ᠠ ᠶᠢᠨ ᠬᠡᠯᠬᠢᠶ᠎ᠠ ᠳᠤ ᠨᠠᠮᠠᠢᠢ ᠪᠠᠨ ᠨᠡᠮᠡᠷᠢᠯᠡᠭᠰᠡᠨ | ᠤᠳᠤᠳ ᠤᠨ ᠲᠤᠭᠠᠨ ᠳᠤ ᠨᠠᠮᠠᠢᠢ ᠪᠠᠨ ᠵᠢᠭᠰᠠᠭᠠᠭᠰᠠᠨ | ᠤᠷᠴᠢᠯᠠᠩ ᠤᠨ ᠵᠠᠢ ᠳᠤ ᠨᠠᠮᠠᠢᠢ ᠪᠠᠨ ᠨᠢᠰᠦᠬᠦᠯᠦᠭᠰᠡᠨ | ᠰᠦ ᠰᠢᠭ ᠴᠠᠭᠠᠨ ᠰᠡᠳᠬᠢᠯ ᠲᠠᠢ ᠰᠦᠮᠪᠦᠷ ᠶᠡᠭᠡ ᠡᠨᠡᠷᠢᠯ ᠲᠠᠢ | ᠪᠤᠶᠠᠨ ᠬᠡᠰᠢᠭ ᠲᠠᠢ ᠡᠵᠢ ᠮᠢᠨᠢ | ᠪᠤᠳᠤᠯ ᠰᠡᠳᠬᠢᠯ ᠤᠨ ᠮᠢᠨᠢ ᠰᠢᠳᠦᠬᠡᠨ ᠶᠤᠮ ᠳ᠋ᠠ |