ᠮᠠᠨ ᠤ ᠠᠶᠢᠮᠠᠭ ᠰᠤᠷᠠᠭᠠᠭᠤᠯᠢ ᠡᠬᠢᠯᠡᠬᠦ ᠴᠠᠭ ᠪᠠ ᠡᠯ ᠎ᠠ ᠲᠠᠯ᠎ᠠ ᠶᠢᠨ ᠰᠡᠷᠬᠡᠶᠢᠯᠡᠯᠳᠡ ᠬᠠᠮᠢᠶᠠᠷᠤᠯᠳᠠ ᠶᠢᠨ ᠠᠵᠢᠯ ᠢᠶᠠᠨ ᠨᠢᠮᠪᠡᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/5/18
        ᠣᠷᠴᠢᠮ ᠮᠠᠨ ᠤ ᠠᠶᠢᠮᠠᠭ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠦ᠂ ᠰᠤᠷᠭᠠᠭᠤᠯᠢ ᠡᠬᠢᠯᠡᠬᠦ ᠴᠠᠭ᠂ ᠬᠢᠵᠢᠭ ᠢ ᠰᠡᠷᠭᠡᠶᠢᠯᠡᠨ ᠡᠵᠡᠮᠳᠡᠬᠦ ᠪᠤᠯᠤᠨ ᠰᠤᠷᠭᠠᠭᠤᠯᠢ ᠶᠢᠨ ᠠᠮᠤᠷ ᠲᠦᠪᠰᠢᠨ ᠵᠡᠷᠭᠡ ᠲᠠᠯ ᠎ᠠ ᠶᠢᠨ ᠪᠠᠶᠢᠳᠠᠯ ᠢ ᠮᠡᠳᠡᠭᠳᠡᠪᠡ᠃ ᠠᠶᠢᠮᠠᠭ ᠤᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠪᠠᠶᠢᠷᠢᠯᠠᠭᠤᠯᠤᠯᠳᠠ ᠶᠤᠰᠤᠭᠠᠷ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠬᠦ ᠶᠢ ᠰᠡᠷᠬᠡᠶᠢᠯᠡᠨ᠂ ᠲᠤᠳᠤᠷ᠎ᠠ ᠪᠠᠨ ᠲᠠᠬᠢᠨ ᠡᠭᠦᠰᠬᠦ ᠠᠴᠠ ᠪᠤᠯᠭᠤᠮᠵᠢᠯᠠᠬᠤ︾ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠤᠯᠠᠨ᠂ ᠪᠦᠬᠦ ᠠᠶᠢᠮᠠᠭ ᠤᠨ ᠡᠯ᠎ᠠ ᠰᠤᠷᠭᠠᠭᠤᠯᠢ ᠶᠢᠨ ᠰᠤᠷᠤᠯᠭ᠎ᠠ ᠡᠬᠢᠯᠡᠬᠦ ᠴᠠᠭ ᠢ ᠲᠤᠭᠳᠠᠪᠠ᠃         ᠠᠩᠬ᠎ᠠ ᠲᠤᠮᠳᠠᠳᠤ ᠪᠤᠯᠤᠨ ᠦᠨᠳᠦᠷ ᠲᠤᠮᠳᠠᠳᠤ ᠶᠢᠨ ᠨᠢᠭᠡ᠂ ᠬᠤᠶᠠᠳᠤᠭᠠᠷ ᠤᠨ ᠪᠤᠯᠤᠨ ᠲᠤᠮᠳᠠ ᠵᠡᠷᠬᠡ ᠶᠢᠨ ᠠᠵᠢᠯ ᠮᠡᠷᠭᠡᠵᠢᠯ ᠤᠨ ᠰᠤᠷᠭᠠᠭᠤᠯᠢ 5 ᠰᠠᠷ᠎ᠠ ᠶᠢᠨ 6᠎ ᠤ ᠡᠳᠦᠷ ᠬᠢᠴᠢᠶᠡᠯ ᠡᠬᠢᠯᠡᠨ᠎ᠠ᠃ ᠪᠠᠭ᠎ᠠ ᠰᠤᠷᠭᠠᠭᠤᠯᠢ ᠶᠢᠨ ᠲᠦᠷᠪᠠ᠂ ᠲᠠᠪᠤ᠂ ᠵᠢᠷᠭᠤᠳᠤᠭᠠᠷ ᠤᠨ 5 ᠰᠠᠷ᠎ᠠ ᠶᠢᠨ 11᠎ ᠤ ᠡᠳᠦᠷ ᠬᠢᠴᠢᠶᠡᠯ ᠡᠬᠢᠯᠡᠨ᠎ᠠ᠃ ᠪᠠᠭ᠎ᠠ ᠰᠤᠷᠭᠠᠭᠤᠯᠢ ᠶᠢᠨ ᠨᠢᠭᠡ᠂ ᠬᠤᠶᠠᠷ ᠂ ᠭᠤᠷᠪᠠᠳᠤᠭᠠᠷ ᠤᠨ᠂ ᠴᠡᠴᠡᠷᠯᠢᠭ᠂ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢᠨ ᠰᠤᠷᠤᠯᠭ᠎ᠠ ᠡᠬᠢᠯᠡᠬᠦ ᠴᠠᠭ ᠢ ᠬᠢᠵᠢᠭ ᠤᠨ ᠪᠠᠶᠢᠳᠠᠯ ᠢ ᠦᠨᠳᠦᠰᠤᠯᠠᠵᠤ ᠪᠠᠶᠢᠭᠠᠳ ᠲᠠᠬᠢᠵᠤ ᠮᠡᠳᠡᠭᠳᠡᠬᠦ ᠪᠠᠷ ᠲᠤᠭᠳᠠᠭᠰᠠᠨ ᠪᠠᠶᠢᠨ᠎ᠠ᠃         ᠬᠢᠵᠢᠭ ᠢ ᠰᠡᠷᠭᠡᠶᠢᠯᠡᠨ ᠬᠤᠷᠢᠭᠯᠠᠬᠤ ᠲᠠᠯ᠎ᠠ ᠪᠠᠷ᠂ ᠨᠢᠭᠡᠨᠳᠡ ᠰᠤᠷᠤᠯᠭ᠎ᠠ ᠡᠬᠢᠯᠡᠭᠰᠡᠨ ᠰᠤᠷᠭᠠᠭᠤᠯᠢ ᠳᠤ ᠬᠢᠵᠢᠭ ᠢ ᠰᠡᠷᠬᠡᠶᠢᠯᠡᠨ ᠬᠤᠷᠢᠭᠯᠠᠬᠤ ᠶᠡᠷᠦ ᠶᠢᠨ ᠮᠡᠳᠡᠯᠭᠡ ᠶᠢ ᠤᠬᠠᠭᠤᠯᠵᠦ᠂ ᠬᠢᠵᠢᠭ ᠢ ᠰᠡᠷᠬᠡᠶᠢᠯᠡᠨ ᠬᠤᠷᠢᠭᠯᠠᠬᠤ ᠬᠢᠨᠠᠯᠳᠠ ᠵᠢᠯᠤᠭᠤᠳᠤᠯᠭ᠎ᠠ ᠬᠢᠬᠦ ᠪᠦᠭᠡᠳ ᠪᠦᠬᠦ ᠠᠶᠢᠮᠠᠭ ᠲᠤ ᠲᠤᠭᠤᠷᠢᠨ ᠪᠠᠶᠢᠴᠠᠭᠠᠬᠤ ᠠᠵᠢᠯ ᠢ ᠪᠠᠶᠢᠡᠭᠭᠤ ᠶᠢᠨ ᠴᠢᠨᠠᠷᠳᠠᠢ ᠦᠷᠨᠢᠬᠦᠯᠦᠨ᠎ᠠ᠃ ᠰᠤᠷᠤᠯᠭ᠎ᠠ ᠡᠬᠢᠯᠡᠬᠦ ᠪᠠᠷ ᠪᠠᠶᠢᠭ᠎ᠠ ᠰᠤᠷᠭᠠᠭᠤᠯᠢ ᠳᠤ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ ᠬᠢᠬᠦ᠂ ᠠᠷᠢᠭᠤᠳᠬᠠᠬᠤ ᠡᠳ᠋᠂ ᠠᠮᠠᠪᠴᠢ᠂ ᠪᠡᠭᠡᠯᠡᠢ ᠵᠡᠷᠭᠡ ᠶᠢ ᠰᠠᠶᠢᠳᠤᠷ ᠪᠡᠯᠡᠳᠭᠡᠬᠦ᠂ ᠰᠤᠷᠭᠠᠭᠤᠯᠢ ᠶᠢᠨ ᠤᠷᠴᠢᠨ ᠲᠤᠭᠤᠷᠢᠨ ᠢ ᠰᠠᠶᠢᠳᠤᠷ ᠴᠡᠪᠡᠷᠯᠡᠵᠦ᠂ ᠰᠠᠯᠬᠢ ᠢᠯᠡᠬᠦᠤ ᠨᠡᠪᠳᠡᠷᠡᠬᠦᠯᠬᠦ᠂ ᠬᠤᠭ ᠨᠤᠪᠰᠢ ᠶᠢ ᠵᠤᠬᠢᠮᠵᠢ ᠲᠠᠢ ᠰᠢᠢᠳᠪᠤᠷᠢᠯᠡᠬᠦ᠂ ᠬᠦᠮᠦᠨ ᠪᠦᠬᠦᠨ ᠤ ᠬᠠᠷᠢᠭᠤᠴᠠᠯᠭ᠎ᠠ ᠶᠢ ᠲᠤᠳᠤᠷᠬᠠᠢ ᠲᠤᠰᠢᠶᠠᠬᠤ ᠵᠡᠷᠭᠡ ᠲᠠᠯ᠎ᠠ ᠶᠢᠨ ᠲᠦᠷᠢᠮᠵᠢᠯ ᠬᠠᠮᠢᠶᠠᠷᠤᠯᠳᠠ ᠶᠢ ᠲᠡᠬᠦᠯᠳᠡᠷᠵᠢᠬᠦᠯᠦᠨ ᠴᠢᠩᠭᠠᠳᠬᠠᠬᠤ ᠶᠢ ᠪᠠᠳᠤᠯᠠᠨ᠎ᠠ᠃         ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠦᠪᠡᠷᠳᠡᠭᠡᠨ ᠵᠠᠰᠬᠠᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ︽2020 ᠤᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠤᠨ ᠮᠡᠳᠡᠭᠳᠡᠯ︾ ᠶᠤᠰᠤᠭᠠᠷ᠂ ᠰᠤᠷᠭᠠᠭᠤᠯᠢ ᠡᠬᠢᠯᠡᠬᠦ ᠠᠮᠤᠷ ᠲᠦᠪᠰᠢᠨ ᠢ ᠲᠠᠪᠤᠨ ᠲᠠᠯ᠎ᠠ ᠪᠠᠷ ᠴᠢᠩᠭ᠎ᠠ ᠠᠳᠬᠤᠬᠤ ᠶᠢ ᠱᠠᠭᠠᠷᠳᠠᠪᠠ᠃ ᠳᠠᠷᠤᠢ᠂ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭ᠎ᠠ ᠬᠠᠷᠢᠭᠤᠴᠠᠬᠤ᠂ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠭᠡᠮ ᠰᠤᠭᠤᠭ ᠢ ᠴᠢᠩᠭ᠎ᠠ ᠪᠠᠶᠢᠴᠠᠭᠠᠨ ᠢᠯᠡᠷᠡᠬᠦᠯᠬᠦ᠂ ᠰᠤᠷᠭᠠᠭᠤᠯᠢ ᠲᠠᠢ ᠬᠤᠯᠪᠤᠭᠳᠠᠬᠤ ᠵᠦᠷᠢᠴᠡᠯ ᠵᠢᠭᠤᠷᠠᠭᠠᠨ ᠢ ᠴᠢᠩᠭ᠎ᠠ ᠪᠠᠶᠢᠴᠠᠭᠠᠨ ᠢᠯᠡᠷᠡᠬᠦᠯᠬᠦ᠂ ᠰᠤᠷᠭᠠᠭᠤᠯᠢ ᠶᠢᠨ ᠡᠷᠬᠢᠨ ᠲᠤᠭᠤᠷᠢᠨ ᠢ ᠴᠢᠩᠭ᠎ᠠ ᠴᠠᠭᠳᠠᠨ ᠪᠠᠶᠢᠴᠠᠭᠠᠬᠤ᠂ ᠭᠠᠳᠠᠨᠠᠬᠢ ᠬᠦᠮᠦᠨ ᠰᠤᠷᠭᠠᠭᠤᠯᠢ ᠶᠢᠨ ᠬᠦᠷᠢᠶᠠᠨ ᠳᠤ ᠤᠷᠤᠬᠤ ᠶᠢ ᠴᠢᠩᠭ᠎ᠠ ᠬᠤᠷᠢᠭᠯᠠᠬᠤ ᠪᠤᠯᠤᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号