| ᠲᠤᠰᠢᠶᠠᠯ᠄ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠮᠡᠷᠭᠡᠵᠢᠯ᠂ ᠣᠢ ᠰᠢᠭᠤᠢ | ᠨᠤᠲᠤᠭ ᠪᠡᠯᠴᠢᠭᠡᠷ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠵᠡᠷᠭᠡ ᠲᠠᠯ᠎ᠠ ᠶᠢᠨ | ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠠᠵᠢᠯ᠄ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ ᠮᠡᠷᠭᠡᠵᠢᠯ ᠤᠨ | ᠲᠣᠪᠴᠢᠶ᠎ᠠ᠂ ᠣᠢ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠠᠯᠪᠠᠨ ᠭᠡᠷ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ | ᠬᠤᠪᠢᠳᠠᠨ ᠬᠠᠮᠢᠶᠠᠷᠤᠨ᠎ᠠ᠃ | ᠴᠠᠭ ᠠᠭᠤᠷ ᠤᠨ ᠲᠣᠪᠴᠢᠶ᠎ᠠ ᠶᠢ ᠵᠣᠬᠢᠴᠠᠭᠤᠯᠤᠨ᠎ᠠ᠃ | | ᠬᠥᠭᠵᠢᠯᠲᠦ᠂ ᠡᠷᠡᠭᠲᠡᠢ᠂ ᠮᠣᠩᠭᠤᠯ ᠦᠨᠳᠦᠰᠦᠲᠡᠨ᠂ 1971 ᠣᠨ ᠤ 5 ᠰᠠᠷ᠎ᠠ ᠳᠤ ᠲᠦᠷᠦᠵᠠᠢ᠂ ᠥᠪᠥᠷ | ᠮᠣᠩᠭᠤᠯ ᠤᠨ ᠬᠥᠪᠡᠭᠡᠲᠦ ᠰᠢᠷ᠎ᠠ ᠬᠤᠰᠢᠭᠤ ᠪᠠᠷ ᠨᠤᠲᠤᠭ ᠲᠠᠢ᠂ 1990 ᠣᠨ ᠤ 8 ᠰᠠᠷ᠎ᠠ ᠳᠤ ᠠᠵᠢᠯ ᠳᠤ | ᠣᠷᠣᠪᠠ᠃ 1995 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠵᠠᠢ᠂ | ᠵᠠᠬᠢᠳᠠᠯ ᠢᠶᠠᠷ ᠰᠤᠷᠬᠤ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠰᠢᠯᠤᠭᠤᠨ ᠬᠦᠬᠡ | ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃ | 1986.09 — 1990.07 ᠰᠢᠯᠢ ᠶᠢᠨ ᠭᠤᠤᠯ ᠠᠶᠢᠮᠠᠭ ᠤᠨ ᠮᠣᠩᠭᠤᠯ ᠪᠠᠭᠰᠢ ᠶᠢᠨ ᠰᠤᠷᠭᠠᠭᠤᠯᠢ ᠳᠤ | ᠡᠩ ᠤᠨ ᠪᠠᠭᠰᠢ ᠶᠢᠨ ᠲᠤᠰᠬᠠᠶ ᠮᠡᠷᠭᠡᠵᠢᠯ ᠢᠶᠠᠷ ᠰᠤᠷᠤᠯᠴᠠᠪᠠ᠃ | 1990.08 — 1992.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠪᠠᠭᠰᠢᠯᠠᠪᠠ᠃ | 1992.08 — 1997.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠳᠤ ᠠᠵᠢᠯᠯᠠᠪᠠ᠃ | 1997.04 — 1999.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠳᠤᠮᠳᠠᠭᠤᠪᠢ ᠪᠠᠭ᠎ᠠ ᠰᠤᠷᠭᠠᠭᠤᠯᠢ ᠶᠢᠨ ᠵᠠᠬᠢᠷᠤᠯ ᠢᠶᠠᠷ ᠠᠵᠢᠯᠯᠠᠪᠠ᠃ | 1999.04 — 2002.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠰᠣᠶᠣᠯ ᠲᠠᠮᠢᠷ ᠤᠨ ᠲᠤᠪᠴᠢᠶᠠᠨ ᠤ ᠳᠡᠳ᠋ ᠳᠠᠷᠤᠭ᠎ᠠ᠂ ᠤᠳᠬ᠎ᠠ ᠤᠷᠠᠯᠢᠭ ᠤᠨ ᠬᠢᠨ ᠤ ᠬᠤᠯᠪᠤᠭᠠᠨ ᠤ | ᠨᠠᠷᠢᠨ ᠪᠢᠴᠢᠭ ᠤᠨ ᠳᠠᠷᠤᠭ᠎ᠠ ᠪᠠᠷ ᠠᠵᠢᠯᠯᠠᠪᠠ᠃ | 2002.04 — 2002.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ | ᠠᠯᠪᠠᠨ ᠬᠡᠷ ᠤᠨ ᠡᠷᠬᠢᠯᠡᠭᠴᠢ ᠪᠠᠷ ᠠᠵᠢᠯᠯᠠᠪᠠ᠃ | 2002.10 — 2006.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠳᠠᠭᠤᠲᠤᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠠᠵᠢᠯᠯᠠᠪᠠ᠃ | 2006.02 — 2008.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠳᠠᠭᠤᠲᠤᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ ᠪᠠᠷ ᠠᠵᠢᠯᠯᠠᠪᠠ᠃ | 2008.03 — 2010.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ ᠪᠠᠷ ᠠᠵᠢᠯᠯᠠᠪᠠ᠃ | 2010.05 — 2013.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ᠂ ᠨᠡᠶᠢᠭᠡᠮ ᠵᠢᠷᠤᠮᠲᠤ ᠰᠢᠨ᠎ᠡ ᠮᠠᠯᠵᠢᠬᠤ | ᠣᠷᠣᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠪᠠᠷ ᠠᠵᠢᠯᠯᠠᠪᠠ᠃ | 2013.03 — 2016.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶᠠᠨ ᠤ ᠳᠠᠷᠤᠭ᠎ᠠ ᠪᠠᠷ ᠠᠵᠢᠯᠯᠠᠪᠠ᠃ | 2016.08 — 2019.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠬᠡᠷ ᠤᠨ | ᠡᠷᠬᠢᠯᠡᠭᠴᠢ ᠪᠠᠷ ᠠᠵᠢᠯᠯᠠᠪᠠ᠃ | 2019.10 — 2020.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠦᠵᠦᠮᠦᠴᠢᠨ | ᠬᠤᠰᠢᠭᠤᠨ ᠤ ᠬᠤᠰᠢᠭᠤ ᠳᠡᠳ᠋ ᠳᠠᠷᠤᠭ᠎ᠠ ᠪᠠᠷ ᠠᠵᠢᠯᠯᠠᠪᠠ᠃ | 2020.04 — ᠣᠲᠣ ᠪᠣᠯᠲᠠᠯ᠎ᠠ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ | ᠳᠠᠷᠤᠭ᠎ᠠ ᠪᠠᠷ ᠠᠵᠢᠯᠯᠠᠵᠤ ᠪᠠᠶᠢᠨ᠎ᠠ᠃ | | |