ᠲᠤᠰᠢᠶᠠᠯ᠄ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠬᠤᠰᠢᠭᠤ ᠳᠡᠳ᠋ ᠳᠠᠷᠤᠭ᠎ᠠ | ᠬᠤᠰᠢᠭᠤ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠪᠠ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡ᠂ ᠲᠤᠭ᠎ᠠ ᠪᠦᠷᠢᠳᠬᠡᠯ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠰᠤᠯᠠᠯᠠᠬᠤ | ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ᠂ ᠲᠣᠮᠣ ᠳ᠋ᠠᠶᠢᠲ᠋ᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ ᠠᠵᠢᠯ᠄ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠰᠤᠷᠭᠠᠨ ᠬᠥᠮᠥᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠶᠤᠸᠠᠨ ᠤ ᠳᠡᠭᠡᠳᠦ ᠨᠡᠶᠢᠰᠯᠡᠯ ᠤᠨ ᠰᠣᠶᠣᠯ | ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠴᠤ᠂ | ᠬᠢᠨᠠᠨ ᠪᠣᠳᠣᠬᠤ ᠲᠣᠪᠴᠢᠶ᠎ᠠ ᠶᠢ ᠬᠠᠮᠵᠢᠯᠴᠠᠨ ᠬᠠᠮᠢᠶᠠᠷᠤᠨ᠎ᠠ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠷᠢᠯᠴᠠᠨ᠎ᠠ᠃ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠪᠠᠶᠢᠭᠤᠯᠤᠮᠵᠢ ᠶᠢᠨ ᠤᠷᠤᠨ ᠲᠤᠭᠠᠨ ᠤ ᠬᠤᠷᠢᠶ᠎ᠠ ᠶᠢᠨ | ᠠᠯᠪᠠᠨ ᠬᠡᠷ᠂ ᠥᠭᠡᠷᠡᠴᠢᠯᠡᠯᠲᠡ ᠶᠢᠨ ᠠᠯᠪᠠᠨ ᠭᠡᠷ᠂ ᠬᠦᠯᠢᠶᠡᠨ ᠵᠣᠴᠢᠯᠠᠬᠤ ᠠᠯᠪᠠᠨ ᠭᠡᠷ᠂ ᠡᠮᠡᠭᠲᠡᠶᠢᠴᠦᠳ ᠤᠨ | ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ᠂ ᠠᠵᠢᠯᠴᠢᠨ ᠤ ᠡᠪᠯᠡᠯ᠂ ᠬᠤᠶᠢᠴᠢ ᠨᠢᠭᠡ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ᠂ ᠲᠤᠮᠳᠠᠳᠤ ᠤᠯᠤᠰ ᠤᠨ ᠠᠷᠠᠳ ᠤᠨ ᠪᠠᠩᠭᠢ ᠶᠢᠨ ᠰᠢᠯᠤᠭᠤᠨ ᠬᠥᠬᠡ | ᠬᠤᠰᠢᠭᠤᠨ ᠳᠠᠬᠢ ᠬᠤᠪᠢᠶᠠᠷᠢ ᠪᠠᠩᠬᠢ᠂ ᠬᠤᠰᠢᠭᠤᠨ ᠳᠤ ᠰᠠᠭᠤᠭ᠎ᠠ ᠪᠤᠰᠤᠳ ᠡᠯ᠎ᠡ ᠪᠠᠩᠬᠢ ᠪᠣᠯᠤᠨ ᠳᠠᠭᠠᠳᠬᠠᠯ ᠤᠨ | ᠪᠠᠶᠢᠭᠤᠯᠤᠮᠵᠢ ᠶᠢ ᠵᠣᠬᠢᠴᠠᠭᠤᠯᠤᠨ᠎ᠠ᠃ | ᠲᠣᠪᠴᠢ ᠨᠠᠮᠲᠠᠷ᠄ | ᠹᠧᠩ ᠱᠤ᠋ ᠵᠢᠤᠸᠠᠨ᠂ ᠡᠮᠡᠭᠲᠡᠶ᠂ ᠬᠢᠲᠠᠳ ᠦᠨᠳᠦᠰᠦᠲᠡᠨ᠂ 1974 ᠣᠨ ᠤ 6 ᠰᠠᠷ᠎ᠠ ᠳᠤ | ᠲᠦᠷᠦᠵᠠᠢ᠂ ᠾᠧᠪᠸᠢ ᠮᠤᠵᠢ ᠶᠢᠨ ᠶᠠᠩ ᠶᠤᠸᠠᠨ ᠰᠢᠶᠠᠨ ᠤ ᠬᠥᠮᠦᠨ᠂ 1990 ᠣᠨ ᠤ 12 ᠰᠠᠷ᠎ᠠ ᠳᠤ | ᠠᠵᠢᠯ ᠳᠤ ᠣᠷᠣᠵᠤ᠂ 2000 ᠣᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠪᠠ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠮᠡᠷᠭᠡᠵᠢᠯ ᠢ ᠲᠥᠭᠡᠮᠡᠯᠵᠢᠭᠦᠯᠬᠦ | ᠮᠠᠰᠲ᠋ᠧᠷ ᠤᠨ ᠴᠤᠯᠠ ᠲᠠᠢ᠂ ᠤᠳᠤ ᠰᠢᠯᠤᠭᠤᠨ ᠬᠦᠬᠡ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ | 1990.12 — 2001.08 ᠰᠢᠯᠢᠩᠬᠤᠲᠠ ᠶᠢᠨ ᠢᠳᠡᠰᠢᠨ ᠨᠣᠭᠤᠭ᠎ᠠ ᠶᠢᠨ ᠲᠠᠷᠢᠶᠠᠯᠠᠩ ᠤᠨ ᠲᠠᠯᠠᠪᠠᠢ ᠳᠤ | ᠠᠵᠢᠯᠯᠠᠪᠠ᠃ | 2001.08 — 2002.04 ᠰᠢᠯᠢᠩᠬᠤᠲᠠ ᠶᠢᠨ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠪᠠᠷ | ᠠᠵᠢᠯᠯᠠᠪᠠ᠃ | 2002.04 — 2006.05 ᠰᠢᠯᠢᠩᠬᠤᠲᠠ ᠶᠢᠨ ᠡᠪᠯᠡᠯ ᠤᠨ ᠬᠤᠷᠢᠶᠠᠨ ᠤ ᠱᠦᠵᠢ ᠪᠠᠷ ᠠᠵᠢᠯᠯᠠᠪᠠ᠃ | 2006.05 — 2006.08 ᠰᠢᠯᠢᠩᠬᠤᠲᠠ ᠶᠢᠨ ᠰᠢᠷᠠᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠨᠠᠮ ᠤᠨ ᠠᠵᠢᠯᠯᠠᠬᠤ ᠵᠥᠪᠯᠡᠯ ᠤᠨ ᠭᠡᠰᠢᠭᠦᠨ᠂ ᠳᠡᠳ᠋ ᠱᠦᠵᠢ᠂ ᠡᠷᠬᠢᠯᠡᠭᠴᠢ ᠪᠠᠷ ᠠᠵᠢᠯᠯᠠᠪᠠ᠃ | 2006.08 — 2007.11 ᠰᠢᠯᠢᠩᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠪᠠᠷ ᠠᠵᠢᠯᠯᠠᠪᠠ᠃ | 2007.11 — 2007.12 ᠰᠢᠯᠢᠩᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠢᠨ | ᠲᠤᠰᠠᠯᠠᠭᠴᠢ ᠪᠠᠷ ᠠᠵᠢᠯᠯᠠᠪᠠ᠃ | 2007.12 — 2009.12 ᠰᠢᠯᠢᠩᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠶᠠᠷ ᠠᠵᠢᠯᠯᠠᠪᠠ᠃ | 2009.12 — 2016.8 ᠰᠢᠯᠢ ᠶᠢᠨ ᠭᠤᠤᠯ ᠠᠶᠢᠮᠠᠭ ᠤᠨ ᠡᠮᠡᠭᠲᠡᠶᠢᠴᠦᠳ ᠤᠨ ᠬᠤᠯᠪᠤᠭᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠪᠠᠷ ᠠᠵᠢᠯᠯᠠᠪᠠ᠃ | 2016.8 — 2017.10 ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠪᠠᠷ ᠠᠵᠢᠯᠯᠠᠪᠠ᠃ | 2017.10 — 2020.04 ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ | ᠳᠠᠷᠤᠭ᠎ᠠ ᠪᠠᠷ ᠠᠵᠢᠯᠯᠠᠪᠠ᠃ | 2020.04 — ᠣᠲᠣ ᠪᠣᠯᠲᠠᠯ᠎ᠠ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠨ᠎ᠠ᠃ | | |