ᠠᠮᠵᠢᠯᠲᠤ
ᠨᠡᠶᠢᠲᠡᠯᠡᠭᠰᠡᠨ ᠴᠠᠭ᠄
2020/5/19
ᠲᠤᠰᠢᠶᠠᠯ᠄ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ       ᠬᠤᠰᠢᠭᠤ ᠳᠠᠷᠤᠭ᠎ᠠ ᠶᠢ ᠬᠠᠪᠰᠤᠷᠤᠨ ᠪᠠᠶᠢᠭᠠᠯᠢ ᠶᠢᠨ ᠡᠬᠢ ᠪᠠᠶᠠᠯᠢᠭ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ᠬᠤᠪᠢᠳᠠᠨ ᠬᠠᠮᠢᠶᠠᠷᠬᠤ ᠠᠵᠢᠯ᠄ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠢ ᠵᠣᠬᠢᠴᠠᠭᠤᠯᠤᠨ᠎ᠠ᠃ᠬᠤᠪᠢ ᠬᠥᠮᠦᠨ ᠤ ᠲᠣᠪᠴᠢ ᠨᠠᠮᠲᠠᠷ᠄      ᠠᠮᠵᠢᠯᠲᠤ᠂ ᠡᠷᠡᠭᠲᠡᠶ᠂ ᠮᠣᠩᠭᠤᠯ ᠦᠨᠳᠦᠰᠦᠲᠡᠨ᠂ 1982 ᠣᠨ ᠤ 10 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠬᠥᠪᠡᠭᠡᠲᠦ ᠰᠢᠷ᠎ᠠ ᠬᠤᠰᠢᠭᠤ ᠪᠠᠷ ᠨᠤᠲᠤᠭ ᠲᠠᠢ᠂ 2004 ᠣᠨ ᠤ 9 ᠰᠠᠷ᠎ᠠ ᠳᠤ ᠠᠵᠢᠯ ᠳᠤ ᠣᠷᠣᠯᠴᠠᠵᠤ᠂ 2007 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠤᠳᠤ ᠰᠢᠯᠤᠭᠤᠨ ᠬᠦᠬᠡ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃2000.07 — 2004.07 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠢᠶᠠᠷ ᠰᠤᠷᠤᠯᠴᠠᠪᠠ᠃2004.09 — 2006.10 ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠵᠣᠬᠢᠶᠠᠨ ᠪᠠᠶᠢᠭᠤᠯᠬᠤ ᠬᠡᠯᠲᠡᠰ ᠲᠤ ᠠᠵᠢᠯᠯᠠᠪᠠ᠃2006.10 — 2009.12 ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠥᠷᠭᠡᠨᠲᠠᠯ᠎ᠠ ᠪᠠᠯᠭᠠᠰᠤᠨ ᠤ ᠳᠡᠳ᠋ ᠳᠠᠷᠤᠭ᠎ᠠ ᠪᠠᠷ ᠠᠵᠢᠯᠯᠠᠪᠠ᠃2009.12 — 2011.03 ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠰᠠᠶᠢᠬᠠᠨ᠋ᠥ᠌ᠯᠵᠡᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠱᠦᠵᠢ᠂ ᠶᠡᠷᠦᠩᠬᠡᠶᠢᠯᠡᠨ ᠵᠠᠰᠠᠬᠤ ᠵᠥᠪᠯᠡᠯ ᠤᠨ ᠳᠡᠳ᠋ ᠡᠷᠬᠢᠯᠡᠭᠴᠢ ᠪᠠᠷ ᠠᠵᠢᠯᠯᠠᠪᠠ᠃2011.03 — 2011.08 ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠪᠠᠷ ᠠᠵᠢᠯᠯᠠᠪᠠ᠃2011.08 — 2015.03 ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ ︵ᠵᠢᠩᠬᠢᠨᠢ ᠰᠠᠯᠠᠭᠠᠨ ᠲᠠᠰ︶ ᠪᠠᠷ ᠠᠵᠢᠯᠯᠠᠪᠠ᠃2015.03 — 2019.05 ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠠᠯᠪᠠᠨ ᠬᠡᠷ ᠤᠨ ᠡᠷᠬᠢᠯᠡᠭᠴᠢ ︵2013.08 — 2016.01 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠠᠩᠭᠢ ᠳᠤ ᠰᠤᠷᠤᠯᠴᠠᠪᠠ︶ ᠪᠠᠷ ᠠᠵᠢᠯᠯᠠᠪᠠ᠃2019.05 — 2020.04 ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠠᠯᠪᠠᠨ ᠬᠡᠷ ᠤᠨ ᠡᠷᠬᠢᠯᠡᠭᠴᠢ ᠪᠠᠷ ᠠᠵᠢᠯᠯᠠᠪᠠ᠃2020.04 — ᠣᠲᠣ ᠪᠣᠯᠲᠠᠯ᠎ᠠ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠤ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号