ᠥᠪᠥᠷ ᠮᠣᠩᠭᠤᠯ 1561 ᠪᠠᠭᠰᠢ ᠡᠯᠰᠡᠨ᠎ᠡ
ᠨᠡᠶᠢᠲᠡᠯᠡᠭᠰᠡᠨ ᠴᠠᠭ᠄
2020/5/20
             ᠰᠤᠷᠭᠠᠨ  ᠬᠥᠮᠦᠵᠢᠯ ᠤᠨ  ᠶᠠᠮᠤᠨ ᠤ  ᠠᠯᠪᠠᠨ  ᠲᠢᠩᠬᠢᠮ᠂  ᠡᠳ᠋ ᠤᠨ  ᠵᠠᠰᠠᠭ ᠤᠨ  ᠶᠠᠮᠤᠨ ᠤ  ᠠᠯᠪᠠᠨ  ᠲᠢᠩᠬᠢᠮ ᠲᠦᠷᠦᠭᠦᠬᠡᠨ ︽2020 ᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ ᠶᠢ ᠬᠡᠷᠡᠭᠵᠢᠭᠦᠯᠬᠦ  ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ 2020 ᠣᠨ ᠳᠤ ᠪᠥᠬᠦ ᠤᠯᠤᠰ ᠢᠶᠠᠷ ᠢᠶᠠᠨ 10.5 ᠲᠦᠮᠡᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠡᠯᠰᠡᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ ᠥᠪᠥᠷ ᠮᠣᠩᠭᠤᠯ ᠤᠨ ᠣᠷᠣᠨ ᠲᠤᠭ᠎ᠠ ᠨᠢ 1561 ᠪᠤᠯᠤᠨ᠎ᠠ᠃ᠨᠢᠭᠡ᠂ ᠠᠵᠢᠯᠳᠠᠨ ᠤᠷᠢᠨ ᠡᠯᠰᠡᠬᠦ ᠨᠥᠬᠦᠴᠡᠯ               1. 2020 ᠣᠨ ᠳᠤ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢ  ᠤᠷᠢᠬᠤ ᠳᠤ  ᠪᠠᠭᠰᠢ ᠶᠢᠨ  ᠬᠢᠷᠢ  ᠬᠡᠮ ᠢ ᠬᠢᠵᠠᠭᠠᠷᠯᠠᠬᠤ ᠴᠢᠨᠠᠷᠲᠠᠶ ᠨᠥᠬᠦᠴᠡᠯ ᠪᠣᠯᠭᠠᠬᠤ ᠥᠬᠡᠶ᠂ ᠪᠣᠳᠠᠲᠠᠶ ᠱᠠᠭᠠᠷᠳᠠᠯᠭ᠎ᠠ ᠶᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ ᠵᠡᠷᠭᠡ 7 ᠶᠠᠮᠤᠨ ᠵᠥᠪᠯᠡᠯ ᠤᠨ  ᠬᠤᠯᠪᠣᠭᠳᠠᠯ  ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃                     2. ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃                     3. ᠡᠩ ᠤᠨ  ᠳᠡᠭᠡᠳᠦ  ᠰᠤᠷᠭᠠᠭᠤᠯᠢ ᠶᠢᠨ  ᠵᠢᠩᠬᠢᠨᠢ  ᠠᠩᠭᠢ  ᠵᠢᠴᠢ  ᠲᠡᠭᠦᠨ ᠠᠴᠠ  ᠳᠡᠭᠡᠭᠰᠢᠬᠢ  ᠰᠤᠷᠭᠠᠭᠤᠯᠢ ᠲᠡᠭᠦᠰᠦᠭᠰᠡᠳ ᠪᠣᠯᠤᠨ ᠪᠠᠭᠰᠢ ᠶᠢᠨ ᠰᠤᠷᠭᠠᠭᠤᠯᠢ ᠶᠢᠨ ᠲᠤᠰᠬᠠᠶ ᠮᠡᠷᠭᠡᠵᠢᠯ ᠢᠶᠠᠷ ᠲᠡᠭᠦᠰᠦᠭᠰᠡᠳ ᠢᠶᠠᠷ ᠭᠤᠤᠯ ᠪᠣᠯᠭᠠᠨ᠂ ᠪᠦᠬᠦᠯᠢ 30 ᠨᠠᠰᠤ ᠠᠴᠠ ᠬᠡᠲᠦᠷᠡᠵᠦ ᠪᠣᠯᠬᠤ ᠦᠭᠡᠶ᠃         ᠬᠤᠶᠠᠷ᠂ ᠡᠳ᠋ ᠤᠨ ᠵᠠᠰᠠᠭ ᠤᠨ ᠳᠡᠮᠵᠢᠯᠭᠡ                     ᠲᠥᠪ ᠤᠨ ᠡᠳ᠋ ᠤᠨ ᠵᠠᠰᠠᠭ ᠠᠴᠠ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠳᠤ ᠦᠷᠭᠦᠯᠵᠢᠯᠡᠨ ᠴᠠᠯᠢᠩ ‍ᠤᠨ‌‍ᠴᠢᠨᠠᠷᠲᠠᠶ ᠨᠥᠬᠦᠪᠥᠷᠢ ᠤᠯᠭᠤᠨ᠎ᠠ᠃ ᠰᠤᠷᠭᠠᠨ ᠬᠥᠮᠦᠵᠢᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠡᠯ᠎ᠡ ᠭᠠᠵᠠᠷ ᠤᠨ 2020 ᠣᠨ ᠤ ᠠᠵᠢᠯ ᠤᠨ ᠪᠠᠶᠢᠷᠢ ᠲᠤᠬᠢᠷᠠᠭᠤᠯᠬᠤ ᠲᠥᠯᠥᠪᠯᠡᠭᠡ ᠪᠣᠯᠤᠨ ᠥᠩᠭᠡᠷᠡᠭᠰᠡᠨ ᠬᠤᠭᠤᠴᠠᠭᠠᠨ ᠤ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠠᠵᠢᠯ ᠤᠨ ᠪᠠᠶᠢᠷᠢ ᠳᠤ ᠪᠠᠶᠢᠭ᠎ᠠ ᠬᠥᠮᠦᠨ ᠤ ᠲᠤᠭ᠎ᠠ ᠶᠢ ᠦᠨᠳᠦᠰᠦᠯᠡᠨ 2020 ᠣᠨ ᠤ ︽ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾᠎ ᠶᠢᠨ ᠲᠥᠪ ᠤᠨ ᠨᠥᠬᠦᠪᠥᠷᠢ ᠶᠢᠨ   ᠵᠠᠷᠤᠳᠠᠯ ᠢ  ᠬᠠᠷᠭᠤᠭᠤᠯᠤᠨ ᠤᠯᠭᠤᠨ᠎ᠠ᠃         ᠭᠤᠷᠪᠠ᠂ ᠠᠵᠢᠯ ᠤᠨ ᠭᠤᠤᠯᠳᠠᠯᠭ᠎ᠠ                     ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠰᠢ ᠨᠥᠬᠦᠪᠥᠷᠢᠯᠡᠬᠦ ᠶᠢ ᠦᠨᠡᠨᠬᠦ ᠴᠢᠩᠭᠠᠳᠬᠠᠵᠤ᠂ ︽ᠭᠤᠷᠪᠠᠨ  ᠣᠷᠣᠨ ᠭᠤᠷᠪᠠᠨ ᠵᠧᠤ︾  ᠵᠡᠷᠭᠡ  ᠣᠨᠴᠠ  ᠶᠠᠳᠠᠭᠤ  ᠬᠦᠴᠢᠷᠳᠡᠯᠲᠡᠶ  ᠭᠠᠵᠠᠷ  ᠣᠷᠣᠨ ᠤ  ᠰᠢᠶᠠᠨ᠂  ᠤᠨᠴᠠᠭᠠᠢᠢᠯᠠᠨ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠫᠠᠶᠢᠰᠠ ᠡᠯᠭᠦᠨ ᠲᠠᠶᠢᠯᠠᠯᠳᠤᠭᠠᠨ ᠢ ᠬᠢᠨᠠᠨ  ᠵᠢᠯᠣᠭᠤᠳᠬᠤ 52 ᠰᠢᠶᠠᠨ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠦᠨᠳᠦ ᠨᠣᠴᠢᠲᠠᠶ ᠭᠠᠵᠠᠷ ᠣᠷᠣᠨ ᠤ ᠰᠢᠶᠠᠨ ᠤ ᠲᠤᠰᠬᠤᠨ ᠤ ᠪᠠᠭ᠎ᠠ ᠰᠤᠷᠭᠠᠭᠤᠯᠢ᠂ ᠵᠢᠭᠠᠨ ᠰᠤᠷᠭᠠᠬᠤ ᠴᠡᠭ ᠤᠨ ᠪᠠᠭᠰᠢ  ᠨᠥᠬᠦᠪᠥᠷᠢᠯᠡᠭᠦ  ᠬᠡᠷᠡᠭᠴᠡᠭᠡ  ᠱᠠᠭᠠᠷᠳᠠᠯᠭ᠎ᠠ ᠶᠢ  ᠡᠩ ᠲᠡᠷᠢᠭᠦᠨ ᠳᠤ ᠬᠠᠩᠭᠠᠵᠤ᠂ ᠰᠢᠶᠠᠨ ᠤ ᠬᠤᠲᠠ ᠶᠢᠨ ᠰᠤᠷᠭᠠᠭᠤᠯᠢ ᠣᠨᠴᠠᠭᠠᠶ ᠠᠵᠢᠯ ᠤᠨ ᠪᠠᠶᠢᠷᠢ ᠶᠢᠨ ᠰᠢᠨ᠎ᠡ ᠪᠠᠭᠰᠢ ᠶᠢ ᠳᠠᠭᠢᠵᠤ ᠨᠥᠬᠦᠪᠥᠷᠢᠯᠡᠬᠦ ᠥᠬᠡᠶ᠃ ᠪᠠᠭᠰᠢ ᠶᠢᠨ ᠡᠩᠨᠡᠭᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠪᠡᠶ᠎ᠡ ᠲᠠᠮᠢᠷ ᠲᠠᠭᠤᠤ ᠭᠦᠭᠵᠢᠮ ᠤᠷᠠᠨ ᠵᠢᠷᠤᠭ᠂ ᠭᠠᠳᠠᠭᠠᠳᠤ ᠬᠡᠯᠡ᠂ ᠮᠡᠳᠡᠭᠡ ᠵᠠᠩᠭᠢ ᠵᠡᠷᠭᠡ ᠳᠤᠲᠠᠭᠳᠠᠵᠤ ᠪᠠᠶᠢᠭ᠎ᠠ ᠬᠢᠴᠢᠶᠠᠯ ᠲᠦᠷᠤᠯ ᠤᠨ ᠪᠠᠭᠰᠢ ᠨᠥᠬᠦᠪᠥᠷᠢᠯᠡᠬᠦ ᠶᠢ ᠴᠢᠩᠭᠠᠳᠬᠠᠨ᠎ᠠ᠃ ᠬᠤᠪᠧᠶ ᠨᠤᠲᠤᠭ ᠲᠠᠢ᠂ ᠬᠤᠪᠧᠶ ᠮᠤᠵᠢ ᠶᠢᠨ ᠳᠡᠭᠡᠳᠤ ᠰᠤᠷᠭᠠᠭᠤᠯᠢ ᠠᠴᠠ ᠲᠡᠭᠦᠰᠦᠭᠰᠡᠳ ᠲᠡᠶᠢᠰᠢ ᠬᠡᠯᠪᠠᠶᠢᠯᠭᠡᠨ᠎ᠡ᠃        ᠲᠦᠷᠪᠡ᠂ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢ ᠣᠷᠣᠨ ᠲᠤᠭ᠎ᠠ ᠳᠤ ᠣᠷᠣᠭᠤᠯᠬᠤ ᠵᠡᠷᠭᠡ  ᠠᠵᠢᠯ ᠢ ᠨᠠᠶᠢᠳᠠᠪᠤᠷᠢᠵᠢᠭᠤᠯᠤᠨ᠎ᠠ                 ᠬᠤᠯᠪᠣᠭᠳᠠᠯ ᠪᠦᠬᠦᠢ  ᠪᠢᠴᠢᠭ  ᠮᠠᠲ᠋ᠧᠷᠢᠶᠠᠯ ᠤᠨ  ᠵᠣᠷᠢᠭ  ᠰᠠᠨᠠᠭ᠎ᠠ ᠶᠢ  ᠴᠢᠩᠭ᠎ᠠ  ᠵᠢᠷᠤᠮᠯᠠᠨ᠂  ᠭᠤᠷᠪᠠᠨ  ᠵᠢᠯ ᠤᠨ ᠦᠢᠯᠡᠴᠢᠯᠡᠭᠡᠨ ᠤ ᠬᠤᠭᠤᠴᠠᠭ᠎ᠠ ᠨᠢ ᠭᠦᠢᠴᠡᠭᠰᠡᠨ᠂ ᠬᠢᠨᠠᠨ  ᠰᠢᠯᠭᠠᠭᠠᠳ  ᠬᠢᠷᠢ  ᠲᠡᠩᠴᠡᠭᠰᠡᠨ  ᠮᠥᠷᠲᠡᠭᠡᠨ  ᠲᠤᠰᠢᠶᠠᠯ ᠳᠠᠭᠠᠨ ᠦᠯᠡᠳᠡᠬᠦ ᠳᠤᠷᠠᠲᠠᠶ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢ ᠴᠠᠭ ᠲᠤᠬᠠᠶ ᠳᠤᠨᠢ ᠣᠷᠣᠨ ᠲᠤᠭ᠎ᠠ ᠳᠤ ᠣᠷᠣᠭᠤᠯᠬᠤ ᠶᠢᠨ ᠬᠠᠮᠲᠤ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠠᠮᠢᠶ᠎ᠠ ᠪᠦᠬᠦᠢ  ᠠᠵᠢᠯᠲᠠᠨ ᠤ ᠶᠠᠪᠤᠳᠠᠯ᠂ ᠴᠠᠯᠢᠩ ᠤᠨ ᠬᠠᠷᠢᠴᠠᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯᠯᠠᠭᠰᠠᠨ ᠣᠨ ᠵᠢᠯ᠂ ᠪᠠᠭᠰᠢᠯᠠᠭᠰᠠᠨ ᠣᠨ ᠵᠢᠯ ᠢ ᠦᠷᠭᠦᠯᠵᠢᠯᠡᠨ ᠪᠣᠳᠣᠵᠤ᠂ ᠲᠤᠷᠰᠢᠨ ᠬᠡᠷᠡᠭᠯᠡᠬᠦ ᠬᠤᠭᠤᠴᠠᠭ᠎ᠠ ᠶᠢ ᠳᠠᠬᠢᠵᠤ ᠬᠡᠷᠡᠭᠵᠢᠭᠦᠯᠬᠦ ᠦᠭᠡᠢ᠃ ︽︿ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠶᠢᠨ ᠰᠤᠷᠭᠠᠭᠤᠯᠢ ᠶᠢᠨ ᠪᠠᠭᠰᠢ ᠶᠢᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ﹀᠎ ᠶᠢᠨ ᠪᠠᠭᠰᠢ ᠶᠢᠨ  ᠦᠢᠯᠡᠴᠢᠯᠡᠭᠡᠨ ᠤ ᠦᠨᠡᠮᠯᠡᠯ︾᠎ ᠢ  ᠨᠠᠶᠢᠷᠠᠭᠤᠯᠤᠨ  ᠵᠣᠬᠢᠶᠠᠬᠤ ᠪᠠ ᠣᠯᠭᠤᠬᠤ  ᠠᠵᠢᠯ ᠢ ᠰᠠᠶᠢᠲᠤᠷ ᠬᠢᠬᠦ ᠬᠡᠷᠡᠭᠲᠡᠶ᠃ ᠤᠯᠤᠰ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠢᠯᠡᠴᠢᠯᠡᠭᠡᠨ ᠤ ᠬᠤᠭᠤᠴᠠᠭ᠎ᠠ ᠨᠢ ᠭᠦᠢᠴᠡᠭᠰᠡᠨ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢᠨ ᠬᠠᠮᠢᠶ᠎ᠠ  ᠪᠦᠬᠦᠢ  ᠬᠠᠷᠠᠭᠠᠯᠵᠠᠯ ᠤᠨ ᠲᠥᠷᠥ ᠶᠢᠨ  ᠪᠣᠳᠣᠯᠭ᠎ᠠ ᠶᠢ  ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号