| | 2020 ᠣᠨ ᠤ ᠥᠪᠥᠷ ᠮᠣᠩᠭᠤᠯ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠪᠥᠬᠦ ᠤᠯᠤᠰ ᠤᠨ ᠨᠢᠭᠡᠳᠦᠯᠲᠡᠶ ᠰᠢᠯᠭᠠᠯᠲᠠ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠬᠦᠰᠦᠭᠰᠡᠳ ᠠᠴᠠ ᠳᠤᠰᠬᠠᠢ ᠮᠡᠷᠬᠡᠵᠢᠯ ᠢᠶᠠᠷ ᠨᠢ ᠲᠦᠷᠦᠯ ᠠᠩᠬᠢᠯᠠᠨ | ᠳᠤᠰᠠᠭᠠᠷ ᠡᠯᠰᠡᠬᠦ ᠰᠢᠯᠭᠠᠯᠳᠠ ᠶᠢ ᠪᠠᠭᠲᠠᠭᠠᠨ᠎ᠠ︶ 2020 ᠣᠨ ᠤ 7 ᠰᠠᠷ᠎ᠠ ᠶᠢᠨ 7 ᠤ ᠡᠳᠦᠷ ᠠᠴᠠ 9 ᠤ ᠡᠳᠦᠷ | ᠪᠣᠯᠲᠠᠯ᠎ᠠ ᠶᠠᠪᠤᠭᠳᠠᠨ᠎ᠠ᠃ | ᠡᠯ᠎ᠡ ᠬᠢᠴᠢᠶᠡᠯ ᠲᠥᠷᠥᠯ ᠤᠨ ᠰᠢᠯᠭᠠᠯᠲᠠ ᠶᠢᠨ ᠴᠠᠭ ᠤᠨ ᠳᠤᠬᠢᠷᠠᠭᠤᠯᠤᠯᠳᠠ᠄ | 7 ᠰᠠᠷ᠎ᠠ ᠶᠢᠨ 7 ᠤ ᠡᠳᠦᠷ ᠤᠨ 9᠄ 00 — 11᠄ 30 ᠪᠤᠯᠳᠠᠯ᠎ᠠ᠂ ᠬᠡᠯᠡ ᠪᠢᠴᠢᠭ᠂ ᠳᠡᠬᠡᠳᠤ | ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠬᠡᠯᠡ ᠪᠢᠴᠢᠭ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ | ᠰᠤᠷᠭᠠᠭᠤᠯᠢ ᠶᠢᠨ ᠮᠤᠩᠭᠤᠯ ᠬᠡᠯᠡ ᠪᠢᠴᠢᠭ᠂ ᠮᠤᠩᠭᠤᠯ ᠬᠡᠯᠡ ︵ᠬᠦᠬᠡ︶᠂ ᠰᠤᠯᠤᠩᠭᠤᠰ ᠬᠡᠯᠡ ᠶᠢᠨ ᠰᠢᠯᠭᠠᠯᠳᠠ | ᠶᠠᠪᠤᠭᠳᠠᠨ᠎ᠠ᠃ ᠦᠳᠡ ᠶᠢᠨ ᠬᠤᠶᠢᠨ᠎ᠠ ᠶᠢᠨ 15᠄ 00 — 17᠄ 00 ᠪᠤᠯᠳᠠᠯ᠎ᠠ᠂ ᠪᠠᠶᠢᠭᠠᠯᠢ ᠪᠠ ᠨᠡᠶᠢᠬᠡᠮ ᠤᠨ | ᠰᠢᠨᠵᠢᠯᠡᠬᠦ ᠤᠬᠠᠭᠠᠨ ᠤ ᠳᠤᠭᠠᠨ ᠤ ᠤᠬᠠᠭᠠᠨ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠳᠤᠭᠠᠨ ᠤ | ᠤᠬᠠᠭᠠᠨ ᠤ ᠰᠢᠯᠭᠠᠯᠳᠠ ᠶᠠᠪᠤᠭᠳᠠᠨ᠎ᠠ᠃ | 7 ᠰᠠᠷ᠎ᠠ ᠶᠢᠨ 8 ᠤ ᠡᠳᠦᠷ ᠤᠨ 9᠄ 00 —11᠄ 30 ᠪᠤᠯᠳᠠᠯ᠎ᠠ᠂ ᠪᠠᠶᠢᠭᠠᠯᠢ ᠪᠠ ᠨᠡᠶᠢᠬᠡᠮ ᠤᠨ | ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠰᠢᠯᠭᠠᠯᠳᠠ᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ | ᠳᠤᠰᠬᠠᠢ ᠮᠡᠷᠬᠡᠵᠢᠯ ᠤᠨ ᠶᠡᠷᠦᠩᠬᠡᠶᠢᠯᠡᠭᠰᠡᠨ ᠰᠢᠯᠭᠠᠯᠳᠠ ᠶᠠᠪᠤᠭᠳᠠᠨ᠎ᠠ᠃ 15᠄ 00 — 17᠄ 00 ᠪᠤᠯᠳᠠᠯ᠎ᠠ᠂ | ᠭᠠᠳᠠᠭᠠᠳᠤ ᠬᠡᠯᠡ ︵ᠰᠤᠨᠤᠰᠬᠤ ᠴᠢᠳᠠᠪᠤᠷᠢ ᠶᠢᠨ ᠰᠢᠯᠭᠠᠯᠳᠠ︶᠂ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ | ᠰᠤᠷᠭᠠᠭᠤᠯᠢ ᠶᠢᠨ ᠠᠩᠭ᠍ᠯᠢ ᠬᠡᠯᠡᠨ ᠤ ᠰᠢᠯᠭᠠᠯᠳᠠ ᠶᠠᠪᠤᠭᠳᠠᠨ᠎ᠠ᠃ | 7 ᠰᠠᠷ᠎ᠠ ᠶᠢᠨ 9 ᠤ ᠡᠳᠦᠷ ᠤᠨ 9᠄ 00 — 11᠄ 30 ᠪᠤᠯᠳᠠᠯ᠎ᠠ᠂ ᠮᠤᠩᠭᠤᠯ ᠬᠡᠯᠡ︵ᠬᠦᠬᠡᠭᠴᠢᠨ︶ ᠶᠢᠨ | ᠰᠢᠯᠭᠠᠯᠳᠠ ᠶᠠᠪᠤᠭᠳᠠᠨ᠎ᠠ᠃ 15᠄ 00 —17᠄ 00 ᠪᠤᠯᠳᠠᠯ᠎ᠠ᠂ ᠴᠦᠬᠡᠨ ᠳᠤᠭᠠᠳᠤ ᠦᠨᠳᠦᠰᠦᠳᠡᠨ ᠤ ᠬᠢᠳᠠᠳ | ᠬᠡᠯᠡᠨ ᠤ ᠬᠢᠷᠢ ᠲᠦᠪᠰᠢᠨ ᠤ ᠳᠡᠰ ᠳᠤᠭᠳᠠᠭᠠᠬᠤ ︵ᠭᠤᠷᠪᠠᠳᠤᠭᠠᠷ ᠳᠡᠰ︶ ᠰᠢᠯᠭᠠᠯᠳᠠ ᠶᠠᠪᠤᠭᠳᠠᠨ᠎ᠠ᠃ ᠭᠠᠳᠠᠭᠠᠳᠤ ᠬᠡᠯᠡ | ︵ᠰᠣᠨᠣᠰᠬᠤ ᠴᠢᠳᠠᠪᠤᠷᠢ ᠶᠢᠨ ᠰᠢᠯᠭᠠᠯᠲᠠ ᠪᠠᠭᠲᠠᠨ᠎ᠠ︶ ᠶᠢᠨ ᠬᠢᠴᠢᠶᠡᠯ ᠲᠥᠷᠥᠯ ᠳᠤ ᠤᠷᠢᠳ ᠢᠶᠠᠷ ᠪᠢᠷ ᠤᠨ ᠰᠢᠯᠭᠠᠯᠲᠠ | ᠬᠢᠵᠦ᠂ ᠳᠠᠷᠠᠭ᠎ᠠ ᠨᠢ ᠰᠣᠨᠣᠰᠬᠤ ᠴᠢᠳᠠᠪᠤᠷᠢ ᠶᠢᠨ ᠰᠢᠯᠭᠠᠯᠲᠠ ᠬᠢᠨ᠎ᠡ︔ ᠪᠢᠷ ᠤᠨ ᠰᠢᠯᠭᠠᠯᠲᠠ ᠶᠢᠨ ᠬᠡᠰᠡᠭ ᠤᠨ | ᠰᠢᠯᠭᠠᠯᠲᠠ ᠶᠢᠨ ᠴᠠᠭ ᠨᠢ 100 ᠮᠢᠨᠦ᠋ᠲ᠂ ᠰᠣᠨᠣᠰᠬᠤ ᠴᠢᠳᠠᠪᠤᠷᠢ ᠶᠢᠨ ᠬᠡᠰᠡᠭ ᠤᠨ ᠰᠢᠯᠭᠠᠯᠲᠠ ᠶᠢᠨ ᠴᠠᠭ ᠨᠢ ᠪᠠᠷᠤᠭ | 20 ᠮᠢᠨᠦ᠋ᠲ ᠪᠠᠶᠢᠳᠠᠭ᠃ | ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠪᠡᠶ᠎ᠡ ᠶᠢᠨ ᠲᠠᠮᠢᠷ ᠤᠨ ᠲᠤᠰᠬᠠᠶ | ᠮᠡᠷᠭᠡᠵᠢᠯ ᠤᠨ ᠰᠢᠯᠭᠠᠭᠤᠯᠤᠭᠴᠢ ᠶᠢᠨ ᠪᠡᠶ᠎ᠡ ᠶᠢᠨ ᠲᠠᠮᠢᠷ ᠤᠨ ᠰᠢᠯᠭᠠᠯᠲᠠ 6 ᠰᠠᠷ᠎ᠠ ᠶᠢᠨ 1 ᠠᠴᠠ 14 ᠤ ᠡᠳᠦᠷ ᠪᠣᠯᠲᠠᠯ᠎ᠠ | ᠶᠠᠪᠤᠭᠳᠠᠨ᠎ᠠ᠃ ᠰᠢᠯᠭᠠᠯᠲᠠ ᠶᠢᠨ ᠭᠠᠵᠠᠷ ᠨᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠤᠨ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠪᠣᠯᠤᠨ᠎ᠠ᠃ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠲᠡᠭᠦᠰᠦᠭᠰᠡᠳ ᠠᠴᠠ ᠳᠤᠰᠬᠠᠢ ᠮᠡᠷᠬᠡᠵᠢᠯ ᠢᠶᠠᠷ ᠲᠦᠷᠦᠯ ᠠᠩᠬᠢᠯᠠᠨ ᠲᠤᠰᠠᠭᠠᠷ ᠡᠯᠰᠡᠬᠦ ᠰᠢᠯᠭᠠᠯᠲᠠ ᠶᠢᠨ | ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠶᠡᠷᠦᠩᠬᠡᠶᠢᠯᠡᠭᠰᠡᠨ ᠰᠢᠯᠭᠠᠯᠲᠠ 7 ᠰᠠᠷ᠎ᠠ ᠶᠢᠨ | 18 ᠤ ᠡᠳᠦᠷ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ | ᠶᠠᠪᠤᠭᠳᠠᠨ᠎ᠠ᠃ ᠰᠢᠯᠭᠠᠭᠤᠯᠤᠭᠴᠢ 7 ᠰᠠᠷ᠎ᠠ ᠶᠢᠨ 17 ᠤ ᠡᠳᠦᠷ ᠰᠢᠯᠭᠠᠯᠲᠠ ᠶᠢᠨ ᠭᠠᠵᠠᠷ ᠲᠤ ᠨᠡᠷ᠎ᠡ ᠮᠡᠳᠡᠭᠦᠯᠦᠨ᠎ᠡ᠃ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ | ᠬᠡᠯᠡᠨ ᠤ ᠰᠢᠯᠭᠠᠯᠲᠠ 7 ᠰᠠᠷ᠎ᠠ ᠶᠢᠨ 9 ᠤ ᠡᠳᠦᠷ ᠤᠨ 8᠄ 00 ᠠᠴᠠ ᠡᠬᠢᠯᠡᠨ 7 ᠰᠠᠷ᠎ᠠ ᠶᠢᠨ 14 ᠤ ᠡᠳᠦᠷ ᠤᠨ 18᠄ | 00 ᠪᠣᠯᠲᠠᠯ᠎ᠠ ᠶᠠᠪᠤᠭᠳᠠᠨ᠎ᠠ᠂ ᠰᠢᠯᠭᠠᠬᠤ ᠭᠠᠵᠠᠷ ᠵᠢᠴᠢ ᠪᠣᠳᠠᠲᠠᠶ ᠰᠢᠯᠭᠠᠬᠤ ᠴᠠᠭ ᠢ ᠬᠤᠰᠢᠭᠤ ᠰᠢᠶᠠᠨ ᠲᠣᠭᠤᠷᠢᠭ ᠤᠨ | ᠰᠣᠷᠣᠭᠴᠢ ᠡᠯᠰᠡᠬᠦ ᠠᠯᠪᠠᠨ ᠬᠡᠷ ᠠᠴᠠ ᠲᠣᠭᠲᠠᠭᠠᠬᠤ ᠶᠢᠨ ᠬᠠᠮᠲᠤ ᠰᠢᠯᠭᠠᠭᠤᠯᠤᠭᠴᠢ ᠳᠤ ᠮᠡᠳᠡᠭᠳᠡᠨ᠎ᠡ᠃ | ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ | | | | |