2020 ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/5/20
ᠰᠢᠯᠣᠭᠤᠨ ᠬᠦᠬᠡ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠣᠭᠠᠨ ᠤ ᠮᠠᠲ᠋ᠧᠷᠢᠶᠠᠯ ︵ᠠᠷᠪᠠᠨ ᠬᠤᠶᠠᠷ︶             ᠵᠠᠰᠠᠭ ᠤᠨ ᠤᠷᠳᠤᠨ ᠤ ᠠᠵᠢᠯ ᠤᠨ ᠢᠯᠡᠳᠬᠡᠯ2020 ᠤᠨ ᠤ 5 ᠰᠠᠷ᠎ᠠ ᠶᠢᠨ 13 ᠤ ᠡᠳᠦᠷ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠭᠤᠷᠪᠠᠳᠣᠭᠠᠷ ᠬᠤᠷᠠᠯᠳᠤᠭᠠᠨ ᠳᠡᠭᠡᠷ᠎ᠡᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤ ᠲᠠᠷᠤᠭ᠎ᠠ  ᠪᠤᠶᠠᠨᠳᠤᠡᠷᠬᠢᠮ ᠲᠦᠯᠦᠬᠡᠯᠡᠭᠴᠢᠳ ᠡ᠄          ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠦ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠲᠡ ᠪᠦᠬᠦᠨ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠵᠢᠴᠢ ᠬᠤᠷᠠᠯ  ᠳᠤ ᠰᠤᠯᠠ ᠤᠷᠤᠯᠴᠠᠭᠰᠠᠳ ᠰᠠᠨᠠᠯ ᠰᠠᠨᠠᠭᠤᠯᠭ᠎ᠠ ᠪᠠᠨ ᠳᠡᠪᠰᠢᠭᠦᠯᠬᠦ ᠪᠤᠯᠪᠠᠤ︖ᠨᠢᠬᠡ᠂ 2019 ᠤᠨ ᠤ ᠠᠵᠢᠯ ᠤᠨ ᠡᠷᠬᠢᠴᠡᠬᠦᠯᠦᠯ          ᠦᠩᠬᠡᠷᠡᠭᠰᠡᠨ ᠨᠢᠬᠡ ᠵᠢᠯ ᠳᠤ ᠪᠢᠳᠡ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠳᠤᠳᠠᠢ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠠᠮᠵᠢᠯᠬᠡ ᠲᠤᠤᠷ᠎ᠠ ᠦᠰᠦᠯᠳᠡ ᠶᠢ ᠲᠤᠭᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠬᠦᠷᠢ ᠶᠢ ᠰᠡᠷᠬᠡᠶᠢᠯᠡᠬᠦ᠂ ᠲᠤᠭᠳᠠᠭᠤᠨ ᠢ ᠪᠠᠳᠤᠯᠠᠬᠤ ᠠᠵᠢᠯ ᠤᠨ ᠲᠠᠯ᠎ᠠ ᠪᠠᠷ ᠬᠦᠴᠦᠨ ᠢᠶᠠᠨ ᠬᠠᠮᠳᠤᠳᠬᠠᠨ᠂ ᠵᠤᠬᠢᠴᠠᠭᠤᠯᠤᠨ ᠠᠬᠢᠭᠤᠯᠬᠤ ᠶᠢ ᠪᠠᠳᠤᠯᠠᠭᠰᠠᠨ ᠠᠴᠠ ᠡᠯ᠎ᠠ ᠲᠦᠷᠦᠯ ᠤᠨ ᠠᠵᠢᠯ ᠠᠬᠢᠯᠳᠠ ᠲᠠᠢ ᠪᠠᠶᠢᠵᠦ᠂ ᠪᠦᠬᠦ ᠬᠤᠰᠢᠭᠤᠨ ᠤ ᠠᠵᠦ ᠠᠬᠤᠢ ᠨᠡᠶᠢᠬᠡᠮ ᠶᠡᠷᠤᠩᠬᠡᠢ ᠳᠡᠭᠡᠨ ᠲᠤᠭᠳᠠᠭᠤᠨ ᠪᠠᠶᠢᠵᠦ᠂ ᠲᠤᠭᠳᠠᠭᠤᠨ ᠤ ᠲᠤᠮᠳᠠ ᠤᠷᠤᠭᠰᠢᠯᠠᠬᠤ ᠬᠦᠭᠵᠢᠯᠳᠡ ᠶᠢᠨ ᠬᠠᠨᠳᠤᠰᠢ ᠪᠠᠨ ᠪᠠᠳᠤᠯᠠᠵᠦ ᠴᠢᠳᠠᠭᠰᠠᠨ ᠪᠠᠶᠢᠨ᠎ᠠ᠃          2019 ᠤᠨ ᠳᠤ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠤᠩᠬᠡᠢ ᠦᠷᠳᠡᠭ 57.76 ᠳ᠋ᠦᠩᠰᠢᠭᠤᠷ ᠲᠦᠬᠦᠷᠢᠭ ᠲᠤ ᠬᠦᠷᠴᠦ᠂ ᠡᠩ ᠤᠨ ᠤᠯᠠᠨ ᠨᠠᠶᠢᠳᠠ ᠶᠢᠨ ᠲᠦᠰᠦᠪ ᠤᠨ ᠤᠷᠤᠯᠭ᠎ᠠ 3.12 ᠳ᠋ᠦᠩᠰᠢᠭᠤᠷ ᠲᠦᠬᠦᠷᠢᠭ ᠢ ᠪᠡᠶᠡᠯᠡᠬᠦᠯᠵᠦ᠂ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠨᠢ ᠠᠳᠠᠯᠢ ᠬᠤᠭᠤᠴᠠᠭᠠᠨ ᠤ ᠬᠢ ᠠᠴᠠ 1.2% ᠪᠠᠷ ᠨᠡᠮᠡᠭᠳᠡᠵᠦ᠂ ᠨᠡᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠤᠩᠬᠡᠢ ᠦᠷᠳᠡᠭ 16.46 ᠳ᠋ᠦᠩᠰᠢᠭᠤᠷ ᠲᠦᠬᠦᠷᠢᠭ ᠲᠤ ᠬᠦᠷᠴᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ  ᠶᠢᠨ ᠤᠷᠤᠯᠭ᠎ᠠ ᠨᠢ ᠲᠤᠰᠪᠤᠷᠢ 39859 ᠲᠦᠬᠦᠷᠢᠭ ᠪᠠ 19480 ᠲᠦᠬᠦᠷᠢᠭ ᠲᠤ ᠬᠦᠷᠴᠦ᠂ ᠲᠤᠰᠪᠤᠷᠢ 6.4% ᠪᠠ 10.7% ᠪᠠᠷ ᠨᠡᠮᠡᠭᠳᠡᠪᠡ᠃ᠦᠩᠬᠡᠷᠡᠭᠰᠡᠨ ᠨᠢᠬᠡ ᠵᠢᠯ ᠤᠨ ᠠᠵᠢᠯ ᠢᠶᠠᠨ ᠡᠷᠬᠢᠴᠡᠬᠦᠯᠪᠡᠯ᠄          ︵ᠨᠢᠬᠡ︶ ᠠᠵᠦ ᠦᠢᠯᠡᠰ ᠤᠨ ᠪᠦᠳᠦᠴᠡ ᠤᠯᠠᠮ ᠰᠢᠯᠢᠳᠡᠭᠵᠢᠪᠡ᠃ ᠤᠳᠤᠬᠢᠴᠢᠯᠠᠭᠰᠠᠨ ᠮᠠᠯ ᠠᠵᠤ ᠠᠬᠤᠢ  ᠶᠢᠨ ᠬᠦᠭᠵᠢᠯᠳᠡ ᠶᠢᠨ ᠬᠠᠨᠳᠤᠰᠢ ᠲᠦᠯᠦᠪᠰᠢᠵᠦ᠂ ︽ᠬᠤᠨᠢ ᠶᠢ ᠴᠦᠬᠡᠴᠡᠯᠡᠵᠦ᠂ ᠦᠬᠡᠷ ᠮᠠᠯᠵᠢᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠭᠰᠡᠨ ᠦᠷ᠎ᠠ ᠪᠦᠳᠦᠮᠵᠢ ᠲᠤᠪᠤᠶᠢᠮ᠎ᠠ ᠪᠠᠶᠢᠵᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠲᠡᠵᠢᠭᠡᠨ ᠪᠣᠶᠢᠵᠢᠭᠤᠯᠬᠤ᠂ ᠪᠤᠯᠪᠠᠰᠣᠷᠠᠭᠤᠯᠵᠤ ᠪᠤᠷᠤᠯᠠᠭᠤᠯᠬᠤ ᠶᠢ ᠨᠢᠭᠡ ᠴᠣᠭᠴᠠᠵᠢᠯᠠᠭᠰᠠᠨ ᠠᠵᠤ ᠦᠢᠯᠡᠰ ᠤᠨ ᠬᠡᠯᠬᠢᠶᠡᠵᠢᠯ ᠦᠨᠳᠦᠰᠦᠨ ᠳᠡᠭᠡᠨ ᠪᠦᠷᠢᠯᠳᠦᠵᠡᠢ᠃ ᠮᠠᠯ ᠤᠨ ᠲᠤᠭᠠᠯᠠᠯᠭ᠎ᠠ ᠶᠢᠨ ᠬᠤᠭᠤᠴᠠᠭᠠᠨ ᠳᠤ ᠪᠦᠬᠦ ᠬᠤᠰᠢᠭᠤᠨ ᠤ ᠮᠠᠯ ᠤᠨ ᠲᠤᠭ᠎ᠠ ᠲᠤᠯᠤᠭᠠᠢ 58.82 ᠲᠦᠮᠡᠨ ᠲᠤᠯᠤᠭᠠᠢ ᠳᠤ ᠬᠦᠷᠪᠡ᠂ ᠡᠬᠦᠨ ᠳᠤ 30.03 ᠲᠦᠮᠡᠨ ᠦᠬᠡᠷ ᠲᠠᠢ ᠪᠠᠶᠢᠵᠦ᠂ 28% ᠪᠠᠷ ᠨᠡᠮᠡᠭᠳᠡᠨ᠂ 27.3 ᠲᠦᠮᠡᠨ ᠲᠤᠯᠤᠭᠠᠢ ᠬᠤᠨᠢ ᠲᠠᠢ ᠪᠠᠶᠢᠵᠦ᠂ 8% ᠪᠠᠷ ᠬᠤᠷᠤᠭᠳᠠᠭᠰᠠᠨ ᠪᠠᠶᠢᠨ᠎ᠠ᠃ ᠲᠤᠰ ᠵᠢᠯ ᠳᠤ ᠮᠢᠬᠠᠨ ᠤ ᠦᠬᠡᠷ ᠤᠨ ᠭᠤᠤᠯᠳᠠᠯᠭᠠᠳᠤ ᠰᠦᠷᠦᠭ 5᠂ ᠴᠠᠬᠠᠷ ᠬᠤᠨᠢᠨ ᠤ ᠭᠤᠤᠯᠳᠠᠯᠭᠠᠳᠤ ᠰᠦᠷᠦᠭ 4 ᠶᠢ ᠰᠢᠨ᠎ᠠ ᠪᠠᠷ ᠪᠠᠶᠢᠭᠤᠯᠵᠦ᠂ 1 ᠡᠷᠦᠬᠡ ᠠᠶᠢᠮᠠᠭ ᠤᠨ ᠲᠡᠰ ᠤᠨ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠡᠬᠦᠯᠳᠡᠷ  ᠤᠨ ᠮᠠᠯ ᠤᠨ ᠲᠠᠯᠠᠪᠠᠢ᠂ 2 ᠡᠷᠦᠬᠡ ᠵᠢᠱᠢᠶᠡᠴᠢ ᠬᠤᠷᠢᠰᠢᠶᠠᠵᠢᠯ ᠢ ᠠᠮᠵᠢᠯᠳᠠ ᠲᠠᠢ ᠡᠷᠡᠮᠡᠯᠵᠡᠯᠡᠨ ᠮᠡᠳᠡᠬᠦᠯᠵᠦ᠂ 4879 ᠲᠤᠯᠤᠭᠠᠢ ᠰᠢᠯᠢᠳᠡᠭ ᠡᠬᠦᠯᠳᠡᠷ ᠤᠨ ᠮᠢᠬᠠᠨ ᠤ ᠦᠬᠡᠷ ᠢ ᠤᠷᠤᠭᠤᠯᠵᠦ ᠠᠪᠴᠢᠷᠠᠭᠰᠠᠨ ᠪᠠᠶᠢᠨ᠎ᠠ᠃ 26.05 ᠲᠦᠮᠡᠨ ᠲᠤᠯᠤᠭᠠᠢ ᠮᠠᠯ ᠢ ᠵᠠᠬ᠎ᠠ ᠳᠤ ᠭᠠᠷᠭᠠᠨ᠂ ᠡᠬᠦᠨ ᠳᠤ 1.2 ᠲᠦᠮᠡᠨ ᠲᠤᠯᠤᠭᠠᠢ ᠪᠤᠷᠳᠤᠨ ᠲᠡᠵᠢᠬᠡᠭᠰᠡᠨ ᠮᠠᠯ ᠪᠠᠭᠳᠠᠵᠦ ᠪᠤᠢ᠃ 3.27 ᠳ᠋ᠦᠩᠰᠢᠭᠤᠷ ᠺᠢᠯᠦᠭᠷᠡᠮ ᠡᠪᠡᠰᠦ ᠬᠠᠳᠤᠵᠦ ᠬᠤᠷᠢᠶᠠᠪᠠ᠃ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠦ ᠠᠬᠤᠶᠢᠯᠠᠯ ᠪᠤᠯᠬᠤ ᠱᠦᠨ ᠰᠢᠨ ᠰᠢᠨ ᠶᠤᠸᠠᠨ ᠮᠠᠯ ᠠᠵᠤ ᠠᠬᠤᠢ ᠶᠢᠨ ᠺᠤᠮᠫᠠᠨᠢ ᠶᠢᠨ ᠲᠠᠶᠢᠴᠢᠯᠠᠨ ᠲᠠᠭᠠᠭᠤᠯᠬᠤ ᠦᠢᠯᠡᠳᠦᠯ ᠢᠯᠡᠳᠳᠡ ᠴᠢᠩᠭᠠᠷᠠᠵᠦ᠂ ᠰᠢᠭᠤᠳ ᠪᠤᠶᠤ ᠲᠠᠮ ᠢᠶᠠᠷ 190 ᠡᠷᠦᠬᠡ ᠶᠠᠳᠠᠭᠤ ᠬᠦᠴᠢᠷᠳᠡᠢ ᠡᠷᠦᠬᠡ ᠶᠢ ᠲᠠᠶᠢᠴᠢᠯᠠᠨ ᠤᠷᠤᠯᠭ᠎ᠠ ᠨᠡᠮᠡᠭᠳᠡᠬᠦᠯᠵᠦ᠂ ᠤᠯᠤᠰ ᠤᠨ ᠲᠠᠷᠢᠶᠠᠯᠠᠩ ᠮᠠᠯ ᠠᠵᠤ ᠠᠬᠤᠢ ᠬᠦᠳᠡᠭᠡ ᠲᠤᠰᠬᠤᠨ ᠤ ᠠᠵᠢᠯ ᠤᠨ ᠶᠠᠮᠤᠨ ᠤ ᠮᠠᠯ ᠲᠡᠵᠢᠬᠡᠪᠤᠷᠢ ᠶᠢᠨ ᠪᠠᠷᠢᠮᠵᠢᠶᠠᠵᠢᠭᠰᠠᠨ ᠲᠡᠵᠢᠬᠡᠪᠤᠷᠢ ᠶᠢᠨ ᠲᠠᠯᠠᠪᠠᠢ ᠪᠠᠷ ᠦᠨᠡᠯᠡᠭᠳᠡᠭᠰᠡᠨ ᠪᠦᠬᠡᠳ 2019 ᠤᠨ ᠤ ᠪᠡᠭᠡᠵᠢᠩ ᠤᠨ ᠲᠡᠯᠡᠬᠡᠢ ᠶᠢᠨ ᠦᠵᠡᠰᠬᠦᠯᠡᠩ ᠤᠨ ᠬᠤᠷᠠᠯ᠂ 2022 ᠤᠨ ᠤ ᠪᠡᠭᠡᠵᠢᠩ ᠤᠨ ᠡᠪᠤᠯ ᠤᠨ ᠤᠯᠠᠷᠢᠯ  ᠤᠨ ᠤᠯᠢᠮᠫᠢᠺ ᠤᠨ ᠤᠯᠠᠭᠠᠨ ᠢᠳᠡᠬᠡᠨ ᠢ ᠬᠠᠩᠭᠠᠭᠴᠢ ᠠᠵᠦ ᠠᠬᠤᠶᠢᠯᠠᠯ ᠪᠤᠯᠤᠭᠰᠠᠨ ᠪᠠᠶᠢᠨ᠎ᠠ᠃ ᠲᠡᠷᠢᠮᠠᠯ ᠤᠨ ᠲᠠᠯᠠᠪᠠᠢ 37.7 ᠲᠦᠮᠡᠨ ᠮᠤ᠋ ᠪᠠᠨ ᠪᠠᠳᠤᠯᠠᠵᠦ᠂ ᠡᠭᠦᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 19.8 ᠲᠥᠮᠡᠨ ᠮᠦ ᠳᠤ ᠬᠦᠷᠴᠠᠢ᠃ ᠰᠢᠨ᠎ᠡ ᠬᠡᠯᠪᠡᠷᠢ ᠶᠢᠨ ᠠᠵᠦ ᠦᠢᠯᠡᠳᠪᠤᠷᠢ ᠶᠢᠨ ᠠᠩᠬ᠎ᠠ ᠠᠯᠬᠤᠮ ᠤᠨ ᠬᠡᠪᠴᠢᠶ᠎ᠠ ᠪᠦᠷᠢᠯᠳᠦᠵᠦ᠂ ᠴᠠᠬᠢᠯᠭᠠᠨ ᠬᠦᠴᠦᠨ ᠤ ᠡᠬᠢ ᠪᠠᠶᠠᠯᠢᠭ ᠤᠨ ᠠᠵᠦ ᠦᠢᠯᠡᠰ ᠲᠤᠭᠳᠠᠭᠤᠨ ᠢᠶᠠᠷ ᠰᠢᠯᠢᠳᠡᠭᠵᠢᠵᠦ᠂ ᠪᠦᠬᠦ ᠵᠢᠯ ᠳᠤ ᠴᠠᠬᠢᠯᠭᠠᠨ ᠬᠦᠴᠦᠨ  ᠤ ᠡᠬᠢ ᠪᠠᠶᠠᠯᠢᠭ ᠤᠨ ᠠᠵᠦ ᠠᠬᠤᠶᠢᠯᠠᠯ ᠨᠠᠶᠢᠳᠠ 177.05 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠪᠠ᠂ ᠡᠬᠦᠨ ᠳᠤ ᠱᠠᠩᠳᠤ ᠴᠠᠬᠢᠯᠭᠠᠨ ᠭᠠᠷᠭᠠᠬᠤ ᠦᠢᠯᠡᠳᠪᠤᠷᠢ 168.61 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠵᠦ᠂ ᠲᠤᠯᠤᠭᠠᠨ ᠡᠷᠦᠬᠡ ᠰᠢᠨ᠎ᠡ ᠡᠨᠧᠷᠬᠢ ᠶᠢᠨ ᠠᠵᠦ ᠠᠬᠤᠶᠢᠯᠠᠯ 8.44 ᠳ᠋ᠦᠩᠰᠢᠭᠤᠷ ᠭᠷᠡᠳᠦ᠋ᠰ ᠴᠠᠬᠢᠯᠭᠠᠨ ᠭᠠᠷᠭᠠᠭᠰᠠᠨ ᠪᠠᠶᠢᠨ᠎ᠠ᠃ ᠰᠢᠨ ᠹᠧᠩ᠂ ᠬᠤᠸᠠᠨ ᠳ᠋ᠢᠶᠠᠨ ᠤ ᠠᠭᠤᠳᠠᠮ ᠲᠤᠬᠤᠢ᠂ 10 ᠲᠦᠮᠡᠨ ᠺᠢᠯᠤᠸᠠᠲ ᠤᠨ ᠤᠨᠴᠠ ᠦᠨᠳᠦᠷ ᠬᠦᠴᠦᠳᠡᠯᠳᠦ ᠴᠠᠬᠢᠯᠭᠠᠨ ᠢ ᠭᠠᠳᠠᠭᠰᠢ ᠲᠠᠮᠵᠢᠭᠤᠯᠬᠤ ᠬᠤᠶᠠᠷ ᠲᠦᠷᠦᠯ ᠵᠦᠢᠯ ᠪᠠ 500 ᠺᠢᠯᠤᠸᠤᠯᠲ ᠤᠨ ᠬᠤᠷᠠᠮᠳᠤᠯ ᠤᠨ ᠦᠷᠳᠡᠬᠡᠨ  ᠤ ᠲᠦᠷᠦᠯ ᠵᠦᠢᠯ ᠵᠢᠴᠢ ᠢᠵᠢ ᠪᠦᠷᠢᠳᠦᠭᠰᠡᠨ ᠵᠠᠮ ᠱᠤᠭᠤᠮ ᠤᠨ ᠢᠨᠵᠧᠨᠧᠷᠢᠩ ᠢ ᠲᠤᠰ ᠵᠢᠯ ᠳᠤ ᠪᠠᠶᠢᠭᠤᠯᠵᠦ ᠡᠬᠢᠯᠡᠪᠡ᠃ ᠰᠢᠨ᠎ᠠ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠡᠯ ᠤᠨ ᠠᠵᠦ ᠦᠢᠯᠡᠰ ᠠᠯᠭᠤᠷ ᠢᠶᠠᠷ ᠬᠡᠪᠴᠢᠶᠡᠵᠢᠵᠦ᠂ ᠰᠢᠨ ᠫᠧᠩ ᠪᠠᠷᠢᠯᠭ᠎ᠠ ᠶᠢᠨ ᠮᠠᠲ᠋ᠧᠷᠢᠶᠠᠯ᠂ ᠹᠦ᠋ ᠶᠠᠩ ᠵᠤᠭᠠᠩ ᠤᠨ ᠦᠢᠯᠡᠰ ᠵᠡᠷᠬᠡ ᠲᠦᠷᠦᠯ ᠵᠦᠢᠯ ᠠᠬᠢᠯᠳᠠ ᠲᠠᠢ ᠪᠠᠶᠢᠵᠦ᠂ ᠬᠤᠸᠠ ᠰᠢᠨ ᠰᠢᠨᠡᠳᠴᠦ ᠪᠤᠯᠬᠤ ᠡᠬᠢ ᠪᠠᠶᠠᠯᠢᠭ ᠢ ᠠᠰᠢᠭᠯᠠᠬᠤ᠂ ᠰᠢᠶᠡᠩ ᠱᠧᠩ ᠪᠠᠷᠢᠯᠭ᠎ᠠ ᠶᠢᠨ ᠮᠠᠲ᠋ᠧᠷᠢᠶᠠᠯ᠂ ᠵᠦᠩ ᠱᠧᠩ ᠭᠤᠸᠠᠩ ᠲᠠᠢ ᠨᠡᠬᠦᠷᠡᠰᠦᠨ ᠨᠤᠨᠳᠠᠭ ᠤᠨ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠭᠠᠷ ᠬᠦᠢᠴᠡᠳᠬᠡᠯ ᠢ ᠬᠦᠢᠴᠡᠳᠬᠡᠪᠡ᠃ ᠡᠬᠦᠨ ᠳᠤ ᠹᠦ᠋ ᠶᠠᠩ ᠵᠤᠭᠠᠩ ᠤᠨ ᠦᠢᠯᠡᠰ ᠨᠢ ᠬᠤᠸᠠ ᠰᠢ ᠲᠡᠮᠳᠡᠭᠳᠦ ᠶᠢᠨ ᠺᠤᠮᠫᠠᠨᠢ ᠯᠤᠭ᠎ᠠ ︽ᠰᠢᠨ᠎ᠠ ᠭᠤᠷᠪᠠᠳᠤᠭᠠᠷ ᠲᠠᠪᠴᠠᠩ︾ ᠳᠤ ᠭᠠᠷᠬᠤ ᠵᠢᠯᠤᠭᠤᠳᠤᠯᠭ᠎ᠠ ᠶᠢᠨ ᠴᠢᠨᠡᠷᠳᠡᠢ ᠬᠡᠷ᠎ᠡ ᠶᠢ ᠲᠤᠭᠳᠠᠪᠠ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠦ ᠦᠢᠯᠡᠰ ᠦᠷᠬᠦᠯᠵᠢᠯᠡᠨ ᠬᠦᠭᠵᠢᠵᠦ᠂ ᠰᠢᠨ ᠫᠧᠩ ᠪᠠᠷᠢᠯᠭ᠎ᠠ ᠶᠢᠨ ᠮᠠᠲ᠋ᠧᠷᠢᠶᠠᠯ᠂ ᠱᠠᠨ ᠬᠠᠢ ᠨᠡᠬᠦᠷᠡᠰᠦᠨ ᠨᠤᠨᠳᠠᠭ᠂ ᠱᠠᠩᠳᠤ ᠴᠠᠬᠢᠯᠭᠠᠨ ᠦᠢᠯᠡᠳᠪᠤᠷᠢ ᠠᠴᠠ ᠲᠤᠯᠠᠭᠠᠯᠭ᠎ᠠ ᠬᠠᠩᠭᠠᠬᠤ᠂ ᠰᠢᠶᠡᠩ ᠱᠧᠩ ᠪᠠᠷᠢᠯᠭ᠎ᠠ ᠶᠢᠨ ᠮᠠᠲ᠋ᠧᠷᠢᠶᠠᠯ ᠵᠡᠷᠬᠡ ᠲᠦᠷᠦᠯ ᠵᠦᠢᠯ ᠢ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠲᠤᠰᠬᠠᠢ ᠲᠦᠷᠦᠯ ᠵᠦᠢᠯ ᠤᠨ ᠬᠦᠮᠦᠷᠬᠡ ᠳᠤ ᠤᠷᠤᠭᠤᠯᠪᠠ᠃ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠲᠠᠰᠤᠷᠠᠯᠳᠠ ᠦᠬᠡᠢ ᠲᠡᠬᠦᠯᠳᠡᠷᠵᠢᠵᠦ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠤᠯᠠᠮ ᠰᠢᠯᠢᠳᠡᠭᠵᠢᠵᠦ ︽ᠰᠢᠯᠤᠭᠤᠨ ᠬᠦᠬᠡ ᠬᠤᠰᠢᠭᠤᠨ  ᠤ ︿ᠮᠠᠯᠴᠢᠨ ᠠᠶᠢᠯ﹀ ᠵᠢᠭᠤᠯᠴᠢᠯᠠᠯ ᠤᠨ ᠭᠠᠵᠠᠷ ᠤᠨ ᠪᠠᠶᠢᠭᠤᠯᠤᠯᠳᠠ ᠶᠢᠨ ᠲᠦᠷᠢᠮᠵᠢᠯ︾᠂ ︽ᠰᠢᠯᠤᠭᠤᠨ ᠬᠦᠬᠡ ᠬᠤᠰᠢᠭᠤᠨ ᠤ ︿ᠮᠠᠯᠴᠢᠨ ᠠᠶᠢᠯ﹀ ᠵᠢᠭᠤᠯᠴᠢᠯᠠᠯ ᠤᠨ ᠭᠠᠵᠠᠷ ᠤᠨ ᠡᠵᠡᠩᠨᠡᠯᠳᠡ ᠦᠢᠯᠡᠴᠢᠯᠡᠬᠡᠨ ᠤ ᠲᠦᠷᠢᠮᠵᠢᠯ ︵ᠲᠤᠷᠰᠢᠨ ᠬᠡᠷᠡᠭᠵᠢᠬᠦᠯᠬᠦ︶︾ ᠢ ᠲᠤᠭᠳᠠᠭᠠᠨ ᠬᠡᠷᠡᠭᠵᠢᠬᠦᠯᠵᠦ᠂ ᠲᠠᠯ᠎ᠠ ᠨᠤᠳᠤᠭ ᠤᠨ ᠵᠢᠭᠤᠯᠴᠢᠯᠠᠯ ᠤᠨ ᠵᠦᠢᠯ ᠢ ᠬᠢᠨᠠᠨ ᠵᠦᠪᠰᠢᠶᠡᠷᠡᠬᠦ᠂ ᠬᠠᠮᠢᠶᠠᠷᠬᠤ᠂ ᠲᠦᠷᠢᠮ ᠢ ᠵᠦᠷᠢᠴᠡᠨ ᠪᠠᠶᠢᠭᠤᠯᠤᠭᠰᠠᠨ ᠵᠢᠭᠤᠯᠴᠢᠯᠠᠯ ᠤᠨ ᠴᠡᠭ ᠢ ᠴᠡᠭᠴᠡᠯᠡᠬᠦ ᠠᠵᠢᠯ ᠪᠦᠬᠦ ᠲᠠᠯ᠎ᠠ ᠪᠠᠷ ᠴᠢᠩᠭᠠᠷᠠᠵᠦ᠂ ᠲᠦᠷᠢᠮ ᠢ ᠵᠦᠷᠢᠴᠡᠨ ᠪᠠᠶᠢᠭᠤᠯᠤᠭᠰᠠᠨ 400 ᠭᠠᠷᠤᠢ ᠮᠤᠩᠭᠤᠯ ᠬᠡᠷ ᠢ ᠨᠤᠷᠠᠭᠠᠪᠠ᠃ ᠵᠢᠭᠤᠯᠴᠢᠯᠠᠯ ᠤᠨ ᠵᠠᠬ᠎ᠠ ᠲᠡᠯᠬᠡᠬᠦᠷ ᠡᠷᠡᠬᠦᠯ ᠢᠶᠠᠷ ᠬᠦᠭᠵᠢᠵᠦ᠂ ᠪᠦᠬᠦ ᠬᠤᠰᠢᠭᠤᠨ ᠤ ︽ᠮᠠᠯᠴᠢᠨ ᠠᠶᠢᠯ︾ ᠵᠢᠭᠤᠯᠴᠢᠯᠠᠯ ᠤᠨ ᠭᠠᠵᠠᠷ 310 ᠡᠷᠦᠬᠡ ᠪᠠᠶᠢᠵᠦ᠂ ᠬᠤᠨᠤᠭ ᠪᠠᠭᠤᠴᠠ ᠶᠢᠨ ᠠᠵᠦ ᠠᠬᠤᠶᠢᠯᠠᠯ 186 ᠡᠷᠦᠬᠡ ᠳᠤ ᠬᠦᠷᠴᠦ᠂ ᠡᠳᠦᠷ ᠲᠤ ᠬᠠᠮᠤᠭ ᠠᠷᠪᠢᠨ  ᠳᠠᠭᠠᠨ 1.84 ᠲᠦᠮᠡᠨ ᠤᠷᠤ ᠬᠠᠩᠭᠠᠵᠦ ᠲᠠᠶᠢᠯᠦᠨ᠎ᠠ᠃ ᠲᠤᠰ ᠵᠢᠯ ᠳᠤ ᠤᠯᠤᠰ ᠤᠨ ᠲᠤᠳᠤᠨ᠎ᠠ ᠭᠠᠳᠠᠨ᠎ᠠ ᠶᠢᠨ ᠨᠠᠶᠢᠳᠠ 114 ᠲᠦᠮᠡᠨ ᠬᠦᠮᠦᠨ ᠤᠳᠠᠭ᠎ᠠ ᠶᠢᠨ ᠵᠢᠭᠤᠯᠴᠢᠨ ᠢ ᠬᠦᠯᠢᠶᠡᠨ ᠵᠤᠴᠢᠯᠠᠵᠦ᠂ 7.35 ᠳ᠋ᠦᠩᠰᠢᠭᠤᠷ ᠲᠦᠬᠦᠷᠢᠭ ᠤᠨ ᠬᠠᠮᠢᠶ᠎ᠠ ᠪᠦᠬᠦᠢ ᠤᠷᠤᠯᠭ᠎ᠠ ᠶᠢ ᠡᠬᠦᠳᠴᠠᠢ᠃ ᠰᠤᠶᠤᠯ ᠵᠢᠭᠤᠯᠴᠢᠯᠠᠯ ᠤᠨ ᠠᠵᠦ ᠦᠢᠯᠡᠰ ᠲᠡᠬᠦᠯᠳᠡᠷᠵᠢᠨ ᠬᠦᠭᠵᠢᠵᠦ᠂ ᠠᠶᠢᠮᠠᠭ ᠤᠨ ᠶᠤᠸᠠᠨ ᠤ ᠲᠡᠭᠡᠳᠦ ᠨᠠᠶᠢᠰᠯᠠᠯ ᠤᠨ ᠰᠤᠶᠤᠯ ᠤᠨ ᠦᠪ ᠤᠨ ᠬᠠᠮᠢᠶᠠᠷᠤᠯᠳᠠ ᠶᠢᠨ ᠲᠤᠪᠴᠢᠶ᠎ᠠ ᠲᠠᠢ ᠨᠢᠭᠳᠠ ᠬᠠᠮᠵᠢᠯᠴᠠᠵᠦ᠂ ᠶᠤᠸᠠᠨ ᠤ ᠲᠡᠭᠡᠳᠦ ᠨᠠᠶᠢᠰᠯᠠᠯ ᠤᠨ ᠪᠠᠭᠤᠷᠢ ᠶᠢ ᠤᠯᠤᠰ ᠤᠨ 5A ᠲᠡᠰ ᠤᠨ ᠦᠵᠡᠮᠵᠢ ᠶᠢᠨ ᠤᠷᠤᠨ ᠪᠤᠯᠭᠠᠬᠤ ᠠᠵᠢᠯ ᠢ ᠠᠬᠢᠭᠤᠯᠵᠦ᠂ ︽ᠰᠢᠯᠤᠭᠤᠨ ᠬᠦᠬᠡ ᠬᠤᠰᠢᠭᠤᠨ ᠤ ᠰᠤᠶᠤᠯ ᠵᠢᠭᠤᠯᠴᠢᠯᠠᠯ ᠤᠨ ᠠᠵᠦ ᠦᠢᠯᠡᠰ ᠤᠨ ᠬᠦᠭᠵᠢᠯᠳᠡ ᠶᠢᠨ ᠶᠡᠷᠤᠩᠬᠡᠢ ᠲᠦᠯᠦᠪᠯᠡᠭᠡ︾ ᠶᠢ ᠨᠠᠶᠢᠷᠠᠭᠤᠯᠤᠨ ᠲᠤᠭᠳᠠᠭᠠᠪᠠ᠃ ᠡᠯᠧᠺᠲᠷᠤᠨ ᠬᠤᠳᠠᠯᠳᠤᠭᠠᠨ ᠤ ᠦᠢᠯᠡᠰ ᠡᠮᠬᠢ ᠴᠡᠭᠴᠡ ᠲᠠᠢ ᠬᠦᠭᠵᠢᠵᠦ᠂ ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠲᠦᠪ᠂ ᠪᠤᠳᠠᠰ ᠤᠨ ᠬᠦᠢᠯᠬᠡᠬᠡᠨ ᠤ ᠲᠤᠬᠢᠷᠠᠭᠤᠯᠤᠯᠳᠠ ᠶᠢᠨ ᠲᠦᠪ ᠢ ᠲᠤᠰᠪᠤᠷᠢ ᠨᠢᠬᠡ ᠶᠢ ᠪᠠᠶᠢᠭᠤᠯᠵᠦ᠂ ᠦᠨᠳᠦᠰᠦᠨ ᠱᠠᠳᠤᠨ ᠳᠠᠬᠢ ᠡᠯᠧᠺᠲᠷᠤᠨ ᠬᠤᠳᠠᠯᠳᠤᠭᠠᠨ ᠤ 60 ᠡᠷᠦᠬᠡ ᠦᠢᠯᠡᠴᠢᠯᠡᠬᠡᠨ ᠤ ᠴᠡᠭ ᠢ ᠲᠡᠰ ᠲᠡᠪᠰᠢᠬᠦᠯᠦᠨ ᠦᠬᠡᠷᠡᠴᠢᠯᠡᠪᠡ᠃ ᠲᠦᠷᠦᠯ ᠵᠦᠢᠯ ᠤᠨ ᠪᠠᠶᠢᠭᠤᠯᠤᠯᠳᠠ ᠲᠤᠭᠳᠠᠭᠤᠨ ᠠᠬᠢᠯᠳᠠ ᠲᠠᠢ ᠪᠠᠶᠢᠵᠦ᠂ ᠲᠤᠰ ᠵᠢᠯ ᠳᠤ 91 ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠲᠠᠩᠰᠠᠯᠠᠵᠦ᠂ ᠤᠯᠤᠰ ᠪᠠ ᠦᠪᠡᠷᠳᠡᠬᠡᠨ ᠵᠠᠰᠠᠬᠤ ᠤᠷᠤᠨ ᠤ ︽ᠠᠷᠪᠠᠨ ᠲᠦᠷᠪᠡᠳᠦᠬᠡᠷ ᠲᠠᠪᠤᠨ ᠵᠢᠯ︾ ᠤᠨ ᠲᠦᠯᠦᠪᠯᠡᠭᠡ  ᠳᠠᠬᠢ ᠴᠢᠬᠤᠯᠠ ᠲᠦᠷᠦᠯ ᠵᠦᠢᠯ᠂ ᠴᠢᠬᠤᠯᠠ ᠢᠨᠵᠧᠨᠧᠷᠢᠩ ᠳᠤ 35 ᠲᠦᠷᠦᠯ ᠵᠦᠢᠯ ᠢ ᠤᠷᠤᠭᠤᠯᠬᠤ ᠪᠠᠷ ᠲᠦᠰᠦᠪᠯᠡᠵᠦ᠂ 17 ᠲᠦᠷᠦᠯ ᠵᠦᠢᠯ ᠢ ᠭᠤᠤᠯᠳᠠᠯᠭ᠎ᠠ ᠲᠠᠢ ᠪᠦᠳᠦᠬᠡᠨ ᠪᠠᠶᠢᠭᠤᠯᠬᠤ ᠪᠠᠷ ᠲᠦᠰᠦᠪᠯᠡᠵᠦ᠂ ᠡᠬᠦᠨ ᠳᠤ ᠠᠶᠢᠮᠠᠭ ᠤᠨ ᠲᠡᠰ  ᠤᠨ 8 ᠭᠤᠤᠯᠳᠠᠯᠭ᠎ᠠ ᠲᠠᠢ ᠲᠦᠷᠦᠯ ᠵᠦᠢᠯ ᠪᠦᠬᠦᠨ ᠢᠶᠠᠷ ᠢᠶᠠᠨ ᠠᠵᠢᠯ ᠢᠶᠠᠨ ᠡᠬᠢᠯᠡᠬᠦᠯᠪᠡ᠃ ᠰᠢᠨ᠎ᠠ ᠪᠠᠷ ᠪᠠᠶᠢᠭᠤᠯᠬᠤ ᠠᠷᠠᠳ ᠤᠨ ᠬᠡᠷᠡᠭᠯᠡᠬᠡᠨ ᠤ ᠨᠢᠰᠬᠡᠯ ᠤᠨ ᠲᠠᠯᠠᠪᠠᠢ ᠶᠢᠨ ᠲᠦᠷᠦᠯ ᠵᠦᠢᠯ ᠴᠡᠷᠢᠭ ᠤᠨ ᠪᠠ ᠤᠷᠤᠨ ᠨᠤᠳᠤᠭ ᠤᠨ ᠵᠦᠪᠳᠡᠯᠴᠡᠬᠡᠷ ︵ᠨᠤᠤᠷᠠᠭ︶ ᠨᠢ ᠲᠦᠪ ᠤᠨ ᠴᠡᠷᠢᠭ ᠤᠨ ᠶᠠᠪᠤᠳᠠᠯ ᠤᠨ ᠵᠦᠪᠰᠢᠶᠡᠷᠡᠯ ᠢ ᠤᠯᠵᠦ᠂ ᠲᠤᠮᠳᠠᠳᠤ ᠤᠯᠤᠰ ᠤᠨ ᠠᠷᠠᠳ ᠤᠨ ᠴᠢᠯᠦᠬᠡᠯᠡᠬᠦ ᠴᠡᠷᠢᠭ ᠤᠨ ᠬᠤᠯᠪᠤᠭᠠᠳᠤ ᠱᠲ᠋ᠠᠪ ᠤᠨ ᠭᠠᠵᠠᠷ ᠲᠤ ᠬᠦᠷᠦᠭᠰᠡᠨ ᠪᠠᠶᠢᠨ᠎ᠠ᠃ ᠲᠠᠶᠢᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠤᠷ ᠵᠠᠮ ᠤᠨ ᠰᠠᠩ ᠤᠨ ᠲᠠᠯᠠᠢ ᠶᠢᠨ ᠬᠤᠶᠢᠳᠦ ᠦᠷᠳᠡᠭᠡ ᠶᠢ ᠪᠠᠶᠢᠭᠤᠯᠬᠤ ᠶᠠᠪᠤᠳᠠᠯ ᠨᠢ ᠲᠤᠮᠳᠠᠳᠤ ᠤᠯᠤᠰ ᠤᠨ ᠲᠠᠮᠤᠷ ᠵᠠᠮ ᠤᠨ ᠶᠡᠷᠤᠩᠬᠡᠢ ᠺᠤᠮᠫᠠᠨᠢ ᠶᠢᠨ ᠠᠩᠬᠠᠨ ᠤ ᠵᠦᠪᠰᠢᠶᠡᠷᠡᠯ ᠢ ᠤᠯᠵᠦ᠂ ᠪᠠᠶᠢᠴᠠᠭᠠᠨ ᠬᠡᠮᠵᠢᠯᠳᠠ ᠶᠢᠨ ᠱᠠᠳᠤᠨ ᠳᠤ ᠪᠠᠨ ᠤᠷᠤᠭᠠᠳ ᠪᠠᠶᠢᠨ᠎ᠠ᠃          ︵ᠬᠤᠶᠠᠷ︶ ᠨᠡᠶᠢᠬᠡᠮ᠂ ᠠᠷᠠᠳ ᠤᠨ ᠠᠮᠢᠳᠤᠷᠠᠯ ᠤᠨ ᠦᠢᠯᠡᠴᠢᠯᠡᠬᠡᠨ ᠤ ᠬᠢᠷᠢ ᠲᠦᠪᠰᠢᠨ ᠤᠯᠠᠮ ᠲᠡᠭᠡᠭᠰᠢᠯᠡᠪᠡ ᠃ ᠲᠦᠪ ᠤᠨ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠢᠨᠵᠧᠨᠧᠷᠢᠩ ᠤᠨ ᠲᠤᠰᠬᠠᠢ ᠴᠠᠭᠳᠠᠨ ᠪᠠᠶᠢᠴᠠᠭᠠᠯᠳᠠ ᠪᠠ ᠤᠯᠤᠰ᠂ ᠦᠪᠡᠷᠳᠡᠬᠡᠨ ᠵᠠᠰᠠᠬᠤ ᠤᠷᠤᠨ ᠤ ᠦᠷ᠎ᠠ ᠪᠦᠳᠦᠮᠵᠢᠳᠦ ᠬᠢᠨᠠᠨ ᠲᠤᠭᠳᠠᠭᠠᠯᠳᠠ ᠶᠢᠨ ᠲᠤᠭᠤᠶᠢᠯᠠᠩ ᠠᠴᠠ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠲᠠᠭᠤᠰᠬᠠᠵᠦ᠂ ︽ᠠᠷᠪᠠᠨ ᠵᠦᠢᠯ ᠢ ᠪᠠᠷᠢᠮᠵᠢᠶᠠᠨ ᠳᠤ ᠬᠦᠷᠬᠡᠬᠦ︾ ᠠᠵᠢᠯ ᠵᠢᠴᠢ ︽ᠶᠡᠭᠡ ᠪᠠᠶᠢᠴᠠᠭᠠᠨ ᠴᠡᠭᠴᠡᠯᠡᠯᠳᠡ︾ ᠶᠢᠨ ᠡᠬᠦᠷᠬᠡ ᠶᠢ ᠪᠦᠬᠦᠨ ᠢ ᠪᠡᠶᠡᠯᠡᠬᠦᠯᠦᠨ᠂ 2420 ᠭᠠᠷᠤᠢ ᠲᠦᠮᠡᠨ ᠲᠦᠬᠦᠷᠢᠭ ᠤᠨ ᠪᠡᠯᠡ ᠤᠷᠤᠭᠤᠯᠵᠦ ᠶᠠᠳᠠᠭᠤ ᠠᠴᠠ ᠠᠩᠬᠢᠵᠢᠷᠠᠭᠤᠯᠤᠭᠰᠠᠨ ᠢᠨᠵᠧᠨᠧᠷᠢᠩ ᠤᠨ ᠠᠵᠢᠯ ᠤᠨ ᠦᠷ᠎ᠠ ᠪᠦᠳᠦᠮᠵᠢ ᠶᠢ ᠪᠠᠬᠢᠵᠡᠬᠦᠯᠵᠦ᠂ 6 ᠡᠷᠦᠬᠡ ᠠᠵᠢᠯ ᠤᠯᠭᠤᠯᠳᠠ ᠪᠠᠷ ᠶᠠᠳᠠᠭᠤ ᠶᠢ ᠲᠡᠳᠬᠦᠬᠦ ᠠᠵᠢᠯ ᠤᠨ ᠲᠠᠰᠤᠭ ᠨᠢ ᠶᠠᠳᠠᠭᠤ ᠬᠦᠴᠢᠷᠳᠡᠢ 100 ᠬᠦᠮᠦᠨ ᠳᠤ ᠠᠵᠢᠯ ᠤᠯᠭᠤᠨ᠂ ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠡᠷᠦᠬᠡ ᠶᠢᠨ ᠲᠠᠭᠠᠳᠬᠠᠯ ᠳᠤ ᠤᠷᠤᠭᠰᠠᠨ ᠨᠤᠷᠮ᠎ᠠ ᠨᠢ 100% ᠳᠤ ᠬᠦᠷᠴᠦ᠂ ᠤᠨ ᠤ ᠶᠠᠳᠠᠭᠤᠷᠠᠯᠳᠠ ᠶᠢᠨ ᠨᠤᠷᠮ᠎ᠠ ᠨᠢ 0.03% ᠪᠤᠯᠵᠦ ᠪᠠᠭᠤᠷᠠᠪᠠ᠃ ᠶᠠᠳᠠᠭᠤ ᠠᠴᠠ ᠠᠩᠬᠢᠵᠢᠷᠠᠭᠰᠠᠨ ᠬᠦᠮᠦᠰ ᠪᠦᠬᠦᠨ ᠢᠶᠠᠷ ᠢᠶᠠᠨ ︽ᠬᠤᠶᠠᠷ ᠵᠦᠢᠯ ᠳᠤ ᠵᠤᠪᠠᠭ᠋ᠤ ᠦᠬᠡᠢ ᠂ ᠭᠤᠷᠪᠠᠨ ᠵᠦᠢᠯ ᠢ ᠪᠠᠳᠤᠯᠠᠬᠤ᠂ ᠨᠢᠬᠡ ᠪᠠᠷᠢᠮᠵᠢᠶᠠᠨ ᠠᠴᠠ ᠦᠨᠳᠦᠷ ᠪᠠᠶᠢᠬᠤ︾ ᠬᠠᠷᠠᠯᠳᠠ ᠶᠢ ᠪᠡᠶᠡᠯᠡᠬᠦᠯᠵᠦ ᠴᠢᠳᠠᠪᠠ᠃ ᠡᠯ᠎ᠠ ᠲᠦᠷᠦᠯ ᠤᠨ ᠡᠯ᠎ᠠ ᠱᠠᠳᠤᠨ ᠤ 100 ᠬᠦᠮᠦᠨ ᠮᠡᠷᠬᠡᠵᠢᠯ ᠤᠨ ᠴᠤᠯᠠ ᠡᠷᠡᠮᠡᠯᠵᠡᠯᠡᠵᠦ᠂ 306 ᠮᠡᠷᠬᠡᠵᠢᠯ ᠤᠨ ᠴᠤᠯᠠᠳᠠᠨ ᠢ ᠤᠷᠢᠨ ᠬᠡᠷᠡᠭᠯᠡᠵᠦ᠂ 220 ᠨᠡᠷ᠎ᠡ ᠡᠯ᠎ᠠ ᠲᠦᠷᠦᠯ ᠤᠨ ᠴᠢᠳᠠᠪᠤᠷᠢᠳᠠᠨ ᠢ ᠤᠷᠢᠨ ᠡᠯᠰᠡᠵᠦ᠂ ᠲᠦᠪᠬᠢᠨᠡᠬᠦᠯᠦᠭᠰᠡᠨ ᠪᠦᠬᠡᠳ ᠪᠦᠬᠦ ᠠᠶᠢᠮᠠᠭ ᠲᠤ ᠲᠡᠷᠢᠬᠦᠯᠡᠨ 103 ᠨᠡᠷ᠎ᠡ    ︽ᠭᠤᠷᠪᠠᠨ ᠲᠦᠷᠦᠯ ᠤᠨ ᠬᠦᠮᠦᠰ︾ ᠲᠤ ᠠᠵᠢᠯ ᠤᠯᠭᠤᠨ ᠲᠦᠪᠬᠢᠨᠡᠬᠦᠯᠬᠦ ᠠᠵᠢᠯ ᠢ ᠪᠡᠶᠡᠯᠡᠬᠦᠯᠦᠭᠰᠡᠨ ᠪᠠᠶᠢᠨ᠎ᠠ᠃ 4520 ᠠᠵᠢᠯ ᠤᠨ ᠪᠠᠶᠢᠷᠢ ᠴᠤᠭᠯᠠᠭᠤᠯᠤᠨ ᠬᠤᠳᠠ ᠪᠠᠯᠭᠠᠰᠤᠨ ᠤ 1244 ᠬᠦᠮᠦᠨ ᠳᠤ ᠰᠢᠨ᠎ᠠ ᠪᠠᠷ ᠠᠵᠢᠯ ᠤᠯᠭᠤᠨ᠂ 5053 ᠮᠠᠯᠴᠢᠨ ᠲᠠᠷᠢᠶᠠᠴᠢᠨ ᠬᠦᠳᠡᠯᠮᠦᠷᠢ ᠬᠦᠴᠦ ᠶᠢ ᠰᠢᠯᠵᠢᠬᠦᠯᠦᠨ ᠠᠵᠢᠯ ᠤᠯᠭᠤᠵᠦ᠂ ᠠᠵᠢᠯ ᠡᠬᠦᠷᠬᠡ ᠪᠠᠨ ᠠᠮᠵᠢᠯᠳᠠ ᠲᠠᠢ ᠪᠡᠶᠡᠯᠡᠬᠦᠯᠵᠦ᠂ ᠬᠤᠳᠠ ᠪᠠᠯᠭᠠᠰᠤᠨ ᠤ ᠠᠵᠢᠯ ᠠᠯᠳᠠᠯᠳᠠ ᠶᠢᠨ ᠨᠤᠷᠮ᠎ᠠ ᠶᠢ 2.54% ᠲᠤᠳᠤᠷ᠎ᠠ ᠪᠠᠶᠢᠯᠭᠠᠬᠤ ᠶᠢ ᠪᠠᠳᠤᠯᠠᠪᠠ᠃ ᠵᠢᠭᠠᠰᠤᠳᠠᠢ ᠰᠤᠮᠤᠨ ᠤ ᠬᠡᠤᠬᠡᠳ  ᠤᠨ ᠴᠡᠴᠡᠷᠯᠢᠭ ᠵᠡᠷᠭᠡ ᠭᠤᠷᠪᠠᠨ ᠰᠠᠭᠤᠷᠢ ᠦᠨᠳᠦᠰᠦᠨ ᠱᠠᠳᠤᠨ ᠤ ᠴᠡᠴᠡᠷᠯᠢᠭ᠂ ᠮᠤᠩᠭᠤᠯ ᠦᠨᠳᠦᠰᠦᠳᠡᠨ ᠤ ᠪᠠᠭ᠎ᠠ ᠰᠤᠷᠭᠠᠭᠤᠯᠢ ᠵᠡᠷᠬᠡ 4 ᠰᠠᠭᠤᠷᠢ ᠵᠢᠭᠠᠨ ᠰᠤᠷᠭᠠᠯᠳᠠ ︵ᠶᠡᠷᠤᠩᠬᠡᠶᠢᠯᠡᠭᠰᠡᠨ︶ ᠶᠢᠨ ᠠᠰᠠᠷ ᠢ ᠪᠠᠶᠢᠭᠤᠯᠪᠠ᠃ ᠪᠤᠷᠤ ᠬᠡᠷ ᠤᠨ ᠲᠤᠭᠤᠷᠢᠭ ᠤᠨ 150 ᠡᠷᠦᠬᠡ ᠶᠢ ᠦᠬᠡᠷᠡᠴᠢᠯᠡᠵᠦ᠂ 91 ᠡᠷᠦᠬᠡ ᠶᠢᠨ ᠨᠤᠷᠠᠬᠤ ᠠᠶᠤᠯᠳᠠᠢ ᠬᠡᠷ ᠪᠠᠶᠢᠰᠢᠩ ᠢ ᠰᠢᠨᠡᠳᠬᠡᠪᠡ ᠃ ᠲᠤᠭᠳᠠᠮᠠᠯ ᠬᠦᠷᠦᠩᠬᠡ ᠶᠢᠨ ᠦᠮᠴᠢᠯᠠᠯ ︵ᠬᠡᠷᠡᠴᠢᠯᠡᠯ︶ ᠢ ᠨᠠᠶᠢᠳᠠ 10668 ᠬᠤᠪᠢ ᠲᠠᠷᠬᠠᠭᠠᠵᠦ᠂ 2044 ᠡᠷᠦᠬᠡ  ᠶᠢᠨ ᠲᠤᠭᠳᠠᠮᠠᠯ ᠬᠦᠷᠦᠩᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠤᠷᠢᠯᠡᠵᠦ᠂ ᠬᠦᠢᠴᠡᠳᠬᠡᠯᠳᠡ ᠶᠢᠨ ᠨᠤᠷᠮ᠎ᠠ ᠨᠢ 94%  ᠳᠤ ᠬᠦᠷᠴᠡᠢ᠃ ᠤᠷᠤᠨ ᠪᠦᠰᠡ ᠶᠢᠨ ᠴᠢᠨᠡᠷᠳᠡᠢ ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ ᠤᠨ ᠪᠠᠶᠢᠭᠤᠯᠤᠯᠳᠠ ᠠᠬᠢᠴᠠ ᠲᠠᠢ ᠪᠠᠶᠢᠵᠦ᠂ ᠠᠮᠤᠭᠤᠯᠠᠩ ᠨᠠᠰᠤᠳᠠᠳ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ᠂ ᠮᠧᠩ ᠯᠦᠩ ᠨᠠᠰᠤᠳᠠᠳ ᠤᠨ ᠠᠰᠠᠷᠠᠮᠵᠢ ᠶᠢᠨ ᠬᠦᠷᠢᠶᠡᠯᠡᠩ ᠨᠢ ᠡᠵᠡᠩᠨᠡᠯᠳᠡ ᠬᠢᠬᠦ ᠨᠦᠬᠦᠴᠡᠯ ᠳᠤ ᠬᠦᠷᠪᠡ᠃188.23 ᠺᠢᠯᠤᠮᠧᠲᠷ ᠤᠨ ᠬᠦᠳᠡᠭᠡ ᠲᠤᠰᠬᠤᠨ ᠤ ᠵᠠᠰᠠᠮᠠᠯ ᠵᠠᠮ ᠵᠠᠰᠠᠵᠦ᠂ 98.5 ᠺᠢᠯᠤᠮᠧᠲᠷ ᠤᠨ ᠵᠢᠭᠤᠯᠴᠢᠯᠠᠯ ᠤᠨ ᠵᠠᠰᠠᠮᠠᠯ ᠵᠠᠮ ᠤᠨ ᠬᠤᠶᠠᠷ ᠬᠦᠪᠡᠭᠡ ᠪᠠᠷ ᠲᠡᠮᠤᠷ ᠲᠤᠤᠷ ᠲᠠᠳᠠᠪᠠ︔ ᠡᠯ᠎ᠠ ᠲᠦᠷᠦᠯ ᠤᠨ ᠤᠰᠤᠨ ᠰᠤᠷᠪᠤᠯᠵᠢ ᠶᠢᠨ ᠬᠤᠳᠳᠤᠭ 82 ᠶᠢ ᠰᠢᠨ᠎ᠠ ᠪᠠᠷ ᠮᠠᠯᠳᠠᠵᠦ᠂ ᠮᠠᠯᠵᠢᠬᠤ ᠤᠷᠤᠨ ᠤ 1474 ᠡᠷᠦᠬᠡ ᠶᠢᠨ ᠵᠤᠷᠯᠤᠩ ᠢ ᠦᠬᠡᠷᠡᠴᠢᠯᠡᠪᠡ︔ 21 ᠭᠠᠴᠠᠭᠠᠨ ᠳᠤ 4G ᠲᠤᠬᠢᠶᠠᠨ ᠰᠤᠪᠤᠷᠭ᠎ᠠ ᠪᠠᠶᠢᠭᠤᠯᠵᠦ᠂ ᠬᠡᠷᠡᠭᠯᠡᠯᠳᠡ ᠳᠤ ᠤᠷᠤᠭᠤᠯᠵᠦ᠂ 3420 ᠡᠷᠦᠬᠡ ᠶᠢᠨ 8215 ᠬᠦᠮᠦᠨ ᠳᠤ ᠠᠰᠢᠭ ᠬᠦᠷᠳᠡᠭᠡᠪᠡ᠃ ᠲᠤᠮᠳᠠᠳᠤ ᠤᠯᠤᠰ ᠤᠨ ᠮᠤᠩᠭᠤᠯ ᠬᠡᠯᠡᠨ ᠤ ᠪᠠᠷᠢᠮᠵᠢᠶ᠎ᠠ ᠠᠪᠢᠶ᠎ᠠ ᠲᠤᠭᠳᠠᠭᠠᠭᠳᠠᠭᠰᠠᠨ 40 ᠵᠢᠯ ᠤᠨ ᠤᠢ  ᠶᠢ ᠪᠡᠯᠬᠡᠯᠡᠬᠦ ᠰᠢᠷᠢᠰ ᠠᠵᠢᠯᠯᠠᠭ᠎ᠠ ᠶᠢ ᠠᠮᠵᠢᠯᠳᠠ ᠲᠠᠢ ᠡᠷᠬᠢᠯᠡᠨ ᠶᠠᠪᠤᠭᠳᠠᠭᠤᠯᠵᠦ᠂ ᠶᠤᠸᠠᠨ ᠤ ᠲᠡᠭᠡᠳᠦ ᠨᠠᠶᠢᠰᠯᠠᠯ ︽ᠬᠦᠶᠦᠭᠴᠢ︾ ᠤᠯᠠᠨ ᠤᠯᠤᠰ ᠤᠨ ᠬᠤᠯᠠ ᠬᠦᠶᠦᠯᠳᠡ ᠶᠢᠨ ᠤᠷᠤᠯᠳᠤᠭᠠᠨ ᠵᠡᠷᠬᠡ ᠤᠯᠠᠨ ᠲᠦᠷᠦᠯ ᠤᠨ ᠰᠤᠶᠤᠯ ᠲᠠᠮᠢᠷ  ᠤᠨ ᠠᠵᠢᠯᠯᠠᠭ᠎ᠠ ᠶᠢ ᠡᠷᠬᠢᠯᠡᠪᠡ᠃ ᠤᠯᠠᠭᠠᠨᠮᠦ᠋ᠴᠢᠷ ᠤᠨ ᠬᠢᠨ 28 ᠰᠢᠨ᠎ᠡ ᠪᠦᠳᠦᠬᠡᠯ ᠭᠠᠷᠭᠠᠵᠦ᠂ ᠨᠠᠶᠢᠳᠠ 133 ᠲᠠᠯᠠᠪᠤᠷ ᠲᠤᠭᠯᠠᠯᠳᠠ ᠭᠠᠷᠭᠠᠪᠠ᠂ ᠴᠠᠬᠠᠷ ᠤᠯᠠᠮᠵᠢᠯᠠᠯᠲᠤ ᠮᠤᠩᠭᠤᠯ ᠬᠤᠪᠴᠠᠰᠤ ᠵᠠᠰᠠᠯ ᠨᠢ ᠪᠡᠭᠡᠵᠢᠩ ᠤᠨ ᠲᠡᠯᠡᠬᠡᠢ ᠶᠢᠨ ᠦᠵᠡᠰᠬᠦᠯᠡᠩ ᠤᠨ ᠬᠤᠷᠠᠯ ᠳᠤ ᠲᠡᠯᠭᠡᠭᠳᠡᠪᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠡᠳᠦᠷ ᠢᠷᠡᠬᠦᠶ᠎ᠡ ᠪᠠᠭᠤᠷᠠᠬᠤ ᠬᠠᠨᠳᠤᠰᠢ ᠲᠠᠢ ᠪᠤᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠨᠢ ᠲᠤᠬᠢᠳᠠᠢ ᠰᠢᠢᠳᠪᠤᠷᠢᠯᠡᠭᠳᠡᠵᠦ᠂ 4 ᠰᠠᠭᠤᠷᠢ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠦᠨᠳᠦᠰᠦᠨ ᠱᠠᠳᠤᠨ ᠳᠠᠬᠢ ᠲᠤᠮᠢᠯᠠᠭᠰᠠᠨ ᠰᠠᠯᠪᠤᠷᠢ ᠶᠢ ᠦᠬᠡᠷᠡᠴᠢᠯᠡᠨ ᠰᠢᠨᠡᠴᠢᠯᠡᠵᠦ᠂ ᠪᠤᠷᠤᠬᠤᠳᠠ ᠳᠠᠬᠢ ᠪᠠᠶᠢᠴᠠᠭᠠᠯᠳᠠ ᠶᠢᠨ ᠦᠷᠳᠡᠭᠡ ᠂ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠦᠢᠯᠡᠴᠢᠯᠡᠬᠡᠨ ᠤ ᠲᠦᠪ ᠨᠢ ᠪᠠᠶᠢᠭᠤᠯᠤᠭᠳᠠᠨ ᠬᠡᠷᠡᠭᠯᠡᠯᠳᠡ ᠳᠤ ᠤᠷᠤᠵᠦ᠂ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ︾ ᠲᠤᠰᠬᠠᠢ ᠲᠦᠷᠦᠯ ᠤᠨ ᠲᠡᠮᠡᠴᠡᠯ ᠨᠢ ᠱᠠᠳᠤᠴᠢ ᠴᠢᠨᠡᠷᠳᠡᠢ ᠦᠷ᠎ᠠ ᠪᠦᠳᠦᠮᠵᠢ ᠤᠯᠪᠠ᠃          ︵ᠭᠤᠷᠪᠠ︶ ᠠᠮᠢ ᠠᠬᠤᠢ ᠤᠷᠴᠢᠨ ᠲᠤᠭᠤᠷᠢᠨ ᠤᠯᠠᠮ ᠰᠠᠶᠢᠵᠢᠷᠠᠪᠠ᠃ ᠪᠦᠬᠦ ᠵᠢᠯ ᠤᠨ ᠶᠡᠷᠤᠩᠬᠡᠶᠢᠡᠯᠭᠰᠡᠨ ᠡᠨᠧᠷᠬᠢ ᠶᠢᠨ ᠬᠡᠷᠡᠭᠯᠡᠬᠡᠨ ᠤ ᠬᠡᠮᠵᠢᠶ᠎ᠠ 319.45 ᠲᠦᠮᠡᠨ ᠲᠤᠨ ᠪᠡᠷᠢᠮᠵᠢᠶ᠎ᠠ ᠨᠡᠬᠦᠷᠡᠰᠦᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠪᠠᠷ ᠪᠠᠭᠤᠷᠠᠭᠰᠠᠨ ᠪᠠᠶᠢᠨ᠎ᠠ᠃ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠴᠡᠪᠡᠷᠰᠢᠬᠦᠯᠦᠭᠰᠡᠨ ᠤᠰᠤ ᠶᠢ ᠲᠡᠬᠢᠨ ᠠᠰᠢᠭᠯᠠᠬᠤ ᠲᠦᠬᠦᠬᠡᠷᠦᠮᠵᠢ ᠬᠡᠷᠡᠭᠯᠡᠯᠳᠡ ᠳᠤ ᠤᠷᠤᠪᠠ᠃ ᠪᠦᠬᠦ ᠵᠢᠯ ᠤᠨ ᠠᠭᠠᠷ ᠤᠨ ᠪᠠᠷᠢᠮᠵᠢᠶᠠᠨ ᠳᠤ ᠬᠦᠷᠦᠭᠰᠡᠨ ᠨᠤᠷᠮ᠎ᠠ 94% ᠶᠢ ᠲᠠᠪᠠᠭᠰᠠᠨ ᠪᠠᠶᠢᠨ᠎ᠠ᠃ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠡᠯ᠎ᠠ ᠲᠦᠷᠦᠯ ᠤᠨ ᠲᠦᠷᠦᠯ ᠵᠦᠢᠯ ᠢ ᠬᠡᠷᠡᠭᠵᠢᠬᠦᠯᠬᠦ ᠪᠠᠷ ᠲᠠᠮᠵᠢᠵᠦ᠂ 40 ᠲᠦᠮᠡᠨ ᠮᠤ᠋ ᠲᠠᠯᠠᠪᠠᠢ ᠪᠦᠬᠦᠢ ᠭᠠᠵᠠᠷ ᠲᠤ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠬᠢᠪᠡ᠃ ᠱᠠᠩᠳᠤ ᠶᠢᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠲᠤᠷᠰᠢᠯᠳᠠ ᠶᠢᠨ ᠴᠡᠭ ᠤᠨ ᠠᠵᠢᠯ ᠨᠢ ᠤᠯᠤᠰ ᠤᠨ ᠣᠢ ᠰᠢᠭᠤᠢ ᠪᠠ ᠨᠤᠳᠤᠭ ᠪᠡᠯᠴᠢᠬᠡᠷ ᠤᠨ ᠲᠤᠪᠴᠢᠶᠠᠨ ᠤ ᠬᠢᠨᠠᠨ ᠰᠢᠯᠭᠠᠯᠳᠠ ᠶᠢ ᠠᠮᠵᠢᠯᠳᠠ ᠲᠠᠢ ᠦᠩᠬᠡᠷᠡᠭᠡᠪᠡ᠃ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ  ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠤ ᠦᠢᠯᠡᠰ ᠤᠨ ᠲᠥᠷᠥᠯ ᠵᠦᠢᠯ ᠢ ᠳᠣᠭᠳᠠᠭᠠᠨ ᠬᠡᠷᠡᠭᠵᠢᠭᠦᠯᠦᠭᠰᠡᠨ ᠨᠢ ᠮᠠᠨ ᠤ ᠬᠤᠰᠢᠭᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠳᠤ ᠰᠢᠨ᠎ᠠ ᠠᠮᠢᠵᠢᠷᠠᠯ ᠤᠨ ᠬᠦᠴᠦᠨ ᠨᠡᠮᠡᠷᠢᠯᠡᠵᠦ᠂ ᠦᠷᠬᠡᠨ ᠤᠯᠠᠨ ᠮᠠᠯᠴᠢᠨ ᠲᠦᠮᠡᠨ ᠳᠤ ᠤᠷᠤᠯᠭ᠎ᠠ ᠨᠡᠮᠡᠭᠳᠡᠬᠦᠯᠬᠦ ᠰᠢᠨ᠎ᠠ ᠵᠠᠮ ᠤᠯᠭᠤᠪᠠ᠃ ᠮᠠᠯ ᠲᠡᠵᠢᠬᠡᠪᠤᠷᠢ ᠶᠢᠨ ᠢᠯᠭᠠᠳᠠᠰᠤ ᠶᠢ ᠡᠬᠢ ᠪᠠᠶᠠᠯᠢᠭᠵᠢᠭᠤᠯᠤᠨ ᠬᠡᠷᠡᠭᠯᠡᠬᠦ ᠲᠤᠷᠰᠢᠯᠳᠠ ᠶᠢᠨ ᠰᠢᠶᠠᠨ ︵ᠬᠤᠰᠢᠭᠤ︶ ᠤ ᠠᠵᠢᠯ ᠢ ᠲᠦᠯᠬᠢᠨ ᠠᠬᠢᠭᠤᠯᠵᠦ᠂ ᠢᠯᠭᠠᠳᠠᠰᠤ ᠪᠠ ᠪᠤᠬᠢᠷ ᠪᠤᠳᠠᠰ ᠴᠤᠭᠯᠠᠭᠤᠯᠬᠤ 6 ᠦᠷᠳᠡᠭᠡ ᠶᠢ ᠪᠠᠶᠢᠭᠤᠯᠪᠠ᠃ 44.4 ᠲᠦᠮᠡᠨ ᠮᠤ᠋ ᠨᠤᠳᠤᠭ ᠪᠡᠯᠴᠢᠬᠡᠷ ᠤᠨ ᠴᠡᠷᠴᠡᠬᠠᠢ ᠶᠢ ᠤᠰᠠᠳᠬᠠᠵᠤ᠂ ᠲᠠᠯ᠎ᠠ ᠨᠤᠳᠤᠭ ᠤᠨ ᠠᠮᠢ ᠠᠬᠤᠢ ᠤᠷᠴᠢᠨ ᠲᠤᠭᠤᠷᠢᠨ ᠢ ᠬᠢᠨᠠᠨ ᠬᠠᠮᠢᠶᠠᠷᠬᠤ ᠬᠠᠤᠯᠢ ᠬᠡᠷᠡᠭᠵᠢᠬᠦᠯᠬᠦ ᠬᠦᠴᠦᠯᠡᠴᠡ ᠶᠢ ᠴᠢᠩᠭᠠᠳᠬᠠᠵᠦ᠂ 3 ᠡᠷᠦᠬᠡ ᠨᠠᠩᠬᠢ ᠰᠢᠷᠦᠢ ᠶᠢᠨ ᠲᠤᠭᠤᠰᠬᠠᠨ ᠦᠢᠯᠡᠳᠪᠤᠷᠢ ᠶᠢᠨ ᠡᠬᠦᠳᠡ ᠶᠢ ᠬᠠᠭᠠᠯᠭᠠᠪᠠ᠃ ᠲᠠᠯ᠎ᠠ ᠨᠤᠳᠤᠭ ᠤᠨ ᠬᠠᠤᠯᠢ ᠶᠢ ᠵᠦᠷᠢᠴᠡᠭᠰᠡᠨ 154 ᠬᠡᠷᠡᠭ ᠢ ᠪᠠᠶᠢᠴᠠᠭᠠᠨ ᠰᠢᠢᠳᠪᠦᠷᠢᠯᠡᠪᠡ᠃ ᠬᠤᠰᠢᠭᠤ᠂ ᠰᠤᠮᠤ ᠪᠠᠯᠭᠠᠰᠤ ᠬᠤᠶᠠᠷ ᠱᠠᠳᠤᠨ ᠤ ᠭᠤᠤᠯ ᠨᠠᠭᠤᠷ ᠤᠨ ᠲᠠᠷᠤᠭ᠎ᠠ ᠨᠠᠶᠢᠳᠠ 455 ᠤᠳᠠᠭ᠎ᠠ ᠭᠤᠤᠯ ᠨᠠᠭᠤᠷ ᠢ ᠴᠠᠭᠳᠠᠨ ᠪᠠᠶᠢᠴᠠᠭᠠᠪᠠ᠃ ᠤᠯᠠᠨ ᠵᠦᠢᠯ ᠤᠨ ᠶᠡᠷᠤᠩᠬᠡᠶᠢᠯᠡᠭᠰᠡᠨ ᠠᠷᠭ᠎ᠠ ᠬᠡᠮᠵᠢᠶ᠎ᠠ ᠨᠢ ᠲᠠᠯ᠎ᠠ ᠨᠤᠳᠤᠭ ᠤᠨ ᠤᠷᠭᠤᠮᠠᠯ ᠬᠤᠴᠢᠯᠭ᠎ᠠ ᠶᠢᠨ ᠰᠡᠷᠬᠦᠬᠡᠭᠳᠡᠬᠦ ᠶᠢ ᠠᠬᠢᠭᠤᠯᠵᠦ᠂ ᠪᠡᠯᠴᠢᠬᠡᠷ ᠡᠪᠡᠰᠦᠨ ᠤ ᠪᠦᠷᠬᠦᠴᠡ ᠶᠢᠨ ᠨᠤᠷᠮ᠎ᠠ  ᠨᠢ 55% ᠳᠤ ᠬᠦᠷᠦᠭᠰᠡᠨ ᠪᠠᠶᠢᠨ᠎ᠠ᠃          ︵ᠲᠦᠷᠪᠡ︶ ᠨᠡᠶᠢᠬᠡᠮ ᠤᠨ ᠬᠠᠮᠢᠶᠠᠷᠤᠯᠳᠠ ᠶᠢᠨ ᠴᠢᠳᠠᠪᠤᠷᠢ ᠤᠯᠠᠮ ᠴᠢᠩᠭᠠᠷᠠᠪᠠ᠃ ︽ᠰᠤᠯᠠᠯᠠᠵᠦ ᠬᠠᠮᠢᠶᠠᠷᠴᠤ ᠦᠢᠯᠡᠴᠢᠯᠡᠬᠦ︾ ᠦᠬᠡᠷᠡᠴᠢᠯᠡᠯᠳᠡ ᠶᠢ ᠠᠬᠢᠭᠤᠯᠵᠦ᠂ ︽ᠰᠢᠯᠤᠭᠤᠨ ᠬᠦᠬᠡ ᠬᠤᠰᠢᠭᠤᠨ ᠤ ᠬᠤᠳᠠᠯᠳᠤᠭ᠎ᠠ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠠᠵᠢᠯ ᠤᠨ ᠲᠦᠰᠦᠪ︾ ᠢ ᠲᠤᠭᠳᠠᠭᠠᠨ᠂ ᠵᠠᠬ᠎ᠠ ᠲᠡᠯᠬᠡᠬᠦᠷ ᠲᠤ ᠤᠷᠤᠭᠤᠯᠵᠦ ᠦᠯᠦ ᠪᠤᠯᠬᠤ ᠨᠠᠷᠡᠰ ᠤᠨ ᠲᠦᠷᠢᠮ ᠢ ᠨᠠᠶᠢᠳᠠᠪᠤᠷᠢᠵᠢᠭᠤᠯᠤᠨ ᠬᠡᠷᠡᠭᠵᠢᠬᠦᠯᠪᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠬᠡᠷᠡᠴᠢᠯᠡᠯᠳᠡ ᠶᠢ ᠠᠬᠢᠭᠤᠯᠵᠦ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢᠨ ᠲᠠᠩᠰᠠᠯᠠᠯ ᠤᠨ ᠠᠯᠬᠤᠮ ᠲᠠᠷᠠᠭᠠᠯᠠᠯ ᠢ ᠴᠤᠮᠬᠠᠳᠬᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠵᠢᠴᠢ ᠲᠤᠭᠳᠠᠮᠠᠯ ᠬᠦᠷᠦᠩᠬᠡ ᠶᠢᠨ ᠲᠠᠩᠰᠠᠯᠠᠯ᠂ ᠲᠤᠳᠤᠭᠠᠳᠤ ᠶᠢ ᠬᠠᠮᠠᠭᠠᠯᠠᠬᠤ᠂ ᠨᠡᠶᠢᠬᠡᠮ ᠤᠨ ᠪᠠᠳᠤᠯᠠᠭᠠᠨ ᠤ ᠦᠢᠯᠡᠴᠢᠯᠡᠬᠡᠨ ᠤ ᠲᠢᠩᠬᠢᠮ ᠤᠨ ᠡᠬᠢ ᠪᠠᠶᠠᠯᠢᠭ ᠢ ᠨᠢᠬᠡᠳᠬᠡᠵᠦ᠂ ︽ᠨᠢᠬᠡ ᠴᠤᠩᠬᠤᠪᠴᠢ ᠳᠤ ᠶᠡᠷᠤᠩᠬᠡᠶᠢᠯᠡᠨ ᠬᠦᠯᠢᠶᠠᠨ ᠠᠪᠴᠤ᠂ ᠠᠷᠤ ᠲᠠᠪᠴᠠᠩ ᠳᠤ ᠲᠦᠷᠦᠯ ᠬᠤᠪᠢᠶᠠᠨ᠂ ᠶᠡᠷᠤᠩᠬᠡᠢ ᠴᠤᠩᠬᠤᠪᠴᠢ ᠠᠴᠠ ᠬᠡᠷᠡᠴᠢ ᠦᠨᠡᠮᠯᠠᠯ ᠢᠶᠠᠨ ᠠᠪᠬᠤ︾ ᠠᠵᠢᠯ ᠢ ᠰᠢᠯᠤᠭᠤᠳᠬᠠᠵᠦ᠂ ᠲᠤᠰ ᠵᠢᠯ ᠳᠤ ᠡᠯ᠎ᠠ ᠲᠦᠷᠦᠯ ᠤᠨ ᠬᠢᠨᠠᠨ ᠵᠦᠪᠰᠢᠶᠡᠷᠡᠯ ᠢ ᠨᠠᠶᠢᠳᠠ14.1 ᠲᠦᠮᠡᠨ ᠬᠤᠪᠢ ᠬᠦᠯᠢᠶᠡᠨ ᠬᠦᠢᠴᠡᠳᠬᠡᠪᠡ᠃ ︽ᠢᠨᠲ᠋ᠧᠷᠨᠧᠲ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠠᠷ ᠲᠠᠮᠵᠢᠨ 541 ᠵᠦᠢᠯ ᠢ ᠬᠢᠨᠠᠨ ᠵᠦᠪᠰᠢᠶᠡᠷᠡᠪᠡ᠃ 3164 ᠵᠤᠷᠪᠤᠰ ᠵᠠᠰᠠᠭ ᠤᠨ ᠶᠠᠪᠤᠳᠠᠯ ᠤᠨ ᠰᠤᠷᠠᠭ ᠵᠠᠩᠬᠢ ᠶᠢ ᠢᠯᠡ ᠨᠡᠶᠢᠳᠡᠯᠡᠵᠡᠢ᠃ ᠤᠯᠠᠨ ᠨᠠᠶᠢᠳᠠ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠦᠷᠦᠯ ᠵᠦᠢᠯ ᠤᠨ ᠲᠠᠯ᠎ᠠ ᠪᠠᠷ ᠬᠢ ᠵᠠᠭᠠᠯᠳᠤᠯᠭ᠎ᠠ ᠶᠢ ᠲᠤᠰᠤᠭᠰᠠᠨ ᠦᠬᠡᠢ᠃ ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ︽ᠭᠤᠷᠪᠠᠨ ᠵᠦᠢᠯ ᠤᠨ ᠲᠦᠷᠢᠮ︾ ᠤᠨ ᠦᠬᠡᠷᠡᠴᠢᠯᠡᠯᠳᠡ ᠶᠢ ᠠᠬᠢᠭᠤᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢ ᠵᠠᠷᠯᠠᠨ ᠨᠡᠶᠢᠳᠡᠯᠡᠬᠦ᠂ ᠬᠠᠤᠯᠢ ᠬᠡᠷᠡᠭᠵᠢᠬᠦᠯᠬᠦ ᠪᠦᠬᠦ ᠶᠠᠪᠤᠴᠠ ᠶᠢ ᠰᠡᠬᠦᠳᠡᠷᠯᠡᠨ ᠲᠡᠮᠳᠡᠭᠯᠡᠬᠦ᠂ ᠤᠨᠴᠠ ᠶᠡᠭᠡ ᠬᠠᠤᠯᠢ ᠬᠡᠷᠡᠭᠵᠢᠬᠦᠯᠬᠦ ᠰᠢᠢᠳᠪᠤᠷᠢ ᠶᠢ ᠬᠠᠤᠯᠢ ᠪᠠᠷ ᠬᠢᠨᠠᠨ ᠵᠦᠪᠯᠡᠬᠦ ᠭᠤᠷᠪᠠᠨ ᠲᠦᠷᠦᠯ ᠤᠨ ᠲᠦᠷᠢᠮ ᠢ ᠨᠢᠮᠪᠠᠢ ᠨᠠᠶᠢᠳᠠᠪᠤᠷᠢᠵᠢᠭᠤᠯᠵᠦ᠂ ᠬᠠᠤᠯᠢ ᠬᠡᠷᠡᠭᠵᠢᠬᠦᠯᠦᠭᠰᠡᠨ ᠰᠤᠷᠠᠭ ᠵᠠᠩᠬᠢ ᠶᠢᠨ ᠢᠯᠠ ᠲᠠᠪᠴᠠᠩ ᠢ ᠨᠡᠬᠡᠬᠡᠭᠰᠡᠨ ᠪᠠᠶᠢᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠭᠤᠤᠯ ᠴᠤᠭᠴᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯᠳᠠᠨ ᠢ ᠲᠤᠬᠢᠷᠠᠭᠤᠯᠵᠦ᠂ ᠬᠠᠤᠯᠢ ᠴᠠᠭᠠᠵᠠ ᠶᠢᠨ ᠲᠤᠰᠠᠯᠠᠮᠵᠢ ᠬᠦᠷᠳᠡᠬᠡᠬᠦ ᠠᠵᠢᠯ ᠤᠨ ᠪᠦᠷᠬᠦᠴᠡ ᠤᠯᠠᠮ ᠦᠷᠬᠡᠵᠢᠪᠡ᠃          ︵ᠲᠠᠪᠤ︶ ᠲᠦᠭᠰᠢᠬᠦᠷᠢ ᠶᠢ ᠰᠡᠷᠬᠡᠶᠢᠯᠡᠨ ᠬᠤᠷᠢᠭᠯᠠᠬᠤ ᠠᠵᠢᠯ ᠤᠨ ᠰᠠᠭᠤᠷᠢ ᠤᠯᠠᠮ ᠪᠠᠬᠢᠵᠡᠪᠡ᠃ ᠦᠷᠢ ᠦᠭᠴᠡᠬᠡᠨ ᠤ ᠲᠦᠭᠰᠢᠬᠦᠷᠢ ᠶᠢ ᠰᠡᠷᠬᠡᠶᠢᠯᠡᠨ ᠡᠶᠡᠳᠡᠬᠦᠯᠬᠦ᠂ ᠵᠠᠰᠠᠭ ᠤᠨ ᠤᠷᠳᠤᠨ ᠤ ᠲᠠᠯᠳᠠ ᠴᠢᠨᠡᠷᠳᠡᠢ ᠦᠷᠢ ᠦᠭᠴᠡᠭᠡ ᠶᠢ ᠰᠢᠢᠳᠪᠤᠷᠢᠯᠡᠬᠦ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯ ᠲᠤᠮᠳᠠ ᠵᠢᠵᠢᠭ ᠠᠵᠦ ᠠᠬᠤᠶᠢᠯᠠᠯ ᠤᠨ ᠦᠷᠢ ᠦᠭᠴᠡᠭᠡ  ᠶᠢ ᠴᠡᠪᠡᠷᠯᠡᠬᠦ ᠠᠵᠢᠯ ᠡᠬᠦᠷᠬᠡ ᠪᠠᠨ ᠪᠦᠬᠦᠨ ᠢ ᠪᠡᠶᠡᠯᠡᠬᠦᠯᠪᠡ᠃ ᠠᠶᠤᠯᠬᠦᠢ ᠦᠢᠯᠡᠳᠪᠤᠷᠢᠯᠡᠯ ᠤᠨ ᠳᠠᠯᠳᠠ ᠬᠡᠮ ᠢ ᠬᠦᠨᠵᠡᠬᠡᠢ ᠪᠠᠶᠢᠴᠠᠭᠠᠵᠦ᠂ ᠠᠶᠦᠯᠬᠦᠢ ᠦᠢᠯᠡᠳᠪᠤᠷᠢᠯᠡᠯ ᠤᠨ ᠪᠦᠬᠦᠯᠢ ᠴᠤᠭᠴᠠ ᠶᠢᠨ ᠬᠢᠷᠢ ᠲᠦᠪᠰᠢᠨ ᠲᠡᠭᠡᠭᠰᠢᠯᠡᠵᠦ᠂ ᠪᠦᠬᠦ ᠵᠢᠯ ᠳᠤ 2190 ᠡᠷᠦᠬᠡ ᠤᠳᠠᠭ᠎ᠠ ᠶᠢᠨ ᠦᠢᠯᠡᠳᠪᠤᠷᠢᠯᠡᠯ ᠡᠵᠡᠩᠨᠡᠯᠳᠡ ᠶᠢᠨ ᠨᠢᠬᠡᠴᠡ ᠶᠢ ᠪᠠᠶᠢᠴᠠᠭᠠᠵᠦ᠂ 1077 ᠵᠦᠢᠯ ᠤᠨ ᠲᠠᠯᠳᠠ ᠬᠡᠮ ᠢ ᠪᠠᠶᠢᠴᠠᠭᠠᠨ ᠭᠠᠷᠭᠠᠵᠦ᠂ ᠪᠦᠬᠦᠨ ᠢ ᠴᠡᠭᠴᠡᠯᠡᠨ ᠲᠠᠭᠤᠰᠬᠠᠭᠰᠠᠨ ᠪᠠᠶᠢᠨ᠎ᠠ᠃ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠬᠢᠨᠠᠨ ᠪᠠᠶᠢᠴᠠᠭᠠᠬᠤ ᠲᠤᠭᠤᠶᠢᠯᠠᠩ ᠠᠴᠠ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠦ ᠲᠠᠭᠤᠰᠬᠠᠪᠠ᠃ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠵᠦ᠂ ︽ᠭᠤᠷᠪᠠᠨ ᠵᠦᠢᠯ ᠢ ᠮᠡᠳᠡᠬᠦᠯᠬᠦ︾ ᠲᠦᠷᠢᠮ ᠵᠢᠴᠢ ᠲᠦᠷᠪᠡᠨ ᠱᠠᠳᠤᠨ ᠤ ︽ᠱᠠᠳᠤᠴᠢᠯᠠᠭᠰᠠᠨ︾ ᠬᠠᠮᠳᠤᠷᠠᠨ ᠰᠡᠷᠬᠡᠶᠢᠯᠡᠬᠦ ᠬᠠᠮᠳᠤᠷᠠᠨ ᠬᠤᠷᠢᠭᠯᠠᠬᠤ ᠠᠵᠢᠯ ᠢ ᠰᠠᠶᠢᠨ ᠬᠢᠵᠦ᠂ 16.7 ᠲᠦᠮᠡᠨ ᠮᠤ᠋ ᠭᠠᠵᠠᠷ ᠤᠨ ᠬᠤᠯᠤᠭᠠᠨ᠎ᠠ ᠶᠢ ᠤᠰᠠᠳᠬᠠᠵᠦ᠂ ᠰᠠᠭᠤᠭᠠᠯᠢ ᠠᠷᠠᠳ ᠤᠨ ᠡᠷᠡᠬᠦᠯ ᠮᠡᠨᠳᠤ ᠶᠢᠨ ᠬᠦᠮᠦᠵᠢᠯ᠂ ᠡᠮᠴᠢ ᠰᠤᠪᠢᠯᠠᠭᠴᠢ ᠶᠢᠨ ᠪᠤᠯᠪᠠᠰᠤᠷᠠᠯ ᠤᠨ ᠨᠤᠷᠮ᠎ᠠ ᠨᠢ 100% ᠳᠤ ᠬᠦᠷᠦᠭᠰᠡᠨ ᠪᠠᠶᠢᠨ᠎ᠠ᠃          ᠡᠷᠬᠢᠮ ᠲᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠪᠢᠳᠠ ᠰᠠᠯᠬᠢ ᠪᠤᠷᠤᠭᠠᠨ ᠢ ᠰᠦᠷᠦᠨ᠂ ᠬᠦᠴᠢᠷ ᠪᠡᠷᠬᠡᠰᠢᠶᠡᠯ ᠢ ᠲᠠᠪᠠᠵᠦ ᠬᠠᠮᠳᠤᠪᠡᠷ ᠤᠷᠤᠭᠰᠢᠯᠠᠯ᠎ᠠ︕ ᠪᠢᠳᠡ ᠪᠦᠬᠦ ᠬᠤᠰᠢᠭᠤᠨ ᠤ ᠡᠯ᠎ᠠ ᠦᠨᠳᠦᠰᠦᠳᠡᠨ ᠤ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠦ᠂ ᠬᠦᠴᠦᠨ ᠴᠢᠳᠠᠯ ᠢᠶᠠᠨ ᠨᠢᠬᠡᠳᠬᠡᠨ ᠬᠠᠮᠳᠤᠪᠡᠷ ᠤᠷᠤᠭᠰᠢᠯᠠᠵᠦ᠂ ᠪᠤᠳᠠᠳᠠᠢ  ᠠᠴᠠ ᠡᠬᠦᠰᠦᠨ᠂ ᠰᠢᠷᠭᠠᠭᠤ ᠲᠡᠮᠡᠴᠡᠨ᠂ ᠠᠵᠦ ᠠᠬᠤᠢ ᠨᠡᠶᠢᠬᠡᠮ ᠤᠨ ᠬᠦᠭᠵᠢᠯᠳᠡ ᠶᠢ ᠰᠢᠨ᠎ᠠ ᠨᠢᠬᠡᠨ ᠲᠡᠪᠴᠡᠩ ᠳᠤ ᠬᠦᠷᠬᠡᠨ᠂ ᠴᠢᠨᠠᠷᠯᠢᠭ ᠬᠦᠭᠵᠢᠯᠳᠡ ᠶᠢᠨ ᠠᠬᠢᠭᠤᠯᠵᠦ ᠴᠢᠳᠠᠪᠠ᠃ ᠦᠩᠬᠡᠷᠡᠭᠰᠡᠨ ᠨᠢᠬᠡ ᠵᠢᠯ ᠤᠨ ᠠᠵᠢᠯ ᠤᠨ ᠠᠮᠵᠢᠯᠳᠠ ᠪᠦᠳᠦᠬᠡᠯ ᠨᠢ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠠᠴᠠ ᠰᠠᠯᠵᠦ ᠴᠢᠳᠠᠰᠢ ᠦᠬᠡᠢ᠂ ᠬᠤᠰᠢᠭᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠴᠢᠩᠭ᠎ᠠ ᠬᠢᠨᠠᠯᠳᠠ᠂ ᠪᠠᠳᠤᠳᠠᠢ ᠲᠡᠮᠵᠢᠯᠬᠡ ᠠᠴᠠ ᠰᠠᠯᠵᠦ ᠴᠢᠳᠠᠰᠢ ᠦᠬᠡᠢ᠂ ᠮᠦᠨ ᠴᠦ ᠨᠡᠶᠢᠬᠡᠮ ᠤᠨ ᠡᠯ᠎ᠠ ᠡᠳᠡᠭᠡᠳ ᠤᠨ ᠬᠠᠯᠠᠭᠤᠨ ᠲᠡᠮᠵᠢᠯᠬᠡ ᠬᠠᠯᠠᠮᠵᠢ ᠬᠠᠶᠢᠷ᠎ᠠ ᠠᠴᠠ ᠰᠠᠯᠵᠦ ᠴᠢᠳᠠᠰᠢ ᠦᠬᠡᠢ ᠶᠤᠮ ᠃ ᠠᠳᠡ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠦ ᠡᠷᠬᠢᠮ ᠲᠦᠯᠦᠬᠡᠯᠡᠭᠴᠢᠳ᠂ ᠤᠯᠤᠰ ᠲᠦᠷᠦ  ᠶᠢᠨ ᠵᠦᠪᠯᠡᠯᠬᠡᠨ ᠤ ᠬᠡᠰᠢᠬᠦᠨ ᠵᠢᠴᠢ ᠮᠠᠨ ᠤ ᠬᠤᠰᠢᠭᠤᠨ ᠤ ᠠᠵᠦ ᠠᠬᠤᠢ ᠨᠡᠶᠢᠬᠡᠮ ᠢ ᠠᠩᠬᠠᠷᠤᠨ ᠬᠠᠯᠠᠮᠵᠢᠯᠠᠵᠦ ᠪᠠᠶᠢᠭ᠎ᠠ ᠨᠠᠶᠢᠵᠠ ᠨᠦᠬᠦᠳ ᠲᠤ ᠡᠷᠬᠢᠮ ᠲᠡᠭᠡᠳᠦ ᠬᠦᠨᠳᠦᠳᠬᠡᠯ ᠲᠠᠯᠠᠷᠬᠠᠯ ᠢᠶᠠᠨ ᠲᠡᠪᠰᠢᠬᠦᠯᠦᠶ᠎ᠠ᠃ᠪᠢᠳᠡ ᠠᠮᠵᠢᠯᠳᠠ ᠪᠦᠳᠦᠮᠵᠢ ᠪᠠᠨ ᠦᠨᠡᠯᠡᠨ ᠳ᠋ᠦᠩᠨᠡᠬᠦ ᠶᠢᠨ ᠬᠠᠮᠳᠤ ᠪᠠᠰᠠ ᠮᠠᠨ ᠤ ᠬᠤᠰᠢᠭᠤᠨ ᠤ ᠠᠵᠦ ᠠᠬᠤᠢ ᠨᠡᠶᠢᠬᠡᠮ  ᠤᠨ ᠬᠦᠭᠵᠢᠯᠳᠡ ᠳᠤ ᠲᠤᠯᠠᠭᠠᠷᠠᠵᠦ ᠪᠠᠶᠢᠭ᠎ᠠ ᠡᠳᠦᠢ ᠲᠡᠳᠦᠢ ᠬᠦᠴᠢᠷᠳᠡᠯ ᠪᠠ ᠦᠷᠢᠰᠦᠯᠳᠦᠬᠡᠨ ᠢ ᠲᠤᠳᠤᠷᠬᠠᠢ ᠤᠯᠵᠦ ᠬᠠᠷᠠᠬᠤ ᠬᠡᠷᠡᠭᠳᠡᠢ᠃ ᠠᠵᠦ ᠠᠬᠤᠢ ᠶᠢᠨ ᠪᠠᠭᠤᠷᠠᠯᠳᠠ ᠶᠢᠨ ᠲᠠᠷᠤᠯᠳᠠ ᠮᠦᠨ ᠯᠠ ᠶᠡᠭᠡ ᠪᠠᠶᠢᠵᠦ᠂ ᠠᠵᠦ ᠦᠢᠯᠡᠰ ᠤᠨ ᠪᠦᠳᠦᠴᠡ ᠮᠦᠨ ᠯᠠ ᠵᠤᠬᠢᠰᠳᠠᠢ ᠪᠤᠰᠤ ᠪᠠᠶᠢᠭᠰᠠᠭᠠᠷ᠂ ᠰᠢᠨ᠎ᠠ ᠬᠡᠯᠪᠡᠷᠢ ᠶᠢᠨ ᠠᠵᠦ ᠦᠢᠯᠡᠰ ᠦᠢᠯᠡᠳᠪᠤᠷᠢᠯᠡᠯ ᠤᠨ ᠦᠷᠳᠡᠭ ᠢᠶᠠᠨ ᠪᠠᠳᠠᠷᠠᠭᠤᠯᠳᠠᠯ᠎ᠠ ᠪᠠᠰᠠ ᠵᠤᠬᠢᠬᠤ ᠬᠤᠭᠤᠴᠠᠭ᠎ᠠ ᠬᠡᠷᠡᠭᠯᠡᠨ᠎ᠡ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ  ᠶᠢᠨ ᠵᠦᠷᠢᠴᠡᠯ ᠲᠤᠪᠤᠶᠢᠮ᠎ᠠ ᠪᠠᠶᠢᠵᠦ᠂ ᠠᠵᠦ ᠠᠬᠤᠢ ᠶᠢᠨ ᠪᠠᠭᠤᠷᠠᠯᠳᠠ ᠶᠢᠨ ᠨᠦᠯᠦᠬᠡ᠂ ᠭᠠᠶᠢᠯᠢ ᠬᠡᠯᠳᠦᠷᠢᠬᠦᠯᠬᠦ ᠲᠦᠷᠦ  ᠶᠢᠨ ᠪᠤᠳᠤᠯᠭ᠎ᠠ ᠵᠡᠷᠬᠡ ᠶᠢᠨ ᠨᠦᠯᠦᠬᠡ ᠪᠠᠷ ︽ᠭᠤᠷᠪᠠ ᠶᠢ ᠪᠠᠳᠤᠯᠠᠬᠤ︾ ᠠᠵᠢᠯ ᠤᠨ ᠲᠠᠷᠤᠯᠳᠠ ᠤᠯᠠᠮ ᠨᠡᠮᠡᠭᠳᠡᠵᠦ ᠪᠠᠶᠢᠨ᠎ᠠ᠃ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠢᠯ ᠤᠨ ᠡᠬᠦᠷᠬᠡ ᠬᠦᠨᠳᠦ ᠪᠠᠶᠢᠵᠦ᠂ ᠠᠶᠤᠯᠬᠦᠢ ᠦᠢᠯᠡᠳᠪᠤᠷᠢᠯᠡᠯ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠤ ᠠᠵᠢᠯ ᠤᠨ ᠲᠠᠷᠤᠯᠳᠠ ᠮᠠᠰᠢ ᠶᠡᠭᠡ ᠂ ᠤᠷᠤᠨ ᠰᠠᠭᠤᠴᠠ᠂ ᠨᠠᠰᠤᠳᠠᠳ ᠤᠨ ᠠᠰᠠᠷᠠᠮᠵᠢ᠂ ᠡᠮ ᠡᠮᠨᠡᠯᠬᠡ ᠶᠢᠨ ᠲᠠᠭᠠᠳᠬᠠᠯ᠂ ᠰᠤᠷᠭᠠᠨ ᠬᠦᠮᠦᠵᠢᠯ ᠵᠡᠷᠬᠡ ᠠᠷᠠᠳ  ᠤᠨ ᠠᠮᠢᠳᠤᠷᠠᠯ ᠤᠨ ᠬᠦᠷᠢᠶᠡᠨ ᠳᠤ ᠰᠢᠢᠳᠪᠤᠷᠢᠯᠡᠬᠦ ᠴᠢᠬᠤᠯᠠ ᠲᠠᠢ ᠠᠰᠠᠭᠤᠳᠠᠯ ᠪᠠᠰᠠ ᠤᠯᠠᠨ ᠪᠠᠶᠢᠭᠰᠠᠭᠠᠷ᠃ ᠡᠳᠡᠬᠡᠷ ᠠᠰᠠᠭᠤᠳᠠᠯ ᠢ ᠪᠢᠳᠠ ᠮᠠᠰᠢ ᠴᠢᠬᠤᠯᠠᠴᠢᠯᠠᠨ ᠦᠵᠡᠵᠦ᠂ ᠪᠦᠬᠦ ᠬᠦᠴᠦᠨ ᠢᠶᠠᠷ ᠢᠶᠠᠨ ᠰᠢᠢᠳᠪᠤᠷᠢᠯᠡᠬᠦ ᠪᠠᠷ ᠴᠢᠷᠮᠠᠶᠢᠵᠦ ᠪᠠᠶᠢᠨ᠎ᠠ᠃ᠬᠤᠶᠠᠷ᠂ 2020 ᠣᠨ ᠤ ᠠᠵᠢᠯ ᠤᠨ ᠪᠠᠶᠢᠷᠢᠯᠠᠭᠤᠯᠤᠯᠲᠠ          2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠯᠡᠭᠡ ᠶᠢ ᠪᠡᠶᠡᠯᠡᠬᠦᠯᠬᠦ ᠴᠢᠬᠤᠯᠠ ᠵᠢᠯ ᠪᠣᠯᠤᠨ᠎ᠠ᠃ ᠪᠢᠳᠡ ᠵᠠᠪᠠᠯ ᠠᠵᠠ ᠲᠣᠬᠢᠶᠠᠯ ᠢ ᠠᠮᠵᠢᠨ᠂ ᠴᠢᠷᠮᠠᠶᠢᠨ ᠠᠵᠢᠯᠯᠠᠵᠤ᠂ ᠪᠠᠭᠤᠷᠠᠢ ᠲᠠᠯ᠎ᠠ ᠪᠠᠨ ᠴᠢᠩᠭᠠᠳᠬᠠᠵᠤ᠂ ᠳᠤᠲᠠᠭᠳᠠᠯ ᠢᠶᠠᠨ ᠨᠥᠬᠦᠪᠥᠷᠢᠯᠡᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃          ᠥᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ ᠤ 2020 ᠣᠨ ᠤ 1 ᠳ᠋ᠦ᠋ᠭᠡᠷ ᠤᠳᠠᠭᠠᠨ ᠤ ︵ᠥᠷᠭᠡᠳᠭᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠴᠢᠨᠠᠷᠯᠢᠭ ᠬᠥᠭᠵᠢᠯᠲᠡ ᠶᠢ ᠠᠬᠢᠭᠤᠯᠤᠨ᠂ ᠭᠤᠷᠪᠠᠨ ᠶᠡᠭᠡ ᠰᠢᠪᠲᠤᠯᠤᠯᠲᠠ ᠶᠢᠨ ᠢᠨᠵᠧᠨᠧᠷᠢᠩ ᠤᠨ ᠢᠯᠠᠯᠲᠠ ᠶᠢ ᠲᠡᠮᠡᠴᠡᠨ ᠣᠯᠵᠤ᠂ ︽ᠵᠢᠷᠭᠤᠭ᠎ᠠ ᠶᠢ ᠳᠣᠭᠲᠠᠪᠤᠷᠢᠵᠢᠭᠤᠯᠬᠤ︾ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠠᠷᠭ᠎ᠠ ᠪᠣᠳᠤᠯᠭ᠎ᠠ ᠶᠢ ᠪᠤᠳᠠᠲᠠᠢ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠳᠢᠲᠢᠮᠯᠢᠭ ᠸᠢᠷᠦ᠋ᠰ ᠤᠨ ᠠᠭᠤᠰᠬᠢᠨ ᠤ ᠥᠷᠪᠢᠰᠦᠯ ᠢ ᠰᠡᠷᠭᠡᠶᠢᠯᠡᠨ ᠬᠤᠷᠢᠭᠯᠠᠬᠤ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠵᠢᠯ ᠢ ᠨᠢᠭᠡᠳᠦᠯᠲᠡᠢ ᠲᠥᠯᠦᠪᠯᠡᠨ ᠠᠬᠢᠭᠤᠯᠵᠤ᠂ ᠬᠢᠵᠢᠭ ᠤᠨ ᠠᠵᠤ ᠠᠬᠤᠢ ᠳᠤ ᠦᠵᠡᠭᠦᠯᠬᠦ ᠨᠥᠯᠦᠭᠡ ᠶᠢ ᠬᠠᠮᠤᠭ ᠤᠨ ᠲᠣᠣᠷ᠎ᠠ ᠬᠡᠮᠵᠢᠶᠡᠨ ᠳᠤ ᠪᠠᠶᠢᠯᠭᠠᠨ᠂ ᠠᠵᠤ ᠠᠬᠤᠢ ᠡᠵᠡᠩᠨᠡᠯᠲᠡ ᠶᠢᠨ ᠵᠣᠬᠢᠰᠲᠠᠢ ᠣᠷᠣᠨ ᠵᠠᠢ ᠶᠢ ᠪᠠᠲᠤᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ︾ ᠵᠢᠯ ᠤᠨ ᠲᠥᠯᠦᠪᠯᠡᠭᠡ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨᠬᠦ ᠪᠠᠲᠤᠯᠠᠨ᠎ᠠ᠃          ᠥᠨᠥ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 7% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠦᠨᠳᠦᠰᠦᠨ ᠳᠡᠭᠡᠨ ᠲᠤᠭᠲᠠᠭᠤᠨ ᠪᠠᠶᠢᠯᠭᠠᠨ᠎ᠠ᠃ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠣᠷᠤᠯᠠᠭᠤᠯᠬᠤ ᠶᠡᠷᠦᠩᠬᠡᠶ ᠬᠡᠮᠵᠢᠶ᠎ᠡ ᠶᠢ 3.1% ᠠᠴᠠ ᠳᠡᠭᠡᠭᠰᠢ ᠨᠡᠮᠡᠭᠳᠡᠭᠦᠯᠦᠨ᠎ᠡ᠃ ᠬᠤᠳᠠ ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠤᠯᠭ᠎ᠠ ᠶᠢ ᠲᠤᠰ ᠲᠤᠰ 6% ᠪᠠ 9.7% ᠣᠷᠴᠢᠮ ᠢᠶᠠᠷ ᠨᠡᠮᠡᠭᠳᠡᠭᠦᠯᠦᠨ᠎ᠡ᠃ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠥᠨᠥ ᠵᠢᠯ ᠭᠤᠤᠯᠳᠠᠭᠤ ᠳᠣᠤᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠳᠡᠢ᠄          ︵ᠨᠢᠭᠡ︶ ᠭᠤᠷᠪᠠᠨ ᠶᠡᠭᠡ ᠰᠢᠪᠲᠦᠯᠦᠯᠲᠡ ᠶᠢᠨ ᠢᠨᠵᠧᠨᠧᠷᠢᠩ ᠤᠨ ᠢᠯᠠᠯᠲᠠ ᠶᠢ ᠲᠡᠮᠡᠴᠡᠨ ᠣᠯᠤᠨ᠎ᠠ᠃ ᠭᠤᠷᠪᠠᠨ ᠶᠡᠭᠡ ᠰᠢᠪᠲᠤᠯᠤᠯᠲᠠ ᠶᠢᠨ ᠠᠵᠢᠯ ᠤᠨ ᠡᠭᠦᠷᠭᠡ ᠬᠠᠷᠠᠯᠲᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠤᠯᠭ᠎ᠠ ᠰᠦᠪᠡᠭᠴᠢᠯᠡᠵᠦ᠂ ᠡᠯ᠎ᠡ ᠵᠦᠢᠯ ᠤᠨ ᠠᠵᠢᠯ ᠢᠶᠠᠨ ᠲᠤᠭᠲᠠᠭᠰᠠᠨ ᠬᠤᠭᠤᠴᠠᠭᠠᠨ ᠳᠤ ᠪᠠᠨ ᠪᠡᠶᠡᠯᠡᠬᠦᠯᠬᠦ ᠬᠡᠷᠡᠭᠳᠡᠢ᠃          ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠤᠨ ᠢᠯᠠᠯᠲᠠ ᠶᠢ ᠪᠦᠬᠦ ᠲᠠᠯ᠎ᠠ ᠪᠠᠷ ᠲᠡᠮᠡᠴᠡᠨ ᠣᠯᠣᠨ᠎ᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠠᠵᠢᠯ ᠤᠨ ᠲᠣᠭᠤᠷᠢᠨ ᠳᠤ᠂ ᠬᠦᠴᠦᠨ ᠢᠶᠠᠨ ᠲᠥᠪᠯᠡᠷᠡᠭᠦᠯᠦᠨ᠂ ᠶᠠᠳᠠᠭᠤ ᠠᠴᠠ ᠠᠩᠭᠢᠵᠢᠷᠠᠭᠠᠳᠤᠶ ᠲᠠᠩᠰᠠ ᠺᠠᠷᠲ ᠪᠠᠶᠢᠭᠤᠯᠤᠭᠰᠠᠨ 8 ᠶᠠᠳᠠᠭᠤ ᠬᠦᠴᠢᠷᠳᠡᠯᠲᠡᠢ ᠡᠷᠦᠬᠡ ᠶᠢᠨ 15 ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠡᠶᠡᠯᠡᠬᠦᠯᠬᠦ ᠬᠡᠷᠡᠭᠳᠡᠢ᠃ ︽ᠭᠤᠷᠪᠠᠨ ᠨᠠᠷᠢᠯᠢᠭ ᠣᠨᠤᠪᠴᠢᠲᠠᠢ︾᠂ ︽ᠭᠤᠷᠪᠠ ᠶᠢ ᠨᠠᠶᠢᠳᠠᠪᠤᠷᠢᠵᠢᠭᠤᠯᠬᠤ︾᠂ ︽ᠭᠤᠷᠪᠠ ᠶᠢ ᠪᠠᠲᠤᠯᠠᠬᠤ︾ ᠪᠠᠷ ᠪᠠᠷᠢᠮᠵᠢᠶ᠎ᠠ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ︽ᠳᠠᠬᠢᠨ ᠪᠠᠶᠢᠴᠠᠭᠠᠵᠤ ᠦᠵᠡᠬᠦ︾ ᠠᠵᠢᠯ  ᠲᠠᠢ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠲᠤᠭᠤᠷᠢᠨ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠴᠡᠭᠴᠡᠯᠡᠭᠰᠡᠨ ᠪᠠᠶᠢᠳᠠᠯ ᠲᠠᠢ ᠬᠠᠷᠢᠴᠠᠭᠤᠯᠤᠨ᠂ ᠵᠦᠢᠯ ᠵᠤᠷᠪᠤᠰ ᠳᠠᠷᠠᠭᠠᠯᠠᠨ ᠡᠮᠬᠢᠯᠡᠵᠦ᠂ ᠨᠠᠷᠢᠨ ᠨᠢᠮᠪᠠᠢ ᠬᠢᠨᠠᠨ ᠪᠠᠶᠢᠴᠠᠭᠠᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠮᠵᠢᠶᠠᠨ ᠳᠤ ᠬᠦᠷᠭᠡᠬᠦ ᠬᠡᠷᠡᠭᠳᠡᠢ᠃ ︽ᠳᠥᠷᠪᠡ ᠶᠢ ᠪᠠᠷᠢᠮᠲᠠᠯᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠂ ᠶᠠᠳᠠᠭᠤ ᠶᠢ ᠲᠡᠳᠬᠦᠬᠦ ᠪᠦᠳᠦᠭᠡᠭᠳᠡᠭᠦᠨ ᠤ ᠪᠣᠷᠣᠯᠠᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ ᠲᠠᠰᠤᠷᠠᠯᠲᠠ ᠥᠬᠡᠶ ᠰᠢᠨᠡᠴᠢᠯᠡᠨ ᠲᠡᠭᠦᠯᠳᠡᠷᠵᠢᠭᠦᠯᠬᠦ ᠬᠡᠷᠡᠭᠳᠡᠢ᠃ ᠨᠡᠶᠢᠲᠡ ᠶᠢᠨ ᠠᠰᠠᠷᠠᠮᠵᠢ ᠪᠠᠷ ᠶᠠᠳᠠᠭᠤ ᠶᠢ ᠲᠡᠳᠬᠦᠬᠦ ᠵᠢᠵᠢᠭ ᠬᠡᠯᠪᠡᠷᠢ ᠶᠢᠨ 47 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠭᠤᠤᠯᠳᠠᠭᠤ ᠭᠠᠴᠠᠭ᠎ᠠ ᠲᠣᠰᠬᠤᠨ ᠤ ᠵᠠᠮ᠂ ᠠᠮᠤᠭᠤᠯᠠᠩ ᠣᠷᠣᠨ ᠰᠠᠭᠤᠴᠠ᠂ ᠠᠮᠤᠷ ᠳᠥᠪᠰᠢᠨ ᠤᠤᠭᠤᠬᠤ ᠤᠰᠤ᠂ ᠠᠮᠢᠳᠤᠷᠠᠯ ᠤᠨ ᠬᠡᠷᠡᠭᠯᠡᠭᠡᠨ ᠤ ᠴᠠᠬᠢᠯᠭᠠᠨ᠂ ᠡᠷᠡᠭᠦᠯ ᠮᠡᠨᠳᠦ ᠪᠣᠯᠣᠨ ᠠᠵᠤ ᠦᠢᠯᠡᠰ ᠢ ᠲᠡᠳᠭᠦᠬᠦ ᠵᠢᠴᠢ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠢ ᠲᠥᠭᠡᠮᠡᠯᠵᠢᠬᠦᠯᠬᠦ ᠪᠣᠯᠤᠨ᠎ᠠ᠃ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠ ᠶᠠᠳᠠᠭᠤ ᠬᠦᠮᠦᠰ ᠢ ᠴᠥᠬᠡᠳᠬᠡᠬᠦ ᠠᠵᠢᠯ ᠢ ᠤᠷᠭᠠᠨᠢᠭ ᠢᠶᠠᠷ ᠤᠶᠠᠯᠳᠤᠭᠤᠯᠤᠨ᠂ ᠬᠠᠮᠲᠤᠷᠠᠨ ᠠᠵᠢᠯᠯᠠᠵᠤ ᠬᠤᠯᠪᠤᠭᠠᠯᠠᠨ ᠬᠦᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠤ ᠦᠢᠯᠡᠰ ᠢ ᠬᠦᠭᠵᠢᠭᠦᠯᠬᠦ ᠶᠢ ᠴᠢᠬᠤᠯᠠᠴᠢᠯᠠᠨ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠬᠥᠭᠵᠢᠯᠲᠡ ᠶᠢ ᠭᠤᠤᠯᠳᠠᠯᠭ᠎ᠠ ᠲᠠᠢ ᠠᠬᠢᠭᠤᠯᠵᠤ᠂ ᠤᠳᠠᠭᠠᠨ ᠳᠠᠭᠠᠭᠠᠮᠠᠭᠠᠶ ᠪᠠᠷ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠵᠦ ᠴᠢᠳᠠᠬᠤ ᠠᠵᠤ ᠦᠢᠯᠡᠰ ᠤᠨ ᠵᠠᠩᠭᠢᠯᠠᠭ᠎ᠠ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠳᠡᠢ᠃          ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠨ᠎ᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯ ᠤᠨ ᠲᠥᠯᠥᠪᠯᠡᠭᠡ ᠶᠢ ᠦᠷᠭᠦᠯᠵᠢᠯᠡᠨ ᠬᠡᠷᠡᠭᠵᠢᠬᠦᠯᠬᠦ ᠬᠡᠷᠡᠭᠳᠡᠢ᠃ ᠠᠭᠠᠷ ᠮᠠᠨᠳᠠᠯ ᠤᠨ ᠠᠦ᠋ᠲ᠋ᠣ᠋ ᠬᠢᠨᠠᠨ ᠬᠡᠮᠵᠢᠬᠦ ᠥᠷᠲᠡᠭᠡᠨ ᠤ ᠬᠠᠮᠠᠭᠠᠯᠠᠯᠲᠠ ᠶᠢᠨ ᠠᠵᠢᠯ ᠢ ᠰᠠᠶᠢᠳᠤᠷ ᠬᠢᠵᠦ᠂ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠬᠦ ᠪᠠ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ᠂ ᠨᠡᠭᠦᠷᠡᠰᠦᠨ ᠤ ᠪᠣᠬᠢᠷᠳᠤᠯ᠂ ᠲᠤᠭᠤᠰᠤᠨ ᠤ ᠪᠣᠬᠢᠷᠲᠤᠯ᠂ ᠴᠠᠶᠢᠶ᠋ᠢᠦ ᠲᠣᠰᠣᠨ ᠤ ᠲᠡᠭᠡᠭᠡᠪᠦᠷᠢ ᠶᠢᠨ ᠮᠠᠰᠢᠨ ᠤ ᠪᠣᠬᠢᠷᠲᠤᠯ ᠢ ᠵᠠᠰᠠᠬᠤ ᠵᠢᠴᠢ ᠠᠵᠤ ᠦᠢᠯᠡᠳᠪᠦᠷᠢ ᠶᠢᠨ ᠵᠤᠤᠬ᠎ᠠ ᠶᠢᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠲᠣᠰ ᠵᠢᠯ ᠳᠤ ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠳᠤᠯ ᠲᠠᠢ︾ 7 ᠡᠷᠦᠬᠡ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ 2 ᠡᠷᠦᠬᠡ ᠠᠵᠤ ᠦᠢᠯᠡᠳᠪᠦᠷᠢ ᠶᠢᠨ ᠵᠤᠤᠬ᠎ᠠ ᠶᠢ ᠴᠡᠭᠴᠡᠯᠡᠵᠦ᠂ 4 ᠰᠠᠭᠤᠷᠢ ᠪᠠᠭ᠎ᠠ ᠬᠡᠯᠪᠡᠷᠢ ᠶᠢᠨ ᠨᠡᠭᠦᠷᠡᠰᠦᠨ ᠰᠢᠲᠠᠭᠠᠯᠭ᠎ᠠ ᠶᠢᠨ ᠭᠦᠸᠧᠯᠦ ᠶᠢ ᠲᠠᠶᠠᠭᠳᠠᠵᠤ᠂ ᠱᠠᠩᠲᠤ ᠪᠠᠯᠭᠠᠰᠤᠨ ᠤ ᠵᠠᠮ ᠤᠨ ᠭᠠᠳᠠᠷᠭᠤ ᠶᠢᠨ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠭᠡᠨ᠎ᠡ᠃ ᠤᠰᠤᠨ ᠤ ᠪᠣᠬᠢᠷᠳᠤᠯ ᠢ ᠴᠡᠪᠡᠷᠯᠡᠬᠦ ᠠᠵᠢᠯᠯᠠᠭ᠎ᠠ ᠶᠢ ᠥᠷᠨᠢᠭᠦᠯᠦᠨ ᠡᠯ᠎ᠡ ᠱᠠᠲᠤᠨ ᠤ ᠭᠤᠣᠯ ᠨᠠᠭᠤᠷ ᠤᠨ ᠳᠠᠷᠤᠭ᠎ᠠ ᠪᠠᠶᠢᠩᠭᠤ ᠶᠢᠨ ᠴᠢᠨᠠᠷᠲᠠᠢ ᠭᠤᠣᠯ ᠨᠠᠭᠤᠷ ᠢ ᠴᠠᠭᠳᠠᠨ ᠪᠠᠶᠢᠴᠠᠭᠠᠵᠤ᠂ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ᠂ ᠱᠠᠭᠠᠷᠳᠠᠨ ᠪᠠᠶᠢᠴᠠᠭᠠᠯᠲᠠ ᠶᠢ ᠴᠢᠩᠭᠠᠳᠬᠠᠨ᠂ ᠤᠤᠭᠤᠬᠤ ᠤᠰᠤᠨ ᠤ ᠤᠰᠤᠨ ᠰᠣᠷᠪᠤᠯᠵᠢ ᠶᠢᠨ ᠣᠷᠣᠨ ᠤ ᠳᠥᠷᠢᠮᠵᠢᠭᠰᠡᠨ ᠪᠠᠶᠢᠭᠤᠯᠤᠯᠲᠠ ᠪᠠ ᠪᠣᠬᠢᠷ ᠤᠰᠤ ᠰᠢᠢᠳᠪᠦᠷᠢᠡᠯᠬᠦ ᠦᠢᠯᠡᠳᠪᠦᠷᠢ ᠶᠢᠨ ᠠᠽᠤᠲ ᠦᠭᠡᠶᠢᠲᠡᠭᠦᠯᠬᠦ ᠪᠠ ᠹᠣᠰᠹᠣᠷ ᠦᠭᠡᠶᠢᠲᠡᠭᠦᠯᠬᠦ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠵᠤ᠂ ᠠᠵᠤ ᠠᠬᠤᠶᠢᠯᠠᠯ ᠤᠨ ᠲᠥᠯᠦᠪᠯᠡᠭᠡᠲᠦ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠣᠰᠤᠨ ᠤ ᠣᠷᠴᠢᠨ ᠲᠤᠭᠤᠷᠢᠨ ᠤ ᠳᠠᠭᠠᠭᠠᠴᠠ ᠶᠢ ᠦᠨᠡᠨᠬᠦ ᠨᠡᠮᠡᠭᠳᠡᠭᠦᠯᠦᠨ᠎ᠡ᠃ ᠲᠠᠷᠢᠶᠠᠯᠠᠩ ᠤᠨ ᠭᠠᠵᠠᠷ ᠤᠨ ᠭᠠᠳᠠᠷᠭᠤ ᠳᠤ ᠦᠵᠡᠭᠦᠯᠬᠦ ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂ ︽ᠳᠥᠷᠪᠡ ᠶᠢ ᠬᠢᠵᠠᠭᠠᠷᠯᠠᠬᠤ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠶᠢ ᠨᠠᠷᠢᠨ ᠪᠠᠶᠢᠴᠠᠭᠠᠵᠤ᠂ ᠲᠠᠷᠢᠮᠠᠯ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠶᠤᠯᠲᠠᠶ ᠬᠠᠶᠠᠭᠳᠠᠮᠠᠯ ᠪᠣᠳᠠᠰ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠬᠥᠷᠥᠰᠥ ᠰᠢᠷᠣᠶ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠳᠡᠢ᠃ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠨ᠎ᠡ᠃ ᠦᠵᠡᠯᠳᠡ ᠲᠠᠨᠢᠯᠲᠠ᠂ ᠴᠢᠳᠠᠪᠤᠷᠢ ᠶᠢᠨ ᠲᠦᠪᠰᠢᠨ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠬᠢ ᠲᠤᠪᠤᠶᠢᠮ᠎ᠠ ᠲᠤᠲᠠᠭᠳᠠᠯ ᠢᠶᠠᠨ ᠨᠥᠬᠦᠪᠥᠷᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠠᠮᠤᠷ ᠲᠣᠭᠲᠠᠭᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠮᠥᠩᠭᠦᠨ ᠭᠦᠢᠯᠭᠡᠭᠡᠨ ᠤ ᠳᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠰᠠᠭ ᠤᠨ ᠣᠷᠳᠣᠨ ᠤ ᠰᠢᠨ᠎ᠡ ᠥᠷᠢ ᠥᠭᠴᠡᠭᠡ ᠶᠢ ᠴᠢᠩᠭ᠎ᠠ ᠬᠢᠵᠠᠭᠠᠷᠯᠠᠨ᠂ ᠡᠩ ᠤᠨ ᠵᠠᠷᠤᠯᠭ᠎ᠠ ᠶᠢ ᠶᠡᠭᠡ ᠪᠠᠷ ᠪᠠᠭᠠᠰᠬᠠᠨ᠂ ᠰᠢᠨ᠎ᠡ ᠲᠦᠷᠥᠯ ᠵᠦᠢᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠠᠶᠤᠯᠭᠦᠢ ᠦᠢᠯᠡᠳᠪᠦᠷᠢᠯᠡᠯ ᠤᠨ ᠳᠥᠷᠢᠮ ᠢ ᠴᠢᠩᠭ᠎ᠠ ᠵᠢᠷᠤᠮᠯᠠᠨ᠂ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠦᠷᠡᠰᠦᠨ ᠤ ᠪᠣᠰᠤ ᠠᠭᠤᠷᠬᠠᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠯ ᠰᠡᠷᠭᠡᠶᠢᠯᠡᠯᠲᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ ᠂ ᠠᠰᠠᠭᠤᠳᠠᠯ ᠢ ᠲᠥᠷᠦᠯ ᠬᠤᠪᠢᠶᠠᠨ ᠬᠢᠨᠠᠨ ᠳ᠋ᠦᠩᠨᠡᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠬᠦᠯᠵᠦ᠂ ᠬᠤᠯᠤᠭᠠᠨ᠎ᠠ ᠶᠢᠨ ᠬᠢᠵᠢᠭ ᠵᠡᠷᠭᠡ ᠣᠷᠣᠨ ᠨᠤᠲᠤᠭ ᠤᠨ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠬᠡᠶᠢᠯᠡᠨ ᠬᠤᠷᠢᠭᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠥᠮᠦᠨ ᠪᠠ ᠠᠮᠢᠲᠠᠨ ᠤ ᠬᠢᠵᠢᠭ ᠢ ᠬᠢᠨᠠᠨ ᠬᠡᠮᠵᠢᠬᠦ᠂ ᠡᠷᠡᠭᠦᠯ ᠮᠡᠨᠳᠤ ᠤᠨ ᠬᠥᠮᠦᠵᠢᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠬᠠᠮᠠᠭᠠᠯᠠᠯᠲᠠ ᠶᠢᠨ ᠴᠢᠨᠠᠷᠲᠠᠶ ᠬᠤᠯᠤᠭᠠᠨ᠎ᠠ ᠪᠠ ᠪᠥᠭᠡᠰᠦ ᠶᠢ ᠤᠰᠠᠳᠬᠠᠬᠤ ︽ᠲᠠᠪᠤ ᠶᠢ ᠪᠠᠶᠢᠩᠭᠤᠵᠢᠭᠤᠯᠬᠤ︾ ᠶᠢᠨ ᠠᠵᠢᠯᠯᠠᠭ᠎ᠠ ᠶᠢ ᠥᠷᠨᠢᠭᠦᠯᠦᠨ᠎ᠡ᠃ ᠰᠢᠨ᠎ᠡ ᠬᠡᠯᠪᠡᠷᠢ ᠶᠢᠨ ᠳᠢᠳᠢᠮᠯᠢᠭ ᠸᠢᠷᠦ᠋ᠰ ᠤᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠵᠦᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃          ︵ᠬᠤᠶᠠᠷ︶ ᠠᠵᠤ ᠠᠬᠤᠢ ᠶᠢᠨ ᠡᠵᠡᠩᠨᠡᠯᠲᠡ ᠶᠢ ᠲᠣᠭᠲᠠᠪᠤᠷᠢᠵᠢᠭᠤᠯᠤᠨ᠎ᠠ᠃ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠣᠯᠠᠨ ᠲᠠᠯ᠎ᠠ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠬᠦᠯᠦᠨ᠂ ᠠᠵᠤ ᠠᠬᠤᠶ ᠶᠢᠨ ᠡᠵᠡᠩᠨᠡᠯᠲᠡ ᠶᠢ ᠵᠣᠬᠢᠰᠲᠠᠶ ᠣᠷᠣᠨ ᠵᠠᠢ ᠳᠤ ᠪᠠᠶᠢᠯᠭᠠᠬᠤ ᠬᠡᠷᠡᠭᠳᠡᠢ᠃ ᠠᠵᠤ ᠠᠬᠤᠶ ᠶᠢᠨ ᠬᠡᠯᠪᠡᠷᠢ ᠶᠢᠨ ᠬᠤᠪᠢᠷᠠᠯᠲᠠ ᠥᠭᠡᠷᠡᠴᠢᠯᠡᠯᠲᠡ ᠶᠢᠨ ᠭᠦᠨᠵᠡᠭᠡᠶᠢᠷᠡᠬᠦ ᠶᠢ ᠳᠠᠭᠠᠯᠳᠤᠨ ᠪᠤᠢ ᠪᠣᠯᠤᠭᠰᠠᠨ ᠬᠥᠭᠵᠢᠯᠲᠡ ᠶᠢᠨ ᠬᠠᠨᠳᠤᠰᠢ ᠶᠢ ᠪᠤᠰᠤᠳᠴᠢ ᠪᠠᠷ ᠵᠠᠳᠠᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠭᠰᠠᠨ ᠱᠠᠲᠤᠴᠢ ᠴᠢᠨᠠᠷᠲᠠᠶ ᠠᠰᠠᠭᠤᠳᠠᠯ ᠢ ᠢᠳᠡᠪᠬᠢᠲᠡᠶ ᠠᠷᠭᠠᠴᠠᠨ᠂ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠲᠡᠰ ᠳᠡᠪᠰᠢᠭᠦᠯᠬᠦ᠂ ᠰᠢᠨ᠎ᠡ ᠠᠵᠤ ᠦᠢᠯᠡᠰ ᠢ ᠪᠤᠵᠠᠭᠠᠶᠢᠷᠠᠭᠤᠯᠤᠨ᠂ ᠲᠤᠭᠲᠠᠭᠤᠨ ᠨᠡᠮᠡᠭᠳᠡᠯ ᠢ ᠬᠦᠴᠦᠯᠡᠨ ᠪᠡᠶᠡᠯᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ︾ ᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠬᠦᠯᠵᠦ᠂ ᠰᠢᠨ᠎ᠡ ᠬᠦᠭᠵᠢᠯᠲᠡ ᠶᠢᠨ ᠣᠨᠣᠯ ᠢ ᠪᠠᠷᠢᠮᠲᠠᠯᠠᠨ᠂ ᠨᠢᠭᠡ ᠪᠦᠯᠦᠭ ᠣᠳᠣ ᠶᠢᠨ ᠬᠦᠭᠵᠢᠯᠲᠡ ᠳᠤ ᠨᠡᠶᠢᠴᠡᠭᠰᠡᠨ ᠠᠯᠤᠰ ᠬᠡᠳᠦ ᠶᠢᠨ ᠠᠴᠢ ᠬᠤᠯᠪᠤᠭᠳᠠᠯ ᠲᠠᠢ ᠲᠣᠮᠤ ᠮᠥᠷᠲᠡᠭᠡᠨ ᠰᠠᠶᠢᠨ ᠲᠥᠷᠦᠯ ᠵᠦᠢᠯ ᠢ ᠰᠦᠪᠡᠭᠴᠢᠯᠡᠨ ᠲᠥᠯᠦᠪᠯᠡᠵᠦ᠂ ᠲᠡᠭᠦᠨ ᠢ ᠮᠠᠨ ᠤ ᠬᠤᠰᠢᠭᠤᠨ ᠤ ᠢᠷᠡᠭᠡᠳᠦᠢ ᠶᠢᠨ ᠲᠠᠪᠤᠨ ᠵᠢᠯ ᠤᠨ ᠣᠯᠣᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠵᠢᠯᠣᠭᠤᠳᠣᠨ ᠳᠠᠭᠠᠭᠤᠯᠬᠤ ᠬᠦᠳᠦᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠭᠠᠬᠤ ᠬᠡᠷᠡᠭᠳᠡᠢ᠃          ᠠᠵᠤ ᠠᠬᠤᠶᠢᠯᠠᠯ ᠤᠨ ᠡᠵᠡᠩᠨᠡᠯᠲᠡ ᠶᠢ ᠲᠣᠭᠲᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠵᠠᠳᠠᠯᠤᠯᠲᠠ ᠲᠣᠬᠢᠷᠠᠭᠤᠯᠤᠯᠲᠠ ᠶᠢ ᠤᠯᠠᠮ ᠨᠠᠷᠢᠯᠢᠭᠵᠢᠭᠤᠯᠵᠤ᠂ ᠱᠠᠩᠳᠤ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠪᠣᠯᠤᠨ ᠴᠠᠬᠢᠯᠭᠠᠨ ᠭᠠᠷᠭᠠᠭᠰᠠᠨ ᠪᠠᠶᠢᠳᠠᠯ ᠢ ᠨᠢᠭᠲᠠ ᠮᠥᠷᠲᠡᠨ᠂ ᠳᠡᠭᠡᠳᠦ ᠱᠠᠲᠤᠨ ᠤ ᠡᠨᠧᠷᠭᠢ ᠶᠢᠨ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠨ᠂ ᠴᠠᠬᠢᠯᠭᠠᠨ ᠭᠠᠷᠭᠠᠬᠤ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢ ᠪᠠᠲᠤᠯᠠᠨ᠎ᠠ᠃ ᠳᠡᠮᠵᠢᠯᠭᠡ ᠳᠡᠳᠭᠦᠪᠦᠷᠢ ᠶᠢᠨ ᠠᠵᠢᠯ ᠢ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠣᠯᠠᠨ ᠲᠠᠯᠠᠲᠤ ᠰᠦᠯᠵᠢᠶᠡᠨ ᠤ ᠵᠠᠬ᠎ᠠ ᠳᠤ ᠣᠷᠣᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠠᠵᠤ ᠠᠬᠤᠶᠢᠯᠠᠯ ᠢ ᠳᠡᠰ ᠳᠡᠪᠰᠢᠭᠦᠯᠦᠨ ᠪᠤᠵᠠᠭᠠᠶᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠳᠣᠲᠣᠷ᠎ᠠ ᠹᠦ᠋ ᠶᠠᠩ᠂ ᠰᠢᠨ ᠫᠧᠩ ᠵᠡᠷᠭᠡ 2 ᠠᠵᠤ ᠠᠬᠤᠶᠢᠯᠠᠯ ᠢ ᠳᠡᠰ ᠳᠡᠪᠰᠢᠭᠦᠯᠬᠦ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠳᠭᠦᠨ᠂ ᠠᠵᠤ ᠠᠬᠤᠶᠢᠯᠠᠯ ᠳᠤ ᠬᠠᠪᠰᠤᠷᠤᠨ ᠵᠠᠬ᠎ᠠ ᠳᠡᠯᠭᠡᠭᠦᠷ ᠤᠨ ᠵᠠᠬᠢᠶᠠᠯᠠᠭ᠎ᠠ ᠶᠢ ᠣᠯᠭᠤᠨ ᠥᠭᠴᠦ᠂ ᠦᠢᠯᠡᠳᠪᠦᠷᠢᠯᠡᠯ ᠤᠨ ᠲᠥᠯᠥᠪᠯᠡᠭᠡ ᠶᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃          ᠵᠢᠭᠤᠯᠴᠢᠯᠠᠯ ᠤᠨ ᠦᠢᠯᠡᠰ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠶᠤᠸᠠᠨ ᠤ ᠳᠡᠭᠡᠳᠦ ᠨᠡᠶᠢᠰᠯᠡᠯ︾ ᠪᠠ ︽ᠬᠤᠯᠠᠨ ᠰᠢᠷᠭ᠎ᠠ︾ ᠰᠣᠶᠣᠯ ᠤᠨ ᠨᠡᠷᠡᠲᠦ ᠲᠡᠮᠳᠡᠭ ᠲᠤ ᠲᠦᠰᠢᠭᠯᠡᠨ᠂ ᠮᠣᠩᠭᠤᠯ ᠶᠤᠸᠠᠨ ᠤ ᠰᠣᠶᠣᠯ ᠤᠨ ᠳᠠᠪᠠᠭᠤᠯᠢᠭ ᠡᠬᠢ ᠪᠠᠶᠠᠯᠢᠭ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ︽ᠢᠳᠡᠵᠦ ᠤᠤᠭᠤᠨ᠂ ᠬᠤᠨᠣᠵᠤ ᠠᠮᠠᠷᠠᠬᠤ︾ ᠤᠯᠠᠮᠵᠢᠯᠠᠯᠲᠤ ᠵᠢᠭᠤᠯᠴᠢᠯᠠᠯ ᠤᠨ ᠬᠦᠴᠦᠨ ᠵᠦᠢᠯ ᠢ ᠪᠣᠯᠪᠠᠰᠤᠷᠠᠭᠤᠯᠤᠨ᠂ ︽ᠵᠤᠭᠠᠴᠠᠬᠤ᠂ ᠬᠤᠳᠠᠯᠳᠤᠨ ᠠᠪᠬᠤ᠂ ᠨᠠᠭᠠᠳᠤᠨ ᠴᠡᠩᠭᠡᠬᠦ︾ ᠬᠡᠯᠪᠡᠷᠢ ᠶᠢ ᠨᠠᠷᠢᠯᠢᠭᠵᠢᠭᠤᠯᠤᠨ᠂ ᠣᠨᠴᠠᠯᠢᠭᠵᠢᠭᠤᠯᠤᠨ ᠬᠦᠭᠵᠢᠭᠦᠯᠵᠦ᠂ ︽ᠬᠤᠳᠠᠯᠳᠤᠭ᠎ᠠ ᠂ ᠰᠣᠪᠢᠯᠠᠯᠲᠠ᠂ ᠰᠤᠷᠭᠠᠯᠲᠠ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠ ᠠᠷᠭ᠎ᠠ ᠵᠠᠮ ᠢ ᠰᠦᠪᠡᠭᠴᠢᠯᠡᠨ᠂ ᠰᠣᠶᠣᠯ ᠵᠢᠭᠤᠯᠴᠢᠯᠠᠯ ᠤᠨ ᠦᠢᠯᠡᠰ ᠬᠢᠭᠡᠳ ᠰᠣᠶᠣᠯ ᠤᠨ ᠪᠦᠲᠦᠭᠡᠯᠴᠢ ᠲᠥᠰᠦᠪᠯᠡᠯ᠂ ᠠᠮᠢ ᠠᠬᠤᠢ ᠮᠠᠯ ᠠᠵᠤ ᠠᠬᠤᠢ ᠶᠢ ᠤᠷᠭᠠᠨᠢᠭ ᠢᠶᠠᠷ ᠤᠶᠠᠯᠳᠤᠭᠤᠯᠬᠤ᠂ ᠡᠷᠡᠭᠦᠯ ᠮᠡᠨᠳᠦ ᠠᠮᠢ ᠰᠤᠪᠢᠯᠠᠯ᠂ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠡᠭᠡᠳᠦ ᠲᠡᠰ ᠤᠨ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠵᠢᠭᠤᠯᠴᠢᠯᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ 5A ᠲᠡᠰ ᠤᠨ ᠦᠵᠡᠮᠵᠢ ᠶᠢᠨ ᠣᠷᠣᠨ ᠪᠠ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠵᠤᠭᠠᠴᠠᠭᠰᠠᠳ ᠲᠤ ᠦᠢᠯᠡᠴᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠪᠰᠤᠷᠤᠨ ᠠᠬᠢᠭᠤᠯᠤᠨ᠎ᠠ᠃ ᠳᠠᠬᠢᠶ᠎ᠠ ᠲᠡᠵᠢᠭᠡᠬᠦ ᠦᠢᠯᠡᠰ ᠢ ᠶᠡᠬᠡᠪᠡᠷ ᠬᠥᠭᠵᠢᠭᠦᠯᠵᠦ᠂ ᠵᠢᠯ ᠤᠨ ᠳᠣᠲᠣᠷ᠎ᠠ ᠪᠦᠬᠦ ᠬᠤᠰᠢᠭᠤᠨ ᠤ ᠲᠠᠬᠢᠶᠠᠨ ᠤ ᠲᠤᠭ᠎ᠠ ᠶᠢ 10 ᠲᠦᠮᠡ ᠳᠤ ᠬᠦᠷᠭᠡᠬᠦ ᠪᠠᠷ ᠴᠢᠷᠮᠠᠶᠢᠵᠤ᠂ ᠡᠭᠦᠨ ᠤ ᠤᠯᠠᠮ ᠢᠶᠠᠷ ᠵᠢᠭᠤᠯᠴᠢᠯᠠᠯ ᠤᠨ ᠦᠢᠯᠡᠴᠢᠯᠡᠭᠡᠨ ᠤ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠤᠣᠰ ᠬᠠᠷᠠᠯᠲᠠ ᠶᠢ ᠪᠡᠶᠡᠯᠡᠭᠦᠯᠦᠨ᠎ᠡ᠃ ︽ᠶᠡᠷᠦᠩᠬᠡᠢ ᠬᠡᠮᠵᠢᠶ᠎ᠡ ᠶᠢ ᠡᠵᠡᠮᠳᠡᠨ᠂ ᠠᠮᠢᠳᠤᠯᠢᠭ ᠢᠶᠠᠷ ᠲᠣᠬᠢᠷᠠᠭᠤᠯᠬᠤ︾ ᠵᠠᠷᠴᠢᠮ ᠶᠣᠰᠣᠭᠠᠷ᠂ ᠲᠠᠯ᠎ᠠ ᠨᠤᠲᠤᠭ ᠤᠨ ᠵᠢᠭᠤᠯᠴᠢᠯᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ︽ᠮᠠᠯᠴᠢᠨ ᠠᠶᠢᠯ︾ ᠵᠢᠭᠤᠯᠴᠢᠯᠠᠯ ᠤᠨ ᠭᠠᠵᠠᠷ ᠤᠨ ᠳᠡᠰ ᠳᠡᠪᠰᠢᠬᠦ ᠶᠢ ᠠᠬᠢᠭᠤᠯᠤᠨ᠂ ᠵᠢᠯ ᠤᠨ ᠳᠣᠲᠣᠷ᠎ᠠ ᠪᠦᠬᠦ ᠬᠤᠰᠢᠭᠤᠨ ᠤ ︽ᠮᠠᠯᠴᠢᠨ ᠠᠶᠢᠯ︾ ᠵᠢᠭᠤᠯᠴᠢᠯᠠᠯ ᠤᠨ ᠭᠠᠵᠠᠷ ᠤᠨ ᠶᠡᠷᠦᠩᠬᠡᠢ ᠬᠡᠮᠵᠢᠶ᠎ᠡ ᠶᠢ 40% ᠪᠠᠷ ᠪᠠᠭᠠᠰᠬᠠᠵᠤ᠂ ᠵᠢᠭᠤᠯᠴᠢᠯᠠᠯ ᠤᠨ ᠠᠵᠢᠯ ᠲᠥᠷᠥᠯ ᠤᠨ ᠠᠵᠢᠯᠯᠠᠭᠠᠨ ᠤ ᠳᠦᠷᠢᠮᠵᠢᠯ ᠢ ᠦᠨᠡᠨᠬᠦ ᠪᠠᠲᠤᠯᠠᠵᠤ᠂ ᠴᠡᠪᠡᠷ ᠲᠤᠬᠢᠯᠢᠭ᠂ ᠪᠣᠯᠪᠠᠰᠤᠨ᠂ ᠡᠶ᠎ᠡ ᠵᠣᠬᠢᠴᠠᠩᠭᠤᠢ᠂ ᠠᠮᠤᠷ ᠲᠦᠪᠰᠢᠨ ᠰᠣᠶᠣᠯ ᠵᠢᠭᠤᠯᠴᠢᠯᠠᠯ ᠤᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠤᠨ᠎ᠠ᠃          ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠭᠲᠠᠪᠤᠷᠢᠵᠢᠭᠤᠯᠤᠨ᠎ᠠ᠃ ᠪᠦᠬᠦ ᠬᠤᠰᠢᠭᠤᠨ ᠤ 36 ᠭᠤᠣᠯᠳᠠᠯᠭ᠎ᠠ ᠲᠠᠢ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠠᠵᠢᠯ ᠰᠡᠷᠭᠦᠭᠡᠵᠦ᠂ 500 ᠺᠢᠯᠤᠸᠣᠯᠲ ᠤᠨ ᠰᠢᠨ᠎ᠡ ᠡᠨᠧᠷᠭᠢ ᠶᠢᠨ ᠴᠠᠬᠢᠯᠭᠠᠨ ᠤ ᠬᠤᠷᠠᠮᠳᠤᠯ ᠤᠨ ᠥᠷᠲᠡᠭᠡ ᠶᠢᠨ ᠲᠥᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠨ ᠹᠧᠩ᠂ ᠬᠤᠸᠠ ᠳ᠋ᠢᠶᠠᠨ ᠠᠭᠤᠳᠠᠮ ᠲᠣᠬᠤᠢ ᠶᠢᠨ ᠬᠤᠶᠠᠷ ᠰᠠᠭᠤᠷᠢ 10 ᠲᠥᠮᠡᠨ ᠺᠢᠯᠣᠸᠠᠲ ᠤᠨ ᠣᠨᠴᠠ ᠥᠨᠳᠥᠷ ᠬᠦᠴᠦᠳᠡᠯᠲᠦ ᠰᠠᠯᠬᠢᠨ ᠬᠦᠴᠦᠨ ᠤ ᠴᠠᠬᠢᠯᠭᠠᠨ ᠢ ᠭᠠᠳᠠᠭᠰᠢ ᠳᠡᠮᠵᠢᠭᠤᠯᠬᠤ ᠲᠥᠷᠦᠯ ᠵᠦᠢᠯ ᠤᠨ ᠠᠰᠢᠭᠯᠠᠯᠲᠠ ᠳᠤ ᠣᠷᠣᠨ ᠴᠠᠬᠢᠯᠭᠠᠨ ᠭᠠᠷᠭᠠᠬᠤ ᠶᠢ ᠪᠡᠶᠡᠯᠡᠭᠦᠯᠦᠨ᠎ᠡ᠃ ᠹᠦ᠋ ᠶᠠᠩ ᠵᠤᠭᠠᠩ ᠤᠨ ᠦᠢᠯᠡᠰ ᠤᠨ ᠵᠣᠭᠠᠩ ᠬᠠᠪᠲᠠᠰᠤ ᠶᠢᠨ ᠦᠢᠯᠡᠳᠪᠦᠷᠢᠯᠡᠯ ᠤᠨ ᠱᠤᠭᠤᠮ᠂ ᠼᠤᠤ ᠶᠤᠸᠠᠨ ᠲᠢᠶᠠᠨ ᠮᠤ᠋ ᠴᠠᠭᠠᠨ ᠢᠳᠡᠭᠡᠨ ᠤ ᠦᠢᠯᠡᠳᠪᠦᠷᠢᠯᠡᠯ ᠤᠨ ᠱᠤᠭᠤᠮ ᠢ ᠵᠢᠩᠬᠢᠨᠢ ᠪᠠᠷ ᠠᠰᠢᠭᠯᠠᠯᠲᠠ ᠳᠤ ᠣᠷᠤᠭᠤᠯᠤᠨ᠎ᠠ᠃ ᠪᠸᠢ ᠹᠠᠩ ᠴᠠᠬᠢᠯᠭᠠᠨ ᠭᠠᠷᠭᠠᠬᠤ ᠺᠣᠮᠫᠠᠨᠢ ᠶᠢᠨ ᠱᠠᠩᠳᠤ ᠳᠠᠬᠢ ᠵᠠᠭᠤᠨ ᠲᠦᠮᠡᠨ ᠺᠢᠯᠣᠸᠠᠲ ᠤᠨ ᠲᠡᠰ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠢᠯ ᠤᠨ ᠳᠣᠲᠣᠷ᠎ᠠ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠰᠢ ᠪᠧ ᠮᠠᠯᠵᠢᠯ ᠤᠨ ᠲᠠᠯᠠᠪᠠᠢ᠂ ᠱᠦᠨ ᠰᠢᠨ ᠰᠢᠨ ᠶᠤᠸᠠᠨ ᠨᠢᠲᠤᠯᠵᠤ ᠪᠣᠯᠪᠠᠰᠤᠷᠠᠭᠤᠯᠬᠤ ᠰᠠᠭᠤᠷᠢᠨ ᠭᠠᠵᠠᠷ᠂ ᠮᠣᠩᠭᠤᠯ ᠭᠡᠷ ᠤᠨ ᠠᠵᠤ ᠦᠢᠯᠡᠳᠪᠦᠷᠢ ᠶᠢᠨ ᠬᠦᠷᠢᠶᠡᠯᠡᠩ᠂ ᠱᠠᠨ ᠬᠠᠢ ᠨᠤᠨᠲᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠠᠷᠢᠯᠭ᠎ᠠ ᠶᠢ ᠡᠬᠢᠯᠡᠭᠦᠯᠦᠨ᠎ᠡ᠃ ᠱᠠᠩᠳᠤ ᠴᠠᠬᠢᠯᠭᠠᠨ ᠦᠢᠯᠡᠳᠪᠦᠷᠢ ᠠᠴᠠ ᠲᠤᠯᠠᠭᠠᠯᠠᠭ᠎ᠠ ᠬᠠᠩᠭᠠᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠤᠨ᠎ᠠ᠃ ᠲᠠᠶᠢᠽᠢ ᠴᠧᠩ ᠠᠴᠠ ᠰᠢᠯᠢ ᠶᠢᠨ ᠬᠤᠳᠠ ᠬᠦᠷᠬᠦ ᠲᠡᠮᠦᠷ ᠵᠠᠮ ᠤᠨ ᠰᠢᠯᠤᠭᠤᠨ ᠬᠥᠬᠡ ᠬᠤᠰᠢᠭᠤᠨ ᠳᠠᠬᠢ ᠬᠡᠰᠡᠭ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠠᠮᠵᠢᠯᠴᠠᠨ ᠰᠠᠶᠢᠲᠤᠷ ᠬᠢᠵᠦ᠂ ᠡᠷᠲᠡᠬᠡᠨ ᠠᠵᠢᠯ ᠡᠬᠢᠯᠡᠭᠦᠯᠦᠨ᠎ᠡ᠃ ᠡᠭᠦᠨ ᠤ ᠬᠠᠮᠲᠤ᠂ ᠱᠠᠩᠳᠤ ᠨᠢᠰᠬᠡᠯ ᠤᠨ ᠪᠠᠭᠤᠳᠠᠯ ᠤᠨ ᠰᠣᠳᠣᠯᠭᠠᠨ ᠤ ᠮᠡᠳᠡᠭᠦᠯᠦᠯᠲᠡ ᠶᠢ ᠥᠨᠥ ᠵᠢᠯ ᠵᠥᠪᠰᠢᠶᠡᠷᠡᠭᠦᠯᠬᠦ ᠪᠠᠷ ᠴᠢᠷᠮᠠᠶᠢᠨ᠎ᠠ᠃          ᠪᠡᠯᠡ ᠮᠥᠩᠭᠦᠨ ᠤ ᠬᠡᠷᠡᠭᠯᠡᠯᠲᠡ ᠶᠢ ᠲᠣᠭᠲᠠᠪᠤᠷᠢᠵᠢᠭᠤᠯᠤᠨ᠎ᠠ᠃ ᠲᠥᠪ ᠤᠨ ᠲᠥᠰᠦᠪ ᠤᠨ ᠪᠡᠯᠡ ᠮᠥᠩᠭᠦᠨ ᠤ ᠲᠥᠷᠥᠯ ᠵᠦᠢᠯ ᠢ ᠡᠷᠡᠮᠡᠯᠵᠡᠯᠡᠨ ᠣᠯᠬᠤ ᠬᠦᠴᠦᠯᠡᠴᠡ ᠪᠠᠨ ᠴᠢᠩᠭᠠᠳᠬᠠᠵᠤ᠂ ᠠᠮᠢ ᠠᠬᠤᠢ᠂ ᠣᠷᠣᠨ ᠰᠠᠭᠤᠴᠠ᠂ ᠰᠤᠷᠭᠠᠨ ᠬᠥᠮᠦᠵᠢᠯ᠂ ᠣᠷᠴᠢᠨ ᠲᠣᠭᠤᠷᠢᠨ ᠤ ᠬᠠᠮᠠᠭᠠᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠳᠠᠶᠢᠴᠢᠯᠠᠨ᠎ᠠ᠃ ᠲᠥᠷᠥᠯ ᠵᠦᠢᠯ ᠤᠨ ᠲᠥᠰᠦᠪᠯᠡᠯ ᠢ ᠥᠷᠭᠡᠳᠭᠡᠨ᠂ ᠨᠤᠲᠠᠯᠠᠯ ᠢ ᠪᠠᠶᠠᠯᠢᠭᠵᠢᠭᠤᠯᠵᠤ᠂ ᠴᠢᠨᠠᠷᠯᠢᠭ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠂ ᠲᠥᠷᠥᠯ ᠵᠦᠢᠯ ᠤᠨ ᠪᠠᠯᠠ ᠮᠥᠩᠭᠦ ᠶᠢ ᠵᠦᠶ ᠵᠣᠬᠢᠰᠲᠠᠶ ᠨᠠᠶᠢᠳᠠᠪᠤᠷᠢᠵᠢᠭᠤᠯᠬᠤ ᠪᠠ ᠳᠥᠷᠢᠮᠵᠢᠭᠦᠨ ᠬᠡᠷᠡᠭᠯᠡᠬᠦ ᠶᠢ ᠪᠠᠲᠤᠯᠠᠨ᠎ᠠ᠃          ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠣᠭᠲᠠᠪᠤᠷᠢᠵᠢᠭᠤᠯᠤᠨ᠎ᠠ᠃ ︽ᠰᠤᠯᠠᠯᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢᠷᠡᠭᠦᠯᠵᠦ᠂ ︽ᠬᠤᠣᠰ ᠳᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠰᠠᠶᠢᠳᠤᠷ ᠠᠳᠬᠤᠨ᠎ᠠ᠃ ᠭᠠᠶᠢᠯᠢ ᠬᠥᠩᠭᠡᠯᠡᠵᠦ ᠰᠦᠢᠳᠭᠡᠯ ᠬᠡᠯᠳᠦᠷᠢᠭᠦᠯᠬᠦ ᠲᠥᠷᠥ ᠶᠢᠨ ᠪᠣᠳᠣᠯᠭ᠎ᠠ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ︽ᠬᠦᠴᠦᠷᠬᠡᠭ︾ ᠬᠤᠰᠢᠭᠤ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠰᠠᠭᠤᠷᠢ ᠳᠥᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠷᠢᠶᠡᠯᠡᠩ ᠤᠨ ᠶᠡᠷᠦᠩᠬᠡᠶ ᠲᠥᠯᠦᠪᠵᠢᠭᠦᠯᠭᠡ᠂ ᠳᠦᠷᠢᠮ ᠭᠤᠷᠢᠮ ᠢ ᠵᠥᠪᠰᠢᠶᠡᠷᠡᠬᠦ ᠠᠵᠢᠯ ᠢ ᠪᠡᠶᠡᠯᠡᠭᠦᠯᠦᠨ᠂ ᠣᠳᠣ ᠶᠢᠨ ᠪᠠᠶᠢᠭ᠎ᠠ ᠵᠠᠮ ᠢ ᠥᠭᠡᠷᠡᠴᠢᠯᠡᠬᠦ ᠢᠨᠵᠧᠨᠧᠷᠢᠩ ᠪᠣᠯᠤᠨ ᠢᠯᠴᠢ ᠬᠠᠩᠭᠠᠬᠤ᠂ ᠬᠡᠢ ᠬᠠᠩᠭᠠᠬᠤ᠂ ᠤᠰᠤ ᠬᠠᠩᠭᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠦᠷᠢᠶᠡᠯᠡᠩ ᠤᠨ ᠳᠠᠭᠠᠭᠠᠴᠠ ᠪᠠ ᠴᠢᠳᠠᠪᠤᠷᠢ ᠶᠢ ᠳᠡᠭᠡᠭᠰᠢᠯᠡᠬᠦᠯᠦᠨ᠎ᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠤᠭᠤᠳᠤᠯᠭ᠎ᠠ ᠶᠢ ᠦᠨᠳᠦᠰᠦᠯᠡᠨ᠂ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ ᠂ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠤᠯᠬᠤ᠂ ᠠᠵᠤ ᠦᠢᠯᠡᠰ  ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠵᠡᠷᠭᠡ ᠵᠠᠭᠪᠤᠷ ᠢᠶᠠᠷ ᠳᠠᠮᠵᠢᠭᠤᠯᠤᠨ᠂ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠨᠢᠭᠡ ᠪᠦᠯᠦᠭ ᠰᠢᠯᠢᠳᠡᠭ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃          ︵ᠭᠤᠷᠪᠠ︶ ᠮᠠᠯ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠪᠣᠷᠤᠯᠠᠭᠤᠯᠬᠤ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠴᠢᠨᠠᠷᠯᠢᠭ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠢ ᠬᠦᠴᠦᠷᠬᠡᠭᠵᠢᠭᠦᠯᠬᠦ ᠪᠠᠷ ᠭᠤᠤᠯ ᠪᠣᠯᠭᠠᠨ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠪᠠ ︽ᠬᠤᠨᠢ ᠶᠢ ᠴᠥᠭᠡᠳᠬᠡᠨ ᠦᠬᠡᠷ ᠮᠠᠯᠵᠢᠵᠤ᠂ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ︾ ᠵᠢᠱᠢᠶ᠎ᠡ ᠦᠵᠡᠭᠦᠯᠬᠦ ᠬᠤᠰᠢᠭᠤᠨ ᠤ ᠲᠥᠷᠥᠯ ᠵᠦᠢᠯ ᠲᠠᠢ ᠤᠶᠠᠯᠳᠤᠭᠤᠯᠤᠨ᠂ ᠮᠠᠯᠵᠢᠬᠤ᠂ ᠪᠣᠷᠳᠣᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠯᠠᠭᠰᠠᠨ ᠣᠳᠤᠬᠢᠴᠢᠯᠠᠭᠰᠠᠨ ᠮᠢᠬᠠᠨ ᠤ ᠦᠬᠡᠷ ᠤᠨ ᠠᠵᠤ ᠦᠢᠯᠡᠰ ᠤᠨ ᠬᠡᠯᠬᠢᠶᠡᠵᠢᠯ ᠤᠨ ᠦᠷᠭᠦᠯᠵᠢᠯᠡᠨ ᠬᠦᠭᠵᠢᠬᠦ ᠶᠢ ᠠᠬᠢᠭᠤᠯᠤᠨ᠎ᠠ᠃          ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠡᠷ ᠢᠶᠠᠨ ᠪᠣᠶᠢᠵᠢᠭᠤᠯᠬᠤ ᠪᠠᠷ ᠭᠤᠣᠯᠳᠠᠭᠤᠯᠵᠤ᠂ ᠣᠷᠣᠭᠤᠯᠤᠨ ᠠᠪᠴᠢᠷᠠᠬᠤ ᠪᠠᠷ ᠬᠠᠪᠰᠤᠷᠤᠮᠵᠢ ᠪᠣᠯᠭᠠᠨ᠂ ᠦᠷ᠎ᠡ ᠶᠢᠨ ᠮᠠᠯ ᠤᠨ ᠲᠠᠯᠠᠪᠠᠢ᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠪᠠ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠬᠤᠰᠢᠭᠤᠨ ᠤ ᠰᠠᠶᠢᠨ ᠡᠭᠦᠯᠳᠡᠷ ᠤᠨ ᠡᠬᠡ ᠮᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠨ᠂ ᠵᠢᠯ ᠤᠨ ᠳᠣᠲᠣᠷ᠎ᠠ 50 ᠡᠷᠦᠬᠡ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠵᠤ᠂ 2 ᠰᠠᠭᠤᠷᠢ ᠠᠶᠢᠮᠠᠭ ᠤᠨ ᠲᠡᠰ ᠤᠨ ᠲᠥᠯ ᠪᠤᠶᠢᠵᠢᠭᠤᠯᠬᠤ ᠲᠠᠯᠠᠪᠠᠢ ᠶᠢ ᠭᠤᠶᠤᠴᠢᠯᠠᠨ᠂ 2 ᠰᠠᠭᠤᠷᠢ ᠭᠤᠣᠯᠳᠠᠯᠭᠠᠲᠤ ᠰᠦᠷᠦᠭ ᠢ ᠰᠢᠨ᠎ᠡ ᠪᠠᠷ ᠨᠡᠮᠡᠭᠳᠡᠭᠦᠯᠦᠨ᠎ᠡ᠃ ᠰᠢᠮᠧᠨ᠋ᠲᠷ ᠢᠶᠠᠷ ᠭᠤᠣᠯᠳᠠᠭᠰᠠᠨ᠂ ᠠᠩᠭᠧᠰ ᠦᠬᠡᠷ ᠢᠶᠠᠷ ᠬᠠᠪᠰᠤᠷᠤᠮᠵᠢ ᠪᠣᠯᠭᠠᠭᠰᠠᠨ ᠮᠢᠬᠠᠨ ᠤ ᠦᠬᠡᠷ ᠢ ᠭᠠᠳᠠᠨ᠎ᠠ ᠠᠴᠠ ᠣᠷᠣᠭᠤᠯᠬᠤ ᠶᠢ ᠱᠠᠳᠣ ᠳᠠᠷᠠᠭᠠᠯᠠᠨ ᠡᠷᠡᠮᠡᠯᠵᠡᠯᠡᠬᠦ ᠳᠥᠷᠢᠮ ᠢ ᠬᠡᠷᠡᠭᠵᠢᠭᠦᠯᠵᠦ᠂ ᠡᠭᠦᠯᠳᠡᠷ ᠢ ᠬᠢᠨᠠᠨ ᠳᠣᠭᠳᠠᠭᠠᠬᠤ᠂ ᠬᠢᠵᠢᠭ ᠢ ᠪᠠᠶᠢᠴᠠᠭᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠂ ᠴᠢᠨᠠᠷᠯᠢᠭ ᠢᠴᠡᠭᠡᠯ ᠦᠷ᠎ᠡ ᠶᠢ ᠣᠷᠣᠭᠤᠯᠤᠨ ᠠᠪᠴᠢᠷᠠᠵᠤ᠂ ᠡᠭᠦᠯᠳᠡᠷ ᠰᠠᠶᠢᠵᠢᠷᠠᠯᠲᠠ ᠶᠢ ᠳᠡᠭᠡᠭᠰᠢᠯᠡᠭᠦᠯᠦᠨ᠂ ᠡᠪᠦᠯ ᠬᠠᠪᠤᠷ ᠤᠨ ᠤᠯᠠᠷᠢᠯ ᠤᠨ ᠲᠡᠵᠢᠭᠡᠯ ᠪᠣᠷᠳᠤᠭ᠎ᠠ ᠨᠥᠬᠦᠪᠥᠷᠢᠯᠡᠬᠦ ᠬᠤᠭᠤᠴᠠᠭᠠᠨ ᠳᠤ ᠬᠡᠭᠡᠯᠲᠦᠭᠦᠯᠭᠡ ᠬᠢᠬᠦ ᠶᠢ ᠤᠬᠠᠭᠤᠯᠤᠨ ᠵᠢᠯᠣᠭᠤᠳᠴᠤ᠂ ᠵᠢᠯ ᠤᠨ ᠳᠣᠲᠣᠷ᠎ᠠ 9 ᠲᠦᠮᠡᠨ ᠦᠨᠢᠶᠡᠨ ᠳᠤ ᠭᠠᠷ ᠬᠡᠭᠡᠯᠳᠦᠭᠦᠯᠬᠡ ᠬᠢᠬᠦ ᠪᠠᠷ ᠴᠢᠷᠮᠠᠶᠢᠬᠤ ᠶᠢᠨ ᠬᠠᠮᠲᠤ᠂ ᠭᠠᠷ ᠬᠡᠭᠡᠯᠲᠦᠭᠦᠯᠭᠡ ᠶᠢᠨ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠨ᠂ ᠦᠷ᠎ᠡ ᠬᠠᠩᠭᠠᠬᠤ ᠴᠢᠳᠠᠪᠤᠷᠢ ᠶᠢ ᠳᠡᠭᠡᠭᠰᠢᠯᠡᠬᠦᠯᠵᠦ᠂ ᠰᠦᠷᠦᠭ ᠲᠤᠨᠢ ᠲᠠᠯᠪᠢᠨ ᠬᠡᠭᠡᠯᠲᠦᠭᠦᠯᠭᠡ ᠬᠢᠵᠦ ᠪᠠᠶᠢᠭ᠎ᠠ ᠭᠠᠵᠠᠷ ᠣᠷᠣᠨ ᠳᠤ ᠬᠢᠷᠢ ᠲᠡᠩᠴᠡᠭᠰᠡᠨ ᠦᠷ᠎ᠡ ᠶᠢᠨ ᠮᠠᠯ ᠬᠠᠩᠭᠠᠨ᠎ᠠ᠃ ᠨᠠᠰᠤ ᠭᠦᠢᠴᠡᠭᠰᠡᠨ ᠡᠬᠡ ᠮᠠᠯ ᠢ ᠪᠦᠢᠵᠢᠭᠤᠯᠬᠤ ᠠᠵᠢᠯ ᠢ ᠴᠢᠩᠭᠠᠳᠬᠠᠨ ᠂ 100 ᠲᠣᠯᠣᠭᠠᠢ ᠠᠴᠠ ᠳᠡᠭᠡᠭᠰᠢ ᠡᠬᠡ ᠮᠠᠯ ᠲᠠᠢ ᠰᠠᠭᠤᠷᠢᠨ ᠭᠠᠵᠠᠷ10 ᠶᠢ ᠪᠠᠶᠢᠭᠤᠯᠵᠤ᠂ ᠡᠬᠡ ᠮᠠᠯ ᠬᠠᠩᠭᠠᠬᠤ ᠴᠢᠳᠠᠪᠤᠷᠢ ᠶᠢ ᠦᠨᠳᠦᠰᠦᠨ ᠠᠴᠠ ᠨᠢ ᠳᠡᠭᠡᠭᠰᠢᠯᠡᠭᠦᠯᠵᠦ᠂ ᠰᠠᠶᠢᠨ ᠡᠭᠦᠯᠳᠡᠷ ᠤᠨ ᠲᠤᠭᠤᠯ ᠤᠨ ᠭᠠᠳᠠᠭᠰᠢ ᠪᠣᠷᠣᠯᠠᠭᠤᠯᠤᠭᠳᠠᠬᠤ ᠶᠢ ᠰᠡᠷᠭᠡᠶᠢᠯᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠢᠵᠢ ᠪᠥᠷᠢᠳᠦᠭᠰᠡᠨ ᠦᠢᠯᠡᠴᠢᠯᠡᠡᠭᠡᠨ ᠤ ᠠᠵᠢᠯ ᠤᠨ ᠬᠢᠷᠢ ᠳᠥᠪᠰᠢᠨ ᠢ ᠳᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠢᠰᠲ᠋ᠧᠮ ᠢ ᠪᠠᠶᠢᠭᠤᠯᠵᠤ᠂ ᠲᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠤᠨ ᠬᠦᠭᠵᠢᠭᠦᠯᠵᠦ᠂ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃          ᠮᠢᠬᠠᠨ ᠤ ᠦᠬᠡᠷ ᠪᠣᠷᠳᠤᠨ ᠲᠡᠵᠢᠭᠡᠬᠦ ᠠᠵᠤ ᠦᠢᠯᠡᠰ ᠤᠨ ᠳᠤᠲᠠᠭᠳᠠᠯ ᠢ ᠨᠥᠬᠦᠪᠥᠷᠢᠯᠡᠨ᠎ᠡ᠃ ᠪᠤᠷᠳᠤᠨ ᠲᠡᠵᠢᠭᠡᠵᠦ ᠪᠣᠷᠤᠯᠠᠭᠤᠯᠬᠤ᠂ ︽ᠳᠥᠷᠪᠡᠨ ᠤᠯᠠᠷᠢᠯ ᠳᠤ ᠲᠡᠩᠴᠡᠭᠦᠷᠢᠲᠡᠶ ᠪᠣᠷᠣᠯᠠᠭᠤᠯᠬᠤ︾ ᠪᠠᠷ ᠬᠠᠷᠠᠯᠲᠠ ᠪᠣᠯᠭᠠᠨ᠂ ᠬᠤᠯᠠᠨ ᠰᠢᠷᠭ᠎ᠠ ᠳᠠᠭ᠎ᠠ ᠶᠢᠨ ᠮᠠᠩᠬᠠᠨ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠲᠠᠢ ᠤᠶᠠᠯᠳᠤᠭᠤᠯᠤᠨ᠂ ᠪᠣᠷᠳᠤᠨ ᠲᠡᠵᠢᠭᠡᠬᠦ ᠠᠵᠤ ᠠᠬᠤᠶᠢᠯᠠᠯ ᠢ ᠭᠤᠤᠯᠳᠠᠯᠭ᠎ᠠ ᠲᠠᠢ ᠲᠡᠳᠬᠦᠵᠦ᠂ ᠬᠤᠷᠰᠢᠶᠠᠵᠢᠯ᠂ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ ᠳᠠᠶᠢᠴᠢᠯᠠᠵᠤ᠂ ᠪᠣᠷᠳᠤᠨ ᠲᠡᠵᠢᠭᠡᠬᠦ ᠬᠡᠪᠴᠢᠶ᠎ᠠ ᠶᠢ ᠤᠯᠠᠮ ᠥᠷᠭᠡᠳᠭᠡᠨ᠂ ᠡᠨᠡ ᠵᠢᠯ ᠳᠤ 1000 ᠲᠣᠯᠣᠭᠠᠶ ᠠᠴᠠ ᠳᠡᠭᠡᠭᠰᠢᠬᠢ ᠬᠡᠪᠴᠢᠶᠠᠲᠠᠢ ᠪᠣᠷᠳᠤᠨ ᠲᠡᠵᠢᠭᠡᠬᠦ ᠲᠠᠯᠠᠪᠠᠶ 4 ᠶᠢ ᠪᠠᠶᠢᠭᠤᠯᠵᠤ᠂ 200 — 1000 ᠲᠣᠯᠣᠭᠠᠶ ᠮᠠᠯ ᠲᠠᠢ ᠪᠣᠷᠳᠤᠨ ᠲᠡᠵᠢᠭᠡᠬᠦ ᠲᠠᠯᠠᠪᠠᠶ 12 ᠶᠢ ᠪᠠᠶᠢᠭᠤᠯᠤᠨ᠂ ᠪᠥᠬᠦ ᠬᠤᠰᠢᠭᠤᠨ ᠤ ᠮᠢᠬᠠᠨ ᠤ ᠦᠬᠡᠷ ᠤᠨ ᠪᠣᠷᠳᠤᠨ ᠲᠡᠵᠢᠭᠡᠬᠦ ᠪᠠ ᠨᠢᠲᠤᠯᠵᠤ ᠪᠤᠷᠤᠯᠠᠭᠤᠯᠬᠤ ᠬᠡᠪᠴᠢᠶ᠎ᠡ ᠶᠢ 2 ᠲᠦᠮᠡᠨ ᠲᠣᠯᠣᠭᠠᠶ ᠳᠤ ᠬᠦᠷᠭᠡᠨ᠎ᠡ᠃ ᠰᠢᠨᠵᠢᠯᠡᠬᠦ ᠮᠡᠷᠭᠡᠵᠢᠯ ᠢᠶᠠᠷ ᠵᠢᠱᠢᠶ᠎ᠡ ᠦᠵᠡᠭᠦᠯᠬᠦ ᠡᠷᠦᠬᠡ ᠪᠠ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠳᠠᠭᠠᠭᠤᠯᠤᠭᠴᠢ ᠪᠠᠷ ᠭᠤᠤᠯᠳᠠᠯᠭ᠎ᠠ ᠪᠣᠯᠭᠠᠵᠤ᠂ ᠪᠣᠯᠪᠠᠰᠤᠷᠠᠯ ᠢ ᠴᠢᠩᠭᠠᠳᠬᠠᠨ᠂ ᠦᠵᠡᠯᠲᠡ ᠲᠠᠨᠢᠯᠲᠠ᠂ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠤᠯᠠᠮᠵᠢᠯᠠᠯᠲᠤ ᠮᠠᠯ ᠠᠵᠤ ᠠᠬᠤᠶ ᠶᠢ ᠣᠳᠣᠬᠢᠴᠢᠯᠠᠭᠰᠠᠨ ᠥᠨᠳᠥᠷ ᠦᠷ᠎ᠡ ᠪᠦᠳᠦᠮᠵᠢᠲᠤ ᠮᠠᠯ ᠠᠵᠤ ᠠᠬᠤᠶ ᠲᠡᠰᠢ ᠬᠥᠭᠵᠢᠭᠦᠯᠬᠦ ᠶᠢ ᠠᠬᠢᠭᠤᠯᠤᠨ᠎ᠠ᠃ ︽ᠴᠥᠭᠡᠨ ᠮᠠᠯᠵᠢᠬᠤ᠂ ᠨᠠᠷᠢᠯᠢᠭ ᠮᠠᠯᠵᠢᠬᠤ᠂ ᠰᠢᠯᠢᠳᠡᠭ ᠮᠠᠯᠵᠢᠬᠤ︾᠂ ︽ᠬᠠᠭᠠᠰ ᠬᠠᠰᠢᠶᠠᠯᠠᠨ᠂ ᠬᠠᠭᠠᠰ ᠪᠡᠯᠴᠢᠭᠡᠷᠯᠡᠭᠦᠯᠬᠦ︾ ᠪᠠ ︽ᠳᠥᠷᠪᠡᠨ ᠡᠷᠲᠡ︾ ᠶᠢᠨ ᠲᠡᠵᠢᠭᠡᠨ ᠪᠣᠶᠢᠵᠢᠭᠤᠯᠬᠤ ᠬᠡᠯᠪᠡᠷᠢ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠳᠣᠯᠣᠭᠠᠶᠢᠯᠠᠭᠴᠢ ᠠᠵᠤ ᠠᠬᠤᠶᠢᠯᠠᠯ ᠤᠨ ᠮᠠᠯᠴᠢᠨ ᠲᠠᠷᠢᠶᠠᠴᠢᠨ ᠯᠤᠭ᠎ᠠ ᠶᠢᠨ ᠠᠰᠢᠭ ᠲᠤᠰᠠ ᠶᠢᠨ ᠬᠠᠮᠲᠤᠷᠠᠯᠴᠠᠭᠠᠨ ᠤ ᠳᠣᠭᠳᠠᠯᠴᠠᠭ᠎ᠠ ᠶᠢ ᠭᠦᠨᠵᠡᠭᠡᠶᠢᠷᠡᠭᠦᠯᠵᠦ᠂ ᠱᠦᠨ ᠰᠢᠨ ᠰᠢᠨ ᠶᠤᠸᠠᠨ ᠮᠠᠯ ᠠᠵᠤ ᠠᠬᠤᠢ ᠶᠢᠨ ᠺᠣᠮᠫᠠᠨᠢ ᠶᠢᠨ ᠵᠢᠯ ᠳᠤ 7 ᠲᠦᠮᠡᠨ ᠦᠬᠡᠷ ᠨᠢᠲᠤᠯᠬᠤ ᠦᠢᠯᠡᠳᠪᠦᠷᠢᠯᠡᠯ ᠤᠨ ᠱᠣᠭᠤᠮ ᠢ ᠠᠰᠢᠭᠯᠠᠯᠲᠠ ᠳᠤ ᠣᠷᠣᠭᠤᠯᠬᠤ ᠶᠢ ᠳᠠᠮᠵᠢᠵᠤ᠂ ᠵᠢᠯ ᠳᠤ 10 ᠲᠦᠮᠡᠨ ᠦᠬᠡᠷ ᠨᠢᠲᠤᠯᠬᠤ ᠦᠢᠯᠡᠳᠪᠦᠷᠢᠯᠡᠯ ᠤᠨ ᠱᠣᠭᠤᠮ ᠢ ᠡᠬᠢᠯᠡᠨ ᠪᠦᠲᠦᠭᠡᠨ ᠪᠠᠶᠢᠭᠤᠯᠵᠤ᠂ ᠨᠠᠷᠢᠯᠢᠭ ᠡᠳ᠋ᠰᠢᠭᠦᠯᠬᠦ᠂ ᠨᠡᠷᠡᠲᠦ ᠲᠡᠮᠳᠡᠭᠵᠢᠭᠦᠯᠬᠦ ᠪᠠ ᠵᠠᠬᠢᠶᠠᠯᠠᠭ᠎ᠠ ᠪᠠᠷ ᠪᠣᠷᠣᠯᠠᠭᠤᠯᠬᠤ᠂ ᠭᠠᠵᠠᠷ ᠰᠢᠷᠣᠢ ᠶᠢᠨ ᠳᠠᠭᠠᠭᠠᠴᠢᠯᠠᠯᠳᠠ ᠶᠢ ᠰᠢᠯᠵᠢᠭᠦᠯᠬᠦ᠂ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠠᠷᠠᠳ ᠲᠤ ᠠᠰᠢᠭ ᠬᠦᠷᠲᠡᠭᠡᠵᠦ᠂ ᠴᠢᠨᠠᠷᠯᠢᠭ ᠮᠥᠷᠲᠡᠭᠡᠨ ᠦᠨ᠎ᠡ ᠳᠤ ᠬᠦᠷᠬᠦ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠥᠷᠭᠡᠨ ᠣᠯᠠᠨ ᠲᠡᠵᠢᠭᠡᠨ ᠪᠤᠶᠢᠵᠢᠭᠤᠯᠬᠤ ᠡᠷᠦᠬᠡ ᠳᠤ ᠦᠨᠡᠨ ᠪᠣᠳᠠᠲᠠᠢ ᠠᠰᠢᠭ ᠬᠦᠷᠲᠡᠭᠡᠨ᠎ᠡ᠃ ᠵᠥᠩ ᠬᠤᠸᠠ ᠪᠦᠯᠦᠭᠯᠡᠯ ᠤᠨ ᠲᠠᠷᠢᠶᠠᠯᠠᠩ ᠤᠨ ᠦᠢᠯᠡᠰ ᠤᠨ ᠺᠤᠮᠫᠠᠨᠢ ᠶᠢᠨ ᠰᠢᠯᠤᠭᠤᠨ ᠬᠥᠬᠡ ᠬᠤᠰᠢᠭᠤᠨ ᠳᠠᠬᠢ ᠦᠢᠯᠡᠴᠢᠯᠡᠭᠡᠨ ᠤ ᠲᠥᠪ ᠤᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠂ ᠲᠠᠷᠢᠶᠠᠴᠢᠨ ᠡᠷᠦᠬᠡ ᠶᠢᠨ ᠨᠤᠭᠤᠭᠠᠨ ᠳᠠᠷᠤᠰᠢ ᠪᠠ ᠴᠢᠨᠠᠷᠯᠢᠭ ᠲᠡᠵᠢᠭᠡᠯ ᠡᠪᠡᠰᠦ ᠲᠠᠷᠢᠬᠤ ᠶᠢ ᠵᠣᠷᠢᠭᠵᠢᠭᠤᠯᠤᠨ᠂ ᠲᠠᠷᠢᠶᠠᠯᠠᠬᠤ ᠣᠷᠣᠨ ᠤ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ︽ᠲᠡᠵᠢᠭᠡᠬᠦ ᠦᠢᠯᠡᠰ ᠲᠤ ᠬᠠᠨᠳᠣᠭᠤᠯᠵᠤ ᠲᠠᠷᠢᠬᠤ︾ ᠬᠠᠷᠠᠯᠲᠠ ᠶᠢ ᠪᠡᠶᠡᠯᠡᠭᠦᠯᠦᠨ᠎ᠡ᠃          ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠥᠭᠵᠢᠭᠦᠯᠦᠨ᠎ᠡ᠃ ᠴᠠᠭᠠᠨ ᠢᠳᠡᠭᠡᠨ ᠤ ᠠᠵᠤ ᠦᠢᠯᠡᠰ ᠢ ᠬᠦᠭᠵᠢᠭᠦᠯᠬᠦ ᠲᠥᠷᠥ ᠶᠢᠨ ᠪᠤᠳᠣᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠮᠵᠢᠯᠠᠯᠲᠤ ᠴᠠᠭᠠᠨ ᠢᠳᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠢᠮᠧᠨ᠋ᠲ᠋ᠧᠷ ᠦᠬᠡᠷ ᠢᠶᠠᠷ ᠭᠤᠤᠯ ᠪᠣᠯᠭᠠᠭᠰᠠᠨ ᠮᠢᠬ᠎ᠠ᠂ ᠰᠦᠨ ᠤ ᠦᠬᠡᠷ ᠢ ᠭᠠᠳᠠᠨ᠎ᠠ ᠠᠴᠠ ᠣᠷᠣᠭᠤᠯᠬᠤ ᠶᠢ ᠵᠣᠷᠢᠭᠵᠢᠭᠤᠯᠵᠤ᠂ ᠴᠠᠭᠠᠨ ᠢᠳᠡᠭᠡ ᠪᠤᠯᠪᠠᠰᠣᠷᠠᠭᠤᠯᠬᠤ ᠠᠵᠤ ᠠᠬᠤᠶᠢᠯᠠᠯ᠂ ᠤᠯᠠᠮᠵᠢᠯᠠᠯᠲᠤ ᠴᠠᠭᠠᠨ ᠢᠳᠡᠭᠡᠨ ᠤ ᠵᠢᠵᠢᠭ ᠦᠢᠯᠡᠳᠭᠡᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ᠂ ᠡᠨᠡ ᠵᠢᠯ ᠳᠤ 1000 ᠲᠣᠯᠣᠭᠠᠢ ᠠᠴᠠ ᠳᠡᠭᠡᠭᠰᠢᠬᠢ ᠮᠠᠯ ᠲᠠᠢ ᠰᠠᠭᠠᠯᠢ ᠶᠢᠨ ᠦᠨᠢᠶᠡᠨ ᠤ ᠲᠠᠯᠠᠪᠠᠢ 1 ᠶᠢ ᠪᠠᠶᠢᠭᠤᠯᠵᠤ᠂ 200 ᠠᠴᠠ 500 ᠲᠣᠯᠣᠭᠠᠢ ᠮᠠᠯ ᠲᠠᠢ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ 3 ᠶᠢ ᠪᠠᠶᠢᠭᠤᠯᠤᠨ᠂ ᠤᠯᠠᠮᠵᠢᠯᠠᠯᠲᠤ ᠴᠠᠭᠠᠨ ᠢᠳᠡᠭᠡ ᠪᠣᠯᠪᠠᠰᠣᠷᠠᠭᠤᠯᠬᠤ ᠵᠢᠱᠢᠶ᠎ᠡ ᠦᠵᠡᠭᠦᠯᠬᠦ‍ ᠴᠢᠭ 1 ᠶᠢ ᠪᠠᠶᠢᠭᠤᠯᠤᠨ᠎ᠠ᠃ ᠰᠢ ᠪᠧᠢ᠂ ᠴᠠᠩ ᠬᠤᠩ ᠵᠡᠷᠭᠡ ᠳᠣᠯᠣᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠤᠯᠠᠮᠵᠢᠯᠠᠯᠳᠤ ᠴᠠᠭᠠᠨ ᠢᠳᠡᠭᠡᠨ ᠤ ᠠᠵᠤ ᠦᠢᠯᠡᠰ ᠤᠨ ᠨᠠᠷᠢᠯᠢᠭᠵᠢᠭᠰᠠᠨ᠂ ᠨᠡᠷᠡᠲᠦ ᠳᠡᠮᠭᠳᠡᠭᠵᠢᠭᠰᠡᠨ ᠬᠦᠭᠵᠢᠯᠳᠡ ᠶᠢ ᠤᠷᠮᠠᠰᠢᠭᠤᠯᠤᠨ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠬᠦ ᠶᠢ ᠪᠡᠶᠡᠯᠡᠭᠦᠯᠦᠨ᠎ᠡ᠃ ᠡᠭᠦᠨ ᠤ ᠬᠠᠮᠳᠣ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠣᠯᠳᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠦᠨ᠂ ︽ᠰᠢᠯᠤᠭᠤᠨ ᠬᠥᠬᠡ ᠶᠢᠨ ᠴᠠᠭᠠᠨ ᠢᠳᠡᠭᠡ︾ ᠬᠡᠮᠡᠬᠦ ᠨᠡᠷᠡᠲᠦ ᠲᠡᠮᠳᠡᠭᠲᠦ ᠶᠢ ᠬᠠᠮᠠᠭᠠᠯᠠᠬᠤ ᠠᠵᠢᠯ ᠢ ᠴᠢᠩᠭᠠᠳᠬᠠᠨ᠂ ᠠᠵᠢᠯ ᠲᠥᠷᠥᠯ ᠤᠨ ᠬᠥᠭᠵᠢᠯᠲᠡ ᠶᠢ ᠳᠥᠷᠢᠮᠵᠢᠭᠦᠯᠦᠨ᠂ ᠲᠦᠭᠦᠬᠡᠢ ᠰᠦ ᠵᠢᠴᠢ ᠴᠠᠭᠠᠨ ᠢᠳᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠨ᠎ᠠ᠃ ᠨᠡᠷᠡᠳᠦ ᠲᠡᠮᠳᠡᠭ ᠢ ᠲᠦᠬᠡᠮᠡᠯᠵᠢᠬᠦᠯᠬᠦ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠡ ᠶᠢᠨ ᠲᠤᠭᠤᠷᠢᠨ ᠳᠤ ᠰᠢᠯᠤᠭᠤᠨ ᠬᠦᠬᠡ ᠬᠤᠰᠢᠭᠤᠨ ᠤ ᠠᠷᠪᠠᠨ ᠨᠢᠬᠡᠳᠦᠬᠡᠷ ᠬᠤᠭᠤᠴᠠᠭᠠᠨ ᠤ ︽ᠶᠤᠸᠠᠨ ᠤ ᠲᠡᠭᠡᠳᠦ ᠨᠠᠶᠢᠰᠯᠠᠯ︾ ᠬᠠᠭᠠᠨ ᠤ ᠤᠷᠳᠤᠨ ᠤ ᠴᠠᠭᠠᠨ ᠢᠳᠡᠬᠡᠨ ᠤ ᠰᠤᠶᠤᠯ ᠤᠨ ᠨᠠᠶᠢᠷ᠂ ᠠᠩᠬᠠᠳᠤᠭᠠᠷ ᠬᠤᠭᠤᠴᠠᠭᠠᠨ ᠤ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠠᠮᠢ ᠠᠬᠤᠢ ᠶᠢ ᠶᠡᠷᠤᠩᠬᠡᠶᠢᠯᠡᠨ ᠵᠠᠰᠠᠬᠤ ᠠᠵᠢᠯ ᠦᠢᠯᠡᠰ ᠤᠨ ᠬᠦᠭᠵᠢᠯᠳᠡ ᠶᠢᠨ ᠲᠡᠬᠡᠳᠦ ᠲᠠᠰ ᠤᠨ ᠶᠠᠷᠢᠯᠴᠠᠭ᠎ᠠ ᠪᠠ ᠰᠢᠯᠤᠭᠤᠨ ᠬᠦᠬᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠨᠠᠶᠢᠷ ᠵᠡᠷᠬᠡ ᠨᠢᠬᠡ ᠪᠦᠯᠦᠭ ᠠᠵᠢᠯᠯᠠᠭ᠎ᠠ ᠶᠢ ᠦᠷᠨᠢᠬᠦᠯᠵᠦ᠂ ᠤᠯᠠᠨ ᠬᠡᠯᠪᠡᠷᠢ ᠪᠠᠷ ᠮᠠᠨ ᠤ ᠬᠤᠰᠢᠭᠤᠨ ᠤ ᠮᠠᠯ ᠠᠵᠤ ᠠᠬᠤᠢ ᠶᠢᠨ ᠠᠵᠦ ᠦᠢᠯᠡᠰ ᠤᠨ ᠨᠡᠷᠡᠳᠦ ᠲᠡᠮᠳᠡᠭ ᠢ ᠭᠠᠳᠠᠭᠰᠢ ᠲᠠᠨᠢᠯᠴᠠᠭᠤᠯᠤᠨ᠎ᠠ᠃          ︵ᠳᠥᠷᠪᠡ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠴᠢᠨᠠᠷᠯᠢᠭ ᠭᠦᠢᠴᠡᠳᠭᠡᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠰᠡᠷᠡᠮᠵᠢ ᠶᠢᠨ ᠱᠤᠭᠤᠮ᠂ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠣᠨ ᠤ ᠨᠡᠭᠡᠭᠡᠨ ᠬᠥᠭᠵᠢᠭᠦᠯᠬᠦ ᠵᠠᠭᠠᠭ ᠱᠣᠭᠤᠮ ᠵᠡᠷᠭᠡ ᠭᠤᠷᠪᠠᠨ ᠬᠢᠵᠠᠭᠠᠷ ᠱᠤᠭᠤᠮ ᠢ ᠴᠢᠩᠭ᠎ᠠ ᠰᠠᠬᠢᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠣᠷᠣᠨ᠂ ᠲᠠᠷᠢᠶᠠᠨ ᠭᠠᠵᠠᠷ᠂ ᠬᠤᠳᠠ ᠪᠠᠯᠭᠠᠰᠣ ᠵᠡᠷᠭᠡ ᠴᠢᠳᠠᠪᠬᠢᠳᠣ ᠣᠷᠣᠨ ᠢ ᠨᠢᠭᠡᠳᠣᠯᠳᠠᠢ ᠲᠥᠯᠥᠪᠵᠢᠭᠦᠯᠦᠨ᠎ᠡ᠃          ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠬᠡᠷᠡᠭᠵᠢᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠪᠡᠯᠴᠢᠭᠡᠷ ᠤᠨ ᠳᠠᠭᠠᠭᠠᠴᠠ ᠶᠢᠨ ᠪᠠᠷᠢᠮᠵᠢᠶ᠎ᠠ ᠶᠣᠰᠣᠭᠠᠷ ᠮᠠᠯᠵᠢᠵᠤ᠂ ᠳᠣᠯᠠᠭᠠᠨ ᠴᠠᠭ ᠲᠤ 10 ᠮᠦ ᠪᠦᠷᠢ ᠳᠤ 1 ᠬᠤᠨᠢ᠂ 50 ᠮᠦ ᠪᠦᠷᠢ ᠳᠤ 1 ᠦᠬᠡᠷ ᠮᠠᠯᠵᠢᠵᠤ᠂ ᠬᠦᠢᠲᠡᠨ ᠴᠠᠭ ᠲᠤ ᠬᠠᠰᠢᠶᠠᠯᠠᠨ ᠮᠠᠯᠵᠢᠬᠤ ᠳᠦᠷᠢᠮ ᠢ ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠵᠤᠭᠰᠣᠭᠠᠬᠤ ᠣᠷᠣᠨ ᠳᠤ ︽ᠪᠡᠯᠴᠢᠭᠡᠷᠯᠡᠭᠦᠯᠬᠦ ᠢ ᠴᠠᠭᠠᠵᠠᠯᠠᠬᠤ︾ ᠬᠡᠷᠡᠭᠲᠡᠢ᠃ ᠮᠠᠯᠴᠢᠨ ᠲᠠᠷᠢᠶᠠᠴᠢᠨ ᠠᠴᠠ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠶᠢ ᠰᠣᠷᠳᠠᠯᠴᠢᠯᠠᠨ ᠤᠬᠠᠭᠤᠯᠵᠤ᠂ ᠪᠠᠶᠢᠭᠠᠯᠢᠯᠢᠭ ᠬᠠᠳᠤᠯᠠᠩ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠠᠰᠢᠭᠯᠠᠬᠤ ᠶᠢ ᠪᠡᠶᠡᠯᠡᠭᠦᠯᠦᠨ᠎ᠡ᠃ ᠲᠦᠷᠦᠭᠦᠤ ᠬᠤᠶᠠᠷ ᠡᠭᠡᠯᠵᠢᠨ ᠳᠤ ᠬᠡᠷᠡᠭᠵᠢᠭᠦᠯᠦᠭᠰᠡᠨ ᠲᠠᠯ᠎ᠠ ᠨᠤᠳᠤᠭ ᠤᠨ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠤᠷᠰᠢᠯᠭ᠎ᠠ ᠰᠣᠷᠭᠠᠮᠵᠢ ᠪᠠ ᠬᠦᠷᠦᠯᠴᠡᠬᠦ ᠥᠬᠡᠶ ᠲᠠᠯ᠎ᠠ ᠪᠠᠨ ᠳ᠋ᠦᠩᠨᠡᠨ᠂ ᠳᠡᠭᠡᠳᠦ ᠱᠠᠲᠤᠨ ᠳᠤ ᠳᠠᠷᠣᠶᠢᠬᠠᠨ ᠬᠠᠨᠳᠤᠯᠭᠠᠲᠤ ᠴᠢᠨᠠᠷᠲᠠᠶ ᠰᠢᠯᠢᠳᠡᠭᠵᠢᠭᠦᠯᠦᠭᠰᠡᠨ ᠰᠠᠨᠠᠭᠤᠯᠭ᠎ᠠ ᠳᠤᠷᠠᠳᠴᠤ᠂ ᠲᠠᠷᠠᠭᠠᠴᠢ ᠶᠢᠨ ᠡᠭᠡᠯᠵᠢᠨ ᠤ ᠲᠠᠯ᠎ᠠ ᠨᠤᠳᠤᠭ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ  ᠶᠢᠨ ᠲᠥᠷᠥ ᠶᠢᠨ ᠪᠣᠳᠣᠯᠭ᠎ᠠ ᠶᠢᠨ ᠮᠠᠨ ᠤ ᠬᠤᠰᠢᠭᠤᠨ ᠳᠤ ᠤᠷᠤᠭᠰᠢᠲᠠᠶ ᠶᠠᠪᠤᠭᠳᠠᠬᠤ ᠳᠤ ᠰᠠᠭᠤᠷᠢ ᠲᠠᠯᠪᠢᠵᠤ ᠦᠭᠬᠦᠨ᠎ᠡ᠃ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠡᠷᠴᠢᠮᠳᠠᠢ ᠠᠬᠢᠭᠤᠯᠣᠨ᠎ᠠ᠃ ᠡᠯ᠎ᠡ ᠵᠦᠢᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠥᠷᠥᠯ ᠵᠦᠢᠯ ᠢ ᠯᠠᠪᠳᠠᠭᠤᠨ ᠢᠶᠠᠷ ᠨᠠᠶᠢᠳᠠᠪᠣᠷᠢᠵᠢᠭᠤᠯᠣᠨ᠂ ᠪᠡᠭᠡᠵᠢᠩ ᠲᠢᠶᠠᠨᠵᠢᠨ ᠤ ᠡᠯᠡᠰᠦ ᠰᠢᠭᠤᠷᠭᠠᠨ ᠤ ᠡᠬᠢ ᠶᠢ ᠵᠠᠰᠠᠬᠤ ᠢᠨᠵᠧᠨᠧᠷᠢᠩ  ᠢ 2.3 ᠲᠦᠮᠡᠨ ᠮᠦ᠂ ᠬᠤᠯᠠᠨ ᠰᠢᠷᠭ᠎ᠠ ᠳᠠᠭ᠎ᠠ ᠶᠢᠨ ᠡᠯᠡᠰᠦ ᠪᠣᠯᠤᠨ ᠦᠵᠦᠮᠦᠴᠢᠨ ᠤ ᠡᠯᠡᠰᠦᠷᠬᠡᠭ ᠭᠠᠵᠠᠷ ᠤᠨ ᠭᠤᠣᠯᠳᠠᠯᠭ᠎ᠠ ᠲᠠᠢ ᠣᠷᠣᠨ ᠤ ᠲᠤᠰᠬᠠᠢ ᠲᠥᠷᠥᠯ ᠤᠨ ᠵᠠᠰᠠᠨ ᠴᠡᠭᠴᠡᠯᠡᠬᠦ ᠲᠥᠷᠥᠯ ᠵᠦᠢᠯ ᠢ 4.1 ᠲᠦᠮᠡᠨ ᠮᠦ᠂ ᠲᠠᠯ᠎ᠠ ᠨᠤᠲᠤᠭ ᠤᠨ ᠠᠮᠢ ᠠᠬᠤᠢ ᠶᠢ ᠴᠡᠭᠴᠡᠯᠡᠨ ᠵᠠᠰᠠᠬᠤ ᠡᠭᠦᠷᠭᠡ ᠶᠢ 29 ᠲᠦᠮᠡᠨ ᠮᠦ ᠳᠤ ᠬᠡᠷᠡᠭᠵᠢᠭᠦᠯᠦᠨ᠎ᠡ᠃ ᠱᠠᠩᠳᠤ ᠤᠰᠤᠨ ᠴᠥᠭᠦᠷᠥᠮ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠰᠠᠶᠢᠲᠤᠷ ᠬᠢᠵᠦ᠂ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠱᠠᠩᠳᠣ ᠶᠢᠨ ᠭᠤᠣᠯ ᠤᠨ ᠣᠯᠣᠰ ᠤᠨ ᠨᠤᠭᠤ ᠭᠠᠵᠠᠷ ᠤᠨ ᠴᠡᠴᠡᠷᠯᠢᠭ ᠲᠤ ᠤᠰᠤ ᠨᠦᠬᠦᠪᠦᠷᠢᠯᠡᠬᠦ ᠢᠨᠵᠧᠨᠧᠷᠢᠩ ᠢ ᠬᠡᠷᠡᠭᠵᠢᠭᠦᠯᠦᠨ᠂ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠳᠠ ᠶᠢᠨ ᠠᠵᠢᠯ ᠢ ᠯᠠᠪᠳᠠᠭᠤᠨ ᠪᠠᠳᠣᠳᠠᠢ ᠠᠬᠢᠭᠤᠯᠤᠨ᠎ᠠ᠃          ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠣᠢ ᠰᠢᠭᠤᠢ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠥᠭᠴᠦ᠂ ᠠᠮᠢ ᠠᠬᠤᠶ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠎ᠠ᠃ ᠬᠤᠯᠤᠭᠠᠨ᠎ᠠ ᠶᠢᠨ ᠬᠢᠵᠢᠭ᠂ ᠰᠢᠨ᠎ᠡ ᠲᠢᠳᠢᠮᠯᠢᠭ ᠸᠢᠷᠦ᠋ᠰ ᠤᠨ ᠠᠭᠤᠰᠬᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠤ ᠠᠷᠠᠳ ᠲᠥᠮᠡᠨ ᠤ ᠠᠮᠢᠳᠣᠷᠠᠯ᠂ ᠡᠳ᠋ ᠬᠦᠷᠦᠩᠭᠡ ᠳᠤ ᠬᠦᠨᠳᠦ ᠨᠤᠴᠢᠳᠠᠢ ᠬᠤᠬᠢᠷᠠᠯ ᠤᠴᠠᠷᠠᠭᠤᠯᠤᠭᠰᠠᠨ ᠠᠴᠠ ᠰᠤᠷᠭᠠᠮᠵᠢ ᠠᠪᠴᠣ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠵᠤ᠂ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢ ᠠᠩᠨᠠᠬᠤ᠂ ᠵᠥᠭᠡᠭᠡᠪᠦᠷᠢᠯᠡᠬᠦ᠂ ᠪᠣᠷᠣᠯᠠᠭᠤᠯᠬᠤ ᠪᠠ ᠲᠡᠭᠦᠨ ᠤ ᠪᠦᠳᠦᠭᠡᠭᠳᠡᠭᠦᠨ ᠢ ᠠᠷᠠᠯᠵᠢᠶᠠᠯᠠᠬᠤ ᠠᠵᠢᠯᠯᠠᠭ᠎ᠠ ᠶᠢ ᠡᠷᠡᠰ ᠬᠤᠷᠢᠭᠯᠠᠨ᠎ᠠ᠃ ᠬᠡᠭᠡᠷ᠎ᠡ ᠶᠢᠨ ᠠᠮᠢᠲᠠᠨ ᠢᠯᠠᠩᠭᠤᠶ᠎ᠠ ᠡᠮ ᠳᠤ ᠣᠷᠣᠬᠤ ᠬᠡᠭᠡᠷ᠎ᠡ ᠶᠢᠨ ᠣᠷᠭᠤᠮᠠᠯ ᠢ ᠬᠠᠮᠠᠭᠠᠯᠠᠬᠤ ᠠᠵᠢᠯ ᠢ ᠥᠷᠨᠢᠭᠦᠯᠵᠦ᠂ ᠬᠠᠤᠯᠢ ᠪᠤᠰᠤ ᠪᠠᠷ ᠮᠠᠯᠲᠠᠬᠤ᠂ ᠪᠤᠷᠤᠯᠠᠭᠤᠯᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃          ᠲᠠᠯ᠎ᠠ ᠨᠤᠳᠤᠭ ᠤᠨ ᠠᠮᠢ ᠠᠬᠤᠶ ᠶᠢᠨ ᠴᠡᠭᠴᠡᠯᠡᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠠᠯ᠎ᠠ ᠨᠤᠳᠤᠭ ᠢ ᠲᠠᠲᠠᠪᠤᠷᠢᠯᠠᠨ ᠬᠡᠷᠡᠭᠯᠡᠬᠦ ᠬᠢᠨᠠᠨ ᠵᠥᠪᠰᠢᠶᠡᠷᠡᠯᠳᠡ ᠶᠢᠨ ᠠᠵᠢᠯ ᠢ ᠴᠢᠩᠭᠠᠳᠬᠠᠨ᠂ ᠲᠠᠯ᠎ᠠ ᠨᠤᠳᠤᠭ ᠤᠨ ᠠᠮᠢ ᠠᠬᠤᠶ ᠶᠢᠨ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠵᠦ᠂ ᠵᠢᠭᠤᠯᠴᠢᠯᠠᠯ ᠤᠨ ᠦᠢᠯᠡᠰ ᠤᠨ ᠬᠠᠤᠯᠢ ᠳᠥᠷᠢᠮ ᠠᠴᠠ ᠵᠥᠷᠢᠴᠡᠭᠰᠡᠨ ᠲᠦᠭᠦᠭᠡᠷᠦᠮᠵᠢ ᠵᠢᠴᠢ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠶᠢᠨ ᠲᠠᠯ᠎ᠠ ᠨᠤᠳᠤᠭ ᠢ ᠪᠣᠬᠢᠷᠲᠤᠭᠤᠯᠬᠤ ᠠᠰᠠᠭᠤᠳᠠᠯ ᠢ ᠪᠠᠶᠢᠴᠠᠭᠠᠨ ᠴᠡᠭᠴᠡᠯᠡᠵᠦ᠂ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠶᠢ ᠬᠠᠤᠯᠢ ᠪᠤᠰᠤ ᠪᠠᠷ ᠡᠪᠳᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠢᠯᠡ ᠠᠭᠤᠷᠬᠠᠢ ᠶᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂ ᠲᠤᠰ ᠵᠢᠯ ᠳᠤ 7 ᠡᠷᠥᠬᠡ ᠪᠤᠬᠢᠷᠳᠣᠯ ᠦᠭᠡᠢ ᠠᠭᠤᠷᠬᠠᠢ ᠶᠢ ᠪᠠᠶᠢᠭᠤᠯᠬᠤ ᠪᠤᠯᠤᠨ᠎ᠠ᠃ ᠡᠭᠦᠨ ᠤ ᠬᠠᠮᠳᠣ ᠬᠠᠶᠠᠭᠳᠠᠮᠠᠯ ᠠᠭᠤᠷᠬᠠᠢ ᠶᠢᠨ ᠨᠥᠬᠡ ᠶᠢᠨ ᠣᠷᠴᠢᠨ ᠲᠤᠭᠤᠷᠢᠨ ᠢ ᠴᠡᠭᠴᠡᠯᠡᠬᠦ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠳᠣ᠂ ᠣᠢ ᠰᠢᠭᠤᠢ᠂ ᠨᠤᠳᠤᠭ ᠪᠡᠯᠴᠢᠭᠡᠷ ᠤᠨ ᠭᠠᠯ ᠰᠡᠷᠭᠡᠶᠢᠯᠡᠯᠳᠡ ᠶᠢᠨ ᠠᠵᠢᠯ ᠢ ᠪᠦᠬᠦ ᠲᠠᠯ᠎ᠠ ᠪᠠᠷ ᠰᠠᠶᠢᠳᠣᠷ ᠬᠢᠨ᠎ᠡ᠃          ︵ᠲᠠᠪᠤ︶ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠡᠬᠡ ᠣᠷᠣᠨᠴᠢ ᠦᠵᠡᠯ᠂ ᠬᠠᠮᠳᠣ ᠶᠢᠨ ᠦᠵᠡᠯ᠂ ᠨᠡᠶᠢᠭᠡᠮ ᠵᠢᠷᠤᠮᠳᠣ ᠦᠵᠡᠯ ᠤᠨ ᠬᠦᠮᠦᠵᠢᠯ ᠢ ᠴᠢᠩᠭᠠᠳᠬᠠᠵᠤ᠂ ᠠᠷᠠᠳ ᠲᠥᠮᠡᠨ ᠢ ᠵᠢᠯᠤᠭᠤᠳᠣᠨ ᠵᠦᠪ ᠣᠨᠣᠪᠴᠢᠳᠠᠢ ᠲᠡᠥᠬᠡ ᠶᠢᠨ ᠣᠶᠢᠯᠠᠭᠠᠭᠳᠠᠬᠤᠨ᠂ ᠦᠨᠳᠦᠰᠦᠳᠠᠨ ᠤ ᠤᠬᠠᠮᠰᠠᠷ᠂ ᠡᠬᠡ ᠣᠷᠣᠨᠴᠢ ᠦᠵᠡᠯ᠂ ᠰᠣᠶᠣᠯ ᠤᠨ ᠦᠵᠡᠯ ᠳᠠᠨᠢᠯᠳᠠ ᠶᠢ ᠪᠤᠢ ᠪᠣᠯᠭᠠᠨ᠎ᠠ᠃          ᠰᠢᠨ᠎ᠡ ᠦᠵᠡᠯ ᠰᠠᠨᠠᠭ᠎ᠠ ᠢ ᠰᠣᠷᠳᠠᠯᠴᠢᠯᠠᠨ ᠲᠥᠭᠡᠮᠡᠯᠵᠢᠭᠦᠯᠵᠦ᠂ ᠨᠡᠶᠢᠭᠡᠮ ᠤᠨ ᠰᠢᠨ᠎ᠡ ᠳᠥᠷᠢ ᠲᠦᠷᠬᠦ ᠶᠢ ᠪᠤᠢ ᠪᠤᠯᠭᠠᠨ᠎ᠠ᠃ ᠨᠡᠶᠢᠭᠡᠮ ᠤᠨ ᠶᠤᠰᠣ ᠰᠣᠷᠳᠠᠬᠤᠨ᠂ ᠭᠡᠷ ᠪᠦᠯᠢ ᠶᠢᠨ ᠰᠤᠷᠳᠠᠯ ᠬᠦᠮᠦᠵᠢᠯ᠂ ᠬᠤᠪᠢ ᠬᠦᠮᠦᠨ ᠤ ᠬᠡᠪ ᠪᠣᠯᠪᠠᠰᠤᠷᠠᠯ ᠤᠨ ᠪᠠᠶᠢᠭᠤᠯᠤᠯᠳᠠ ᠶᠢ ᠠᠬᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠢᠳᠡᠪᠬᠢᠲᠡᠶ ᠲᠥᠭᠡᠮᠡᠯᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠴᠠᠷ᠎ᠠ ᠬᠦᠷᠢᠶ᠎ᠡ᠂ ᠡᠯ᠎ᠡ ᠠᠵᠢᠯ ᠲᠥᠷᠥᠯ ᠳᠠᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠪᠦᠬᠦ ᠬᠤᠰᠢᠭᠤᠨ ᠤ ᠣᠯᠠᠨ ᠲᠦᠮᠡᠨ ᠢ ᠳᠠᠶᠢᠴᠢᠯᠠᠨ ᠤᠬᠠᠮᠰᠠᠷ ᠦᠨᠳᠦᠷ᠂ ᠬᠠᠷᠠᠮ ᠥᠬᠡᠶ ᠵᠣᠷᠢᠭᠤᠯᠤᠯᠲᠠ  ᠲᠠᠢ᠂ ᠥᠭᠡᠳᠡᠷᠬᠡᠭ ᠵᠣᠷᠢᠭ ᠰᠠᠨᠠᠭᠠᠨ ᠤ ᠣᠶᠢᠯᠠᠭᠠᠭᠳᠠᠬᠤᠨ ᠲᠠᠢ ᠪᠣᠯᠭᠠᠨ᠎ᠠ᠃ ᠭᠠᠴᠠᠭ᠎ᠠ ᠳᠣᠰᠬᠤᠨ ︵ᠬᠤᠪᠢᠶᠠᠷᠢ ᠲᠠᠯᠠᠪᠠᠢ ︶ ᠤ ᠳᠥᠷᠢᠮ ᠳᠣᠭᠳᠠᠭᠠᠯ ᠢ ᠲᠡᠭᠦᠯᠳᠡᠷᠵᠢᠭᠦᠯᠦᠨ᠂ ᠭᠠᠴᠠᠭᠠᠨ ᠤ ᠠᠷᠠᠳ ᠲᠥᠮᠡᠨ ᠤ ᠥᠪᠡᠷᠳᠡᠭᠡᠨ ᠵᠠᠰᠠᠬᠤ ᠶᠢ ᠵᠢᠷᠤᠮᠵᠢᠭᠤᠯᠤᠨ᠂ ᠦᠨᠳᠦᠰᠦᠨ ᠱᠠᠲᠤᠨ ᠤ ᠡᠯ᠎ᠡ ᠲᠥᠷᠥᠯ ᠤᠨ ᠰᠣᠶᠣᠯ ᠲᠠᠮᠢᠷ ᠤᠨ ᠠᠵᠢᠯᠯᠠᠭᠠᠨ ᠤ ᠲᠠᠯᠠᠪᠠᠶ ︵ᠳᠠᠰᠤᠭ︶ ᠶᠢ ᠭᠦᠢᠴᠡᠳ ᠠᠰᠢᠭᠯᠠᠵᠤ᠂ ᠮᠠᠯᠴᠢᠨ ᠲᠠᠷᠢᠶᠠᠴᠢᠨ ᠢ ᠳᠠᠶᠢᠴᠢᠯᠠᠨ ᠡᠷᠡᠭᠦᠯ ᠴᠢᠭᠢᠷᠠᠭ᠂ ᠥᠭᠡᠳᠡᠷᠬᠡᠭ ᠰᠣᠶᠣᠯ ᠲᠠᠮᠢᠷ ᠤᠨ ᠳᠤᠷ᠎ᠠ ᠪᠠᠬ᠎ᠠ ᠶᠢ ᠬᠥᠮᠦᠵᠢᠭᠦᠯᠦᠨ᠎ᠡ᠃ ᠣᠯᠠᠨ ᠲᠥᠮᠡᠨ ᠤ ᠣᠶᠣᠨ ᠤ ᠬᠡᠪ ᠪᠤᠯᠪᠠᠰᠣᠷᠠᠯ ᠢ ᠳᠠᠰᠣᠷᠠᠯᠳᠠ ᠦᠭᠡᠢ ᠰᠠᠶᠢᠵᠢᠷᠠᠭᠤᠯᠤᠨ᠎ᠠ᠃ ᠦᠨᠳᠦᠰᠦᠳᠡᠨ ᠤ ᠰᠢᠯᠢᠳᠡᠭ ᠰᠣᠶᠣᠯ ᠢ ᠣᠯᠠᠮᠵᠢᠯᠠᠨ ᠪᠠᠳᠠᠷᠠᠭᠤᠯᠵᠤ᠂ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠣᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠳᠠ ᠶᠢ ᠡᠷᠴᠢᠮᠳᠠᠢ ᠠᠬᠢᠭᠤᠯᠵᠤ᠂ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠥᠭᠡᠮᠡᠯᠵᠢᠭᠦᠯᠬᠦ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠰᠢᠯᠢᠳᠡᠭ ᠴᠢᠳᠠᠪᠤᠷᠢᠲᠠᠨ ᠢ ᠬᠦᠮᠦᠵᠢᠭᠦᠯᠦᠨ᠂ ᠮᠣᠩᠭᠤᠯ ᠦᠨᠳᠦᠰᠦᠲᠡᠨ ᠤ ᠦᠭᠡ ᠬᠡᠯᠡ ᠶᠢ ᠨᠠᠩ ᠳᠥᠷᠢᠮᠵᠢᠭᠦᠯᠦᠨ ᠲᠥᠭᠡᠮᠡᠯᠵᠢᠭᠦᠯᠦᠨ᠎ᠡ᠃ ᠰᠣᠶᠣᠯ ᠲᠠᠮᠢᠷ ᠤᠨ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ︽ᠭᠦᠶᠦᠭᠴᠢ︾ ᠵᠡᠷᠭᠡ ᠦᠨᠳᠦᠰᠦᠲᠡᠨ ᠤ ᠰᠣᠶᠣᠯ ᠤᠨ ᠨᠠᠷᠠᠲᠤ ᠳᠡᠮᠳᠡᠭ ᠤᠨ ᠨᠥᠯᠥᠭᠡ ᠶᠢ ᠲᠠᠰᠤᠷᠠᠯᠲᠠ ᠥᠬᠡᠶ ᠥᠷᠭᠡᠳᠬᠡᠨ᠂ ᠮᠣᠩᠭᠤᠯ ᠶᠤᠸᠠᠨ ᠤ ᠰᠣᠶᠣᠯ ᠤᠨ ᠣᠬᠢ ᠰᠢᠯᠢᠳᠡᠭ ᠵᠦᠢᠯ ᠢ ᠤᠯᠠᠮᠵᠢᠯᠠᠨ ᠵᠠᠯᠭᠠᠮᠵᠢᠯᠠᠬᠤ ᠪᠠᠷ ᠳᠠᠮᠵᠢᠨ ᠨᠡᠶᠢᠭᠡᠮ ᠤᠨ ᠨᠢᠭᠲᠠᠷᠠᠯ ᠤᠨ ᠬᠦᠴᠦᠨ ᠢ ᠳᠠᠰᠣᠷᠠᠯᠳᠠ ᠦᠭᠡᠢ ᠨᠡᠮᠡᠭᠳᠡᠭᠦᠯᠦᠨ᠎ᠡ᠃          ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ᠃ ᠨᠠᠷᠢᠯᠢᠭ ᠣᠨᠣᠪᠴᠢᠲᠠᠶ᠂ ᠪᠣᠳᠠᠲᠠᠶ ᠶᠢ ᠡᠷᠬᠢᠮᠯᠡᠬᠦ᠂ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠬᠦᠴᠢᠷᠳᠡᠯᠲᠡᠶ ᠭᠡᠷ ᠪᠦᠯᠢ ᠶᠢ ᠲᠡᠳᠬᠦᠨ ᠳᠡᠮᠵᠢᠬᠦ᠂ ᠠᠵᠢᠯ ᠣᠯᠭᠤᠯᠳᠠ ᠦᠢᠯᠡᠰ ᠪᠤᠰᠬᠠᠬᠤ᠂ ᠰᠤᠷᠭᠠᠨ ᠬᠥᠮᠦᠵᠢᠯ ᠡᠮ ᠡᠮᠨᠡᠯᠭᠡ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ ᠂ ᠨᠡᠶᠢᠭᠡᠮ ᠤᠨ ᠦᠢᠯᠡᠴᠢᠯᠡᠭᠡ ᠵᠡᠷᠭᠡ ᠴᠠᠷ᠎ᠠ ᠬᠦᠷᠢᠶᠡᠨ ᠳᠤ ᠲᠥᠯᠥᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠠᠵᠢᠯ ᠢᠶᠠᠨ ᠥᠷᠨᠢᠭᠦᠯᠵᠦ᠂ ᠨᠡᠶᠢᠭᠡᠮ ᠤᠨ ᠠᠷᠠᠳ ᠤᠨ ᠠᠮᠢᠳᠣᠷᠠᠯ ᠤᠨ ᠠᠵᠢᠯ ᠦᠢᠯᠡᠰ ᠤᠨ ᠪᠦᠬᠦᠯᠢ ᠴᠣᠭᠴᠠ ᠶᠢᠨ ᠲᠠᠪᠰᠢᠯᠳᠠ ᠶᠢ ᠲᠦᠯᠬᠢᠨ ᠠᠬᠢᠭᠤᠯᠤᠨ᠎ᠠ᠃          ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢᠯᠠᠬᠤ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠠᠵᠢᠯ ᠦᠢᠯᠡᠰ ᠢ ᠰᠠᠶᠢᠲᠤᠷ ᠠᠳᠬᠤᠨ᠎ᠠ᠃ ᠠᠷᠠᠳ ᠤᠨ ᠠᠮᠢᠳᠣᠷᠠᠯ ᠲᠠᠢ ᠬᠤᠯᠪᠤᠭᠳᠠᠬᠤ ᠲᠥᠷᠥᠯ ᠵᠦᠢᠯ ᠢ ᠠᠷᠠᠳ ᠤᠨ ᠲᠥᠯᠥᠭᠡᠯᠡᠭᠴᠢᠳ ᠠᠴᠠ ᠪᠢᠯᠧᠲ ᠦᠭᠴᠦ ᠰᠢᠢᠳᠪᠦᠷᠢᠯᠡᠬᠦ ᠳᠦᠷᠢᠮ ᠢ ᠠᠬᠢᠭᠤᠯᠤᠨ᠂ ᠨᠠᠷᠠᠲᠦ ᠰᠣᠮᠣᠨ ᠤ ᠳᠣᠷᠰᠢᠯᠲᠠ ᠶᠢᠨ ᠴᠢᠭ ᠤᠨ ᠳᠣᠷᠰᠢᠯᠭ᠎ᠠ ᠰᠣᠷᠭᠠᠮᠵᠢ ᠶᠢ ᠳ᠋ᠦᠩᠨᠡᠨ᠂ ᠪᠦᠬᠦ ᠬᠤᠰᠢᠭᠤᠨ ᠤ ᠡᠯ᠎ᠡ ᠰᠣᠮᠣ ᠪᠠᠯᠭᠠᠰᠣᠨ ᠳᠤ ᠲᠥᠭᠡᠮᠡᠯᠵᠢᠭᠦᠯᠦᠨ ᠬᠡᠷᠡᠭᠵᠢᠭᠦᠯᠵᠦ᠂ ᠣᠯᠠᠨ ᠲᠥᠮᠡᠨ ᠤ ᠦᠢᠯᠡᠳᠪᠦᠷᠢᠯᠡᠯ ᠠᠮᠢᠳᠣᠷᠠᠯ ᠳᠤ ᠱᠠᠭᠠᠷᠳᠠᠭᠳᠠᠬᠤ ᠵᠦᠢᠯᠡᠰ ᠢ ᠰᠠᠶᠢᠳᠣᠷ ᠭᠦᠢᠴᠡᠳᠬᠡᠨ᠎ᠡ᠃ ᠭᠡᠷ ᠪᠠᠶᠢᠰᠢᠩ ᠳᠣᠭᠲᠠᠮᠠᠯ ᠬᠥᠷᠥᠩᠭᠡ ᠶᠢᠨ ᠦᠨᠡᠮᠯᠡᠯ ᠢ ᠭᠦᠢᠴᠡᠳᠭᠡᠬᠦ᠂ ᠬᠤᠭᠤᠴᠠᠭᠠᠨ ᠠᠴᠠ ᠨᠢ ᠬᠡᠲᠦᠷᠡᠭᠦᠯᠦᠨ ᠳᠥᠪᠬᠢᠨᠡᠭᠦᠯᠦᠭᠰᠡᠨ ᠦᠭᠡᠶ ᠵᠡᠷᠭᠡ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠨ᠎ᠠ᠃ ᠬᠤᠲᠠ ᠶᠢᠨ ᠳᠥᠷᠢ ᠳᠥᠷᠬᠦ ᠶᠢᠨ ᠬᠠᠮᠠᠭᠠᠯᠠᠯᠳᠠ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ᠂ ᠠᠳᠠᠯ ᠠᠬᠤᠢ ᠶᠢᠨ ᠬᠠᠮᠢᠶᠠᠷᠣᠯᠳᠠ ᠵᠡᠷᠭᠡ ᠠᠵᠢᠯ ᠢ ᠠᠬᠢᠭᠤᠯᠤᠨ᠎ᠠ᠃ ︽ᠪᠠᠭᠤᠷᠠᠢ ᠳᠤᠨᠢ ᠲᠡᠳᠬᠦᠮᠵᠢ ᠬᠥᠷᠳᠡᠭᠡᠬᠦ︾ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠵᠤ᠂ ᠣᠨᠴᠠ ᠬᠦᠴᠢᠷᠳᠡᠯᠲᠡᠢ ᠨᠠᠰᠤᠲᠠᠨ᠂ ᠥᠨᠥᠴᠢᠨ ᠬᠡᠦᠬᠡᠳ᠂ ᠵᠡᠮᠳᠡᠭᠴᠦᠳ ᠵᠡᠷᠭᠡ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠬᠠᠯᠠᠭᠳᠠᠭᠰᠠᠨ ᠴᠡᠷᠢᠭ ᠤᠨ ᠦᠢᠯᠡᠴᠢᠯᠡᠭᠡᠨ ᠤ ᠠᠵᠢᠯ ᠢ ᠰᠠᠶᠢᠲᠤᠷ ᠭᠦᠢᠴᠡᠳᠬᠡᠨ᠎ᠡ᠃ ᠠᠵᠢᠯ ᠤᠨ ᠣᠷᠣᠨ ᠪᠠᠶᠢᠷᠢ ᠶᠢ ᠬᠤᠷᠠᠮᠳᠣᠭᠤᠯᠬᠤ ᠡᠷᠴᠢᠮ ᠢᠶᠠᠨ ᠴᠢᠩᠭᠠᠳᠬᠠᠵᠤ᠂ ᠡᠨᠡ ᠵᠢᠯ ᠳᠤ 3000 ᠠᠵᠢᠯ ᠤᠨ ᠣᠷᠣᠨ ᠪᠠᠶᠢᠷᠢ ᠬᠤᠷᠠᠮᠳᠣᠭᠤᠯᠬᠤ ᠪᠠᠷ ᠲᠥᠯᠥᠪᠯᠡᠵᠦ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠣᠷᠮ᠎ᠠ ᠶᠢ 3.5% ᠶᠢᠨ ᠳᠣᠲᠣᠷ᠎ᠠ ᠬᠢᠵᠠᠭᠠᠷᠯᠠᠨ᠎ᠠ᠃ ᠦᠢᠯᠡᠰ ᠪᠣᠰᠬᠠᠬᠤ ᠵᠢᠭᠡᠯᠡᠯᠭᠡ ᠪᠠᠷ ᠲᠡᠳᠬᠦᠨ ᠳᠡᠮᠵᠢᠬᠦ ᠲᠥᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠤ᠂ ᠡᠨᠡ ᠵᠢᠯ 800 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠬᠤ ᠪᠠᠷ ᠲᠥᠯᠥᠪᠯᠡᠵᠦ ᠪᠠᠶᠢᠨ᠎ᠠ᠃ ᠬᠦᠯᠦᠰᠦᠨ ᠠᠵᠢᠯᠳᠠᠨ ᠤ ᠴᠠᠯᠢᠩ ᠢ ᠥᠷᠢᠲᠦᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠳᠠᠭᠠᠭᠠᠮᠠᠭᠠᠢ ᠳᠣᠭᠳᠠᠯᠴᠠᠭ᠎ᠠ ᠶᠢ ᠪᠠᠶᠢᠭᠤᠯᠵᠤ᠂ ᠬᠦᠯᠦᠰᠦᠨ ᠠᠵᠢᠯᠳᠠᠨ ᠤ ᠵᠢᠩᠬᠢᠨᠢ ᠨᠡᠷ᠎ᠡ ᠪᠠᠷ ᠳᠠᠩᠰᠠᠯᠠᠨ ᠬᠠᠮᠢᠶᠠᠷᠬᠤ᠂ ᠴᠠᠯᠢᠩ ᠤᠨ ᠪᠠᠳᠣᠯᠠᠭᠠᠨ ᠤ ᠮᠥᠩᠭᠦ᠂ ᠪᠠᠴᠢᠮ ᠪᠠᠶᠢᠳᠠᠯ ᠢ ᠠᠷᠭᠠᠴᠠᠬᠤ ᠮᠥᠩᠭᠦ ᠵᠡᠷᠭᠡ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠲᠠᠷᠢᠶᠠᠯᠠᠬᠤ ᠣᠷᠣᠨ ᠳᠤ 1053 ᠡᠷᠥᠬᠡ᠂ ᠮᠠᠯᠵᠢᠬᠤ ᠣᠷᠣᠨ ᠳᠤ 800 ᠡᠷᠥᠬᠡ ᠶᠢᠨ ᠵᠤᠷᠯᠤᠩ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃ ᠴᠠᠬᠢᠯᠭᠠᠨ ᠬᠤᠯᠪᠣᠭᠠᠨ ᠤ ᠨᠡᠶᠢᠳᠡᠮ ᠦᠢᠯᠡᠴᠢᠯᠡᠭᠡᠨ ᠤ ᠲᠥᠷᠥᠯ ᠵᠦᠢᠯ ᠢ ᠴᠢᠷᠮᠠᠶᠢᠨ ᠣᠯᠵᠤ᠂ ᠪᠤᠶᠢᠳᠠ ᠪᠥᠭᠯᠡᠭᠦᠤ ᠭᠠᠵᠠᠷ ᠣᠷᠣᠨ᠂ ᠳᠣᠬᠢᠶ᠎ᠠ ᠠᠨᠠᠢ ᠣᠷᠣᠨ ᠤ ᠴᠢᠮᠡᠭᠡ ᠬᠤᠯᠪᠣᠭᠠᠨ ᠤ ᠦᠢᠯᠡᠴᠢᠯᠡᠭᠡ ᠶᠢ ᠴᠢᠩᠭᠠᠳᠬᠠᠨ᠎ᠠ          ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠡᠷᠴᠢᠮᠳᠠᠢ ᠰᠠᠶᠢᠵᠢᠷᠠᠭᠤᠯᠤᠨ᠎ᠠ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠭᠤᠶᠢᠪᠢᠰᠢ ᠥᠬᠡᠶ ᠪᠠᠷᠢᠮᠳᠠᠯᠠᠵᠤ᠂ ︽ᠬᠤᠶᠠᠷ ᠭᠤᠣᠯ ᠱᠣᠭᠤᠮ᠂ ᠨᠢᠭᠡ ᠭᠤᠣᠯᠳᠠᠯᠭ᠎ᠠ︾ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠰᠣᠷᠭᠠᠭᠤᠯᠢ ︵ᠴᠡᠴᠡᠷᠯᠢᠭ︶ ᠶᠢᠨ ᠵᠠᠬᠢᠷᠣᠯ ᠤᠨ ᠡᠩᠨᠡᠭᠡ ᠪᠠ ᠪᠠᠭᠰᠢ ᠶᠢᠨ ᠡᠩᠨᠡᠭᠡ ᠶᠢ ᠰᠢᠯᠢᠳᠡᠭᠵᠢᠭᠦᠯᠦᠨ᠂ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠪᠠᠷ ᠴᠢᠷᠮᠠᠶᠢᠵᠤ᠂ ᠭᠡᠷ ᠪᠦᠯᠢ ᠪᠤᠯᠤᠨ ᠰᠣᠷᠭᠠᠭᠤᠯᠢ ᠠᠴᠠ ᠬᠠᠮᠳᠣ ᠳᠠᠭᠠᠨ ᠬᠦᠮᠦᠵᠢᠭᠦᠯᠬᠦ ᠡᠶ᠎ᠡ ᠵᠤᠬᠢᠴᠠᠯᠲᠦ ᠣᠷᠴᠢᠨ ᠢ ᠪᠤᠢ ᠪᠤᠯᠭᠠᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠳᠥᠷᠢᠮᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠰᠠᠩ ᠤᠨ ᠳᠠᠯᠠᠢ ᠪᠠᠯᠭᠠᠰᠣᠨ ᠳᠤ ᠶᠢᠰᠦᠨ ᠵᠢᠯ ᠠᠯᠪᠠᠨ ᠵᠢᠷᠣᠮ ᠤᠨ ᠳᠦᠷᠢᠮᠲᠦ ᠰᠤᠷᠭᠠᠭᠤᠯᠢ ᠶᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠰᠤᠷᠭᠠᠨ ᠬᠥᠮᠦᠵᠢᠯ ᠤᠨ ᠪᠠᠶᠢᠷᠢᠯᠠᠭᠤᠯᠤᠯᠲᠠ ᠶᠢ ᠵᠦᠶ ᠵᠣᠬᠢᠰᠲᠠᠶ ᠲᠣᠬᠢᠷᠠᠭᠤᠯᠵᠤ᠂ ᠬᠤᠶᠠᠳᠤᠭᠠᠷ ᠪᠠᠭ᠎ᠠ ᠰᠣᠷᠭᠠᠭᠤᠯᠢ ᠶᠢ ᠨᠡᠭᠦᠯᠭᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠪᠠᠭᠰᠢ ᠶᠢ ︽ᠬᠤᠰᠢᠭᠤᠨ ᠠᠴᠠ ᠬᠠᠮᠢᠶᠠᠷᠴᠤ᠂ ᠰᠤᠷᠭᠠᠭᠤᠯᠢ ᠣᠷᠢᠬᠤ︾ ᠳᠥᠷᠢᠮ ᠢ ᠢᠳᠡᠪᠬᠢᠲᠡᠶ ᠪᠠᠷ ᠰᠦᠪᠡᠭᠴᠢᠯᠡᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠬᠦ ᠠᠷᠭ᠎ᠠ ᠵᠠᠮ ᠢ ᠥᠷᠭᠡᠳᠬᠡᠨ᠂ ᠰᠢᠯᠢᠳᠡᠭ ᠪᠠᠭᠰᠢ ᠶᠢ ᠦᠨᠳᠦᠰᠦᠨ ᠱᠠᠲᠤᠨ ᠤ ᠰᠤᠷᠭᠠᠭᠤᠯᠢ᠂ ᠴᠡᠴᠡᠷᠯᠢᠭ ᠲᠡᠰᠢ ᠰᠢᠯᠵᠢᠭᠦᠯᠦᠨ᠂ ᠦᠨᠳᠦᠰᠦᠨ ᠱᠠᠲᠤᠨ ᠳᠤ ᠪᠠᠭᠰᠢ ᠳᠤᠲᠠᠭᠳᠠᠵᠤ ᠪᠠᠶᠢᠭ᠎ᠠ ᠠᠰᠠᠭᠤᠳᠠᠯ ᠢ ᠡᠷᠴᠢᠮᠳᠠᠢ ᠰᠢᠢᠳᠪᠦᠷᠢᠯᠡᠵᠦ᠂ ᠦᠨᠳᠦᠰᠦᠨ ᠱᠠᠲᠤᠨ ᠤ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃          ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠮᠡᠷᠭᠡᠵᠢᠯ ᠰᠠᠶᠢᠲᠠᠢ ᠡᠮᠨᠡᠯᠭᠡ ᠶᠢᠨ ᠪᠠᠶᠢᠭᠤᠯᠤᠮᠵᠢ ᠲᠠᠢ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠮᠨᠡᠯᠭᠡ ᠶᠢᠨ ᠠᠵᠢᠯᠲᠠᠨ ᠤ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠣᠲᠤᠭᠠᠳᠤ  ᠳᠠᠭᠠᠨ ᠬᠠᠯᠳᠠᠪᠤᠷᠢᠯᠠᠬᠤ ᠶᠢ ᠬᠤᠷᠢᠭᠯᠠᠨ ᠰᠡᠷᠭᠡᠶᠢᠯᠡᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ︽ᠭᠤᠷᠪᠠᠨ ᠦᠨᠳᠦᠰᠦᠨ᠂ ᠭᠤᠷᠪᠠᠨ ᠴᠢᠩᠭ᠎ᠠ︾ ᠪᠣᠯᠪᠠᠰᠣᠷᠠᠯ ᠢ ᠳᠥᠷᠢᠮᠵᠢᠭᠦᠯᠦᠨ᠂ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠲᠥᠪ ᠲᠤ P2 ᠲᠤᠷᠰᠢᠯᠲᠠ ᠶᠢᠨ ᠲᠠᠰᠤᠭ ᠵᠢᠴᠢ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠦᠮᠦᠷᠭᠡ ᠶᠢ ᠪᠠᠶᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠳᠥᠷᠢᠮ ᠤᠨ ᠥᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠬᠦ ᠶᠢ ᠳᠤᠰᠬᠠᠢ ᠴᠡᠭᠴᠡᠯᠡᠬᠦ ᠠᠵᠢᠯ ᠢ ᠥᠷᠨᠢᠭᠦᠯᠵᠦ᠂ ᠰᠠᠭᠤᠷᠢ ᠮᠦᠩᠬᠦᠨ ᠤ ᠠᠮᠤᠷ ᠲᠥᠪᠰᠢᠨ ᠢ ᠪᠠᠳᠣᠯᠠᠨ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠵᠢᠴᠢ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠦᠢᠯᠡᠴᠢᠯᠡᠭᠡᠨ ᠤ ᠴᠢᠳᠠᠪᠤᠷᠢ ᠶᠢ ᠭᠤᠤᠯᠳᠠᠯᠭ᠎ᠠ ᠲᠠᠢ ᠪᠠᠷ ᠡᠷᠴᠢᠮᠵᠢᠭᠦᠯᠵᠦ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃          ︽ᠣᠶᠣᠨᠴᠢᠯᠠᠭᠰᠠᠨ ᠳᠣᠲᠣᠭᠠᠳᠤ ᠶᠢ ᠬᠠᠮᠠᠭᠠᠯᠠᠬᠤ︾ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠵᠤ᠂ ︽ᠬᠠᠷ᠎ᠠ ᠪᠥᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠤᠨ ᠠᠮᠢᠳᠤᠷᠠᠯ ᠤᠨ ᠴᠠᠷ᠎ᠠ ᠬᠦᠷᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠷᠴᠢᠮᠳᠠᠢ ᠰᠢᠢᠳᠪᠦᠷᠢᠯᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ ᠃ ᠪᠦᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠤᠨ ᠪᠠᠶᠢᠴᠠᠭᠠᠯᠲᠠ ᠶᠢ ᠡᠬᠢᠯᠡᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠯᠠᠭᠠᠮᠠᠶᠢᠳᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠨᠢᠭᠡᠴᠡ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠵᠢᠯᠳᠠᠨ᠂ ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠣᠯᠠᠨ᠎ᠠ᠃ ᠪᠠᠷᠠᠭᠠᠨ ᠤ ᠦᠨ᠎ᠡ᠂ ᠴᠠᠭ ᠠᠭᠤᠷ᠂ ᠳᠠᠩᠰᠠ ᠡᠪᠬᠡᠮᠡᠯ᠂ ᠣᠷᠣᠨ ᠨᠤᠲᠤᠭ ᠤᠨ ᠣᠶᠢᠯᠠᠯᠭ᠎ᠠ᠂ ᠷᠠᠳᠢᠣ᠋ ᠲᠧᠯᠸᠢᠰ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ ᠪᠠᠶᠢᠭᠤᠯᠭ᠎ᠠ ᠶᠢᠨ ᠶᠠᠪᠤᠳᠠᠯ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠭᠡᠮ ᠤᠨ ᠡᠯ᠎ᠡ ᠲᠥᠷᠦᠯ ᠤᠨ ᠠᠵᠢᠯ ᠦᠢᠯᠡᠰ ᠢ ᠪᠦᠬᠦ ᠲᠠᠯ᠎ᠠ ᠪᠠᠷ ᠠᠬᠢᠭᠤᠯᠤᠨ᠎ᠠ          ︵ᠲᠤᠯᠤᠭ᠎ᠠ︶ ᠵᠠᠰᠠᠭ ᠤᠨ ᠣᠷᠳᠣᠨ ᠤ ᠴᠡᠭᠴᠡᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠬᠤᠷᠢᠶ᠎ᠠ ᠤᠳᠤᠷᠢᠳᠴᠤ᠂ ᠵᠠᠰᠠᠭ ᠤᠨ ᠣᠷᠳᠣᠨ ᠬᠠᠷᠢᠭᠤᠴᠠᠬᠤ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠬᠤ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠢᠮᠠᠭᠲᠠ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠴᠡᠭᠴᠡᠯᠡᠨ ᠵᠠᠰᠠᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠴᠡᠭᠴᠡᠯᠡᠨ ᠵᠠᠰᠠᠬᠤ ᠳᠣᠭᠳᠠᠯᠴᠠᠭ᠎ᠠ ᠪᠠ ᠴᠡᠭᠴᠡᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠡᠷᠴᠢᠮᠳᠠᠢ ᠠᠬᠢᠭᠤᠯᠤᠨ᠎ᠠ᠃          ᠵᠠᠰᠠᠭ ᠢ ᠴᠢᠩᠭ᠎ᠠ ᠵᠠᠰᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠣᠵᠢᠭᠤᠯᠣᠨ᠎ᠠ᠃ ᠲᠤᠭ ᠲᠡᠮᠳᠡᠭ ᠲᠣᠳᠣᠷᠬᠠᠢ ︽ᠤᠯᠤᠰ ᠲᠥᠷᠥ ᠶᠢ ᠡᠷᠬᠢᠮᠯᠡᠵᠦ︾᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ᠂ ᠤᠯᠤᠰ ᠲᠦᠷᠦ ᠶᠢᠨ ᠴᠢᠳᠠᠪᠤᠷᠢ ᠪᠠᠨ ᠤᠯᠠᠮ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠪᠠᠲᠤᠳᠬᠠᠵᠤ᠂ ︽ᠳᠥᠷᠪᠡᠨ ᠢᠲᠡᠭᠡᠯ︾ ᠢ ᠪᠠᠷᠢᠮᠳᠠᠯᠠᠵᠤ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠪᠡᠶᠡᠯᠡᠭᠦᠯᠦᠨ᠎ᠡ᠃ ᠨᠠᠮ ᠠᠴᠠ ᠨᠠᠮ ᠢ ᠬᠠᠮᠢᠶᠠᠷᠬᠤ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠢ ᠴᠢᠩᠭ᠎ᠠ ᠵᠠᠰᠠᠬᠤ ᠪᠦᠬᠦ ᠶᠠᠪᠤᠴᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠡᠯ᠎ᠡ ᠴᠠᠷ᠎ᠠ ᠬᠦᠷᠢᠶ᠎ᠡ᠂ ᠡᠯ᠎ᠡ ᠭᠤᠭᠴᠤᠭᠠᠨ ᠳᠤ ᠨᠠᠶᠢᠳᠠᠪᠤᠷᠢᠵᠢᠭᠤᠯᠤᠨ᠂ ᠵᠠᠰᠠᠭ ᠤᠨ ᠵᠠᠷᠯᠢᠭ ᠰᠠᠭᠠᠳ ᠥᠬᠡᠶ ᠪᠠᠶᠢᠬᠤ᠂ ᠵᠠᠷᠯᠢᠭ ᠴᠠᠭᠠᠵᠠ ᠶᠢ ᠳᠠᠭᠠᠬᠤ ᠶᠢ ᠦᠨᠡᠨᠬᠦ ᠪᠠᠲᠤᠯᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ︽ᠭᠤᠷᠪᠠᠨ ᠴᠢᠬᠤᠯᠠ ᠨᠢᠭᠡ ᠶᠡᠭᠡ︾ ᠶᠢ ᠵᠦᠪᠯᠡᠨ ᠰᠢᠢᠳᠪᠦᠷᠢᠯᠡᠬᠦ ᠳᠥᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢ ᠭᠠᠷᠭᠠᠬᠤ᠂ ᠠᠷᠠᠳᠴᠢᠯᠠᠯ ᠢᠶᠠᠷ ᠰᠢᠢᠳᠪᠦᠷᠢ ᠭᠠᠷᠭᠠᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠪᠠ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠦᠴᠢᠷ ᠤᠨ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠵᠤ᠂ ᠨᠢᠭᠡᠳᠦᠭᠡᠷ ᠬᠠᠷᠢᠭᠤᠴᠠᠯᠭᠠᠳᠠᠨ ᠪᠠ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠬᠢᠨᠠᠮᠠᠭᠠᠶ ᠭᠦᠢᠴᠡᠳᠬᠡᠵᠦ᠂ ᠭᠤᠣᠯᠳᠠᠯᠭ᠎ᠠ ᠲᠠᠢ ᠴᠠᠷ᠎ᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠬᠠᠮᠢᠶᠠᠷᠴᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠪᠠ ᠲᠥᠷᠥ ᠶᠢᠨ ᠪᠤᠳᠣᠯᠭ᠎ᠠ ᠶᠢᠨ ᠰᠡᠷᠡᠮᠵᠢ ᠶᠢᠨ ᠱᠣᠭᠤᠮ ᠢ ᠴᠢᠩᠭᠠᠳᠬᠠᠵᠤ᠂ ᠨᠡᠶᠢᠳᠡ ᠶᠢᠨ ᠪᠡᠯᠡ ᠮᠦᠩᠬᠦ᠂ ᠨᠡᠶᠢᠳᠡ ᠶᠢᠨ ᠡᠳ᠋ ᠬᠦᠷᠦᠩᠭᠡ᠂ ᠨᠡᠶᠢᠳᠡ ᠶᠢᠨ ᠡᠬᠢ ᠪᠠᠶᠠᠯᠢᠭ ᠤᠨ ᠪᠦᠳᠦᠮᠵᠢᠳᠠᠢ ᠡᠵᠡᠩᠨᠡᠯᠳᠡ ᠶᠢ ᠪᠠᠳᠣᠯᠠᠨ᠂ ᠠᠷᠢᠭᠤᠨ ᠴᠢᠭᠡᠴᠢ ᠵᠠᠰᠠᠭ ᠤᠨ ᠶᠠᠪᠤᠳᠠᠯ ᠤᠨ ᠣᠷᠴᠢᠨ ᠲᠤᠭᠤᠷᠢᠨ ᠢ ᠪᠤᠢ ᠪᠤᠯᠭᠠᠨ᠎ᠠ᠃          ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠵᠤᠬᠢᠴᠠᠭᠤᠯᠤᠯᠳᠠ ᠶᠢᠨ ᠣᠳᠣᠬᠢᠴᠢᠯᠠᠯᠳᠠ ᠶᠢ ᠢᠳᠡᠪᠬᠢᠳᠠᠢ ᠰᠦᠪᠡᠭᠴᠢᠯᠡᠵᠦ᠂ ᠬᠠᠣᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠠᠬᠢᠭᠤᠯᠵᠤ᠂ ︽ᠭᠤᠷᠪᠠᠨ ᠵᠤᠷᠪᠤᠰ ᠳᠦᠷᠢᠮ︾ ᠤᠨ ᠨᠠᠶᠢᠳᠠᠪᠤᠷᠢᠵᠢᠭᠤᠯᠤᠯᠲᠠ ᠶᠢ ᠡᠷᠴᠢᠮᠳᠠᠢ ᠠᠬᠢᠭᠤᠯᠵᠤ᠂ ᠬᠠᠤᠯᠢ ᠶᠣᠰᠣᠭᠠᠷ ᠴᠡᠭᠴᠡᠯᠡᠨ ᠵᠠᠰᠠᠬᠤ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠲᠥᠰᠥᠪ ᠤᠨ ᠦᠷ᠎ᠡ ᠪᠦᠳᠦᠮᠵᠢᠳᠦ ᠬᠠᠮᠢᠶᠠᠷᠣᠯᠳᠠ ᠶᠢᠨ ᠦᠵᠡᠯᠳᠡ ᠶᠢ ᠪᠠᠳᠣᠵᠢᠭᠤᠯᠵᠤ᠂ ᠲᠥᠰᠥᠪ ᠤᠨ ᠬᠠᠮᠢᠶᠠᠷᠣᠯᠳᠠ ᠶᠢᠨ ᠠᠷᠭ᠎ᠠ ᠬᠡᠮᠵᠢᠶ᠎ᠡ ᠶᠢ ᠰᠢᠨᠡᠳᠭᠡᠵᠦ᠂ ᠪᠦᠬᠦ ᠲᠠᠯ᠎ᠠ᠂ ᠪᠦᠬᠦ ᠶᠠᠪᠤᠴᠠ᠂ ᠪᠦᠬᠦᠨ ᠢ ᠬᠠᠮᠤᠷᠣᠭᠰᠠᠨ ᠦᠷ᠎ᠡ ᠪᠦᠳᠦᠮᠵᠢᠳᠦ ᠬᠠᠮᠢᠶᠠᠷᠣᠯᠳᠠ ᠶᠢᠨ ᠰᠢᠰᠲ᠋ᠧᠮ ᠢ ᠡᠷᠴᠢᠮᠳᠠᠢ ᠪᠠᠶᠢᠭᠤᠯᠤᠨ᠎ᠠ ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ ᠴᠠᠭᠠᠵᠠ ᠪᠠ ᠠᠵᠢᠯ ᠤᠨ ᠬᠢᠨᠠᠨ ᠬᠠᠮᠢᠶᠠᠷᠣᠯᠳᠠ ᠶᠢ ᠬᠠᠣᠯᠢ ᠶᠤᠰᠣᠭᠠᠷ ᠬᠦᠯᠢᠶᠡᠬᠦ ᠶᠢᠨ ᠬᠠᠮᠳᠣ ᠣᠯᠣᠰ ᠲᠥᠷᠥ ᠶᠢᠨ ᠵᠦᠪᠯᠡᠯᠭᠡᠨ ᠤ ᠠᠷᠠᠳᠴᠢᠯᠠᠯᠳᠣ ᠬᠢᠨᠠᠨ ᠬᠠᠮᠢᠶᠠᠷᠣᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠣᠯᠣᠰ ᠲᠥᠷᠥ ᠶᠢᠨ ᠵᠦᠪᠯᠡᠯᠭᠡᠨ ᠤ ᠬᠡᠰᠢᠭᠦᠨ ᠤ ᠰᠠᠨᠠᠯ ᠳᠣᠷᠠᠳᠣᠯᠭ᠎ᠠ ᠶᠢ ᠰᠠᠶᠢᠳᠣᠷ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠ ᠵᠠᠷᠭᠤ ᠬᠦᠯᠢᠶᠡᠬᠦ ᠠᠵᠢᠯ ᠢ ᠤᠯᠠᠮ ᠳᠥᠷᠢᠮᠵᠢᠭᠦᠯᠵᠦ᠂ ᠳᠠᠬᠢᠨ ᠵᠦᠪᠯᠡᠬᠦ ᠶᠠᠪᠤᠴᠠ ᠶᠢᠨ ᠰᠠᠭᠠᠳ ᠦᠭᠡᠢ ᠪᠠᠶᠢᠬᠤ ᠶᠢ ᠪᠠᠳᠣᠯᠠᠵᠤ᠂ ᠳᠠᠬᠢᠨ ᠵᠦᠪᠯᠡᠬᠦ ᠪᠣᠯᠣᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠤᠶᠠᠯᠳᠣᠭᠤᠯᠬᠤ ᠳᠣᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠣᠯᠠᠨ ᠨᠡᠶᠢᠳᠡ ᠶᠢᠨ ᠬᠠᠣᠯᠢ ᠴᠠᠭᠠᠵᠠ ᠶᠢᠨ ᠦᠢᠯᠡᠴᠢᠯᠡᠭᠡ ᠶᠢ ᠡᠷᠴᠢᠮᠳᠠᠢ ᠠᠬᠢᠭᠤᠯᠤᠨ᠂ ᠦᠢᠯᠡᠴᠢᠯᠡᠭᠡᠨ ᠤ ᠳᠥᠷᠢᠮᠵᠢᠭᠰᠡᠨ᠂ ᠠᠵᠢᠯ ᠤᠨ ᠠᠯᠬᠤᠮ ᠳᠠᠷᠠᠭ᠎ᠠ ᠲᠠᠢ᠂ ᠠᠵᠢᠯ ᠤᠨ ᠶᠠᠪᠤᠴᠠ ᠶᠢᠨ ᠪᠠᠷᠢᠮᠵᠢᠶᠠᠵᠢᠭᠰᠠᠨ ᠬᠢᠷᠢ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠵᠠᠰᠠᠭ ᠵᠠᠬᠢᠷᠭᠠᠨ ᠤ ᠴᠢᠬᠤᠯᠠ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠠᠪᠤᠴᠠ ᠶᠢᠨ ᠲᠦᠷ ᠬᠡᠷᠡᠭᠵᠢᠭᠦᠯᠬᠦ ᠳᠥᠷᠢᠮ︾ ᠢ ᠬᠢᠨᠠᠮᠠᠭᠠᠶ ᠨᠠᠶᠢᠳᠠᠪᠣᠷᠢᠵᠢᠭᠤᠯᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ︾ ᠪᠠ ︽ᠢᠨᠲ᠋ᠧᠷᠨᠧᠲ ᠰᠦᠯᠵᠢᠶ᠎ᠡ + ᠬᠢᠨᠠᠨ ᠬᠠᠮᠢᠶᠠᠷᠤᠯᠲᠠ︾ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠷᠬᠡ ᠪᠠ ᠬᠠᠷᠢᠭᠤᠴᠠᠯᠭ᠎ᠠ ᠶᠢᠨ ᠳᠠᠩᠰᠠ ᠡᠪᠬᠡᠮᠡᠯ ᠢ ᠡᠮᠬᠢᠳᠬᠡᠨ ᠨᠠᠶᠢᠳᠠᠯᠡᠬᠦ ᠶᠢᠨ ᠬᠠᠮᠳᠣ ᠵᠠᠰᠠᠭ ᠤᠨ ᠣᠷᠳᠣᠨ ᠤ ᠰᠦᠯᠵᠢᠶᠡᠨ ᠤ ᠪᠠᠶᠢᠭᠤᠯᠤᠯᠲᠠ ᠪᠠ ᠬᠠᠮᠢᠶᠠᠷᠤᠯᠲᠠ ᠪᠠᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠥᠪᠯᠡᠷᠡᠭᠦᠯᠦᠨ ᠭᠦᠢᠴᠡᠳᠭᠡᠬᠦ ᠶᠢ ᠬᠡᠷᠡᠭᠵᠢᠭᠦᠯᠵᠦ᠂ ᠦᠢᠯᠡᠴᠢᠯᠡᠭᠡᠨ ᠤ ᠴᠤᠩᠬᠤᠪᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠪᠠᠷᠢᠯᠭ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ︽ᠨᠢᠭᠡ ᠥᠷᠲᠡᠭᠡᠳᠦ ᠮᠠᠶ᠋ᠢᠭ︾ ᠤᠨ ᠦᠢᠯᠡᠴᠢᠯᠡᠭᠡ ᠶᠢ ᠪᠡᠶᠡᠯᠡᠭᠦᠯᠦᠨ᠎ᠡ᠃ ᠬᠠᠷᠢᠭᠤᠴᠠᠯᠭᠠᠳᠣ ᠣᠪᠣᠷ ᠢᠶᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠭᠡᠶᠢᠰᠬᠡᠵᠦ᠂ ᠡᠭᠦᠳᠦᠯᠳᠡ ᠶᠢᠨ ᠴᠢᠨᠠᠷᠲᠠᠶ ᠪᠠᠷ ᠠᠵᠢᠯ ᠢᠶᠠᠨ ᠥᠷᠨᠢᠭᠦᠯᠬᠦ ᠶᠢ ᠵᠣᠷᠢᠭᠵᠢᠭᠤᠯᠵᠤ᠂ ᠬᠡᠷᠡᠭᠵᠢᠭᠦᠯᠦᠯᠲᠡ ᠶᠢ ᠴᠢᠩᠭᠠᠳᠬᠠᠨ᠂ ᠨᠠᠶᠢᠳᠠᠪᠣᠷᠢᠵᠢᠭᠤᠯᠣᠯᠳᠠ ᠶᠢ ᠴᠢᠬᠤᠯᠠᠴᠢᠯᠠᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠨ᠎ᠠ᠃          ᠲᠥᠯᠥᠭᠡᠯᠡᠭᠴᠢᠳ ᠡ᠂ ᠡᠳᠦᠭᠡ ᠰᠢᠨ᠎ᠡ ᠡᠬᠢᠯᠡᠯᠲᠡ᠂ ᠰᠢᠨ᠎ᠡ ᠠᠶᠠᠨ ᠵᠠᠮ ᠢᠶᠠᠨ ᠡᠬᠢᠯᠡᠭᠦᠯᠬᠦ ᠶᠢᠨ ᠳᠣᠯᠠᠳᠠ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠩᠬᠠᠨ ᠤ ᠵᠣᠷᠢᠯᠳᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭᠠᠳᠣ ᠰᠡᠳᠬᠢᠯᠭᠡ ᠪᠠᠨ ᠨᠡᠮᠡᠭᠳᠡᠭᠦᠯᠵᠦ᠂ ᠪᠣᠳᠠᠲᠠᠢ ᠪᠠᠷ ᠠᠵᠢᠯᠯᠠᠬᠤ ᠶᠢ ᠡᠷᠬᠢᠮᠯᠡᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠥᠲᠦᠭᠡᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠯᠡᠭᠡ ᠶᠢᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠪᠠᠷ ᠴᠢᠷᠮᠠᠶᠢᠵᠠᠭᠠᠶ᠎ᠠ︕ᠨᠠᠷᠡᠰ ᠤᠨ ᠲᠠᠶᠢᠯᠪᠤᠷᠢᠨᠢᠭᠡ᠂ ᠠᠷᠪᠠᠨ ᠵᠦᠢᠯ ᠢ ︽ᠪᠠᠷᠢᠮᠵᠢᠶᠠᠨ ᠳᠤ ᠬᠦᠷᠭᠡᠬᠦ︾᠄ 1. ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠠᠴᠠ ᠡᠷᠦᠬᠡ ᠳᠤ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠵᠥᠷᠢᠶ᠎ᠡ ᠶᠢ ᠪᠦᠬᠦᠨ ᠢ ᠴᠡᠭᠴᠡᠯᠡᠵᠦ ᠪᠠᠷᠢᠮᠵᠢᠶᠠᠨ ᠳᠤ ᠬᠦᠷᠭᠡᠨ᠎ᠡ᠃ 2. ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠳᠡᠢ ᠬᠥᠮᠦᠨ ᠠᠮᠠ ᠳᠤ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠲᠥᠷᠥᠯ ᠵᠦᠢᠯ ᠣᠯᠭᠤᠭᠰᠠᠨ ᠦᠭᠡᠢ ᠪᠠ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠳᠡᠢ ᠬᠦᠮᠦᠨ ᠠᠮᠠ ᠳᠤ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠬᠦᠷᠲᠡᠭᠡᠭᠰᠡᠨ ᠦᠭᠡᠢ ᠪᠠᠶᠢᠬᠤ ᠠᠰᠠᠭᠤᠳᠠᠯ ᠢ ᠪᠦᠬᠦᠨ ᠢ ᠴᠡᠭᠴᠡᠯᠡᠨ ᠪᠠᠷᠢᠮᠵᠢᠶᠠᠨ ᠳᠤ ᠬᠦᠷᠭᠡᠨ᠎ᠡ᠃ 3. ᠶᠠᠳᠠᠭᠤ ᠬᠦᠴᠢᠷᠳᠡᠯᠳᠡᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠠᠵᠤ ᠠᠬᠤᠶ ᠶᠢᠨ ᠬᠦᠭᠵᠢᠯᠲᠡ ᠪᠠᠷ ᠠᠨᠠᠢ ᠪᠠᠶᠢᠭ᠎ᠠ ᠶᠠᠳᠠᠭᠤ ᠬᠦᠴᠢᠷᠳᠡᠯᠳᠡᠢ ᠭᠠᠴᠠᠭ᠎ᠠ ᠲᠣᠰᠬᠤᠨ ᠢ ᠪᠦᠬᠦᠨ ᠢ ᠴᠡᠭᠴᠡᠯᠡᠨ ᠪᠠᠷᠢᠮᠵᠢᠶᠠᠨ ᠳᠤ ᠬᠦᠷᠭᠡᠨ᠎ᠡ᠃ 4. ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠪᠦᠬᠦᠨ ᠢ ᠴᠡᠭᠴᠡᠯᠡᠨ ᠪᠠᠷᠢᠮᠵᠢᠶᠠᠨ ᠳᠤ ᠬᠦᠷᠭᠡᠨ᠎ᠡ᠃ 5. ᠶᠠᠳᠠᠭᠤ ᠬᠦᠴᠢᠷᠳᠡᠯᠳᠡᠢ ᠭᠠᠴᠠᠭᠠᠨ ᠳᠣᠰᠬᠤᠨ ᠪᠠ ᠶᠠᠳᠠᠭᠤ ᠬᠦᠴᠢᠷᠳᠡᠯᠳᠡᠢ ᠡᠷᠦᠬᠡ ᠳᠤ ᠠᠮᠢᠳᠤᠷᠠᠯ ᠤᠨ ᠬᠡᠷᠡᠭᠯᠡᠭᠡᠨ ᠤ ᠴᠠᠬᠢᠯᠭᠠᠨ ᠨᠡᠪᠳᠡᠷᠡᠭᠡ ᠦᠭᠡᠢ ᠪᠠᠶᠢᠳᠠᠯ ᠢ ᠰᠢᠢᠳᠪᠦᠷᠢᠯᠡᠨ᠎ᠡ᠃ 6. ᠳᠠᠩᠰᠠᠨ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠳᠣᠬᠢᠳᠠᠢ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠪᠦᠬᠦᠨ ᠢ ᠪᠡᠶᠡᠯᠡᠭᠦᠯᠦᠨ᠎ᠡ᠃ 7. ᠨᠠᠷᠢᠯᠢᠭ ᠣᠨᠣᠪᠴᠢᠳᠠᠢ ᠪᠠᠷ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠲᠠᠪᠴᠡᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠪᠠᠷᠢᠮᠵᠢᠶᠠᠨ ᠳᠤ ᠬᠦᠷᠭᠡᠨ᠎ᠡ᠃ 8. ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠳᠠᠰᠤᠭ︶ ᠶᠢᠨ ᠲᠥᠬᠦᠭᠡᠷᠦᠮᠵᠢ᠂ ᠠᠵᠢᠯᠲᠠᠨ᠂ ᠡᠮ ᠤᠨ ᠵᠦᠢᠯᠡᠰ ᠵᠡᠷᠭᠡ ᠦᠨᠳᠦᠰᠦᠨ ᠡᠮᠴᠢᠯᠡᠭᠡᠨ ᠤ ᠦᠢᠯᠡᠴᠢᠯᠡᠭᠡ ᠶᠢ ᠪᠠᠷᠢᠮᠵᠢᠶᠠᠨ ᠳᠤ ᠬᠦᠷᠭᠡᠨ᠎ᠡ᠃ 9. ᠲᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠷᠢᠮᠵᠢᠶᠠᠨ ᠳᠤ ᠬᠦᠷᠭᠡᠨ᠎ᠡ᠃ 10. ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠲᠠᠯ᠎ᠠ ᠶᠢ ᠥᠭᠡᠷᠡᠴᠢᠯᠡᠬᠦ ᠪᠠ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠥᠭᠡᠷᠡᠴᠢᠯᠡᠯᠳᠡ ᠶᠢ ᠪᠡᠶᠡᠯᠡᠭᠦᠯᠵᠦ᠂ ᠳᠠᠩᠰᠠ ᠡᠪᠬᠡᠮᠡᠯ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ ᠬᠤᠭᠤᠴᠠᠭᠠᠨ ᠳᠠᠬᠢ ᠬᠡᠤᠬᠡᠳ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠨᠢ ᠪᠠᠲᠤᠯᠠᠬᠤ  ᠶᠢ ᠪᠡᠶᠡᠯᠡᠭᠦᠯᠦᠨ᠎ᠡ᠃ᠬᠤᠶᠠᠷ᠂ ︽ᠬᠤᠶᠠᠷ ᠵᠦᠢᠯ ᠳᠤ ᠵᠣᠪᠠᠭ᠋ᠤ ᠥᠬᠡᠶ᠂ ᠭᠤᠷᠪᠠᠨ ᠵᠦᠢᠯ ᠢ ᠪᠠᠲᠤᠯᠠᠬᠤ᠂ ᠨᠢᠭᠡ ᠪᠠᠷᠢᠮᠵᠢᠶᠠᠨ ᠠᠴᠠ ᠦᠨᠳᠦᠷ ᠪᠠᠶᠢᠯᠭᠠᠬᠤ︾ ᠠᠵᠢᠯ ᠤᠨ ᠬᠠᠷᠠᠯᠳᠠ᠄ ᠢᠳᠡᠵᠦ ︵ᠤᠤᠭᠤᠬᠤ ᠤᠰᠤᠨ ᠤ ᠠᠮᠤᠷ ᠲᠦᠪᠰᠢᠨ ᠢ ᠪᠠᠳᠣᠯᠠᠬᠤ ᠪᠠᠭᠲᠠᠨ᠎ᠠ︶ ᠡᠮᠦᠰᠬᠦ ᠳᠡᠭᠡᠨ ᠵᠣᠪᠠᠭ᠋ᠤ ᠦᠭᠡᠢ᠂ ᠠᠮᠤᠷ ᠲᠦᠪᠰᠢᠨ ᠣᠷᠣᠨ ᠰᠠᠭᠤᠴᠠ ᠶᠢᠨ ᠪᠠᠳᠣᠯᠠᠭ᠎ᠠ ᠲᠠᠢ᠂ ᠰᠤᠷᠭᠠᠨ ᠬᠥᠮᠦᠵᠢᠯ ᠬᠦᠷᠲᠡᠬᠦ ᠪᠠᠲᠤᠯᠠᠭ᠎ᠠ ᠲᠠᠢ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠲᠠᠢ ᠪᠠᠶᠢᠵᠤ᠂ ᠶᠠᠳᠠᠭᠤ ᠬᠦᠴᠢᠷᠲᠠᠢ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠯᠭᠠᠨ᠎ᠠ᠃ᠭᠤᠷᠪᠠ᠂ ︽ᠭᠤᠷᠪᠠᠨ ᠵᠦᠢᠯ ᠢ ᠮᠡᠳᠡᠭᠦᠯᠬᠦ︾ ᠳᠦᠷᠢᠮ᠄ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠡᠳᠦᠷ ᠪᠦᠷᠢ ᠮᠡᠳᠡᠭᠦᠯᠬᠦ ᠳᠥᠷᠢᠮ ᠵᠢᠴᠢ ᠬᠢᠵᠢᠭ ᠤᠨ ᠰᠡᠵᠢᠭᠲᠡᠨ ᠢᠯᠡᠷᠡᠭᠰᠡᠨ ᠦᠭᠡᠢ ᠪᠠᠶᠢᠳᠠᠯ ᠢ ᠮᠡᠳᠡᠭᠦᠯᠬᠦ᠂ ᠡᠳᠦᠷ ᠪᠦᠷᠢ ᠮᠡᠳᠡᠭᠦᠯᠬᠦ ᠳᠦᠷᠢᠮ᠃ᠳᠥᠷᠪᠡ᠂ ᠭᠤᠷᠪᠠ ᠶᠢ ᠪᠠᠲᠤᠯᠠᠬᠤ᠄ ᠴᠠᠯᠢᠩ ᠢ ᠪᠠᠲᠤᠯᠠᠬᠤ᠂ ᠡᠵᠡᠩᠨᠡᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠃ᠲᠠᠪᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡᠨ ᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠮᠦᠩᠭᠦ ᠪᠠ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠲᠥᠯᠥᠪᠯᠡᠭᠡ ᠶᠢ ᠳᠣᠭᠳᠠᠪᠤᠷᠢᠵᠢᠭᠤᠯᠬᠤ ᠵᠡᠷᠭᠡ ᠵᠢᠷᠭᠤᠭᠠᠨ ᠵᠦᠢᠯ ᠢ ᠳᠣᠭᠳᠠᠪᠤᠷᠢᠵᠢᠭᠤᠯᠬᠤ ᠠᠵᠢᠯ ᠪᠣᠯᠤᠨ᠎ᠠ᠃ᠵᠢᠷᠭᠤᠭ᠎ᠠ᠂ ︽ᠵᠢᠷᠭᠤᠭ᠎ᠠ ᠶᠢ ᠪᠠᠲᠤᠯᠠᠬᠤ︾ ᠠᠷᠭ᠎ᠠ ᠬᠡᠮᠵᠢᠶ᠎ᠡ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠳᠣᠯᠠᠬᠤ ᠂ ᠦᠨᠳᠦᠰᠦᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶᠡᠵᠢᠯ ᠬᠠᠩᠭᠠᠯᠭ᠎ᠠ ᠶᠢᠨ ᠬᠡᠯᠬᠢᠶᠡᠵᠢᠯ ᠢ ᠲᠣᠭᠲᠠᠭᠤᠨ ᠪᠠᠶᠢᠯᠭᠠᠬᠤ᠂ ᠦᠨᠳᠦᠰᠦᠨ ᠱᠠᠲᠤᠨ ᠤ ᠡᠵᠡᠩᠨᠡᠯᠲᠡ ᠶᠢᠨ ᠡᠭᠦᠷᠭᠡ ᠶᠢ ᠪᠠᠲᠤᠯᠠᠬᠤ ᠵᠡᠷᠭᠡ ᠵᠢᠷᠭᠤᠭᠠᠨ ᠵᠦᠢᠯ ᠢ ᠪᠠᠳᠣᠯᠠᠬᠤ ᠠᠷᠭ᠎ᠠ ᠬᠡᠮᠵᠢᠶ᠎ᠡ ᠪᠤᠯᠤᠨ᠎ᠠ᠃ᠳᠣᠯᠤᠭ᠎ᠠ᠂ ︽ᠭᠤᠷᠪᠠᠨ ᠨᠠᠷᠢᠯᠢᠭ ᠤᠨᠤᠪᠴᠢᠳᠠᠢ︾᠄ ᠨᠠᠷᠢᠯᠢᠭ ᠣᠨᠣᠪᠴᠢᠳᠠᠢ ᠪᠠᠷ ᠢᠯᠭᠠᠨ ᠲᠠᠨᠢᠵᠤ᠂ ᠨᠠᠷᠢᠯᠢᠭ ᠣᠨᠣᠪᠴᠢᠳᠠᠢ ᠪᠠᠷ ᠬᠠᠪᠰᠤᠷᠤᠨ ᠲᠡᠳᠬᠦᠵᠦ᠂ ᠨᠠᠷᠢᠯᠢᠭ ᠣᠨᠣᠪᠴᠢᠳᠠᠢ ᠪᠠᠷ ᠶᠠᠳᠠᠭᠤ ᠠᠴᠠ ᠭᠠᠷᠬᠤ᠃ᠨᠠᠢᠮᠠ᠂ ︽ᠭᠤᠷᠪᠠ ᠶᠢ ᠨᠠᠶᠢᠳᠠᠪᠤᠷᠢᠵᠢᠭᠤᠯᠬᠤ︾᠄ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠃ᠶᠢᠰᠦ᠂ ︽ᠭᠤᠷᠪᠠ ᠶᠢ ᠪᠠᠲᠤᠯᠠᠬᠤ︾᠄ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠠᠮᠤᠷ ᠲᠦᠪᠰᠢᠨ ᠣᠷᠣᠨ ᠰᠠᠭᠤᠴᠠ ᠶᠢ ᠪᠠᠳᠣᠯᠠᠬᠤ᠃ᠠᠷᠪᠠ᠂ ︽ᠲᠦᠷᠪᠡ ᠶᠢ ᠪᠠᠷᠢᠮᠲᠠᠯᠠᠬᠤ︾᠄ ᠬᠠᠷᠢᠭᠤᠴᠠᠯᠭ᠎ᠠ ᠶᠢ ᠪᠠᠷᠢᠮᠳᠠᠯᠠᠬᠤ᠂ ᠲᠥᠷᠥ ᠶᠢᠨ ᠪᠤᠳᠣᠯᠭ᠎ᠠ ᠶᠢ ᠪᠠᠷᠢᠮᠳᠠᠯᠠᠬᠤ᠂ ᠲᠡᠳᠬᠦᠨ ᠳᠡᠮᠵᠢᠬᠦ ᠶᠢ ᠪᠠᠷᠢᠮᠳᠠᠯᠠᠬᠤ᠂ ᠬᠢᠨᠠᠨ ᠬᠠᠮᠢᠶᠠᠷᠣᠯᠳᠠ ᠶᠢ ᠪᠠᠷᠢᠮᠲᠠᠯᠠᠬᠤ᠃ᠠᠷᠪᠠᠨ ᠨᠢᠭᠡ᠂ ︽ᠳᠥᠷᠪᠡ ᠶᠢ ᠬᠢᠵᠠᠭᠠᠷᠯᠠᠬᠤ︾ ᠠᠷᠭ᠎ᠠ ᠬᠡᠮᠵᠢᠶ᠎ᠡ᠄ ᠲᠠᠷᠢᠶᠠᠯᠠᠩ ᠤᠨ ᠭᠠᠵᠠᠷ ᠤᠨ ᠭᠠᠳᠠᠷᠭᠤ ᠳᠤ ᠦᠵᠡᠭᠦᠯᠬᠦ ᠪᠤᠬᠢᠷᠳᠤᠯ ᠢ ᠵᠠᠰᠠᠵᠤ᠂ ᠪᠣᠷᠳᠣᠭᠤᠷ᠂ ᠡᠮ᠂ ᠤᠰᠤ᠂ ᠪᠦᠷᠬᠦᠭᠦᠯ ᠢ ᠬᠢᠵᠠᠭᠠᠷᠯᠠᠬᠤ᠃ᠠᠷᠪᠠᠨ ᠬᠤᠶᠠᠷ᠂ ︽ᠬᠤᠤᠰ ᠳᠠᠰᠢᠷᠠᠮ ᠢᠶᠠᠷ ᠪᠠᠶᠢᠴᠠᠭᠠᠵᠤ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤᠮᠳᠠ ᠪᠠᠶᠢᠴᠠᠭᠠᠭᠳᠠᠬᠤ ᠡᠳᠡᠭᠡᠳ ᠪᠠ ᠬᠠᠤᠯᠢ ᠬᠡᠷᠡᠭᠵᠢᠭᠦᠯᠬᠦ ᠪᠠᠶᠢᠴᠠᠭᠠᠭᠴᠢ ᠶᠢ ᠳᠠᠰᠢᠷᠠᠮ ᠢᠶᠠᠷ ᠰᠣᠩᠭᠤᠨ ᠲᠤᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠨᠡᠶᠢᠳᠡ ᠳᠤ ᠨᠡᠶᠢᠲᠡᠯᠡᠨ᠎ᠡ᠃ᠠᠷᠪᠠᠨ ᠭᠤᠷᠪᠠ᠂ ︽ᠳᠥᠷᠪᠡᠨ ᠡᠷᠲᠡ︾ ᠶᠢᠨ ᠲᠡᠵᠢᠭᠡᠨ ᠪᠣᠶᠢᠵᠢᠭᠤᠯᠬᠤ ᠬᠡᠯᠪᠡᠷᠢ᠄ ᠡᠷᠲᠡ ᠪᠣᠷᠳᠤᠭ᠎ᠠ ᠦᠭᠭᠦᠨ᠎ᠡ᠃ 12 ᠰᠠᠷ᠎ᠠ ᠠᠴᠠ ᠡᠬᠢᠯᠡᠨ ᠳᠠᠷᠠᠭ᠎ᠠ ᠵᠢᠯ ᠤᠨ ᠬᠢᠨᠢ 6 ᠰᠠᠷ᠎ᠠ ᠪᠣᠯᠲᠠᠯ᠎ᠠ ᠲᠡᠵᠢᠭᠡᠨ᠎ᠡ᠃ ᠲᠤᠭᠤᠯ ᠢᠶᠠᠨ ᠡᠷᠲᠡ ᠲᠤᠰᠤᠨ᠎ᠠ᠂ 4 ᠰᠠᠷ᠎ᠠ ᠠᠴᠠ ᠡᠮᠦᠨ᠎ᠡ ᠲᠤᠭᠤᠯ ᠲᠤᠰᠤᠨ᠎ᠠ᠃ ᠡᠷᠲᠡᠬᠡᠨ ᠭᠠᠷ ᠬᠡᠭᠡᠯᠲᠦᠭᠦᠯᠭᠡ ᠬᠢᠨ᠎ᠡ᠃ 6 ᠰᠠᠷ᠎ᠠ ᠠᠴᠠ ᠡᠮᠦᠨ᠎ᠡ ᠭᠠᠷ ᠬᠡᠭᠡᠯᠲᠦᠭᠦᠯᠭᠡ ᠬᠢᠵᠦ ᠳᠠᠭᠤᠰᠬᠠᠨ᠎ᠠ᠃ ᠡᠷᠲᠡᠬᠡᠨ ᠪᠤᠷᠤᠯᠠᠭᠤᠯᠤᠨ᠎ᠠ᠃ ᠵᠢᠯ ᠤᠨ ᠡᠴᠦᠰ ᠠᠴᠠ ᠡᠮᠦᠨ᠎ᠡ ᠪᠤᠷᠤᠯᠠᠭᠤᠯᠤᠨ᠎ᠠ᠃ᠠᠷᠪᠠᠨ ᠳᠦᠷᠪᠡ᠂ ︽ᠬᠤᠶᠠᠷ ᠭᠤᠤᠯ ᠱᠣᠭᠤᠮ᠂ ᠨᠢᠭᠡ ᠭᠤᠣᠯᠳᠠᠯᠭ᠎ᠠ︾᠄ ᠴᠢᠨᠠᠷᠵᠢᠭᠤᠨ ᠬᠥᠭᠵᠢᠯᠳᠡ ᠶᠢᠨ ᠵᠠᠮ ᠢᠶᠠᠷ ᠵᠠᠮᠨᠠᠵᠤ᠂ ︽ᠥᠪᠡᠷᠮᠢᠴᠡ ᠣᠨᠴᠠᠯᠢᠭ ᠲᠠᠢ ᠰᠤᠷᠭᠠᠭᠤᠯᠢ︾ ᠶᠢᠨ ᠨᠠᠷᠠᠲᠤ ᠳᠡᠮᠳᠡᠭ ᠢ ᠡᠭᠦᠳᠴᠦ᠂ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠥᠨᠳᠥᠷ ᠪᠦᠲᠦᠮᠵᠢᠲᠡᠶ ᠵᠢᠭᠠᠨ ᠰᠤᠷᠭᠠᠯᠲᠠ︾ ᠶᠢ ᠡᠭᠦᠳᠦᠨ ᠪᠠᠶᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠢᠯᠤᠭᠤᠨ ᠬᠥᠬᠡ ᠬᠤᠰᠢᠭᠤᠨ ᠤ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠨᠡᠶᠢᠴᠡᠭᠰᠡᠨ ᠰᠤᠷᠭᠠᠨ ᠬᠥᠮᠦᠵᠢᠯ ᠢ ᠡᠷᠬᠢᠯᠡᠨ᠎ᠡ᠃ᠠᠷᠪᠠᠨ ᠲᠠᠪᠤ᠂ ᠡᠮᠨᠡᠯᠭᠡ ᠶᠢᠨ ᠠᠵᠢᠯᠲᠠᠨ ᠤ ︽ᠭᠤᠷᠪᠠᠨ ᠦᠨᠳᠦᠰᠦᠨ ᠭᠤᠷᠪᠠᠨ ᠴᠢᠩᠭ᠎ᠠ︾ ᠪᠤᠯᠪᠠᠰᠣᠷᠠᠯ᠄ ᠭᠤᠷᠪᠠᠨ ᠦᠨᠳᠦᠰᠦᠨ᠄ ᠳᠠᠷᠣᠢ ᠦᠨᠳᠦᠰᠦᠨ ᠣᠨᠣᠯ᠂ ᠦᠨᠳᠦᠰᠦᠨ ᠮᠡᠳᠡᠯᠭᠡ᠂ ᠦᠨᠳᠦᠰᠦᠨ ᠮᠡᠷᠭᠡᠵᠢᠯ᠃ ᠭᠤᠷᠪᠠᠨ ᠴᠢᠩᠭ᠎ᠠ᠄ ᠳᠠᠷᠤᠶ ᠴᠢᠩᠭ᠎ᠠ ᠱᠠᠭᠠᠷᠳᠠᠯᠭ᠎ᠠ᠂ ᠨᠢᠮᠪᠠᠶ ᠵᠣᠬᠢᠶᠠᠨ ᠪᠠᠢᠭᠤᠯᠤᠯᠲᠠ᠂ ᠲᠥᠪ ᠴᠢᠩᠭ᠎ᠠ ᠣᠪᠣᠷ ᠰᠣᠷᠳᠠᠯ᠃ᠠᠷᠪᠠᠨ ᠵᠢᠷᠭᠤᠭ᠎ᠠ᠂ ︽ᠣᠶᠣᠨᠴᠢᠯᠠᠭᠰᠠᠨ ᠳᠣᠲᠣᠭᠠᠳᠤ ᠶᠢ ᠬᠠᠮᠠᠭᠠᠯᠠᠬᠤ︾ ᠪᠦᠲᠦᠭᠡᠨ ᠪᠠᠶᠢᠭᠤᠯᠤᠯᠲᠠ᠄ ᠣᠳᠣᠬᠢᠴᠢᠯᠠᠭᠰᠠᠨ ᠴᠠᠭᠳᠠᠭᠠᠨ ᠤ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号