ᠰᠢᠯᠤᠭᠤᠨ ᠬᠦᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/6/14
ᠰᠢᠯᠤᠭᠤᠨ ᠬᠦᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠤᠨ ᠠᠯᠪᠠᠨ ᠵᠠᠷᠯᠠᠯ                             25 ᠲᠣᠭᠠᠳᠣ           6 ᠰᠠᠷ᠎ᠠ ᠶᠢᠨ 12᠎ ᠤ ᠡᠳᠦᠷ᠂ ᠪᠡᠭᠡᠵᠢᠩ ᠬᠤᠳᠠ ᠳᠤ 6 ᠨᠡᠷ᠎ᠡ ᠳᠣᠬᠠᠢ ᠶᠢᠨ ᠭᠠᠵᠠᠷ ᠤᠨ ᠬᠦᠮᠦᠨ ᠰᠢᠨ᠎ᠡ ᠬᠡᠯᠪᠡᠷᠢ ᠶᠢᠨ ᠳᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠡᠪᠡᠳᠴᠢᠨ ᠳᠤ ᠨᠡᠷᠪᠡᠭᠳᠡᠭᠰᠡᠨ ᠢᠶᠠᠷ ᠳᠣᠳᠣᠯᠠᠭᠳᠠᠵᠠᠢ᠃ ᠡᠭᠦᠨ ᠤ ᠬᠠᠮᠳᠣ᠂ ᠵᠠᠷᠢᠮ ᠮᠤᠵᠢ ᠬᠤᠳᠠ ᠶᠢᠨ ᠣᠷᠴᠢᠮ ᠤᠨ ᠬᠤᠭᠤᠴᠠᠭᠠᠨ ᠳᠤ  ᠵᠠᠷᠢᠮ ᠬᠦᠮᠢᠨ ᠤ ᠪᠥᠭᠡᠮ ᠬᠦᠴᠢᠯ ᠤᠨ ᠪᠠᠶᠢᠴᠠᠭᠠᠯᠳᠠ ᠨᠢ ᠠᠷᠭ᠎ᠠ ᠴᠢᠨᠠᠷ ᠢᠯᠡᠷᠡᠵᠠᠢ᠃ ᠬᠢᠵᠢᠭ ᠡᠪᠡᠳᠴᠢᠨ ᠮᠠᠨ ᠤ ᠬᠤᠰᠢᠭᠤᠨ ᠳᠤ ᠳᠠᠮᠵᠢᠭᠳᠠᠨ ᠣᠷᠣᠵᠤ ᠢᠷᠡᠬᠦ ᠳᠦᠭᠰᠢᠭᠦᠷᠢ ᠶᠢ ᠪᠠᠭᠠᠰᠬᠠᠵᠤ᠂ ᠪᠦᠬᠦ ᠬᠤᠰᠢᠭᠤᠨ ᠤ ᠣᠯᠠᠨ ᠲᠥᠮᠡᠨ ᠤ ᠡᠷᠡᠭᠦᠯ ᠮᠡᠨᠳᠦ ᠠᠮᠤᠷ ᠲᠥᠪᠰᠢᠨ ᠢ ᠪᠠᠳᠣᠯᠠᠬᠤ ᠶᠢᠨ ᠲᠥᠯᠥᠭᠡ᠂ ᠬᠤᠰᠢᠭᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠥᠷᠪᠢᠰᠦᠯ ᠢ ᠰᠡᠷᠬᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ ᠨᠢ ᠬᠠᠮᠢᠶ᠎ᠠ ᠪᠦᠬᠦᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠲᠤ ᠪᠠᠶᠢᠴᠠᠭᠠᠯᠳᠠ ᠬᠢᠬᠦ ᠪᠠᠷ ᠰᠣᠳᠣᠯᠣᠨ ᠳᠣᠭᠳᠠᠪᠠ᠃ ᠣᠳᠣ ᠬᠠᠮᠢᠶ᠎ᠠ ᠪᠦᠬᠦᠢ ᠠᠵᠢᠯ ᠢ ᠵᠠᠷᠯᠠᠨ ᠮᠡᠳᠡᠭᠳᠡᠶ᠎ᠡ᠄           1. 5 ᠰᠠᠷ᠎ᠠ ᠶᠢᠨ 31᠎ ᠠᠴᠠ ᠨᠠᠰᠢ ᠪᠡᠭᠡᠵᠢᠩ ᠬᠤᠳᠠ ᠶᠢᠨ ᠰᠢᠨ ᠹᠠ ᠳ᠋ᠢ ᠪᠥᠭᠡᠮ ᠢᠶᠠᠷ ᠪᠤᠷᠤᠯᠠᠭᠤᠯᠬᠤ ᠵᠠᠬ᠎ᠠ ᠳᠡᠯᠭᠡᠭᠦᠷ ᠪᠠ ᠵᠢᠩ ᠱᠧᠨ ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ ᠲᠤ ᠣᠴᠢᠭᠰᠠᠨ ᠮᠠᠨ ᠤ ᠬᠤᠰᠢᠭᠤᠨ ᠳᠤ ᠪᠠᠶᠢᠭ᠎ᠠ ᠬᠦᠮᠦᠰ ᠲᠤ ᠪᠥᠭᠡᠮ ᠬᠦᠴᠢᠯ ᠤᠨ ᠪᠠᠶᠢᠴᠠᠭᠠᠯᠳᠠ ᠶᠢ ᠲᠥᠯᠥᠪᠦᠷᠢ ᠦᠭᠡᠢ ᠬᠢᠵᠦ ᠦᠭᠬᠦᠨ᠎ᠡ᠃ ᠳᠡᠭᠡᠷᠡᠬᠢ ᠬᠦᠮᠦᠰ ᠳᠠᠷᠣᠶᠢᠬᠠᠨ ᠬᠤᠰᠢᠭᠤ ᠬᠢᠵᠢᠭ ᠢ ᠰᠡᠷᠭᠡᠶᠢᠯᠡᠬᠦ ᠲᠥᠪ ᠲᠠᠢ ᠬᠠᠷᠢᠯᠴᠠᠵᠤ᠂ ᠭᠡᠷ ᠎ ᠲᠡᠭᠡᠨ ᠡᠮᠴᠢ ᠶᠢ ᠬᠦᠯᠢᠶᠠᠵᠦ ᠶᠠᠩᠵᠦ ᠪᠤᠳᠠᠰ ᠢᠶᠠᠨ ᠦᠭᠬᠦ ᠪᠤᠯᠪᠠᠣ᠃ ᠪᠠᠶᠢᠴᠠᠭᠠᠯᠳᠠ ᠶᠢᠨ ᠳ᠋ᠦᠩ ᠭᠠᠷᠬᠤ ᠠᠴᠠ ᠡᠮᠦᠨ᠎ᠡ ᠡᠷᠥᠬᠡ ᠭᠡᠷ ᠲᠡᠭᠡᠨ ᠥᠪᠡᠷ ᠢ ᠪᠠᠨ ᠲᠣᠰᠠᠭᠠᠷᠯᠠᠵᠤ ᠡᠮᠴᠢᠯᠡᠭᠡᠨ ᠤ ᠠᠵᠢᠭᠯᠠᠯᠳᠠ ᠬᠢᠭᠡᠷᠠᠢ᠃ ᠬᠤᠰᠢᠭᠤ ᠬᠢᠵᠢᠭ ᠢ ᠰᠡᠷᠬᠡᠶᠢᠯᠡᠬᠦ ᠲᠥᠪ ᠤᠨ ᠬᠠᠷᠢᠯᠴᠠᠬᠤ ᠤᠳᠠᠰᠣ᠄ 0479 — 4222907           2. 6 ᠰᠠᠷ᠎ᠠ ᠶᠢᠨ 13᠎ ᠠᠴᠠ ᠡᠬᠢᠯᠡᠵᠦ᠂ ᠪᠡᠭᠡᠵᠢᠩ᠂ ᠬᠢᠷᠢᠨ᠂ ᠬᠤᠪᠧᠢ᠂ ᠬᠠᠷᠠᠮᠦ᠋ᠷᠡᠨ ᠵᠡᠷᠭᠡ ᠳᠥᠷᠪᠡᠨ ᠮᠣᠵᠢ ᠬᠤᠳᠠ ᠠᠴᠠ ᠮᠠᠨ ᠤ ᠬᠤᠰᠢᠭᠤᠨ ᠳᠤ ᠢᠷᠡᠭᠰᠡᠳ᠂ 7 ᠬᠤᠨᠤᠭ ᠤᠨ ᠳᠣᠳᠣᠷᠠᠬᠢ ᠪᠥᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠢᠶᠠᠨ ᠬᠠᠩᠭᠠᠬᠤ ᠬᠡᠷᠡᠭᠳᠡᠢ᠃ ᠪᠠᠶᠢᠴᠠᠭᠠᠯᠳᠠ ᠶᠢᠨ ᠳ᠋ᠦᠩ ᠢᠶᠠᠨ ᠬᠠᠩᠭᠠᠭᠰᠠᠨ ᠦᠭᠡᠢ ᠬᠦᠮᠦᠰ ᠢ ᠨᠢᠭᠡᠳᠣᠯᠳᠠᠢ ᠳᠣᠰᠠᠭᠠᠷᠯᠠᠵᠤ ᠡᠮᠴᠢᠯᠡᠭᠡᠨ ᠤ ᠠᠵᠢᠭᠯᠠᠯᠳᠠ ᠬᠢᠨ᠎ᠡ᠃ ᠰᠦᠢᠳᠬᠡᠯ ᠢ ᠬᠤᠪᠢ ᠬᠦᠮᠦᠨ ᠥᠪᠡᠷᠳᠡᠭᠡᠨ ᠬᠠᠷᠢᠭᠤᠴᠠᠨ᠎ᠠ᠃ ᠳᠣᠲᠣᠭᠠᠳᠣ ᠶᠢ ᠬᠠᠮᠠᠭᠠᠯᠠᠬᠤ ᠰᠠᠯᠠᠭ᠎ᠠ ᠮᠦᠴᠢᠷ ᠤᠨ ᠬᠢᠨ ᠬᠤᠰᠢᠭᠤᠨ ᠳᠣᠳᠣᠷᠠᠬᠢ ᠵᠤᠴᠢᠳ ᠤᠨ ᠪᠠᠭᠤᠳᠠᠯ ᠵᠡᠷᠭᠡ ᠭᠠᠵᠠᠷ ᠣᠷᠣᠨ ᠢ ᠬᠢᠨᠠᠨ ᠵᠢᠯᠤᠭᠤᠳᠴᠤ᠂ ᠡᠯ᠎ᠡ ᠰᠣᠮᠣ ᠪᠠᠯᠭᠠᠰᠣ ︵ᠳᠠᠯᠠᠪᠠᠢ︶ ᠥᠪᠡᠷ ᠤᠨ ᠬᠠᠷᠢᠶᠠᠨ ᠳᠠᠬᠢ ᠭᠠᠴᠠᠭ᠎ᠠ ᠳᠣᠰᠬᠤᠨ ︵ᠬᠤᠪᠢᠶᠠᠷᠢ ᠲᠠᠯᠠᠪᠠᠢ︶᠎ ᠳᠤ ᠪᠠᠨ ᠴᠢᠩᠭ᠎ᠠ ᠪᠠᠶᠢᠴᠠᠭᠠᠯᠳᠠ ᠬᠢᠬᠦ ᠬᠡᠷᠡᠭᠳᠡᠢ᠃                  ᠰᠢᠯᠤᠭᠤᠨ ᠬᠦᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ        ᠠᠭᠤᠰᠬᠢᠨ ᠥᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠤᠭᠤᠳᠬᠤ ᠬᠡᠯᠳᠡᠰ                           2020 ᠣᠨ ᠤ 6 ᠰᠠᠷ᠎ᠠ ᠶᠢᠨ 13᠎ ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号