| ︵26 ᠳ᠋ᠤᠭᠠᠷ ᠲᠣᠭᠠᠲᠤ︶ | ᠪᠡᠭᠡᠵᠢᠩ ᠬᠤᠲᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ | ᠦᠷᠪᠢᠰᠦᠯ ᠳᠤ ᠬᠠᠯᠳᠠᠪᠤᠷᠢᠯᠠᠭᠰᠠᠳ ᠦᠷᠭᠦᠯᠵᠢᠯᠡᠨ ᠨᠡᠮᠡᠭᠳᠡᠵᠦ ᠪᠠᠶᠢᠭ᠎ᠠ ᠪᠣᠯᠬᠤᠷ᠂ ︽ᠭᠠᠳᠠᠭᠠᠳᠤ ᠠᠴᠠ | ᠬᠠᠯᠳᠠᠪᠤᠷᠢᠯᠠᠬᠤ ᠶᠢ ᠰᠡᠷᠭᠡᠶᠢᠯᠡᠨ᠂ ᠳᠣᠲᠣᠭᠠᠳᠤ ᠳᠤ ᠳᠠᠷᠬᠠᠨ ᠳᠡᠯᠭᠡᠷᠡᠬᠦ ᠶᠢ ᠬᠤᠷᠢᠭᠯᠠᠬᠤ︾ ᠠᠷᠭ᠎ᠠ ᠪᠣᠳᠣᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠢᠵᠢᠭ ᠬᠠᠯᠳᠠᠪᠣᠷᠢᠯᠠᠬᠤ ᠶᠢ ᠴᠢᠩᠭ᠎ᠠ ᠬᠤᠷᠢᠭᠯᠠᠬᠤ ᠶᠢᠨ | ᠲᠥᠯᠦᠭᠡ᠂ ᠳᠣᠮᠳᠠ᠂ ᠥᠨᠳᠦᠷ ᠲᠡᠰ ᠤᠨ ᠬᠢᠵᠢᠭ ᠤᠨ ᠳᠥᠭᠰᠢᠭᠦᠷᠢ ᠲᠠᠢ ᠣᠷᠣᠨ ᠠᠴᠠ ᠮᠠᠨ ᠤ ᠬᠤᠰᠢᠭᠤᠨ ᠳᠤ | ᠢᠷᠡᠭᠰᠡᠨ ᠬᠦᠮᠦᠰ ᠢ ᠬᠠᠮᠢᠶᠠᠷᠬᠤ ᠳᠣᠬᠠᠢ ᠳᠣᠣᠷᠠᠬᠢ ᠵᠦᠢᠯ ᠢ ᠵᠠᠷᠯᠠᠨ ᠮᠡᠳᠡᠭᠳᠡᠶ᠎ᠡ᠄ | ᠨᠢᠭᠡ᠂ 6 ᠰᠠᠷ᠎ᠠ ᠶᠢᠨ 13 ᠤ ᠡᠳᠦᠷ ᠤᠨ ᠳᠡᠭ ᠴᠠᠭ ᠠᠴᠠ ᠬᠤᠶᠢᠰᠢ᠂ ᠪᠡᠭᠡᠵᠢᠩ ᠬᠤᠲᠠ ᠶᠢᠨ ᠰᠢ | ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠬᠢᠵᠢᠭ ᠤᠨ | ᠪᠠᠶᠢᠳᠠᠯ ᠬᠦᠨᠳᠦ ᠬᠡᠴᠡᠭᠦᠦ ᠭᠠᠵᠠᠷ ᠣᠷᠣᠨ ︵ᠬᠢᠵᠢᠭ ᠤᠨ ᠪᠠᠶᠢᠳᠠᠯ ᠢ ᠦᠨᠳᠦᠰᠦᠯᠡᠨ ᠠᠮᠢᠳᠤᠯᠢᠭ ᠲᠣᠬᠢᠷᠠᠭᠤᠯᠤᠯᠲᠠ | ᠬᠢᠨ᠎ᠡ︶ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠡᠷᠬᠡᠪᠰᠢ ᠬᠠᠷᠢᠶ᠎ᠠ ᠰᠤᠮᠤ ᠪᠠᠯᠭᠠᠰᠤ ︵ᠲᠠᠯᠠᠪᠠᠢ︶᠂ | ᠨᠡᠶᠢᠭᠡᠮ ᠲᠣᠭᠤᠷᠢᠭ ︵ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠢ︶ ᠵᠢᠴᠢ ᠪᠠᠶᠢᠭᠤᠯᠭ᠎ᠠ ᠨᠢᠭᠡᠴᠡ ᠳᠤ ᠪᠠᠨ ᠬᠤᠪᠢ | ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠤᠬᠠᠮᠰᠠᠷ ᠴᠠ ᠪᠠᠨ ᠮᠡᠳᠡᠭᠦᠯᠵᠦ᠂ ︽14 ᠡᠳᠦᠷ ᠨᠢᠭᠡᠳᠦᠯᠲᠡᠢ | ᠳᠣᠰᠠᠭᠠᠷᠯᠠᠬᠤ + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ + 1 ᠤᠳᠠᠭᠠᠨ ᠤ ᠴᠢᠰᠤᠨ | ᠲᠤᠩᠭᠠᠯᠠᠭ ᠤᠨ ᠪᠠᠶᠢᠴᠠᠭᠠᠯᠲᠠ︾ ᠬᠢᠵᠦ᠂ ᠵᠠᠷᠤᠳᠠᠯ ᠮᠥᠩᠭᠦ ᠶᠢ ᠥᠪᠡᠷᠲᠡᠭᠡᠨ ᠬᠠᠷᠢᠭᠤᠴᠠᠨ᠎ᠠ᠃ | ᠬᠤᠶᠠᠷ᠂ 6 ᠰᠠᠷ᠎ᠠ ᠶᠢᠨ 13 ᠤ ᠡᠳᠦᠷ ᠤᠨ ᠲᠡᠭ ᠴᠠᠭ ᠠᠴᠠ ᠡᠮᠦᠨ᠎ᠡ᠂ ᠳᠡᠭᠡᠷ᠎ᠡ ᠳᠤᠷᠠᠳᠤᠭᠰᠠᠨ | ᠳᠤᠮᠳᠠ᠂ ᠦᠨᠳᠦᠷ ᠳᠡᠰ ᠤᠨ ᠬᠢᠵᠢᠭ ᠤᠨ ᠲᠦᠭᠰᠢᠭᠦᠷᠢ ᠲᠠᠢ ᠭᠠᠵᠠᠷ ᠣᠷᠣᠨ ᠠᠴᠠ ᠬᠤᠰᠢᠭᠤᠨ ᠳᠤ ᠪᠤᠴᠠᠵᠤ | ᠢᠷᠡᠭᠡᠳ 14 ᠬᠤᠨᠤᠭ ᠪᠣᠯᠤᠭᠠᠳᠤᠶ ᠪᠥᠭᠡᠳ ᠪᠡᠭᠡᠵᠢᠩ ᠬᠤᠲᠠ ᠶᠢᠨ ᠣᠨᠤᠰᠢᠯᠠᠭᠳᠠᠭᠰᠠᠨ ᠡᠪᠡᠳᠴᠢᠲᠡᠨ ᠲᠠᠢ ᠵᠠᠮ | ᠬᠠᠷᠭᠤᠯᠳᠠᠭᠰᠠᠨ ᠢᠯᠠᠩᠭᠤᠶ᠎ᠠ 5 ᠰᠠᠷ᠎ᠠ ᠶᠢᠨ 31 ᠤ ᠡᠳᠦᠷ ᠠᠴᠠ ᠨᠠᠰᠢ ᠪᠡᠭᠡᠵᠢᠩ ᠤᠨ ᠰᠢᠨ ᠹᠠ ᠳ᠋ᠢ ᠪᠥᠭᠡᠮ ᠢᠶᠠᠷ | ᠪᠣᠷᠤᠯᠠᠭᠤᠯᠬᠤ ᠵᠠᠬ᠎ᠠ ᠳᠡᠯᠭᠡᠭᠦᠷ᠂ ᠵᠢᠩ ᠱᠧᠨ ᠳᠠᠯᠠᠶ ᠶᠢᠨ ᠢᠳᠡᠭᠡᠨ ᠤ ᠵᠠᠬ᠎ᠠ ᠳᠡᠯᠭᠡᠭᠦᠷ᠂ ᠱᠦᠨ ᠰᠢᠨ ᠱᠢ ᠮᠧᠨ | ᠪᠥᠭᠡᠮ ᠢᠶᠠᠷ ᠪᠣᠷᠤᠯᠠᠭᠤᠯᠬᠤ ᠵᠠᠬ᠎ᠠ ᠳᠡᠯᠭᠡᠭᠦᠷ᠂ ᠬᠤᠸᠠᠢ ᠷᠸᠦ ᠲᠣᠭᠤᠷᠢᠭ ᠤᠨ ᠸᠠᠨ ᠰᠢᠩ ᠲᠠᠷᠢᠶᠠᠯᠠᠩ ᠤᠨ | ᠪᠦᠳᠦᠭᠡᠭᠳᠡᠭᠦᠨ ᠤ ᠵᠠᠬ᠎ᠠ ᠳᠡᠯᠭᠡᠭᠦᠷ᠂ ᠫᠢᠩ ᠬᠥ᠋ ᠲᠣᠭᠤᠷᠢᠭ ᠤᠨ ᠳ᠋ᠦᠩ ᠰᠧ ᠴᠢᠦᠶ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ᠂ ᠴᠤᠤ ᠶᠠᠩ ᠲᠣᠭᠤᠷᠢᠭ ᠤᠨ ᠰᠦᠩ ᠢᠦᠶ ᠳ᠋ᠦᠩ ᠯᠢ ᠵᠠᠬ᠎ᠠ ᠳᠡᠯᠭᠡᠭᠦᠷ ᠲᠤ | ᠬᠦᠷᠴᠦ ᠥᠩᠭᠡᠷᠡᠭᠰᠡᠨ ᠪᠣᠶᠣ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠣᠴᠢᠵᠤ ᠥᠩᠭᠡᠷᠡᠭᠰᠡᠨ ᠬᠥᠮᠦᠰ ᠲᠠᠢ | ᠣᠶᠢᠷᠠᠲᠤᠭᠰᠠᠨ ᠬᠦᠮᠦᠰ ᠦᠪᠡᠷ ᠤᠨ ᠬᠠᠷᠢᠶ᠎ᠠ ᠰᠤᠮᠤ ᠪᠠᠯᠭᠠᠰᠤ ︵ᠲᠠᠯᠠᠪᠠᠶ︶᠂ ᠨᠡᠶᠢᠭᠡᠮ ᠲᠣᠭᠤᠷᠢᠭ ︵ᠭᠠᠴᠠᠭ᠎ᠠ | ᠲᠣᠰᠬᠤᠨ᠂ ᠬᠤᠪᠢᠶᠠᠷᠢ ᠲᠠᠯᠠᠪᠠᠶ︶ ᠵᠢᠴᠢ ᠬᠠᠷᠢᠶ᠎ᠠ ᠪᠠᠶᠢᠭᠤᠯᠭ᠎ᠠ ᠳᠠᠭᠠᠨ ᠮᠡᠳᠡᠭᠦᠯᠬᠦ ᠶᠢᠨ ᠬᠠᠮᠲᠤ᠂ ᠬᠤᠰᠢᠭᠤ | ᠬᠢᠵᠢᠭ ᠢ ᠰᠡᠷᠭᠡᠶᠢᠯᠡᠬᠦ ᠲᠥᠪ ᠲᠠᠢ ᠬᠠᠷᠢᠯᠴᠠᠵᠤ᠂ ᠭᠡᠷ ᠲᠤ ᠪᠠᠨ ᠡᠮᠨᠡᠯᠭᠡ ᠶᠢᠨ ᠠᠵᠢᠯᠲᠠᠨ ᠢᠶᠠᠷ ᠪᠥᠭᠡᠮ ᠬᠦᠴᠢᠯ ᠤᠨ | ᠪᠠᠶᠢᠴᠠᠭᠠᠯᠲᠠ ᠬᠢᠯᠭᠡᠵᠦ ︵ᠦᠨ᠎ᠡ ᠲᠥᠯᠥᠪᠦᠷᠢ ᠦᠭᠡᠢ︶᠂ ᠪᠦᠬᠦᠯᠢ 14 ᠬᠤᠨᠤᠭ ᠲᠤᠰᠠᠭᠠᠷᠯᠠᠬᠤ ᠬᠡᠷᠡᠭᠳᠡᠢ᠃ | ᠭᠡᠷ ᠲᠤ ᠪᠠᠨ ᠲᠤᠰᠠᠭᠠᠷᠯᠠᠨ ᠠᠵᠢᠭᠯᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ ᠴᠥᠮ ᠨᠢᠭᠡᠳᠦᠯᠲᠡᠢ | ᠲᠤᠰᠠᠭᠠᠷᠯᠠᠵᠤ᠂ ᠵᠠᠷᠤᠳᠠᠯ ᠢᠶᠠᠨ ᠥᠪᠡᠷ ᠢᠶᠠᠨ ᠬᠠᠷᠢᠭᠤᠴᠠᠨ᠎ᠠ᠃ | ᠭᠤᠷᠪᠠ᠂ ᠳᠡᠭᠡᠷ᠎ᠡ ᠳᠤᠷᠠᠳᠤᠭᠰᠠᠨ ᠬᠥᠮᠦᠰ ᠲᠤᠰᠠᠭᠠᠷᠯᠠᠯᠲᠠ ᠶᠢᠨ ᠬᠤᠭᠤᠴᠠᠭᠠᠨ ᠳᠤ ᠪᠠᠨ᠂ ᠬᠡᠷᠪᠡ | ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ | ᠲᠠᠢ ᠪᠠᠶᠢᠪᠠᠯ᠂ ᠳᠠᠷᠦ᠋ᠢᠬᠠᠨ ᠬᠤᠰᠢᠭᠤ ᠬᠢᠵᠢᠭ ᠢ ᠰᠡᠷᠭᠡᠶᠢᠯᠡᠬᠦ ᠲᠥᠪ ᠪᠤᠶᠤ ᠬᠠᠷᠢᠶ᠎ᠠ ᠰᠤᠮᠤ ᠪᠠᠯᠭᠠᠰᠤ ︵ᠲᠠᠯᠠᠪᠠᠢ︶ | ᠵᠢᠴᠢ ᠨᠡᠶᠢᠭᠡᠮ ᠲᠣᠭᠤᠷᠢᠭ ︵ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠢ︶᠂ ᠪᠠᠭᠤᠭᠰᠠᠨ ᠪᠠᠭᠤᠳᠠᠯ ᠳᠤ ᠪᠠᠨ | ᠮᠡᠳᠡᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠰᠢᠯᠵᠢᠭᠦᠯᠦᠨ ᠪᠠᠶᠢᠴᠠᠭᠠᠯᠭᠠᠬᠤ | ᠬᠡᠷᠡᠭᠳᠡᠢ᠃ | ᠳᠥᠷᠪᠡ᠂ ᠬᠢᠵᠢᠭ ᠤᠨ ᠲᠦᠭᠰᠢᠭᠦᠷᠢ ᠪᠠᠷ ᠲᠤᠤᠷ᠎ᠠ ᠪᠠᠶᠢᠭ᠎ᠠ ᠪᠡᠭᠡᠵᠢᠩ ᠬᠤᠲᠠ ᠶᠢᠨ ᠪᠤᠰᠤᠳ ᠭᠠᠵᠠᠷ | ᠣᠷᠣᠨ ᠠᠴᠠ ᠬᠤᠰᠢᠭᠤᠨ ᠳᠤ ᠪᠤᠴᠠᠵᠤ ᠢᠷᠡᠭᠰᠡᠨ ᠬᠥᠮᠦᠰ ᠡᠷᠬᠡᠪᠰᠢ 7 ᠡᠳᠦᠷ ᠤᠨ ᠲᠤᠲᠤᠷᠠᠬᠢ ᠪᠥᠭᠡᠮ | ᠬᠦᠴᠢᠯ ᠤᠨ ᠪᠠᠢᠴᠠᠭᠠᠯᠲᠠ ᠶᠢᠨ ᠭᠡᠷᠡᠴᠢ ᠪᠠᠨ ᠬᠠᠩᠭᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠦᠭᠡᠢ | ᠬᠥᠮᠦᠰ ᠬᠤᠰᠢᠭᠤᠨ ᠳᠤ ᠢᠷᠡᠭᠰᠡᠨ 24 ᠴᠠᠭ ᠤᠨ ᠳᠣᠲᠣᠷ᠎ᠠ ᠲᠣᠭᠲᠠᠮᠠᠯ ᠡᠮᠨᠡᠯᠭᠡ ᠶᠢᠨ ᠬᠤᠷᠢᠶᠠᠨ ᠳᠤ ᠬᠦᠷᠴᠦ | ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠭᠠᠷᠬᠤ | ᠠᠴᠠ ᠡᠮᠦᠨ᠎ᠡ᠂ ᠡᠳᠡᠭᠡᠷ ᠬᠥᠮᠦᠰ ᠢ ᠰᠤᠮᠤ ᠪᠠᠯᠭᠠᠰᠤ ︵ᠲᠠᠯᠠᠪᠠᠶ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ᠂ | ᠬᠤᠪᠢᠶᠠᠷᠢ ᠲᠠᠯᠠᠪᠠᠢ︶ ᠵᠢᠴᠢ ᠪᠠᠶᠢᠭᠤᠯᠭ᠎ᠠ ᠨᠢᠭᠡᠴᠡ ᠠᠴᠠ ᠬᠠᠮᠲᠤ ᠪᠠᠷ ᠬᠠᠮᠢᠶᠠᠷᠴᠤ᠂ ᠪᠠᠶᠢᠴᠠᠭᠠᠯᠲᠠ ᠶᠢᠨ | ᠳ᠋ᠦᠩ ᠨᠢ ᠬᠡᠪ ᠤᠨ ᠪᠣᠯ᠂ ᠠᠵᠢᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ᠃ | ᠲᠠᠪᠤ᠂ ᠲᠤᠮᠳᠠ᠂ ᠦᠨᠳᠦᠷ ᠲᠡᠰ ᠤᠨ ᠬᠢᠵᠢᠭ ᠤᠨ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ | ᠬᠤᠰᠢᠭᠤᠨ ᠳᠤ ᠢᠷᠡᠭᠰᠡᠨ ᠬᠦᠮᠦᠰ ᠡᠷᠬᠡᠪᠰᠢ ᠮᠠᠨ ᠤ ᠬᠤᠰᠢᠭᠤᠨ ᠤ ᠬᠢᠵᠢᠭ ᠢ ᠰᠡᠷᠬᠡᠶᠢᠯᠡᠬᠦ ᠬᠠᠮᠢᠶ᠎ᠠ ᠪᠦᠬᠦᠢ | ᠲᠦᠷᠢᠮ ᠲᠤᠭᠳᠠᠭᠠᠯ ᠢ ᠴᠢᠩᠭ᠎ᠠ ᠵᠢᠷᠤᠮᠯᠠᠵᠦ᠂ ᠤᠷᠤᠶᠢᠳᠠᠵᠦ ᠮᠡᠳᠡᠬᠦᠯᠦᠭᠰᠡᠨ᠂ ᠨᠢᠭᠤᠵᠦ ᠲᠠᠯᠳᠠᠯᠠᠭᠰᠠᠨ᠂ ᠬᠤᠳᠠᠯ | ᠢᠶᠠᠷ ᠮᠡᠳᠡᠬᠦᠯᠦᠭᠰᠡᠨ᠂ ᠬᠢᠵᠢᠭ ᠢ ᠰᠡᠷᠬᠡᠶᠢᠯᠡᠬᠦ ᠠᠵᠢᠯ ᠳᠤ ᠬᠠᠮᠵᠢᠯᠴᠠᠭᠰᠠᠨ ᠦᠬᠡᠢ᠂ ᠬᠢᠵᠢᠭ ᠢ ᠬᠠᠯᠳᠠᠪᠤᠷᠢᠯᠠᠨ | ᠲᠡᠯᠬᠡᠷᠡᠭᠦᠯᠦᠭᠰᠡᠨ ᠵᠡᠷᠬᠡ ᠬᠦᠮᠦᠰ ᠠᠴᠠ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠭ᠎ᠠ᠂ ᠦᠷᠬᠡᠨ ᠤᠯᠠᠨ ᠲᠦᠮᠡᠨ ᠲᠦᠬᠦᠬᠡᠢ ᠤᠯᠠᠭᠠᠨ ᠢᠳᠡᠬᠡᠨ ᠤ ᠵᠦᠢᠯ ᠬᠤᠳᠠᠯᠳᠤᠨ ᠠᠪᠬᠤ | ᠳᠤ ᠪᠠᠨ ᠰᠢᠭᠤᠳ ᠭᠠᠷ ᠢᠶᠠᠷ ᠢᠶᠠᠨ ᠪᠠᠷᠢᠵᠦ ᠪᠤᠯᠬᠤ ᠦᠬᠡᠢ᠂ ᠰᠤᠯᠢᠶᠤᠤ ᠤᠭᠤᠳᠠ ᠪᠤᠶᠤ ᠪᠡᠭᠡᠯᠡᠢ ᠪᠠᠷ ᠪᠠᠷᠢᠬᠤ ᠶᠢ | ᠰᠠᠨᠠᠭᠤᠯᠵᠦ ᠪᠠᠶᠢᠨ᠎ᠠ᠂ ᠮᠦᠨᠴᠦ ᠲᠦᠬᠦᠬᠡᠢ ᠤᠯᠠᠭᠠᠨ ᠢᠳᠡᠬᠡᠨ ᠤ ᠵᠦᠢᠯ ᠢ ᠵᠢᠮᠢᠰ᠂ ᠢᠳᠡᠰᠢᠨ ᠨᠤᠭᠤᠭ᠎ᠠ ᠪᠠ | ᠪᠤᠰᠤᠳ ᠵᠦᠢᠯ ᠤᠨ ᠪᠤᠯᠭᠤᠭᠰᠠᠨ ᠢᠳᠡᠬᠡᠨ ᠲᠠᠢ ᠬᠦᠷᠦᠯᠴᠡᠬᠦᠯᠬᠦ ᠶᠢ ᠬᠢᠴᠢᠶᠡᠬᠡᠷᠡᠢ᠃ ᠲᠦᠬᠦᠬᠡᠢ ᠤᠯᠠᠭᠠᠨ | ᠢᠳᠡᠬᠡᠨ ᠢ ᠪᠤᠷᠤᠯᠠᠭᠤᠯᠤᠭᠴᠢ ᠡᠷᠡᠬᠦᠯ ᠮᠠᠨᠳᠤ ᠶᠢᠨ ᠬᠢᠨᠠᠨ ᠪᠠᠶᠢᠴᠠᠭᠠᠯᠳᠠ ᠶᠢ ᠬᠢᠯᠬᠡᠨ᠂ ᠠᠮᠠᠪᠴᠢ᠂ ᠪᠡᠭᠡᠯᠡᠢ ᠵᠡᠬᠦᠨ᠂ | ᠡᠳᠦᠷ ᠲᠤᠳᠤᠮ ᠤᠨ ᠠᠷᠢᠭᠤᠳᠬᠠᠯ ᠢ ᠠᠩᠬᠠᠷᠬᠤ ᠵᠡᠷᠬᠡ ᠬᠢᠵᠢᠭ ᠢ ᠰᠡᠷᠬᠡᠶᠢᠯᠡᠬᠦ ᠡᠯ᠎ᠠ ᠵᠦᠢᠯ ᠤᠨ ᠠᠷᠭ᠎ᠠ ᠬᠡᠮᠵᠢᠶ᠎ᠠ | ᠶᠢ ᠰᠡᠶᠢᠳᠦᠷ ᠬᠢᠵᠦ᠂ ᠡᠪᠡᠳᠴᠢᠯᠡᠭᠰᠡᠨ ᠪᠠᠶᠢᠳᠠᠯ ᠲᠤᠤᠷ᠎ᠠ ᠪᠤᠷᠤᠯᠠᠭᠤᠯᠭ᠎ᠠ ᠬᠢᠬᠦ᠂ ᠠᠮᠠᠪᠴᠢ᠂ ᠪᠡᠬᠡᠯᠡᠢ ᠵᠡᠬᠦᠬᠦ ᠦᠬᠡᠢ | ᠪᠠᠷ ᠪᠤᠷᠤᠯᠠᠭᠤᠯᠭ᠎ᠠ ᠬᠢᠬᠦ ᠶᠢ ᠡᠷᠡᠰ ᠬᠤᠷᠢᠭᠯᠠᠬᠤ ᠬᠡᠷᠡᠭᠳᠡᠢ᠃ ᠦᠷᠬᠡᠨ ᠤᠯᠠᠨ ᠲᠦᠮᠡᠨ ᠡᠷᠡᠬᠦᠯ ᠮᠡᠨᠳᠦ ᠢᠳᠡᠬᠡᠨ | ᠤᠮᠳᠠᠭᠠᠨ ᠤ ᠵᠤᠷᠰᠢᠯ ᠢ ᠪᠤᠢ ᠪᠤᠯᠭᠠᠨ᠂ ᠬᠤᠭᠤᠯᠠ ᠬᠢᠬᠦ ᠳᠤ ᠪᠠᠨ ᠪᠤᠯᠭᠤᠭᠰᠠᠨ ᠪᠠ ᠲᠦᠬᠦᠬᠡᠢ ᠵᠦᠢᠯ ᠳᠤ | ᠬᠡᠷᠡᠭᠯᠡᠬᠦ ᠠᠮᠪᠠᠨ᠂ ᠪᠤᠤᠳᠤᠤ᠂ ᠢᠳᠡᠬᠡᠨ ᠤ ᠰᠠᠪᠠ ᠬᠡᠷᠡᠭᠰᠡᠯ ᠢᠶᠠᠨ ᠲᠤᠰ ᠲᠤᠰ ᠲᠤᠨᠢ ᠰᠠᠯᠭᠠᠵᠦ᠂ ᠴᠠᠭ ᠲᠤᠬᠠᠢ | ᠳᠤ ᠨᠢ ᠴᠡᠪᠡᠷᠯᠡᠨ ᠠᠷᠢᠭᠤᠳᠬᠠᠬᠤ ᠬᠡᠷᠡᠭᠳᠡᠢ᠃ ᠲᠦᠬᠦᠬᠡᠢ ᠵᠢᠭᠠᠰᠤ᠂ ᠲᠠᠯᠠᠢ ᠶᠢᠨ ᠢᠳᠡᠬᠡᠨ ᠤ ᠵᠦᠢᠯ ᠢ | ᠤᠷᠤᠯᠳᠤᠪᠠᠯ ᠲᠠᠷᠤᠶᠢᠬᠠᠨ ᠭᠠᠷ ᠢᠶᠠᠨ ᠴᠡᠪᠡᠷᠬᠡᠨ ᠤᠬᠢᠶᠠᠭᠠᠷᠠᠢ᠃ ᠢᠳᠡᠬᠡᠨ ᠢᠶᠠᠨ ᠪᠤᠯᠭᠤᠵᠦ ᠢᠳᠡᠬᠦ ᠶᠢ ᠠᠩᠬᠠᠷᠴᠦ | ᠂ ᠲᠦᠬᠦᠬᠡᠢ ᠬᠦᠢᠳᠡᠨ ᠢᠶᠠᠷ ᠢᠳᠡᠬᠦ ᠶᠢ ᠴᠡᠬᠡᠷᠯᠡᠨ᠎ᠡ᠃ | ᠲᠤᠯᠤᠭ᠎ᠠ᠂ ᠦᠷᠬᠡᠨ ᠤᠯᠠᠨ ᠲᠦᠮᠡᠨ᠂ ᠲᠦᠬᠦᠬᠡᠢ ᠤᠯᠠᠭᠠᠨ ᠢᠳᠡᠬᠡᠨ ᠤ ᠵᠦᠢᠯ ᠢ ᠡᠵᠡᠩᠨᠡᠨ | ᠪᠤᠷᠤᠯᠠᠭᠤᠯᠤᠭᠴᠢ ᠵᠢᠴᠢ ᠵᠦᠬᠡᠬᠡᠪᠤᠷᠢᠯᠡᠭᠴᠢ ᠬᠡᠷᠪᠡ ᠪᠠᠶ᠎ᠠ ᠲᠠᠨᠢ ᠡᠪ ᠦᠬᠡᠢ ᠪᠠᠶᠢᠳᠠᠯ ᠢᠯᠡᠷᠡᠪᠡᠯ᠂ ᠪᠡᠭᠡᠯᠡᠢ ᠠᠮᠠᠪᠴᠢ | ᠰᠠᠶᠢᠳᠦᠷ ᠵᠡᠬᠦᠵᠦ᠂ ᠬᠤᠰᠢᠭᠤ ᠡᠮᠨᠡᠯᠬᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠳᠠᠨ ᠢ ᠤᠨᠤᠰᠢᠯᠠᠨ ᠡᠮᠴᠢᠯᠡᠬᠦ | ᠡᠬᠦᠳᠡᠨ ᠡᠮᠨᠡᠯᠬᠡ ᠳᠤ ᠬᠦᠷᠴᠦ ᠡᠮᠨᠡᠬᠦᠯᠦᠬᠡᠷᠡᠢ᠃ | ᠨᠠᠢᠮᠠ᠂ ᠦᠷᠬᠡᠨ ᠤᠯᠠᠨ ᠲᠦᠮᠡᠨ ᠬᠢᠵᠢᠭ ᠢ ᠰᠡᠷᠬᠡᠶᠢᠯᠡᠬᠦ ᠠᠵᠢᠯ ᠳᠤ ᠢᠳᠡᠪᠬᠢᠳᠡᠢ ᠬᠠᠮᠵᠢᠯᠴᠠᠨ᠂ | ᠲᠤᠮᠳᠠ᠂ ᠦᠨᠳᠦᠷ ᠲᠡᠰ ᠤᠨ ᠬᠢᠵᠢᠭ ᠤᠨ ᠲᠦᠭᠰᠢᠬᠦᠷᠢ ᠲᠠᠢ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ | ᠬᠦᠮᠦᠰ ᠤᠨ ᠪᠠᠶᠢᠳᠠᠯ ᠢ ᠴᠠᠭ ᠲᠤᠬᠠᠢ ᠳᠤ ᠨᠢ ᠲᠡᠬᠦᠨ ᠤ ᠪᠠᠶᠢᠭ᠎ᠠ ᠨᠡᠶᠢᠬᠡᠮ ᠲᠤᠭᠤᠷᠢᠭ ︵ᠭᠠᠴᠠᠭ᠎ᠠ ᠲᠤᠰᠬᠤᠨ᠂ | ᠬᠤᠪᠢᠶᠡᠷᠢ ᠲᠠᠯᠠᠪᠠᠢ︶ ᠵᠢᠴᠢ ᠪᠠᠶᠢᠭᠤᠯᠭ᠎ᠠ ᠨᠢᠬᠡᠴᠡ ᠳᠤ ᠮᠡᠳᠡᠭᠳᠡᠬᠦ ᠬᠡᠷᠡᠭᠳᠡᠢ᠃ ᠡᠬᠦᠨ ᠤ ᠬᠠᠮᠳᠤ ᠦᠷᠬᠡᠨ ᠤᠯᠠᠨ | ᠲᠦᠮᠡᠨ ᠤᠳᠠᠰᠤ ᠪᠠᠷ ᠪᠤᠶᠤ ᠢᠮᠧᠯ ᠢᠯᠡᠬᠡᠵᠦ ᠢᠯᠡᠴᠢᠯᠡᠨ ᠮᠡᠳᠡᠬᠦᠯᠬᠦ ᠪᠤᠯᠪᠠᠤ ︵ᠢᠯᠡᠴᠢᠯᠡᠨ ᠮᠡᠳᠡᠬᠦᠯᠦᠭᠴᠢ ᠠᠴᠠ | ᠨᠦᠬᠦᠬᠡ ᠡᠳᠡᠭᠡᠳ ᠤᠨ ᠨᠡᠷ᠎ᠡ᠂ ᠰᠠᠭᠤᠭ᠎ᠠ ᠬᠠᠶ᠋ᠢᠭ ᠵᠡᠷᠬᠡ ᠰᠤᠷᠠᠭ ᠵᠠᠩᠬᠢ ᠶᠢ ᠦᠨᠡᠨ ᠮᠦᠨ ᠢᠶᠠᠷ ᠮᠡᠳᠡᠬᠦᠯᠬᠦ | ᠬᠡᠷᠡᠭᠳᠡᠢ᠃ ᠢᠯᠡᠴᠢᠯᠡᠨ ᠮᠡᠳᠡᠬᠦᠯᠬᠦ ᠤᠳᠠᠰᠤ᠄ 0479 — 4224480︔ ᠢᠮᠧᠯ | ᠄lqwsj4480@163.com︶᠃ | ᠶᠢᠰᠦ᠂ ᠬᠤᠶᠢᠰᠢᠳᠡ ᠤᠯᠤᠰ ᠤᠨ ᠲᠤᠳᠤᠭᠠᠳᠤ ᠳᠠᠬᠢ ᠬᠢᠵᠢᠭ ᠤᠨ ᠲᠦᠭᠰᠢᠬᠦᠷᠢ ᠶᠢᠨ ᠬᠡᠮᠵᠢᠶ᠎ᠠ ᠶᠢ | ᠲᠤᠤᠷ᠎ᠡ ᠲᠡᠰ ᠠᠴᠠ ᠲᠤᠮᠳᠠ᠂ ᠦᠨᠳᠦᠷ ᠲᠡᠰ ᠤᠨ ᠲᠦᠭᠰᠢᠬᠦᠷᠢ ᠶᠢᠨ ᠤᠷᠤᠨ ᠢᠶᠠᠷ ᠲᠤᠳᠤᠯᠠᠭᠰᠠᠨ ᠭᠠᠵᠠᠷ ᠤᠷᠤᠨ | ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠲᠡᠭᠡᠷᠡᠬᠢ ᠲᠤᠭᠳᠠᠭᠠᠯ ᠢ ᠴᠢᠩᠭ᠎ᠠ ᠨᠢᠮᠪᠠᠢ ᠵᠢᠷᠤᠮᠯᠠᠨ | ᠬᠦᠢᠴᠡᠳᠬᠡᠬᠦ ᠬᠡᠷᠡᠭᠳᠡᠢ᠃ | ᠪᠦᠬᠡᠮ ᠬᠦᠴᠢᠯ ᠤᠨ ᠪᠠᠶᠢᠴᠠᠭᠠᠯᠳᠠ ᠶᠢᠨ ᠲᠤᠬᠠᠢ ᠠᠰᠠᠭᠤᠨ ᠯᠠᠪᠯᠠᠬᠤ ᠤᠳᠠᠰᠤ᠄ 0479 — | 4222907 ︵ᠬᠤᠰᠢᠭᠤ ᠬᠢᠵᠢᠭ ᠢ ᠰᠡᠷᠬᠡᠶᠢᠯᠡᠬᠦ ᠲᠦᠪ︶ | ᠬᠠᠯᠠᠭᠤᠷᠠᠭᠰᠠᠨ ᠡᠪᠡᠳᠴᠢᠳᠠᠨ ᠢ ᠤᠨᠤᠰᠢᠯᠠᠨ ᠡᠮᠴᠢᠯᠡᠬᠦ᠂ ᠲᠤᠭᠳᠠᠭᠰᠠᠨ ᠡᠮᠴᠢᠯᠡᠬᠡᠨ ᠤ ᠤᠳᠠᠰᠤ᠄ | 15704798931 ︵ᠬᠠᠯᠠᠭᠤᠷᠠᠭᠰᠠᠨ ᠡᠪᠡᠳᠴᠢᠳᠠᠨ ᠢ ᠤᠨᠤᠰᠢᠯᠠᠨ ᠡᠮᠴᠢᠯᠡᠬᠦ ᠡᠬᠦᠳᠡᠨ ᠡᠮᠨᠡᠯᠬᠡ︶᠂ | 13354792199 ︵ᠬᠤᠰᠢᠭᠤ ᠡᠮᠨᠡᠯᠬᠡ ᠶᠢᠨ ᠬᠤᠷᠢᠶᠠᠨ ᠤ ᠪᠠᠴᠢᠮ ᠠᠪᠤᠷᠠᠯᠳᠠ ᠶᠢᠨ ᠰᠠᠯᠠᠭ᠎ᠠ︶ | | ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ | ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ | 2020ᠣᠨ ᠤ6 ᠰᠠᠷ᠎ᠠ ᠶᠢᠨ15 ᠤ ᠡᠳᠦᠷ |