ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2020/6/16
                                    ︵26 ᠳ᠋ᠤᠭᠠᠷ ᠲᠣᠭᠠᠲᠤ︶          ᠪᠡᠭᠡᠵᠢᠩ ᠬᠤᠲᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠳᠤ ᠬᠠᠯᠳᠠᠪᠤᠷᠢᠯᠠᠭᠰᠠᠳ ᠦᠷᠭᠦᠯᠵᠢᠯᠡᠨ ᠨᠡᠮᠡᠭᠳᠡᠵᠦ ᠪᠠᠶᠢᠭ᠎ᠠ ᠪᠣᠯᠬᠤᠷ᠂ ︽ᠭᠠᠳᠠᠭᠠᠳᠤ ᠠᠴᠠ ᠬᠠᠯᠳᠠᠪᠤᠷᠢᠯᠠᠬᠤ ᠶᠢ ᠰᠡᠷᠭᠡᠶᠢᠯᠡᠨ᠂ ᠳᠣᠲᠣᠭᠠᠳᠤ ᠳᠤ ᠳᠠᠷᠬᠠᠨ ᠳᠡᠯᠭᠡᠷᠡᠬᠦ ᠶᠢ ᠬᠤᠷᠢᠭᠯᠠᠬᠤ︾ ᠠᠷᠭ᠎ᠠ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠳᠠᠨ᠎ᠠ ᠠᠴᠠ ᠬᠢᠵᠢᠭ ᠬᠠᠯᠳᠠᠪᠣᠷᠢᠯᠠᠬᠤ ᠶᠢ ᠴᠢᠩᠭ᠎ᠠ ᠬᠤᠷᠢᠭᠯᠠᠬᠤ ᠶᠢᠨ ᠲᠥᠯᠦᠭᠡ᠂ ᠳᠣᠮᠳᠠ᠂ ᠥᠨᠳᠦᠷ ᠲᠡᠰ ᠤᠨ  ᠬᠢᠵᠢᠭ ᠤᠨ ᠳᠥᠭᠰᠢᠭᠦᠷᠢ ᠲᠠᠢ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠢ ᠬᠠᠮᠢᠶᠠᠷᠬᠤ ᠳᠣᠬᠠᠢ ᠳᠣᠣᠷᠠᠬᠢ ᠵᠦᠢᠯ ᠢ ᠵᠠᠷᠯᠠᠨ ᠮᠡᠳᠡᠭᠳᠡᠶ᠎ᠡ᠄          ᠨᠢᠭᠡ᠂ 6 ᠰᠠᠷ᠎ᠠ ᠶᠢᠨ 13 ᠤ ᠡᠳᠦᠷ ᠤᠨ ᠳᠡᠭ ᠴᠠᠭ ᠠᠴᠠ ᠬᠤᠶᠢᠰᠢ᠂ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠬᠢᠵᠢᠭ ᠤᠨ ᠪᠠᠶᠢᠳᠠᠯ ᠬᠦᠨᠳᠦ ᠬᠡᠴᠡᠭᠦᠦ ᠭᠠᠵᠠᠷ ᠣᠷᠣᠨ ︵ᠬᠢᠵᠢᠭ ᠤᠨ ᠪᠠᠶᠢᠳᠠᠯ ᠢ ᠦᠨᠳᠦᠰᠦᠯᠡᠨ ᠠᠮᠢᠳᠤᠯᠢᠭ ᠲᠣᠬᠢᠷᠠᠭᠤᠯᠤᠯᠲᠠ ᠬᠢᠨ᠎ᠡ︶ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠡᠷᠬᠡᠪᠰᠢ ᠬᠠᠷᠢᠶ᠎ᠠ ᠰᠤᠮᠤ ᠪᠠᠯᠭᠠᠰᠤ ︵ᠲᠠᠯᠠᠪᠠᠢ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠢ︶ ᠵᠢᠴᠢ ᠪᠠᠶᠢᠭᠤᠯᠭ᠎ᠠ ᠨᠢᠭᠡᠴᠡ ᠳᠤ ᠪᠠᠨ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠤᠬᠠᠮᠰᠠᠷ ᠴᠠ ᠪᠠᠨ ᠮᠡᠳᠡᠭᠦᠯᠵᠦ᠂ ︽14 ᠡᠳᠦᠷ ᠨᠢᠭᠡᠳᠦᠯᠲᠡᠢ ᠳᠣᠰᠠᠭᠠᠷᠯᠠᠬᠤ  + 2 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ + 1 ᠤᠳᠠᠭᠠᠨ ᠤ ᠴᠢᠰᠤᠨ ᠲᠤᠩᠭᠠᠯᠠᠭ ᠤᠨ ᠪᠠᠶᠢᠴᠠᠭᠠᠯᠲᠠ︾ ᠬᠢᠵᠦ᠂ ᠵᠠᠷᠤᠳᠠᠯ ᠮᠥᠩᠭᠦ ᠶᠢ ᠥᠪᠡᠷᠲᠡᠭᠡᠨ ᠬᠠᠷᠢᠭᠤᠴᠠᠨ᠎ᠠ᠃          ᠬᠤᠶᠠᠷ᠂ 6 ᠰᠠᠷ᠎ᠠ ᠶᠢᠨ 13 ᠤ ᠡᠳᠦᠷ ᠤᠨ ᠲᠡᠭ ᠴᠠᠭ ᠠᠴᠠ ᠡᠮᠦᠨ᠎ᠡ᠂ ᠳᠡᠭᠡᠷ᠎ᠡ ᠳᠤᠷᠠᠳᠤᠭᠰᠠᠨ ᠳᠤᠮᠳᠠ᠂ ᠦᠨᠳᠦᠷ ᠳᠡᠰ ᠤᠨ ᠬᠢᠵᠢᠭ ᠤᠨ ᠲᠦᠭᠰᠢᠭᠦᠷᠢ ᠲᠠᠢ ᠭᠠᠵᠠᠷ ᠣᠷᠣᠨ ᠠᠴᠠ ᠬᠤᠰᠢᠭᠤᠨ ᠳᠤ ᠪᠤᠴᠠᠵᠤ ᠢᠷᠡᠭᠡᠳ 14 ᠬᠤᠨᠤᠭ ᠪᠣᠯᠤᠭᠠᠳᠤᠶ ᠪᠥᠭᠡᠳ ᠪᠡᠭᠡᠵᠢᠩ ᠬᠤᠲᠠ ᠶᠢᠨ ᠣᠨᠤᠰᠢᠯᠠᠭᠳᠠᠭᠰᠠᠨ ᠡᠪᠡᠳᠴᠢᠲᠡᠨ ᠲᠠᠢ ᠵᠠᠮ ᠬᠠᠷᠭᠤᠯᠳᠠᠭᠰᠠᠨ ᠢᠯᠠᠩᠭᠤᠶ᠎ᠠ 5 ᠰᠠᠷ᠎ᠠ ᠶᠢᠨ 31 ᠤ ᠡᠳᠦᠷ ᠠᠴᠠ ᠨᠠᠰᠢ ᠪᠡᠭᠡᠵᠢᠩ ᠤᠨ ᠰᠢᠨ ᠹᠠ ᠳ᠋ᠢ ᠪᠥᠭᠡᠮ ᠢᠶᠠᠷ ᠪᠣᠷᠤᠯᠠᠭᠤᠯᠬᠤ ᠵᠠᠬ᠎ᠠ ᠳᠡᠯᠭᠡᠭᠦᠷ᠂ ᠵᠢᠩ ᠱᠧᠨ ᠳᠠᠯᠠᠶ ᠶᠢᠨ ᠢᠳᠡᠭᠡᠨ ᠤ ᠵᠠᠬ᠎ᠠ ᠳᠡᠯᠭᠡᠭᠦᠷ᠂ ᠱᠦᠨ ᠰᠢᠨ ᠱᠢ ᠮᠧᠨ ᠪᠥᠭᠡᠮ ᠢᠶᠠᠷ ᠪᠣᠷᠤᠯᠠᠭᠤᠯᠬᠤ ᠵᠠᠬ᠎ᠠ ᠳᠡᠯᠭᠡᠭᠦᠷ᠂ ᠬᠤᠸᠠᠢ ᠷᠸᠦ ᠲᠣᠭᠤᠷᠢᠭ ᠤᠨ ᠸᠠᠨ ᠰᠢᠩ ᠲᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠳᠡᠯᠭᠡᠭᠦᠷ᠂ ᠫᠢᠩ ᠬᠥ᠋ ᠲᠣᠭᠤᠷᠢᠭ ᠤᠨ ᠳ᠋ᠦᠩ ᠰᠧ ᠴᠢᠦᠶ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ᠂ ᠴᠤᠤ ᠶᠠᠩ ᠲᠣᠭᠤᠷᠢᠭ ᠤᠨ ᠰᠦᠩ ᠢᠦᠶ ᠳ᠋ᠦᠩ ᠯᠢ ᠵᠠᠬ᠎ᠠ ᠳᠡᠯᠭᠡᠭᠦᠷ ᠲᠤ ᠬᠦᠷᠴᠦ ᠥᠩᠭᠡᠷᠡᠭᠰᠡᠨ ᠪᠣᠶᠣ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ ᠣᠴᠢᠵᠤ ᠥᠩᠭᠡᠷᠡᠭᠰᠡᠨ ᠬᠥᠮᠦᠰ ᠲᠠᠢ ᠣᠶᠢᠷᠠᠲᠤᠭᠰᠠᠨ ᠬᠦᠮᠦᠰ ᠦᠪᠡᠷ ᠤᠨ ᠬᠠᠷᠢᠶ᠎ᠠ ᠰᠤᠮᠤ ᠪᠠᠯᠭᠠᠰᠤ ︵ᠲᠠᠯᠠᠪᠠᠶ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠶ︶ ᠵᠢᠴᠢ ᠬᠠᠷᠢᠶ᠎ᠠ ᠪᠠᠶᠢᠭᠤᠯᠭ᠎ᠠ ᠳᠠᠭᠠᠨ ᠮᠡᠳᠡᠭᠦᠯᠬᠦ ᠶᠢᠨ ᠬᠠᠮᠲᠤ᠂ ᠬᠤᠰᠢᠭᠤ ᠬᠢᠵᠢᠭ ᠢ ᠰᠡᠷᠭᠡᠶᠢᠯᠡᠬᠦ ᠲᠥᠪ ᠲᠠᠢ ᠬᠠᠷᠢᠯᠴᠠᠵᠤ᠂ ᠭᠡᠷ ᠲᠤ ᠪᠠᠨ ᠡᠮᠨᠡᠯᠭᠡ ᠶᠢᠨ ᠠᠵᠢᠯᠲᠠᠨ ᠢᠶᠠᠷ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠵᠦ ︵ᠦᠨ᠎ᠡ ᠲᠥᠯᠥᠪᠦᠷᠢ ᠦᠭᠡᠢ︶᠂ ᠪᠦᠬᠦᠯᠢ 14 ᠬᠤᠨᠤᠭ ᠲᠤᠰᠠᠭᠠᠷᠯᠠᠬᠤ ᠬᠡᠷᠡᠭᠳᠡᠢ᠃ ᠭᠡᠷ ᠲᠤ ᠪᠠᠨ ᠲᠤᠰᠠᠭᠠᠷᠯᠠᠨ ᠠᠵᠢᠭᠯᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ ᠴᠥᠮ ᠨᠢᠭᠡᠳᠦᠯᠲᠡᠢ ᠲᠤᠰᠠᠭᠠᠷᠯᠠᠵᠤ᠂ ᠵᠠᠷᠤᠳᠠᠯ ᠢᠶᠠᠨ ᠥᠪᠡᠷ ᠢᠶᠠᠨ ᠬᠠᠷᠢᠭᠤᠴᠠᠨ᠎ᠠ᠃          ᠭᠤᠷᠪᠠ᠂ ᠳᠡᠭᠡᠷ᠎ᠡ ᠳᠤᠷᠠᠳᠤᠭᠰᠠᠨ ᠬᠥᠮᠦᠰ ᠲᠤᠰᠠᠭᠠᠷᠯᠠᠯᠲᠠ ᠶᠢᠨ ᠬᠤᠭᠤᠴᠠᠭᠠᠨ ᠳᠤ ᠪᠠᠨ᠂ ᠬᠡᠷᠪᠡ ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ  ᠲᠠᠢ ᠪᠠᠶᠢᠪᠠᠯ᠂ ᠳᠠᠷᠦ᠋ᠢᠬᠠᠨ ᠬᠤᠰᠢᠭᠤ ᠬᠢᠵᠢᠭ ᠢ ᠰᠡᠷᠭᠡᠶᠢᠯᠡᠬᠦ ᠲᠥᠪ ᠪᠤᠶᠤ ᠬᠠᠷᠢᠶ᠎ᠠ ᠰᠤᠮᠤ ᠪᠠᠯᠭᠠᠰᠤ ︵ᠲᠠᠯᠠᠪᠠᠢ︶ ᠵᠢᠴᠢ ᠨᠡᠶᠢᠭᠡᠮ ᠲᠣᠭᠤᠷᠢᠭ ︵ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠢ︶᠂ ᠪᠠᠭᠤᠭᠰᠠᠨ ᠪᠠᠭᠤᠳᠠᠯ ᠳᠤ ᠪᠠᠨ ᠮᠡᠳᠡᠭᠦᠯᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠰᠢᠯᠵᠢᠭᠦᠯᠦᠨ ᠪᠠᠶᠢᠴᠠᠭᠠᠯᠭᠠᠬᠤ ᠬᠡᠷᠡᠭᠳᠡᠢ᠃          ᠳᠥᠷᠪᠡ᠂ ᠬᠢᠵᠢᠭ ᠤᠨ ᠲᠦᠭᠰᠢᠭᠦᠷᠢ ᠪᠠᠷ ᠲᠤᠤᠷ᠎ᠠ ᠪᠠᠶᠢᠭ᠎ᠠ ᠪᠡᠭᠡᠵᠢᠩ ᠬᠤᠲᠠ ᠶᠢᠨ ᠪᠤᠰᠤᠳ ᠭᠠᠵᠠᠷ ᠣᠷᠣᠨ ᠠᠴᠠ ᠬᠤᠰᠢᠭᠤᠨ ᠳᠤ ᠪᠤᠴᠠᠵᠤ ᠢᠷᠡᠭᠰᠡᠨ ᠬᠥᠮᠦᠰ ᠡᠷᠬᠡᠪᠰᠢ 7 ᠡᠳᠦᠷ ᠤᠨ ᠲᠤᠲᠤᠷᠠᠬᠢ ᠪᠥᠭᠡᠮ ᠬᠦᠴᠢᠯ ᠤᠨ ᠪᠠᠢᠴᠠᠭᠠᠯᠲᠠ ᠶᠢᠨ ᠭᠡᠷᠡᠴᠢ ᠪᠠᠨ ᠬᠠᠩᠭᠠᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠦᠭᠡᠢ ᠬᠥᠮᠦᠰ ᠬᠤᠰᠢᠭᠤᠨ ᠳᠤ ᠢᠷᠡᠭᠰᠡᠨ 24 ᠴᠠᠭ ᠤᠨ ᠳᠣᠲᠣᠷ᠎ᠠ ᠲᠣᠭᠲᠠᠮᠠᠯ ᠡᠮᠨᠡᠯᠭᠡ ᠶᠢᠨ ᠬᠤᠷᠢᠶᠠᠨ ᠳᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠳ᠋ᠦᠩ ᠭᠠᠷᠬᠤ  ᠠᠴᠠ ᠡᠮᠦᠨ᠎ᠡ᠂ ᠡᠳᠡᠭᠡᠷ ᠬᠥᠮᠦᠰ ᠢ ᠰᠤᠮᠤ ᠪᠠᠯᠭᠠᠰᠤ ︵ᠲᠠᠯᠠᠪᠠᠶ︶᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ᠂ ᠬᠤᠪᠢᠶᠠᠷᠢ ᠲᠠᠯᠠᠪᠠᠢ︶ ᠵᠢᠴᠢ ᠪᠠᠶᠢᠭᠤᠯᠭ᠎ᠠ ᠨᠢᠭᠡᠴᠡ ᠠᠴᠠ ᠬᠠᠮᠲᠤ ᠪᠠᠷ ᠬᠠᠮᠢᠶᠠᠷᠴᠤ᠂ ᠪᠠᠶᠢᠴᠠᠭᠠᠯᠲᠠ ᠶᠢᠨ  ᠳ᠋ᠦᠩ ᠨᠢ ᠬᠡᠪ ᠤᠨ ᠪᠣᠯ᠂ ᠠᠵᠢᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ᠃           ᠲᠠᠪᠤ᠂ ᠲᠤᠮᠳᠠ᠂ ᠦᠨᠳᠦᠷ ᠲᠡᠰ ᠤᠨ ᠬᠢᠵᠢᠭ ᠤᠨ ᠲᠦᠭᠰᠢᠬᠦᠷᠢ ᠲᠠᠢ ᠭᠠᠵᠠᠷ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠡᠷᠬᠡᠪᠰᠢ ᠮᠠᠨ ᠤ ᠬᠤᠰᠢᠭᠤᠨ ᠤ ᠬᠢᠵᠢᠭ ᠢ ᠰᠡᠷᠬᠡᠶᠢᠯᠡᠬᠦ ᠬᠠᠮᠢᠶ᠎ᠠ ᠪᠦᠬᠦᠢ ᠲᠦᠷᠢᠮ ᠲᠤᠭᠳᠠᠭᠠᠯ ᠢ ᠴᠢᠩᠭ᠎ᠠ ᠵᠢᠷᠤᠮᠯᠠᠵᠦ᠂ ᠤᠷᠤᠶᠢᠳᠠᠵᠦ ᠮᠡᠳᠡᠬᠦᠯᠦᠭᠰᠡᠨ᠂ ᠨᠢᠭᠤᠵᠦ ᠲᠠᠯᠳᠠᠯᠠᠭᠰᠠᠨ᠂ ᠬᠤᠳᠠᠯ  ᠢᠶᠠᠷ ᠮᠡᠳᠡᠬᠦᠯᠦᠭᠰᠡᠨ᠂ ᠬᠢᠵᠢᠭ ᠢ ᠰᠡᠷᠬᠡᠶᠢᠯᠡᠬᠦ ᠠᠵᠢᠯ ᠳᠤ  ᠬᠠᠮᠵᠢᠯᠴᠠᠭᠰᠠᠨ ᠦᠬᠡᠢ᠂ ᠬᠢᠵᠢᠭ ᠢ ᠬᠠᠯᠳᠠᠪᠤᠷᠢᠯᠠᠨ ᠲᠡᠯᠬᠡᠷᠡᠭᠦᠯᠦᠭᠰᠡᠨ ᠵᠡᠷᠬᠡ ᠬᠦᠮᠦᠰ ᠠᠴᠠ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃           ᠵᠢᠷᠭᠤᠭ᠎ᠠ᠂ ᠦᠷᠬᠡᠨ ᠤᠯᠠᠨ ᠲᠦᠮᠡᠨ ᠲᠦᠬᠦᠬᠡᠢ ᠤᠯᠠᠭᠠᠨ ᠢᠳᠡᠬᠡᠨ ᠤ ᠵᠦᠢᠯ ᠬᠤᠳᠠᠯᠳᠤᠨ ᠠᠪᠬᠤ  ᠳᠤ ᠪᠠᠨ ᠰᠢᠭᠤᠳ ᠭᠠᠷ ᠢᠶᠠᠷ ᠢᠶᠠᠨ ᠪᠠᠷᠢᠵᠦ ᠪᠤᠯᠬᠤ ᠦᠬᠡᠢ᠂ ᠰᠤᠯᠢᠶᠤᠤ ᠤᠭᠤᠳᠠ ᠪᠤᠶᠤ ᠪᠡᠭᠡᠯᠡᠢ ᠪᠠᠷ ᠪᠠᠷᠢᠬᠤ ᠶᠢ ᠰᠠᠨᠠᠭᠤᠯᠵᠦ ᠪᠠᠶᠢᠨ᠎ᠠ᠂ ᠮᠦᠨᠴᠦ ᠲᠦᠬᠦᠬᠡᠢ ᠤᠯᠠᠭᠠᠨ ᠢᠳᠡᠬᠡᠨ ᠤ ᠵᠦᠢᠯ ᠢ ᠵᠢᠮᠢᠰ᠂ ᠢᠳᠡᠰᠢᠨ ᠨᠤᠭᠤᠭ᠎ᠠ ᠪᠠ ᠪᠤᠰᠤᠳ ᠵᠦᠢᠯ ᠤᠨ ᠪᠤᠯᠭᠤᠭᠰᠠᠨ ᠢᠳᠡᠬᠡᠨ ᠲᠠᠢ ᠬᠦᠷᠦᠯᠴᠡᠬᠦᠯᠬᠦ ᠶᠢ ᠬᠢᠴᠢᠶᠡᠬᠡᠷᠡᠢ᠃ ᠲᠦᠬᠦᠬᠡᠢ ᠤᠯᠠᠭᠠᠨ ᠢᠳᠡᠬᠡᠨ ᠢ ᠪᠤᠷᠤᠯᠠᠭᠤᠯᠤᠭᠴᠢ ᠡᠷᠡᠬᠦᠯ ᠮᠠᠨᠳᠤ ᠶᠢᠨ ᠬᠢᠨᠠᠨ ᠪᠠᠶᠢᠴᠠᠭᠠᠯᠳᠠ ᠶᠢ ᠬᠢᠯᠬᠡᠨ᠂ ᠠᠮᠠᠪᠴᠢ᠂ ᠪᠡᠭᠡᠯᠡᠢ ᠵᠡᠬᠦᠨ᠂ ᠡᠳᠦᠷ ᠲᠤᠳᠤᠮ ᠤᠨ ᠠᠷᠢᠭᠤᠳᠬᠠᠯ ᠢ ᠠᠩᠬᠠᠷᠬᠤ ᠵᠡᠷᠬᠡ ᠬᠢᠵᠢᠭ ᠢ ᠰᠡᠷᠬᠡᠶᠢᠯᠡᠬᠦ ᠡᠯ᠎ᠠ ᠵᠦᠢᠯ ᠤᠨ ᠠᠷᠭ᠎ᠠ ᠬᠡᠮᠵᠢᠶ᠎ᠠ  ᠶᠢ ᠰᠡᠶᠢᠳᠦᠷ ᠬᠢᠵᠦ᠂ ᠡᠪᠡᠳᠴᠢᠯᠡᠭᠰᠡᠨ ᠪᠠᠶᠢᠳᠠᠯ ᠲᠤᠤᠷ᠎ᠠ ᠪᠤᠷᠤᠯᠠᠭᠤᠯᠭ᠎ᠠ ᠬᠢᠬᠦ᠂ ᠠᠮᠠᠪᠴᠢ᠂ ᠪᠡᠬᠡᠯᠡᠢ ᠵᠡᠬᠦᠬᠦ ᠦᠬᠡᠢ  ᠪᠠᠷ ᠪᠤᠷᠤᠯᠠᠭᠤᠯᠭ᠎ᠠ ᠬᠢᠬᠦ ᠶᠢ ᠡᠷᠡᠰ ᠬᠤᠷᠢᠭᠯᠠᠬᠤ ᠬᠡᠷᠡᠭᠳᠡᠢ᠃ ᠦᠷᠬᠡᠨ ᠤᠯᠠᠨ ᠲᠦᠮᠡᠨ ᠡᠷᠡᠬᠦᠯ ᠮᠡᠨᠳᠦ ᠢᠳᠡᠬᠡᠨ ᠤᠮᠳᠠᠭᠠᠨ ᠤ ᠵᠤᠷᠰᠢᠯ ᠢ ᠪᠤᠢ ᠪᠤᠯᠭᠠᠨ᠂ ᠬᠤᠭᠤᠯᠠ ᠬᠢᠬᠦ ᠳᠤ ᠪᠠᠨ ᠪᠤᠯᠭᠤᠭᠰᠠᠨ ᠪᠠ ᠲᠦᠬᠦᠬᠡᠢ ᠵᠦᠢᠯ ᠳᠤ ᠬᠡᠷᠡᠭᠯᠡᠬᠦ ᠠᠮᠪᠠᠨ᠂ ᠪᠤᠤᠳᠤᠤ᠂ ᠢᠳᠡᠬᠡᠨ ᠤ ᠰᠠᠪᠠ ᠬᠡᠷᠡᠭᠰᠡᠯ ᠢᠶᠠᠨ ᠲᠤᠰ ᠲᠤᠰ ᠲᠤᠨᠢ ᠰᠠᠯᠭᠠᠵᠦ᠂ ᠴᠠᠭ ᠲᠤᠬᠠᠢ  ᠳᠤ ᠨᠢ ᠴᠡᠪᠡᠷᠯᠡᠨ ᠠᠷᠢᠭᠤᠳᠬᠠᠬᠤ ᠬᠡᠷᠡᠭᠳᠡᠢ᠃ ᠲᠦᠬᠦᠬᠡᠢ ᠵᠢᠭᠠᠰᠤ᠂ ᠲᠠᠯᠠᠢ ᠶᠢᠨ ᠢᠳᠡᠬᠡᠨ ᠤ ᠵᠦᠢᠯ ᠢ ᠤᠷᠤᠯᠳᠤᠪᠠᠯ ᠲᠠᠷᠤᠶᠢᠬᠠᠨ ᠭᠠᠷ ᠢᠶᠠᠨ ᠴᠡᠪᠡᠷᠬᠡᠨ ᠤᠬᠢᠶᠠᠭᠠᠷᠠᠢ᠃ ᠢᠳᠡᠬᠡᠨ ᠢᠶᠠᠨ ᠪᠤᠯᠭᠤᠵᠦ ᠢᠳᠡᠬᠦ ᠶᠢ ᠠᠩᠬᠠᠷᠴᠦ ᠂ ᠲᠦᠬᠦᠬᠡᠢ ᠬᠦᠢᠳᠡᠨ ᠢᠶᠠᠷ ᠢᠳᠡᠬᠦ ᠶᠢ ᠴᠡᠬᠡᠷᠯᠡᠨ᠎ᠡ᠃           ᠲᠤᠯᠤᠭ᠎ᠠ᠂ ᠦᠷᠬᠡᠨ ᠤᠯᠠᠨ ᠲᠦᠮᠡᠨ᠂ ᠲᠦᠬᠦᠬᠡᠢ ᠤᠯᠠᠭᠠᠨ ᠢᠳᠡᠬᠡᠨ ᠤ ᠵᠦᠢᠯ ᠢ ᠡᠵᠡᠩᠨᠡᠨ ᠪᠤᠷᠤᠯᠠᠭᠤᠯᠤᠭᠴᠢ ᠵᠢᠴᠢ ᠵᠦᠬᠡᠬᠡᠪᠤᠷᠢᠯᠡᠭᠴᠢ ᠬᠡᠷᠪᠡ ᠪᠠᠶ᠎ᠠ ᠲᠠᠨᠢ ᠡᠪ ᠦᠬᠡᠢ ᠪᠠᠶᠢᠳᠠᠯ ᠢᠯᠡᠷᠡᠪᠡᠯ᠂ ᠪᠡᠭᠡᠯᠡᠢ ᠠᠮᠠᠪᠴᠢ ᠰᠠᠶᠢᠳᠦᠷ ᠵᠡᠬᠦᠵᠦ᠂ ᠬᠤᠰᠢᠭᠤ ᠡᠮᠨᠡᠯᠬᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠳᠠᠨ ᠢ ᠤᠨᠤᠰᠢᠯᠠᠨ ᠡᠮᠴᠢᠯᠡᠬᠦ ᠡᠬᠦᠳᠡᠨ ᠡᠮᠨᠡᠯᠬᠡ ᠳᠤ ᠬᠦᠷᠴᠦ ᠡᠮᠨᠡᠬᠦᠯᠦᠬᠡᠷᠡᠢ᠃           ᠨᠠᠢᠮᠠ᠂ ᠦᠷᠬᠡᠨ ᠤᠯᠠᠨ ᠲᠦᠮᠡᠨ ᠬᠢᠵᠢᠭ ᠢ ᠰᠡᠷᠬᠡᠶᠢᠯᠡᠬᠦ ᠠᠵᠢᠯ ᠳᠤ ᠢᠳᠡᠪᠬᠢᠳᠡᠢ ᠬᠠᠮᠵᠢᠯᠴᠠᠨ᠂ ᠲᠤᠮᠳᠠ᠂ ᠦᠨᠳᠦᠷ ᠲᠡᠰ ᠤᠨ ᠬᠢᠵᠢᠭ ᠤᠨ ᠲᠦᠭᠰᠢᠬᠦᠷᠢ ᠲᠠᠢ ᠤᠷᠤᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠤᠨ ᠪᠠᠶᠢᠳᠠᠯ ᠢ ᠴᠠᠭ ᠲᠤᠬᠠᠢ ᠳᠤ ᠨᠢ ᠲᠡᠬᠦᠨ ᠤ ᠪᠠᠶᠢᠭ᠎ᠠ ᠨᠡᠶᠢᠬᠡᠮ ᠲᠤᠭᠤᠷᠢᠭ ︵ᠭᠠᠴᠠᠭ᠎ᠠ ᠲᠤᠰᠬᠤᠨ᠂ ᠬᠤᠪᠢᠶᠡᠷᠢ ᠲᠠᠯᠠᠪᠠᠢ︶ ᠵᠢᠴᠢ ᠪᠠᠶᠢᠭᠤᠯᠭ᠎ᠠ ᠨᠢᠬᠡᠴᠡ ᠳᠤ ᠮᠡᠳᠡᠭᠳᠡᠬᠦ ᠬᠡᠷᠡᠭᠳᠡᠢ᠃ ᠡᠬᠦᠨ ᠤ ᠬᠠᠮᠳᠤ ᠦᠷᠬᠡᠨ ᠤᠯᠠᠨ ᠲᠦᠮᠡᠨ ᠤᠳᠠᠰᠤ ᠪᠠᠷ ᠪᠤᠶᠤ ᠢᠮᠧᠯ ᠢᠯᠡᠬᠡᠵᠦ ᠢᠯᠡᠴᠢᠯᠡᠨ ᠮᠡᠳᠡᠬᠦᠯᠬᠦ ᠪᠤᠯᠪᠠᠤ ︵ᠢᠯᠡᠴᠢᠯᠡᠨ ᠮᠡᠳᠡᠬᠦᠯᠦᠭᠴᠢ ᠠᠴᠠ ᠨᠦᠬᠦᠬᠡ ᠡᠳᠡᠭᠡᠳ ᠤᠨ ᠨᠡᠷ᠎ᠡ᠂ ᠰᠠᠭᠤᠭ᠎ᠠ ᠬᠠᠶ᠋ᠢᠭ ᠵᠡᠷᠬᠡ ᠰᠤᠷᠠᠭ ᠵᠠᠩᠬᠢ ᠶᠢ ᠦᠨᠡᠨ ᠮᠦᠨ ᠢᠶᠠᠷ ᠮᠡᠳᠡᠬᠦᠯᠬᠦ ᠬᠡᠷᠡᠭᠳᠡᠢ᠃ ᠢᠯᠡᠴᠢᠯᠡᠨ ᠮᠡᠳᠡᠬᠦᠯᠬᠦ ᠤᠳᠠᠰᠤ᠄ 0479  — 4224480︔ ᠢᠮᠧᠯ lqwsj4480@163.com︶᠃           ᠶᠢᠰᠦ᠂ ᠬᠤᠶᠢᠰᠢᠳᠡ ᠤᠯᠤᠰ ᠤᠨ ᠲᠤᠳᠤᠭᠠᠳᠤ ᠳᠠᠬᠢ ᠬᠢᠵᠢᠭ ᠤᠨ ᠲᠦᠭᠰᠢᠬᠦᠷᠢ ᠶᠢᠨ ᠬᠡᠮᠵᠢᠶ᠎ᠠ ᠶᠢ ᠲᠤᠤᠷ᠎ᠡ ᠲᠡᠰ ᠠᠴᠠ ᠲᠤᠮᠳᠠ᠂ ᠦᠨᠳᠦᠷ ᠲᠡᠰ ᠤᠨ ᠲᠦᠭᠰᠢᠬᠦᠷᠢ ᠶᠢᠨ ᠤᠷᠤᠨ ᠢᠶᠠᠷ ᠲᠤᠳᠤᠯᠠᠭᠰᠠᠨ ᠭᠠᠵᠠᠷ ᠤᠷᠤᠨ  ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠲᠡᠭᠡᠷᠡᠬᠢ ᠲᠤᠭᠳᠠᠭᠠᠯ ᠢ ᠴᠢᠩᠭ᠎ᠠ ᠨᠢᠮᠪᠠᠢ ᠵᠢᠷᠤᠮᠯᠠᠨ ᠬᠦᠢᠴᠡᠳᠬᠡᠬᠦ ᠬᠡᠷᠡᠭᠳᠡᠢ᠃           ᠪᠦᠬᠡᠮ ᠬᠦᠴᠢᠯ ᠤᠨ ᠪᠠᠶᠢᠴᠠᠭᠠᠯᠳᠠ ᠶᠢᠨ ᠲᠤᠬᠠᠢ ᠠᠰᠠᠭᠤᠨ ᠯᠠᠪᠯᠠᠬᠤ ᠤᠳᠠᠰᠤ᠄  0479  — 4222907 ︵ᠬᠤᠰᠢᠭᠤ ᠬᠢᠵᠢᠭ ᠢ ᠰᠡᠷᠬᠡᠶᠢᠯᠡᠬᠦ ᠲᠦᠪ︶           ᠬᠠᠯᠠᠭᠤᠷᠠᠭᠰᠠᠨ ᠡᠪᠡᠳᠴᠢᠳᠠᠨ ᠢ ᠤᠨᠤᠰᠢᠯᠠᠨ ᠡᠮᠴᠢᠯᠡᠬᠦ᠂ ᠲᠤᠭᠳᠠᠭᠰᠠᠨ ᠡᠮᠴᠢᠯᠡᠬᠡᠨ ᠤ ᠤᠳᠠᠰᠤ᠄ 15704798931 ︵ᠬᠠᠯᠠᠭᠤᠷᠠᠭᠰᠠᠨ ᠡᠪᠡᠳᠴᠢᠳᠠᠨ ᠢ ᠤᠨᠤᠰᠢᠯᠠᠨ ᠡᠮᠴᠢᠯᠡᠬᠦ ᠡᠬᠦᠳᠡᠨ ᠡᠮᠨᠡᠯᠬᠡ︶᠂ 13354792199 ︵ᠬᠤᠰᠢᠭᠤ ᠡᠮᠨᠡᠯᠬᠡ ᠶᠢᠨ ᠬᠤᠷᠢᠶᠠᠨ ᠤ ᠪᠠᠴᠢᠮ ᠠᠪᠤᠷᠠᠯᠳᠠ ᠶᠢᠨ ᠰᠠᠯᠠᠭ᠎ᠠ︶ᠰᠢᠯᠤᠭᠤᠨ ᠬᠥᠬᠡ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠠᠵᠢᠯ ᠤᠨ ᠵᠢᠯᠣᠭᠤᠳᠬᠤ ᠬᠡᠯᠲᠡᠰ                  2020ᠣᠨ ᠤ6 ᠰᠠᠷ᠎ᠠ ᠶᠢᠨ15 ᠤ ᠡᠳᠦᠷ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号