ᠪᠤᠷᠤᠬᠤᠳᠠ ᠵᠢᠱᠢᠶ᠎ᠡ ᠦᠵᠡᠭᠦᠯᠬᠦ ᠲᠣᠭᠤᠷᠢᠭ
ᠨᠡᠶᠢᠲᠡᠯᠡᠭᠰᠡᠨ ᠴᠠᠭ᠄
2020/6/17
      ᠨᠢᠭᠡ  ᠂ ᠦᠨᠳᠦᠰᠦᠨ ᠪᠠᠶᠢᠳᠠᠯ       ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠤᠳᠤᠬᠢᠴᠢᠯᠠᠭᠰᠠᠨ ᠪᠡᠯᠴᠢᠭᠡᠷ ᠤᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠤᠷᠤᠨ ᠪᠤᠯ ︵ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠦᠷ᠎ᠡ ᠶᠢᠨ ᠮᠠᠯ ᠤᠨ ᠲᠠᠯᠠᠪᠠᠢ︶ 1949 ᠤᠨ ᠤ10 ᠰᠠᠷ᠎ᠡ ᠳᠤ ᠪᠠᠶᠢᠭᠤᠯᠤᠭᠳᠠᠵᠤ᠂ ᠰᠢ ᠮᠧᠩ ᠠᠷᠢᠯᠵᠢᠶᠠᠨ ᠤ ᠺᠤᠮᠫᠠᠨᠢ ᠳᠤ ᠬᠠᠷᠢᠶᠠᠯᠠᠭᠳᠠᠨ᠎ᠠ᠃1957 ᠤᠨ ᠳᠤ ᠲᠠᠯᠠᠪᠡᠢ ᠨᠢ ᠪᠤᠷᠤᠬᠤᠳᠠ ᠳᠤ ᠨᠡᠭᠦᠭᠰᠡᠨ ᠪᠠᠶᠢᠨ᠎ᠠ᠃ 1958 ᠤᠨ ᠳᠤ ᠰᠢᠯᠢ ᠶᠢᠨ ᠭᠤᠤᠯ ᠠᠶᠢᠮᠠᠭ ᠤᠨ ᠢᠳᠡᠭᠡᠨ ᠤ ᠺᠤᠮᠫᠠᠨᠢ ᠶᠢᠨ ᠱᠠᠩᠲᠤ ᠶᠢᠨ ᠭᠤᠤᠯ ᠦᠷᠡᠵᠢᠯ ᠤᠨ ᠲᠠᠯᠠᠪᠠᠢ ᠶᠢᠨ ᠪᠡᠯᠡᠳᠭᠡᠯ ᠦᠷᠡᠵᠢᠭᠦᠯᠬᠦ ᠲᠠᠯᠠᠪᠠᠢ ᠬᠡᠵᠦ ᠦᠭᠡᠷᠡᠴᠢᠯᠡᠭᠡᠳ1969 ᠤᠨ ᠳᠤ ᠴᠡᠷᠢᠭ ᠢᠶᠠᠷ ᠵᠠᠬᠢᠷᠪᠠ᠃ 1971 ᠤᠨ ᠳᠤ ᠰᠢᠯᠢ ᠶᠢᠨ ᠭᠤᠤᠯ ᠠᠶᠢᠮᠠᠭ ᠤᠨ ᠮᠠᠯ ᠠᠵᠤ ᠠᠬᠤᠢ ᠶᠢᠨ ᠭᠠᠵᠠᠷ ᠲᠤ ᠲᠤᠰᠢᠶᠠᠨ ᠬᠠᠮᠢᠶᠠᠷᠤᠭᠤᠯᠵᠤ᠂ ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠦᠷ᠎ᠡ ᠶᠢᠨ ᠮᠠᠯ ᠤᠨ ᠲᠠᠯᠠᠪᠠᠢ ᠭᠡᠵᠦ ᠨᠡᠷᠡᠯᠡᠵᠦ᠂ 1995 ᠤᠨ ᠳᠤ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠤᠳᠤᠬᠢᠴᠢᠯᠠᠭᠰᠠᠨ ᠪᠡᠯᠴᠢᠭᠡᠷ  ᠤᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠤᠷᠤᠨ ᠪᠤᠯᠭᠠᠬᠤ ᠶᠢ ᠵᠦᠪᠰᠢᠶᠡᠷᠡᠨ᠂ ᠤᠤᠯ ᠤᠨ ᠦᠷ᠎ᠡ ᠶᠢᠨ ᠮᠠᠯ ᠤᠨ ᠲᠠᠯᠠᠪᠠᠢ ᠶᠢᠨ ᠨᠡᠷᠡᠶᠢᠳᠦᠯ ᠢ ᠦᠯᠡᠳᠡᠭᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠰᠢᠭᠤᠳ ᠬᠠᠮᠢᠶᠠᠷᠬᠤ ᠪᠤᠯᠵᠤ᠂ ᠰᠢᠶᠠᠨ ᠭᠠᠵᠠᠷ ᠤᠨ ᠲᠡᠰ ᠤᠨ ᠪᠠᠶᠢᠭᠤᠯᠤᠮᠵᠢ ᠪᠤᠯᠭᠠᠨ᠂ ᠨᠢᠭᠡᠲᠦᠭᠡᠷ ᠲᠡᠰ ᠤᠨ ᠡᠳ᠋ ᠤᠨ ᠵᠠᠰᠠᠭ ᠠᠴᠠ ᠵᠤᠭᠤᠰ ᠪᠠᠭᠤᠯᠭᠠᠬᠤ ᠠᠵᠢᠯ ᠦᠢᠯᠡᠰ ᠤᠨ ᠨᠢᠭᠡᠴᠡ ᠪᠠᠷ ᠲᠤᠭᠳᠠᠭᠠᠪᠠ᠃ 2000 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠵᠦᠪᠰᠢᠶᠡᠷᠡᠯ ᠢᠶᠠᠷ ᠪᠤᠷᠤᠬᠤᠳᠠ ᠪᠠᠯᠭᠠᠰᠦ ᠪᠤᠯᠭᠠᠵᠡᠢ ︵ᠰᠢᠯᠢ ᠵᠠᠬᠢᠷᠭ᠎ᠠ ᠦᠰᠦᠭ ᠤᠨ ︵2001︶ 11 ᠲᠤᠭᠠᠲᠤ ᠪᠢᠴᠢᠭ ᠮᠠᠲ᠋ᠧᠷᠢᠶᠠᠯ︶᠃ 2001 ᠤᠡ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ  ᠤᠨ ᠤᠷᠲᠤᠨ ᠤ ᠵᠦᠪᠰᠢᠶᠡᠷᠡᠯ ᠢᠶᠠᠷ ᠰᠢᠯᠢ ᠶᠢᠨ ᠭᠤᠤᠯ ᠠᠶᠢᠮᠠᠭ ᠤᠨ ᠪᠤᠷᠤᠬᠤᠳᠠ ᠵᠢᠱᠢᠶ᠎ᠡ ᠦᠵᠡᠭᠦᠯᠬᠦ ᠤᠷᠤᠨ ᠢ ᠦᠪᠡᠷᠳᠡᠭᠡᠨ ᠵᠠᠰᠠᠬᠤ ᠤᠷᠤᠨ ᠤ ᠲᠡᠰ ᠤᠨ ᠪᠠᠶᠢᠭᠠᠯᠢᠯᠢᠭ ᠪᠦᠲᠦᠭᠡᠭᠳᠡᠭᠦᠨ ᠢ ᠨᠡᠭᠡᠭᠡᠨ ᠬᠦᠭᠵᠢᠭᠦᠯᠬᠦ ᠤᠷᠤᠨ ︵ᠰᠢᠯᠢ ᠵᠠᠬᠢᠷᠭ᠎ᠠ ᠲᠠᠷᠬᠠᠭᠠᠬᠤ ︵2001︶ 80 ᠲᠤᠭᠠᠲᠦ︶ ᠢᠶᠠᠷ ᠲᠤᠭᠳᠠᠭᠠᠵᠤ᠂ 2004 ᠤᠨ ᠳᠤ ᠰᠢᠯᠢ ᠤᠨ ᠭᠤᠤᠯ ᠠᠶᠢᠮᠠᠭ ‍ᠤᠨ‌ᠨᠠᠮ ᠤᠨ ᠬᠤᠷᠢᠶ᠎ᠠ᠂ ᠵᠠᠬᠢᠷᠭ᠎ᠠ ᠠᠴᠠ ᠪᠤᠷᠤᠬᠤᠳᠠ ᠵᠢᠱᠢᠶ᠎ᠡ ᠦᠵᠡᠭᠦᠯᠬᠦ ᠤᠷᠤᠨ ᠢ ᠰᠢᠯᠤᠭᠤᠨ ᠭᠦᠭᠡ ᠬᠤᠰᠢᠭᠤᠨ ᠳᠤ ᠨᠠᠶᠢᠳᠠᠨ ᠬᠠᠮᠢᠶᠠᠷᠤᠭᠤᠯᠬᠤ ᠪᠠᠷ ᠪᠤᠯᠵᠤ  ︵ᠲᠤᠮᠳᠠᠲᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠠᠯᠪᠠᠨ ᠭᠡᠷ ᠤᠨ ᠠᠯᠪᠠᠨ ᠦᠰᠦᠭ ︵2004︶ 10 ᠲᠤᠭᠠᠲᠦ ᠠᠯᠪᠡᠨ ᠪᠢᠴᠢᠭ︶ ᠢᠶᠠᠷ ᠪᠤᠷᠤᠬᠤᠳᠠ ᠵᠢᠱᠢᠶ᠎ᠡ ᠦᠵᠡᠭᠦᠯᠬᠦ ᠤᠷᠤᠨ ᠬᠢᠭᠡᠳ ᠪᠤᠷᠤᠬᠤᠳᠠ ᠪᠠᠯᠭᠠᠰᠦ ᠶᠢ ᠨᠢᠭᠡ ᠴᠤᠭᠴᠠ ᠪᠤᠯᠭᠠᠨ ᠬᠠᠮᠢᠶᠠᠷᠬᠤ ᠪᠠᠶᠢᠭᠤᠯᠤᠮᠵᠢ ᠶᠢ ᠪᠠᠶᠢᠭᠤᠯᠵᠤ᠂ ᠵᠢᠱᠢᠶ᠎ᠡ ᠦᠵᠡᠭᠦᠯᠬᠦ ᠤᠷᠤᠨ ᠪᠠ ᠪᠠᠯᠭᠠᠰᠦ ᠶᠢᠨ ᠪᠠᠶᠢᠭᠤᠯᠤᠮᠵᠢ ᠶᠢᠨ ᠲᠠᠯ᠎ᠠ ᠪᠠᠷ ᠦᠨᠡᠨᠬᠦ ᠨᠢᠭᠡᠳᠬᠦ ᠶᠢ ᠪᠠᠲᠤᠯᠠᠵᠠᠢ᠃ ᠪᠤᠷᠤᠬᠤᠳᠠ ᠵᠢᠱᠢᠶ᠎ᠡ ᠦᠵᠡᠭᠦᠯᠬᠦ ᠤᠷᠤᠨ ᠤ ᠨᠠᠮ ᠤᠨ ᠬᠤᠷᠢᠶ᠎ᠠ᠂ ᠬᠠᠮᠢᠶᠠᠷᠤᠯᠳᠠ ᠶᠢᠨ ᠵᠦᠪᠯᠡᠯ  ᠪᠠ ᠪᠤᠷᠤᠬᠤᠳᠠ ᠪᠠᠶᠢᠭᠠᠯᠢᠯᠢᠭ ᠪᠦᠲᠦᠭᠡᠭᠳᠡᠭᠦᠨ ᠢ ᠨᠡᠭᠡᠭᠡᠨ ᠬᠦᠭᠵᠢᠭᠦᠯᠬᠦ ᠲᠤᠭᠤᠷᠢᠭ ᠤᠨ ᠫᠠᠶᠢᠰᠠ ᠶᠢ ᠦᠯᠡᠳᠡᠭᠡᠪᠠ᠃ 2004 ᠤᠨ ᠤ ᠡᠴᠦᠰ ᠲᠤ ᠪᠦᠬᠦ ᠤᠯᠤᠰ ‍ᠤᠨ‌ᠨᠡᠭᠡᠭᠡᠨ ᠬᠦᠭᠵᠢᠭᠦᠯᠬᠦ  ᠤᠷᠤᠨ ᠢ ᠴᠡᠭᠴᠡᠯᠡᠬᠦ ᠪᠠ ᠰᠢᠯᠢ ᠶᠢᠨ ᠭᠤᠤᠯ ᠠᠶᠢᠮᠠᠭ ᠤᠨ ᠰᠢᠶᠠᠩ ᠪᠠᠯᠭᠠᠰᠦ ᠶᠢ ᠨᠡᠶᠢᠯᠡᠭᠦᠯᠬᠦ ᠦᠶ᠎ᠡ ᠳᠤ  ᠪᠤᠷᠤᠬᠤᠳᠠ ᠪᠠᠶᠢᠭᠠᠯᠢᠯᠢᠭ ᠪᠦᠲᠦᠭᠡᠭᠳᠡᠭᠦᠨ ᠢ ᠨᠡᠭᠡᠭᠡᠨ ᠬᠦᠭᠵᠢᠭᠦᠯᠬᠦ ᠤᠷᠤᠨ ᠪᠠ ᠪᠤᠷᠤᠬᠤᠳᠠ ᠪᠠᠯᠭᠠᠰᠦ ᠶᠢᠨ ᠪᠠᠶᠢᠭᠤᠯᠤᠮᠵᠢ ᠨᠢ ᠵᠠᠯᠭᠠᠭ᠎ᠠ ᠪᠠᠷ ᠬᠠᠰᠤᠭᠳᠠᠪᠠ᠃ ᠬᠠᠰᠤᠵᠤ ᠨᠡᠶᠢᠯᠡᠭᠦᠯᠬᠦ ᠠᠵᠢᠯ ᠤᠨ ᠲᠤᠮᠳᠠ᠂ ᠵᠠᠯᠭᠠᠮᠵᠢ ᠶᠢᠨ ᠠᠵᠢᠯ ᠢ ᠰᠠᠶᠢᠲᠤᠷ ᠬᠢᠭᠰᠡᠨ ᠦᠭᠡᠢ ᠠᠴᠠ ᠪᠤᠯᠵᠤ᠂ ᠵᠦᠪᠰᠢᠶᠡᠷᠡᠭᠳᠡᠭᠰᠡᠨ 25 ᠵᠠᠰᠠᠭ ᠵᠠᠬᠢᠷᠭᠠᠨ ᠤ ᠤᠷᠤᠨ ᠲᠤᠭ᠎ᠠ᠂ 63 ᠠᠵᠢᠯ ᠦᠢᠯᠡᠰ ᠤᠨ ᠤᠷᠤᠨ ᠲᠤᠭ᠎ᠠ ᠨᠠᠶᠢᠳᠠᠪᠤᠷᠢᠵᠢᠭᠳᠠᠵᠤ ᠴᠢᠳᠠᠭᠰᠠᠨ ᠦᠭᠡᠢ  ︵ᠬᠦᠭᠡ ᠨᠠᠮ ᠲᠠᠷᠬᠠᠭᠠᠬᠤ  ︵2004︶ 41 ᠲᠤᠭᠠᠲᠤ᠂ ᠬᠦᠭᠡ ᠪᠠᠶᠢᠭᠤᠯᠤᠮᠵᠢ ᠤᠷᠤᠨ ︵2004︶ 29 ᠲᠤᠭᠠᠲᠤ ᠠᠯᠪᠡᠨ ᠪᠢᠴᠢᠭ︶᠂  ᠬᠠᠮᠢᠭ᠎ᠠ  ᠨᠠᠶᠢᠳᠠᠪᠤᠷᠢᠵᠢᠭᠳᠠᠭᠰᠠᠨ ᠢ ᠤᠯᠬᠤ ᠠᠷᠭ᠎ᠠ ᠦᠭᠡᠢ᠃ ᠤᠲᠤ ᠵᠦᠪᠭᠡᠨ ᠪᠤᠷᠤᠬᠤᠳᠠ ᠵᠢᠱᠢᠶ᠎ᠡ ᠦᠵᠡᠭᠦᠯᠬᠦ ᠤᠷᠤᠨ ᠪᠠ ᠪᠤᠷᠤᠬᠤᠳᠠ‌ᠦᠷ᠎ᠡ ᠶᠢᠨ ᠮᠠᠯ ᠤᠨ ᠲᠠᠯᠠᠪᠠᠢ ᠭᠡᠭᠴᠢ ᠬᠤᠶᠠᠷ ᠫᠠᠶᠢᠰᠠ ᠯᠠ ᠦᠯᠡᠳᠡᠵᠦ᠂ ᠪᠠᠶᠢᠭᠤᠯᠤᠮᠵᠢ ᠶᠢᠨ ᠬᠠᠷᠢᠶᠠᠯᠠᠭᠳᠠᠬᠤ ᠬᠠᠷᠢᠴᠠᠭ᠎ᠠ  ᠶᠡᠷᠦᠨᠢ ᠨᠠᠶᠢᠳᠠᠪᠤᠷᠢᠵᠢᠭᠳᠠᠭᠰᠠᠨ ᠦᠭᠡᠢ  ᠪᠢᠯᠡ᠃ ᠪᠠᠶᠢᠭᠤᠯᠤᠯ ᠤᠨ ᠠᠰᠠᠭᠤᠳᠠᠯ ᠠᠴᠠ ᠪᠤᠯᠵᠤ ᠤᠲᠤᠬᠠᠨ ᠳᠤ ᠪᠤᠷᠤᠬᠤᠳᠠ ᠵᠢᠱᠢᠶ᠎ᠡ ᠦᠵᠡᠭᠦᠯᠬᠦ ᠤᠷᠤᠨ ᠨᠢ ᠬᠠᠮᠢᠶᠠᠷᠤᠯᠳᠠ ᠶᠢᠨ ᠲᠠᠯ᠎ᠠ ᠳᠤ ᠬᠦᠴᠢᠷᠳᠡᠯ ᠲᠠᠢ ᠪᠤᠯᠵᠤ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠺᠤᠳ᠋ ᠲᠡᠮᠳᠡᠭ ᠪᠠᠶᠢᠬᠤ ᠦᠭᠡᠢ᠂ ᠴᠢᠨᠠᠭᠰᠢᠯᠠᠪᠠᠯ ᠭᠡᠪ ᠤᠨ ᠠᠯᠪᠠᠨ ᠠᠵᠢᠯ ᠤᠨ  ᠪᠠᠷᠢᠮᠳᠠ ᠭᠠᠷᠭᠠᠬᠤ ᠳᠤ ᠴᠤ ᠬᠦᠴᠢᠷ  ᠲᠠᠢ ᠪᠠᠶᠢᠨ᠎ᠠ᠃ ᠤᠷᠤᠨ ᠲᠤᠭᠠᠨ ᠤ ᠠᠯᠪᠠᠨ ᠭᠡᠷ ᠢ ᠡᠷᠢᠵᠦ  ᠪᠠᠶᠢᠭᠤᠯᠭ᠎ᠠ ᠪᠠᠨ ᠲᠠᠩᠰᠠᠯᠠᠭᠤᠯᠬᠤ ᠬᠡᠬᠦ ᠳᠤ ᠵᠢᠩᠬᠢᠨᠢ ᠭᠡᠷᠡᠴᠢ ᠦᠭᠡᠢ ᠪᠤᠯᠬᠤᠷ ᠲᠠᠩᠰᠠᠯᠠᠵᠤ ᠦᠭᠬᠦ ᠦᠭᠡᠢ᠃  ᠵᠠᠬ᠎ᠠ ᠲᠡᠯᠭᠡᠭᠦᠷ ᠤᠨ ᠬᠠᠮᠢᠶᠠᠷᠤᠯᠳᠠ ᠶᠢᠨ ᠲᠤᠪᠴᠢᠶ᠎ᠠ ᠶᠢ ᠡᠷᠢᠵᠦ᠂ ᠠᠵᠤ ᠠᠬᠤᠶᠢᠯᠠᠯ ᠤᠨ ᠪᠠᠶᠢᠭᠤᠯᠤᠮᠵᠢ ᠶᠢᠨ ᠺᠤᠳ᠋ ᠲᠡᠮᠳᠡᠭ ᠠᠪᠬᠤ ᠬᠡᠬᠦ ᠳᠤ ᠪᠤᠲᠠᠲᠤ ᠠᠵᠤ ᠠᠬᠤᠶᠢᠯᠠᠯ ᠪᠠᠶᠢᠬᠤ ᠦᠭᠡᠢ᠂ ᠲᠠᠩᠰᠠᠯᠠᠭᠤᠯᠬᠤ  ᠪᠡᠯᠡ ᠮᠦᠡᠭᠭᠦ ᠶᠢ ᠴᠤ ᠲᠠᠩᠰᠠᠯᠠᠵᠤ ᠪᠤᠯᠬᠤ ᠦᠭᠡᠢ᠃      ᠪᠤᠷᠤᠬᠤᠳᠠ ᠵᠢᠱᠢᠶ᠎ᠡ ᠦᠵᠡᠭᠦᠯᠬᠦ ᠤᠷᠤᠨ ᠨᠢ ᠤᠯᠤᠰ ᠤᠨ ᠦᠮᠴᠢᠯᠡᠯᠲᠦ ᠲᠠᠷᠢᠶᠠᠯᠠᠩ ᠮᠠᠯᠵᠢᠬᠤ ᠲᠠᠯᠠᠪᠠᠢ  ᠪᠤᠯᠤᠭᠰᠠᠨ ᠤ ᠬᠤᠪᠢ ᠳᠤ ᠪᠠᠶᠢᠭᠤᠯᠤᠭᠳᠠᠨᠰᠠᠨ ᠠᠴᠠ ᠪᠠᠨ ᠨᠠᠰᠢ᠂ ᠤᠯᠤᠰ ᠤᠨ ᠲᠠᠷᠢᠶᠠᠯᠠᠩ ᠮᠠᠯ ᠠᠵᠤ ᠠᠬᠤᠢ  ᠶᠢᠨ ᠬᠦᠭᠵᠢᠯᠳᠠ ᠳᠤ ᠴᠢᠬᠤᠯᠠ ᠶᠡᠭᠡ ᠭᠠᠪᠢᠶ᠎ᠠ ᠵᠢᠳᠬᠦᠯ ᠭᠠᠷᠭᠠᠭᠰᠠᠨ ᠶᠤᠮ᠃ 1949 ᠤᠨ ᠠᠴᠠ 1956 ᠤᠨ ᠤ ᠬᠤᠭᠤᠷᠤᠨᠲᠦ ᠭᠤᠤᠯᠳᠠᠭᠤ ᠲᠠᠸᠠᠷ ᠤᠨ ᠮᠠᠯ ᠡᠵᠡᠩᠨᠡᠵᠦ᠂ ᠪᠦᠬᠦ ᠤᠯᠤᠰ ᠤᠨ ᠲᠠᠪᠤᠨ ᠮᠤᠵᠢ 36 ᠨᠢᠭᠡᠴᠡ  ᠳᠤ ᠤᠷᠢᠳ ᠬᠤᠵᠢᠳ142 ᠲᠦᠮᠡᠨ ᠲᠤᠯᠤᠭᠠᠢ ᠮᠠᠯ ᠬᠠᠨᠭ᠍ᠭᠠᠭᠰᠠᠨ ᠪᠠᠶᠢᠨ᠎ᠠ᠃ ᠵᠢᠯ ᠪᠦᠷᠢ ᠲᠡᠭᠰᠢᠳᠭᠡᠭᠡᠳ 3 —4 ᠲᠦᠮᠡᠨ ᠦᠭᠡᠷ᠂ 75 —80 ᠲᠦᠮᠡᠨ ᠬᠤᠨᠢ ᠭᠠᠷᠭᠠᠵᠤ ᠪᠠᠶᠢᠪᠠ᠃ ᠲᠠᠪᠢ ᠵᠢᠷᠠᠭᠠᠳ ᠤᠨ ᠳᠤ ︽ᠮᠠᠯ  ᠢᠶᠠᠷ ᠭᠤᠤᠯ ᠪᠤᠯᠭᠠᠨ᠂ ᠲᠠᠷᠢᠶᠠᠯᠠᠩ ᠮᠠᠯ ᠠᠵᠤ ᠠᠬᠤᠢ ᠶᠢ ᠤᠶᠠᠯᠲᠤᠭᠤᠯᠵᠤ᠂ ᠤᠯᠠᠨ ᠲᠦᠷᠦᠯ ᠢ ᠵᠡᠷᠭᠡᠪᠡᠷ ᠡᠵᠡᠩᠨᠠᠨ ᠡᠭᠦᠯᠳᠡᠷ ᠢ ᠰᠠᠶᠢᠵᠢᠷᠠᠭᠤᠯᠬᠤ︾ ᠴᠢᠭᠯᠡᠯᠳᠠ ᠶᠢ ᠬᠡᠷᠡᠭᠵᠢᠭᠦᠯᠦᠭᠰᠡᠨ ᠠᠴᠠ ᠨᠠᠰᠢ ᠮᠠᠯᠵᠢᠬᠤ ᠤᠷᠤᠨ ᠤ ᠦᠷ᠎ᠡ ᠶᠢᠨ ᠮᠠᠯ᠂ ᠲᠠᠷᠢᠶᠠᠯᠠᠬᠤ ᠤᠷᠤᠨ ᠤ ᠬᠦᠯᠦᠰᠢᠨ ᠤ ᠦᠭᠡᠷ᠂ ᠬᠤᠳᠠ ᠪᠠᠯᠭᠠᠰᠤᠨ ᠤ ᠢᠳᠡᠰᠢᠨ ᠮᠢᠬ᠎ᠠ ᠶᠢ ᠬᠠᠨᠭ᠍ᠭᠠᠬᠤ ᠡᠭᠦᠷᠭᠡ ᠶᠢ ᠡᠭᠦᠷᠭᠡᠯᠡᠵᠦ ᠢᠷᠡᠪᠡ᠃  ᠳᠠᠯᠠ ᠨᠠᠶᠠᠭᠠᠨ ᠤᠨ ᠤ ᠦᠷ᠎ᠡ ᠶᠢᠨ ᠮᠠᠯ ᠤᠨ ᠲᠠᠯᠠᠪᠠᠢ ᠶᠢᠨ ᠦᠶ᠎ᠡ ᠳᠤ ᠪᠦᠬᠦ ᠠᠶᠢᠮᠠᠭ ᠤᠨ ᠭᠤᠤᠯᠳᠠᠯᠭ᠎ᠠ ᠲᠠᠢ ᠤᠯᠤᠰ ᠤᠨ ᠦᠮᠴᠢᠯᠡᠯᠲᠦ ᠦᠷ᠎ᠡ ᠶᠢᠨ ᠮᠠᠯ ᠤᠨ ᠲᠠᠯᠠᠪᠠᠢ ᠪᠤᠯᠤᠭᠰᠠᠨ ᠤ ᠬᠤᠪᠢ ᠳᠤ ᠪᠦᠬᠦ ᠤᠯᠤᠰ ᠤᠨ ᠯᠢᠮᠦᠰᠢᠨ ᠦᠭᠡᠷ ᠢ ᠲᠦᠯᠵᠢᠭᠦᠯᠵᠦ ᠦᠷᠡᠵᠢᠭᠦᠯᠬᠦ ᠠᠵᠢᠯ ᠢ ᠡᠭᠦᠷᠭᠡᠯᠡᠪᠡ᠃ ᠦᠷᠡᠵᠢᠭᠦᠯᠦᠭᠰᠡᠨ ᠦᠭᠡᠷ ᠨᠢ ᠵᠠᠬ᠎ᠠ ᠲᠡᠯᠭᠡᠭᠦᠷ ᠲᠡᠭᠡᠷ᠎ᠡ ᠤᠯᠠᠨ ᠤ ᠬᠦᠷᠢᠶᠡᠯᠡᠯ ᠢ ᠤᠯᠵᠤ᠂  ᠳᠡᠯᠡᠬᠡᠢ ᠶᠢᠨ ᠵᠠᠬ᠎ᠠ ᠲᠡᠯᠭᠡᠭᠦᠷ ᠲᠤ ᠴᠤ ᠭᠠᠷᠭᠠᠭᠰᠠᠨ ᠪᠠᠶᠢᠨ᠎ᠠ᠃ ᠶᠡᠷᠡᠬᠡᠳ ᠤᠨ ᠤ ᠰᠡᠬᠦᠯᠴᠢ ᠪᠠᠷ ᠪᠤᠷᠤᠬᠤᠳᠠ ᠵᠱᠢᠶ᠎ᠡ ᠦᠵᠡᠭᠦᠯᠬᠦ ᠤᠷᠤᠨ ᠨᠢ ᠪᠦᠬᠦ ᠠᠶᠢᠮᠠᠭ ᠤᠨ ᠤᠳᠤᠬᠢᠴᠢᠯᠠᠭᠰᠠᠨ ᠡᠷᠴᠢᠮᠵᠢᠬᠦᠯᠦᠭᠰᠡᠨ ᠪᠡᠯᠴᠢᠬᠡᠷ ᠤᠨ ᠮᠠᠯ ᠠᠵᠤ ᠠᠬᠤᠢ ᠶᠢᠨ ᠲᠠᠭᠤᠷᠢᠶᠠᠯ ᠤᠷᠤᠨ ᠪᠤᠯᠤᠭᠰᠠᠨ ᠤ ᠬᠤᠪᠢ ᠳᠤ ᠮᠠᠯ ᠠᠵᠤ ᠠᠬᠤᠢ ᠶᠢ  ᠬᠡᠪᠴᠢᠶᠡᠵᠢᠭᠦᠯᠬᠦ᠂ ᠬᠢᠷᠢ ᠲᠦᠪᠰᠢᠨ ᠢ ᠲᠡᠬᠡᠭᠰᠢᠯᠡᠬᠦᠯᠬᠦ᠂ ᠰᠢᠨᠵᠢᠯᠡᠬᠦ ᠤᠬᠠᠭᠠᠨᠴᠢᠯᠠᠬᠤ ᠲᠠᠯ᠎ᠠ ᠪᠠᠷ ᠲᠠᠬᠢᠨ ᠨᠢᠬᠡᠨ ᠲᠡᠭᠲᠡᠷ ᠲᠤ ᠲᠠᠪᠰᠢᠪᠠ     ᠬᠤᠶᠠᠷ᠂ ᠵᠤᠬᠢᠶᠠᠨ ᠪᠠᠶᠢᠭᠤᠯᠤᠯᠳᠠ ᠪᠠᠶᠢᠭᠤᠯᠤᠮᠵᠢ ᠬᠢᠬᠡᠳ ᠨᠡᠶᠢᠬᠡᠮ ᠤᠨ ᠭᠤᠤᠯ ᠪᠤᠯᠬᠤ ᠡᠬᠦᠷᠬᠡ ᠬᠠᠷᠢᠭᠤᠴᠠᠯᠭ᠎ᠠ     ᠪᠠᠶᠢᠭᠤᠯᠭ᠎ᠠ᠂ ᠰᠠᠭᠤᠭᠠᠯᠢ ᠠᠷᠠᠳ ᠤᠨ ᠵᠦᠪᠯᠡᠯ ᠤᠨ ᠬᠠᠮᠢᠶᠠᠷᠤᠭᠴᠢᠳ ᠤᠨ ᠪᠠᠶᠢᠳᠠᠯ ᠬᠡᠪᠡᠯ᠂ ᠪᠤᠷᠤᠬᠤᠳᠠ ᠵᠢᠱᠢᠶ᠎ᠡ ᠦᠵᠡᠭᠦᠯᠬᠦ  ᠤᠷᠤᠨ ᠤ ᠨᠠᠮ ᠤᠨ ᠬᠤᠷᠢᠶ᠎ᠠ᠂ ᠬᠠᠮᠢᠶᠠᠷᠤᠯᠳᠠ ᠶᠢᠨ ᠵᠦᠪᠯᠡᠯ ᠪᠠᠶᠢᠵᠤ᠂ ᠲᠤᠳᠤᠷ᠎ᠠ ᠨᠢ ᠭᠤᠷᠪᠠᠨ ᠰᠠᠯᠠᠭ᠎ᠠ᠂ ᠨᠢᠬᠡ ᠠᠯᠪᠠᠨ ᠬᠡᠷ᠂ ᠨᠢᠬᠡ ᠬᠡᠯᠲᠡᠰ ᠵᠡᠷᠬᠡ ᠲᠠᠪᠤᠨ ᠨᠢᠬᠡᠴᠡ ᠲᠠᠢ  ︵ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠠᠵᠢᠯᠯᠠᠭᠠᠨ ᠤ ᠰᠠᠯᠠᠭ᠎ᠠ᠂ ᠨᠡᠶᠢᠬᠡᠮ ᠤᠨ ᠦᠢᠯᠡᠰ ᠤᠨ ᠦᠢᠯᠡᠴᠢᠯᠡᠬᠡᠨ ᠤ ᠰᠠᠯᠠᠭ᠎ᠠ᠂ ᠦᠢᠯᠡᠳᠪᠤᠷᠢᠯᠡᠯ ᠡᠵᠡᠩᠨᠡᠯᠳᠠ ᠶᠢᠨ ᠬᠠᠮᠢᠶᠠᠷᠤᠯᠳᠠ ᠶᠢᠨ ᠰᠠᠯᠠᠭ᠎ᠠ᠂ ᠨᠠᠮ ᠵᠠᠰᠠᠭ ᠤᠨ ᠪᠠᠶᠢᠭᠤᠯᠭ᠎ᠠ ᠶᠢᠨ ᠬᠡᠷᠡᠭ ᠡᠷᠬᠢᠯᠡᠬᠦ ᠠᠯᠪᠠᠨ ᠬᠡᠷ᠂ ᠨᠠᠮ ᠪᠠ ᠤᠯᠠᠨ ᠲᠦᠮᠡᠨ ᠤ ᠠᠵᠢᠯ ᠤᠨ ᠬᠡᠯᠳᠡᠰ ᠵᠡᠷᠬᠡ︶  ᠃ ᠭᠤᠤᠯ ᠡᠬᠦᠷᠬᠡᠯᠡᠬᠦ ᠡᠬᠦᠷᠬᠡ ᠬᠠᠷᠢᠭᠤᠴᠠᠯᠭ᠎ᠠ ᠬᠡᠪᠡᠯ᠄ ᠲᠠᠷᠢᠶᠠᠯᠠᠩ᠂ ᠮᠠᠯ ᠠᠵᠤ ᠠᠬᠤᠢ᠂ ᠤᠢ ᠰᠢᠭᠤᠢ᠂ ᠤᠰᠤᠨ ᠠᠰᠢᠭᠯᠠᠯᠳᠠ᠂ ᠤᠯᠤᠰ ᠤᠨ ᠭᠠᠵᠠᠷ ᠰᠢᠷᠤᠢ᠂ ᠮᠠᠯ ᠡᠮᠨᠡᠯᠬᠡ  ᠂ ᠮᠠᠯ ᠠᠵᠤ ᠠᠬᠤᠢ᠂ ᠨᠤᠳᠤᠭ ᠪᠡᠯᠴᠢᠬᠡᠷ ᠤᠨ ᠬᠢᠨᠠᠨ ᠪᠠᠶᠢᠴᠠᠭᠠᠯᠳᠠ᠂ ᠭᠠᠯ ᠰᠡᠷᠬᠡᠶᠢᠯᠡᠬᠦ᠂ ᠵᠡᠪᠰᠡᠭᠲᠦ ᠬᠦᠴᠦᠨ᠂ ᠠᠷᠠᠳ ᠤᠨ ᠰᠡᠷᠬᠡᠶᠢᠯᠡᠯᠳᠠ᠂ ᠠᠷᠠᠳ ᠤᠨ ᠶᠠᠪᠤᠳᠠᠯ᠂ ᠵᠡᠮᠳᠡᠭ ᠤᠨ ᠬᠤᠯᠪᠤᠭ᠎ᠠ ᠂ ᠨᠡᠶᠢᠬᠡᠮ ᠤᠨ ᠬᠤᠯᠪᠤᠭ᠎ᠠ᠂ ᠤᠯᠠᠭᠠᠨ ᠵᠠᠭᠠᠯᠮᠠᠶᠢᠳᠡᠨ ᠤ ᠨᠡᠶᠢᠭᠡᠮᠯᠢᠭ᠂ ᠠᠵᠢᠯᠴᠢᠨ ᠵᠠᠯᠠᠭᠤᠴᠤᠳ ᠡᠮᠡᠭᠳᠡᠶᠢᠴᠤᠳ  ᠤᠨ ᠬᠤᠯᠪᠤᠭ᠎ᠠ ᠵᠡᠷᠭᠡ ᠨᠡᠶᠢᠭᠡᠮ ᠤᠨ ᠡᠭᠦᠷᠭᠡ ᠬᠠᠷᠢᠭᠤᠴᠠᠯᠭ᠎ᠠ ᠲᠠᠢ᠃ ᠲᠠᠯᠠᠪᠠᠢ ᠶᠢᠨ ᠳᠤᠤᠷ᠎ᠠ ᠰᠠᠭᠤᠭᠠᠯᠢ ᠠᠷᠠᠳ  ᠤᠨ ᠵᠦᠪᠯᠡᠯ ᠲᠠᠪᠤ ᠪᠤᠢ᠃ ᠤᠲᠤ 41 ᠠᠵᠢᠯᠳᠠᠨ ᠲᠠᠢ  ᠃ ᠤᠲᠤ ᠪᠠᠷ ᠠᠵᠢᠯᠯᠠᠵᠤ ᠪᠠᠶᠢᠭ᠎ᠠ ᠺᠠᠳ᠋ᠷᠴᠤᠳ ᠢ ᠠᠶᠢᠮᠠᠭ᠂ ᠬᠤᠰᠢᠭᠤ᠂ ᠵᠢᠱᠢᠶ᠎ᠡ ᠦᠵᠡᠭᠦᠯᠬᠦ  ᠤᠷᠤᠨ ᠵᠡᠷᠭᠡ ᠭᠤᠷᠪᠠᠨ ᠱᠠᠲᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠠᠴᠠ ᠲᠤᠰᠢᠶᠠᠯ ᠳᠤ ᠲᠤᠮᠢᠯᠠᠬᠤ ᠪᠤᠯᠤᠨ᠎ᠠ᠃ ᠡᠭᠦᠨ ᠳᠤ᠂ ᠨᠠᠮ ᠤᠨ ᠬᠤᠷᠢᠶ᠎ᠠ᠂ ᠬᠠᠮᠢᠶᠠᠷᠤᠯᠳᠠ ᠶᠢᠨ ᠵᠦᠪᠯᠡᠯ ᠤᠨ ᠤᠲᠤᠷᠢᠳᠬᠤ ᠪᠠᠭ 7 ᠬᠦᠮᠦᠨ ᠢᠶᠠᠷ ᠪᠦᠷᠢᠯᠲᠦᠪᠡ᠃ ︵ᠠᠶᠢᠮᠠᠭ ᠤᠨ ᠵᠤᠬᠢᠶᠠᠨ ᠪᠠᠶᠢᠭᠤᠯᠬᠤ ᠬᠡᠯᠳᠡᠰ  ᠠᠴᠠ 1 ᠨᠡᠷ᠎ᠡ ᠶᠢ ᠲᠤᠮᠢᠯᠠᠨ᠎ᠠ᠃  ᠬᠤᠰᠢᠭᠤ ᠵᠤᠬᠢᠶᠠᠨ ᠪᠠᠶᠢᠭᠤᠯᠬᠤ ᠭᠡᠯᠳᠡᠰ ᠠᠴᠠ 6 ᠨᠡᠷ᠎ᠡ ᠶᠢ ᠲᠤᠮᠢᠯᠠᠨ᠎ᠠ᠃ ᠡᠭᠦᠨ ᠳᠤ ᠵᠠᠰᠠᠭ ᠵᠠᠬᠢᠷᠭᠠᠨ ᠤ ᠤᠷᠤᠨ ᠲᠤᠭ᠎ᠠ 1 ᠨᠠᠷ᠎ᠠ᠂ ᠠᠵᠢᠯ ᠤᠶᠢᠯᠡᠰ ᠤᠨ ᠤᠷᠤᠨ ᠲᠤᠭ᠎ᠠ 1 ᠨᠠᠷ᠎ᠠ᠂ ᠪᠤᠰᠤᠳ 4 ᠨᠢ ᠤᠷᠤᠨ ᠲᠤᠭ᠎ᠠ  ᠪᠠᠶᠢᠬᠤ ᠦᠬᠡᠢ︶  ᠃ ᠡᠷᠬᠢᠯᠡᠭᠴᠢ ᠬᠡᠰᠢᠬᠦᠨ 1 ᠨᠠᠷ᠎ᠠ ︵ᠬᠤᠰᠢᠭᠤ ᠵᠤᠬᠢᠶᠠᠨ ᠪᠠᠶᠢᠭᠤᠯᠬᠤ ᠬᠡᠯᠲᠡᠰ ᠲᠤᠮᠢᠯᠠᠨ᠎ᠠ︶ ᠡᠯ᠎ᠡ ᠰᠠᠯᠠᠭ᠎ᠠ ᠠᠯᠪᠠᠨ ᠭᠡᠷ ᠤᠨ ᠡᠷᠬᠢᠯᠡᠭᠴᠢ᠂ ᠰᠠᠭᠤᠭᠠᠯᠢ ᠠᠷᠠᠳ ᠤᠨ ᠵᠦᠪᠯᠡᠯ  ᠤᠨ ᠱᠦᠵᠢ᠂ ᠡᠷᠬᠢᠯᠡᠭᠴᠢ ᠵᠢᠴᠢ ᠬᠠᠷᠢᠶ᠎ᠠ ᠬᠤᠶᠠᠳᠠᠬᠢ ᠱᠠᠲᠤᠨ ᠤ ᠰᠠᠯᠪᠤᠷᠢ ᠶᠢᠨ ᠳᠠᠷᠤᠭ᠎ᠠ᠂ ᠬᠠᠮᠢᠶᠠᠷᠤᠬᠴᠢ 16 ᠨᠠᠷ᠎ᠠ᠂ ᠡᠩ ᠤᠨ ᠠᠵᠢᠯᠲᠠᠨ 17 ᠨᠠᠷ᠎ᠠ᠂ ᠡᠭᠦᠨ ᠳᠤ ᠨᠠᠶᠢᠲᠠ ᠶᠢᠨ ᠠᠰᠠᠷᠠᠮᠵᠢ ᠶᠢᠨ ᠪᠠᠶᠢᠷᠢ ᠶᠢᠨ 1 ᠨᠠᠷ᠎ᠠ᠂ ᠭᠡᠷ᠎ᠡ  ᠶᠢᠨ ᠠᠵᠢᠯᠲᠠᠨ 5 ᠨᠠᠷ᠎ᠠ ᠶᠢ ᠪᠠᠭᠳᠠᠭᠠᠵᠤ ᠪᠤᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号