| | ᠨᠢᠭᠡ᠂ ᠭᠤᠤᠯ ᠡᠭᠦᠷᠭᠡ ᠬᠠᠷᠢᠭᠤᠴᠠᠯᠭ᠎ᠠ | ᠰᠢᠯᠤᠭᠤᠨ ᠬᠥᠬᠡ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠣᠯ ᠬᠤᠰᠢᠭᠤ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ | ᠲᠡᠭᠦᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ | ᠤᠰᠤᠨ ᠤ ᠬᠠᠤᠯᠢ︾᠂ ︽ᠬᠥᠷᠥᠰᠥ ᠰᠢᠷᠣᠶ ᠶᠢ ᠬᠠᠮᠠᠭᠠᠯᠠᠬᠤ︾᠂ ︽ᠦᠶᠡᠷ ᠢ ᠰᠡᠷᠭᠡᠶᠢᠯᠡᠬᠦ ᠬᠠᠤᠯᠢ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠤᠨ ᠤᠰᠤᠨ ᠤ ᠶᠠᠪᠤᠳᠠᠯ ᠤᠨ ᠠᠵᠢᠯ ᠤᠨ ᠴᠢᠭᠯᠡᠯᠲᠡ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ᠂ ᠲᠦᠯᠦᠪᠯᠡᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠬᠤ ᠭᠡᠷᠡᠭᠳᠡᠢ︔ ᠪᠦᠬᠦ | ᠬᠤᠰᠢᠭᠤᠨ ᠤ ᠤᠰᠤᠨ ᠤ ᠡᠬᠢ ᠪᠠᠶᠠᠯᠢᠭ ᠤᠨ ᠠᠵᠢᠯ ᠢ ᠨᠢᠭᠡᠳᠦᠯᠲᠡᠢ ᠬᠠᠮᠢᠶᠠᠷᠤᠨ᠎ᠠ᠃ ᠪᠦᠬᠦ ᠬᠤᠰᠢᠭᠤᠨ ᠤ ᠭᠤᠣᠯ | ᠂ ᠨᠠᠭᠤᠷ ᠴᠥᠭᠦᠷᠥᠮ ᠵᠡᠷᠭᠡ ᠤᠰᠤᠨ ᠣᠷᠣᠨ ᠤ ᠬᠠᠮᠢᠶᠠᠷᠤᠯᠲᠠ ᠪᠠ ᠬᠠᠮᠠᠭᠠᠯᠠᠯᠲᠠ ᠶᠢ ᠭᠤᠣᠯᠯᠠᠨ ᠬᠠᠮᠢᠶᠠᠷᠴᠤ᠂ | ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ᠂ ᠲᠠᠷᠢᠶᠠᠯᠠᠬᠤ | ᠮᠠᠯᠵᠢᠬᠤ ᠣᠷᠣᠨ ᠤ ᠬᠥᠮᠦᠨ ᠮᠠᠯ ᠤᠨ ᠤᠤᠭᠤᠬᠤ ᠤᠰᠤ ᠵᠢᠴᠢ ᠲᠠᠷᠢᠶᠠᠨ ᠭᠠᠵᠠᠷ ᠬᠠᠳᠤᠯᠠᠩ ᠪᠡᠯᠴᠢᠭᠡᠷ ᠤᠨ | ᠤᠰᠤᠯᠠᠯᠳᠠ ᠶᠢᠨ ᠠᠵᠢᠯ᠂ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠳᠤ ᠠᠵᠢᠯ ᠲᠥᠷᠥᠯ ᠤᠨ ᠬᠠᠮᠢᠶᠠᠷᠤᠯᠲᠠ ᠬᠢᠨ᠎ᠡ᠃ | ᠬᠤᠶᠠᠷ᠂ ᠪᠠᠶᠢᠭᠤᠯᠤᠮᠵᠢ ᠶᠢᠨ ᠠᠵᠢᠯᠲᠠᠨ | 2019 ᠤᠨ ᠲᠦᠢᠮᠣ ᠪᠠᠢᠳᠠᠯ᠄ ᠰᠢᠯᠤᠭᠤᠨ ᠬᠥᠬᠡ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ | ᠪᠣᠯ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠰᠤᠨ ᠤ ᠵᠠᠰᠠᠭ ᠵᠠᠬᠢᠷᠭᠠᠨ ᠤ | ᠰᠠᠯᠠᠭ᠎ᠠ ᠮᠥᠴᠢᠷ ᠪᠤᠯᠤᠨ᠎ᠠ᠂ ᠤᠰᠣᠨ ᠠᠰᠢᠭᠯᠠᠯᠳᠠ ᠶᠢᠨ ᠳᠣᠪᠴᠢᠶᠠᠨ ᠳᠤ᠄ ᠠᠯᠪᠠᠨ ᠬᠡᠷ᠂ ᠲᠤᠬᠠᠶᠢᠯᠠᠭᠰᠠᠨ | ᠠᠵᠢᠯ ᠤᠨ ᠤᠶᠢᠯᠡᠳᠪᠤᠷᠢᠯᠡᠯ ᠤᠨ ᠲᠠᠰᠤᠭ᠂ ᠭᠤᠤᠯ ᠮᠥᠷᠡᠨ ᠨᠠᠭᠤᠷ ᠴᠥᠭᠦᠷᠥᠮ ᠤᠨ ᠦᠶᠡᠷ ᠢ ᠰᠡᠷᠭᠡᠶᠢᠯᠡᠬᠦ | ᠲᠠᠰᠤᠭ᠂ ᠲᠥᠷᠥᠯ ᠵᠤᠶᠢᠯ ᠤᠨ ᠠᠯᠪᠠᠨ ᠬᠡᠷ ᠵᠡᠷᠭᠡ ᠳᠦᠷᠪᠡᠨ ᠳᠠᠰᠤᠭ ᠲᠠᠢ᠃ ᠨᠤᠲᠤᠭ ᠪᠡᠯᠴᠢᠭᠡᠷ ᠤᠨ | ᠬᠤᠳᠳᠤᠭ ᠮᠠᠯᠲᠠᠬᠤ ᠠᠩᠭᠢ᠂ ᠤᠰᠤᠨ ᠠᠰᠢᠭᠯᠠᠯᠲᠠ ᠶᠢᠨ ᠠᠵᠢᠯᠯᠠᠬᠤ ᠠᠩᠭᠢ᠂ ᠭᠠᠩ ᠲᠠᠢ ᠲᠡᠮᠡᠴᠡᠬᠦ | ᠤᠶᠢᠯᠡᠴᠢᠯᠡᠭᠡᠨ ᠤ ᠠᠩᠭᠢ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠶᠡᠭᠡ ᠠᠩᠭᠢ᠂ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠬᠠᠮᠢᠶᠠᠷᠤᠯᠳᠠ ᠶᠢᠨ ᠥᠷᠲᠡᠭᠡ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠥᠷᠲᠡᠭᠡ ᠵᠡᠷᠭᠡ 6 | ᠬᠠᠷᠢᠶ᠎ᠡ ᠪᠠᠶᠢᠭᠤᠯᠭ᠎ᠠ ᠲᠠᠢ᠃ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ | ᠵᠠᠬᠢᠷᠭᠠᠨ ᠤ ᠣᠷᠣᠨ ᠲᠤᠭ᠎ᠠ 8 ᠬᠥᠮᠦᠨ ᠪᠠᠶᠢᠵᠣ᠃ ᠲᠣᠪᠴᠢᠶᠠᠨ ᠳᠠᠷᠤᠭ᠎ᠠ 1 ᠬᠥᠮᠦᠨ᠂ ᠳᠡᠳ᠋ ᠲᠣᠪᠴᠢᠶᠠᠨ | ᠳᠠᠷᠤᠭ᠎ᠠ 3 ᠬᠥᠮᠦᠨ᠂ ᠲᠣᠪᠴᠢᠶᠠᠨ ᠤ ᠪᠠᠶᠢᠭᠤᠯᠭ᠎ᠠ ᠶᠢᠨ ᠠᠵᠢᠯᠲᠠᠨ 9 ᠬᠥᠮᠦᠨ᠂ ᠬᠠᠷᠢᠶ᠎ᠠ ᠪᠠᠶᠢᠭᠤᠯᠭ᠎ᠠ | ᠨᠢᠭᠡᠴᠡ ᠶᠢᠨ ᠠᠵᠢᠯᠲᠠᠨ ᠨᠡᠶᠢᠲᠡ 55 ᠬᠥᠮᠦᠨ ᠪᠠᠶᠢᠨ᠎ᠠ᠃ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶᠠᠨ ᠤ ᠤᠰᠤᠨ | ᠠᠰᠢᠭᠯᠠᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠬᠠᠮᠢᠶ᠎ᠠ ᠪᠦᠬᠦᠢ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠤᠰᠤᠨ ᠠᠰᠢᠭᠯᠠᠯᠲᠠ ᠶᠢᠨ | ᠠᠵᠢᠯ ᠳᠠᠬᠢ ᠨᠠᠮ ᠤᠨ ᠲᠦᠪᠯᠡᠷᠡᠩᠬᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ | ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠠᠯ᠎ᠠ ᠶᠢᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠬᠠᠷᠢᠭᠤᠴᠠᠨ | ᠪᠠᠲᠤᠯᠠᠨ᠎ᠠ᠃ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠲᠦᠯᠦᠪᠵᠢᠬᠦᠯᠭᠡ ᠪᠠ ᠲᠥᠷᠦ ᠶᠢᠨ ᠪᠣᠳᠣᠯᠭ᠎ᠠ ᠶᠢ | ᠲᠤᠭᠤᠷᠪᠢᠨ ᠲᠤᠭᠳᠠᠭᠠᠵᠤ᠂ ᠪᠦᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠦᠯᠦᠪᠵᠢᠬᠦᠯᠭᠡ᠂ ᠴᠢᠬᠤᠯᠠ | ᠭᠤᠣᠯ ᠮᠥᠷᠡᠨ ᠨᠠᠭᠤᠷ ᠲᠣᠭᠤᠷᠢᠮ ᠤᠨ ᠰᠠᠪᠠ ᠭᠠᠵᠠᠷ ᠤᠨ ᠶᠡᠷᠦᠩᠬᠡᠢ ᠲᠦᠯᠦᠪᠵᠢᠬᠦᠯᠭᠡ᠂ ᠦᠶᠡᠷ ᠢ ᠰᠡᠷᠭᠡᠶᠢᠯᠡᠬᠦ | ᠲᠦᠯᠦᠪᠵᠢᠬᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠣᠨ᠎ᠠ᠃ | ︵ᠬᠤᠶᠠᠷ︶ ᠠᠮᠢᠳᠤᠷᠠᠯ᠂ ᠤᠶᠢᠯᠡᠳᠪᠤᠷᠢᠯᠡᠯ ᠡᠵᠡᠩᠨᠡᠯᠲᠡ ᠪᠣᠯᠤᠨ ᠠᠮᠢ ᠠᠬᠤᠶ ᠶᠢᠨ ᠣᠷᠴᠢᠨ | ᠲᠣᠭᠤᠷᠢᠨ ᠳᠤ ᠭᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ | ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠭᠡᠷᠡᠭᠵᠢᠬᠦᠯᠵᠤ᠂ | ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤ ᠠᠪᠬᠤ | ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯ ᠤᠨ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠭᠡᠷᠡᠭᠯᠡᠬᠦ | ᠠᠵᠢᠯ ᠢ ᠵᠢᠯᠣᠭᠤᠳᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ | ᠰᠤᠮᠤ ᠪᠠᠯᠭᠠᠰᠤᠨ ᠤ ᠤᠰᠤ ᠬᠠᠩᠭᠠᠬᠤ ᠠᠵᠢᠯ ᠢ ᠵᠢᠯᠤᠭᠤᠳᠤᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠷᠥᠯ ᠵᠤᠶᠢᠯ ᠤᠨ ᠭᠡᠷᠡᠭᠵᠢᠬᠦᠯᠤᠯᠳᠠ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ︵ᠭᠤᠷᠪᠠ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠤᠷᠠᠬᠢ | ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠬᠠᠮᠠᠭᠠᠯᠠᠯᠲᠠ ᠶᠢ ᠵᠢᠯᠣᠭᠤᠳᠤᠨ᠎ᠠ᠃ ᠤᠤᠭᠤᠬᠤ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠦᠨᠡᠯᠡᠬᠦ | ᠬᠠᠮᠢᠶ᠎ᠡ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠤ | ᠬᠡᠮᠵᠢᠶ᠎ᠡ ᠶᠢ ᠬᠤᠪᠢᠶᠠᠷᠢᠯᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠤᠰᠤᠨ ᠤ ᠬᠤᠷᠢᠶᠠᠨ ᠬᠠᠳᠠᠭᠠᠯᠠᠬᠤ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠭᠡᠷᠡᠭᠵᠢᠬᠦᠯᠤᠨ᠎ᠠ᠃ | ︵ᠲᠦᠷᠪᠡ︶ ᠤᠰᠤ ᠶᠢ ᠠᠷᠪᠢᠯᠠᠨ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠰᠤ ᠠᠷᠪᠢᠯᠠᠵᠤ ᠬᠡᠷᠡᠭᠯᠡᠬᠦ | ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠤᠰᠤ ᠠᠷᠪᠢᠯᠠᠵᠤ ᠭᠡᠷᠡᠭᠯᠡᠬᠦ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠭᠡᠷᠡᠭᠵᠢᠬᠦᠯᠵᠤ᠂ ᠬᠤᠯᠪᠣᠭᠳᠠᠯ | ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠬᠡᠷᠡᠭᠲᠡᠶ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ ᠠᠬᠢᠭᠤᠯᠤᠨ᠎ᠠ᠃ | ︵ᠲᠠᠪᠤ︶ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ | ᠬᠠᠮᠢᠶᠠᠷᠬᠤ ᠳᠤ ᠡᠷᠬᠡᠪᠰᠢ ᠠᠶᠤᠯ ᠦᠭᠡᠢ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠲᠣᠰ ᠰᠠᠯᠠᠭ᠎ᠠ ᠮᠦᠴᠢᠷ ᠤᠨ ᠢᠶᠠᠨ | ᠬᠠᠮᠢᠶᠠᠷᠴᠤ ᠪᠠᠶᠢᠭᠠᠠᠵᠢᠯ ᠲᠥᠷᠥᠯ᠂ ᠬᠦᠷᠢᠶ᠎ᠡ ᠭᠡᠪᠴᠢᠶᠠᠨ ᠤᠠᠶᠤᠯ ᠦᠭᠡᠢ ᠤᠶᠢᠯᠡᠳᠪᠤᠷᠢᠯᠠᠯ ᠤᠨ ᠠᠵᠢᠯ ᠳᠤ | ᠬᠢᠨᠠᠯᠳᠠᠲ᠋ᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ᠃ | ︵ᠵᠢᠷᠭᠤᠭ᠎ᠠ︶ ᠬᠤᠰᠢᠭᠤ ᠱᠠᠲᠤᠨ ᠤ ᠤᠰᠤᠨ ᠤ ᠡᠬᠢ ᠪᠠᠶᠠᠯᠢᠭ ᠢ ᠬᠢᠨᠠᠨ ᠬᠡᠮᠵᠢᠬᠦ ᠥᠷᠲᠡᠭᠡ ᠶᠢᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠭᠤᠤᠯ ᠮᠥᠷᠡᠨ ᠨᠠᠭᠤᠷ ᠴᠥᠭᠦᠷᠥᠮ ᠤᠨ | ᠬᠥᠮᠥᠷᠭᠡ ᠪᠣᠯᠤᠨ ᠭᠠᠵᠠᠷ ᠳᠣᠤᠷᠠᠬᠢ ᠤᠰᠤᠨ ᠳᠤ ᠬᠢᠨᠠᠨ ᠬᠡᠮᠵᠢᠯᠲᠡ ᠬᠢᠵᠦ᠂ ᠤᠰᠤᠨ ᠤ ᠡᠬᠢ ᠪᠠᠶᠠᠯᠢᠭ ᠤᠨ | ᠠᠯᠪᠠᠨ ᠮᠡᠳᠡᠭᠡ ᠶᠢ ᠨᠡᠶᠢᠲᠡᠯᠡᠨ᠎ᠡ᠃ ᠤᠰᠤᠨ ᠤ ᠡᠬᠢ ᠪᠠᠶᠠᠯᠢᠭ᠂ ᠤᠰᠤᠨ ᠤ ᠡᠨᠧᠷᠭᠢ ᠶᠢᠨ ᠡᠬᠢ ᠪᠠᠶᠠᠯᠢᠭ ᠢ | ᠪᠠᠶᠢᠴᠠᠭᠠᠨ ᠦᠨᠡᠯᠡᠬᠦ ᠪᠠ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ | ᠠᠵᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠲᠤᠯᠤᠭ᠎ᠠ ︶ ᠣᠰᠣ ᠲᠠᠢ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ | ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠵᠤ᠂ ᠤᠰᠤᠨ ᠤ ᠬᠡᠷᠡᠭ ᠤᠨ ᠵᠢᠭᠤᠷᠠᠯᠳᠤᠭᠠᠨ ᠢ ᠵᠣᠬᠢᠴᠠᠭᠤᠯᠤᠨ᠂ | ᠤᠰᠤᠨ ᠤ ᠶᠠᠪᠤᠳᠠᠯ ᠢ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯ ᠦᠭᠡᠢ ᠤᠶᠢᠯᠡᠳᠪᠤᠷᠢᠯᠡᠯ ᠤᠨ ᠠᠵᠢᠯ ᠢ ᠬᠠᠤᠯᠢ ᠶᠣᠰᠣᠭᠠᠷ | ᠬᠠᠷᠢᠭᠤᠴᠠᠵᠤ᠂ ᠤᠰᠤᠨ ᠴᠥᠭᠦᠷᠥᠮ᠂ ᠤᠰᠤᠨ ᠴᠠᠬᠢᠯᠭᠠᠨ ᠤ ᠥᠷᠲᠡᠭᠡ ᠶᠢᠨ ᠬᠠᠰᠢᠯᠭ᠎ᠠ᠂ ᠲᠠᠷᠢᠶᠠᠯᠠᠬᠤ ᠮᠠᠯᠵᠢᠬᠤ | ᠣᠷᠣᠨ ᠤ ᠤᠰᠤᠨ ᠴᠠᠬᠢᠯᠭᠠᠨ ᠤ ᠥᠷᠲᠡᠭᠡ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠵᠢᠯᠤᠭᠤᠳᠬᠤ ᠬᠡᠷᠡᠭᠲᠡᠶ᠃ | ︵ᠨᠠᠢᠮᠠ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠨ᠎ᠡ᠃ | ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠳᠦᠷᠢᠮ ᠤᠨ | ᠵᠢᠷᠤᠮᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ | ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃ | ︵ᠶᠢᠰᠤ︶ ᠤᠰᠤᠨ ᠠᠰᠢᠭᠯᠠᠯᠲᠠ ᠶᠢᠨ ᠲᠥᠬᠦᠭᠡᠷᠦᠮᠵᠢ᠂ ᠤᠰᠤᠨ ᠣᠷᠣᠨ ᠵᠢᠴᠢ ᠲᠡᠭᠦᠨ ᠤ ᠡᠷᠭᠢ ᠶᠢᠨ | ᠱᠤᠭᠤᠮ ᠤᠨ ᠬᠠᠮᠢᠶᠠᠷᠤᠯᠲᠠ᠂ ᠬᠠᠮᠠᠭᠠᠯᠠᠯᠲᠠ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠦᠬᠦ | ᠬᠤᠰᠢᠭᠤᠨ ᠤ ᠭᠤᠣᠯ ᠨᠠᠭᠤᠷ ᠴᠦᠬᠦᠷᠦᠮ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠭᠤᠣᠯ | ᠨᠠᠭᠤᠷ ᠴᠦᠬᠦᠷᠦᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶᠡᠨ ᠤ ᠬᠠᠮᠢᠶᠠᠷᠤᠯᠲᠠ ᠵᠢᠴᠢ ᠭᠤᠣᠯ | ᠨᠠᠭᠤᠷ ᠴᠦᠬᠦᠷᠦᠮ ᠤᠨ ᠤᠰᠤᠨ ᠤ ᠰᠢᠰᠲ᠋ᠧᠮ ᠢ ᠬᠤᠯᠪᠤᠭᠠᠯᠠᠨ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ ᠨᠢᠭᠡᠨᠲᠡ | ᠪᠠᠶᠢᠭᠤᠯᠤᠭᠰᠠᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠬᠢᠭᠡᠳ | ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ᠂ ᠪᠠᠷᠢᠯᠭ᠎ᠠ ᠶᠢ ᠳᠠᠩᠰᠠᠯᠠᠭᠤᠯᠬᠤ᠂ ᠪᠠᠷᠢᠯᠭ᠎ᠠ ᠶᠢᠨ | ᠠᠵᠢᠯᠯᠠᠭᠠᠨ ᠤ ᠠᠮᠤᠷ ᠲᠦᠪᠰᠢᠨ ᠢ ᠬᠢᠨᠠᠨ ᠬᠡᠮᠵᠢᠬᠦ᠂ ᠪᠠᠷᠢᠯᠭ᠎ᠠ ᠶᠢᠨ ᠬᠡᠪ ᠤᠨ ᠠᠵᠢᠯᠯᠠᠭᠠᠨ ᠳᠤ ᠬᠠᠮᠢᠶᠠᠷᠤᠯᠲᠠ ᠶᠢᠨ | ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ | ᠳᠡᠯᠭᠡᠭᠦᠷ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ | ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠳᠠ ᠲᠠᠯᠪᠢᠬᠤ ᠬᠡᠷᠡᠭᠲᠡᠶ᠃ | ︵ᠠᠷᠪᠠ︶ ᠪᠦᠬᠦ ᠬᠤᠰᠢᠭᠤᠨ ᠤ ᠬᠡᠪᠴᠢᠶᠡᠨ ᠳᠠᠬᠢ ᠡᠯ᠎ᠡ ᠲᠥᠷᠥᠯ ᠤᠨ ᠭᠦᠨ ᠮᠠᠰᠢᠨ ᠬᠤᠳᠳᠤᠭ᠂ | ᠮᠠᠰᠢᠨ ᠴᠠᠬᠢᠯᠭᠠᠨ ᠬᠤᠳᠳᠤᠭ ᠤᠨ ᠵᠢᠷᠤᠭ ᠲᠥᠯᠥᠪᠯᠡᠭᠡ ᠶᠢ ᠬᠠᠷᠢᠭᠤᠴᠠᠨ᠎ᠠ᠃ ᠪᠦᠬᠦ ᠬᠤᠰᠢᠭᠤᠨ ᠤ ᠭᠠᠵᠠᠷ | ᠳᠣᠣᠷᠠᠬᠢ ᠤᠰᠤᠨ ᠤ ᠴᠠᠬᠢᠯᠭᠠᠨ ᠬᠡᠮᠵᠢᠯᠲᠡ᠂ ᠬᠠᠶᠢᠨ ᠰᠢᠨᠵᠢᠯᠡᠯᠲᠡ᠂ ᠵᠦᠢ ᠵᠤᠬᠢᠰᠳᠠᠢ ᠨᠡᠭᠡᠭᠡᠨ ᠠᠰᠢᠭᠯᠠᠵᠣ | ᠬᠡᠷᠡᠭᠯᠡᠬᠦ ᠶᠢ ᠬᠠᠷᠢᠭᠤᠴᠠᠨ᠂ ᠮᠠᠰᠢᠨ ᠬᠥᠭᠡᠷᠭᠡ ᠤᠭᠰᠠᠷᠠᠵᠤ ᠰᠡᠯᠪᠢᠨ ᠵᠠᠰᠠᠬᠤ᠂ ᠤᠰᠤ ᠲᠠᠲᠠᠬᠤ | ᠲᠥᠬᠦᠭᠡᠷᠦᠮᠵᠢ ᠶᠢ ᠲᠥᠬᠦᠷᠵᠢᠭᠦᠯᠦᠨ᠎ᠡ᠃ | ︵ᠠᠷᠪᠠᠨ ᠨᠢᠭᠡ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ | ᠃ ᠲᠣᠮᠣ ᠬᠡᠯᠪᠡᠷᠢ ᠶᠢᠨ ᠤᠰᠤᠯᠠᠬᠤ ᠪᠠ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ | ᠦᠭᠡᠷᠡᠴᠢᠯᠠᠯᠳᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ | ᠤᠰᠤᠨ ᠤ ᠠᠶᠤᠯ ᠦᠭᠡᠶ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠶᠢᠨ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠬᠤ ᠬᠡᠷᠡᠭᠲᠡᠶ᠃ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠢ ᠨᠡᠭᠡᠭᠡᠬᠦ᠂ | ᠵᠢᠵᠢᠭ ᠤᠰᠤᠨ ᠴᠠᠬᠢᠯᠭᠠᠨ ᠢ ᠥᠭᠡᠷᠡᠴᠢᠯᠡᠬᠦ ᠪᠠ ᠤᠰᠤᠨ ᠴᠠᠬᠢᠯᠭᠠᠨ ᠢ ᠬᠥᠳᠡᠭᠡ ᠲᠣᠰᠬᠤᠨ ᠳᠤ | ᠴᠠᠬᠢᠯᠭᠠᠨᠵᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠶ᠃ ᠪᠦᠬᠦ ᠬᠤᠰᠢᠭᠤᠨ ᠤ ᠮᠠᠯᠵᠢᠬᠤ | ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠤᠰᠤᠨ ᠤ ᠴᠢᠨᠠᠷ ᠤᠨ | ᠡᠳᠦᠷ ᠲᠤᠲᠤᠮ ᠤᠨ ᠪᠠᠶᠢᠴᠠᠭᠠᠨ ᠬᠡᠮᠵᠢᠬᠦ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠪᠦᠬᠦ ᠬᠤᠰᠢᠭᠤᠨ ᠤ ᠨᠢᠭᠡᠨᠲᠡ ᠪᠠᠶᠢᠭᠤᠯᠤᠭᠰᠠᠨ ᠤᠰᠤᠨ ᠠᠰᠢᠭᠯᠠᠯᠲᠠ ᠶᠢᠨ | ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠳᠠ ᠶᠢ ᠬᠠᠷᠢᠭᠤᠴᠠᠵᠤ᠂ ᠪᠦᠬᠦ ᠬᠤᠰᠢᠭᠤᠨ ᠤ ᠣᠯᠠᠨ ᠲᠦᠮᠡᠨ ᠳᠤ ᠭᠠᠩ | ᠬᠠᠭᠰᠠᠷᠠᠭᠠᠨ ᠢ ᠡᠰᠡᠷᠭᠦᠴᠡᠨ ᠭᠠᠩ ᠬᠠᠭᠰᠠᠷᠠᠭᠠᠨ ᠢ ᠰᠡᠷᠭᠡᠶᠢᠯᠡᠬᠦ ᠤᠶᠢᠯᠡᠴᠢᠯᠡᠭᠡ ᠬᠠᠩᠭᠠᠵᠤ᠂ ᠭᠠᠩ ᠤᠨ ᠪᠠᠶᠢᠳᠠᠯ᠂ | ᠴᠢᠭᠢᠭ ᠤᠨ ᠪᠠᠶᠢᠳᠠᠯ ᠢ ᠪᠠᠶᠢᠴᠠᠭᠠᠨ ᠰᠢᠯᠭᠠᠵᠤ᠂ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠵᠢᠯᠴᠠᠨ ᠭᠠᠩ | ᠬᠠᠭᠰᠠᠷᠠᠭᠠᠨ ᠤ ᠪᠠᠶᠢᠳᠠᠯ ᠡᠭᠦᠰᠴᠦ ᠶᠢ ᠤᠷᠢᠳᠴᠢᠯᠠᠨ ᠰᠡᠷᠭᠡᠶᠢᠯᠡᠵᠤ ᠮᠡᠳᠡᠭᠡᠯᠡᠬᠦ ᠠᠵᠢᠯ ᠢ ᠬᠢᠵᠦ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠵᠢᠴᠢ ᠣᠯᠠᠨ ᠲᠦᠮᠡᠨ ᠳᠤ ᠭᠠᠩᠳᠠᠭᠰᠠᠨ ᠪᠠᠶᠢᠳᠠᠯ ᠤᠨ ᠤᠶᠢᠯᠡᠴᠢᠯᠡᠭᠡ ᠬᠠᠩᠭᠠᠬᠤ ᠵᠢᠴᠢ | ᠲᠦᠬᠦᠭᠡᠷᠤᠮᠵᠢ ᠶᠢ ᠰᠡᠯᠪᠢᠨ ᠵᠠᠰᠠᠬᠤ᠂ ᠭᠠᠩ ᠬᠠᠭᠰᠠᠷᠠᠭᠠᠨ ᠲᠠᠢ ᠲᠡᠮᠡᠴᠡᠬᠦ ᠲᠦᠷ ᠴᠠᠭ ᠤᠨ ᠴᠢᠨᠠᠷᠲᠠᠶ ᠤᠰᠤᠨ | ᠠᠰᠢᠭᠯᠠᠯᠳᠠ ᠶᠢᠨ ᠪᠠᠷᠢᠯᠭ᠎ᠠ ᠵᠢᠴᠢ ᠬᠥᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠢ ᠬᠠᠮᠠᠭᠠᠯᠠᠵᠤ᠂ | ᠰᠡᠷᠭᠦᠭᠡᠵᠦ᠂ ᠪᠠᠶᠢᠭᠤᠯᠬᠤ ᠬᠡᠷᠡᠭᠲᠡᠶ᠃ | ︵ᠠᠷᠪᠠᠨ ᠭᠤᠷᠪᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ | ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ᠬᠥᠷᠥᠰᠥ ᠰᠢᠷᠣᠶ ᠶᠢ ᠬᠠᠮᠠᠭᠠᠯᠠᠬᠤ | ᠬᠢᠨᠠᠨ ᠬᠡᠮᠵᠢᠯᠲᠡ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠳᠡᠭᠡᠭᠰᠢ ᠮᠡᠳᠡᠬᠦᠯᠬᠦ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠥᠷᠥᠰᠥ ᠰᠢᠷᠣᠶ ᠶᠢ ᠬᠠᠮᠠᠭᠠᠯᠠᠬᠤ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢᠨ ᠬᠠᠮᠠᠭᠠᠯᠠᠯᠳᠠ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠤᠶᠢᠯᠡᠳᠪᠤᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ | ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠵᠥᠪᠰᠢᠶᠡᠷᠡᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠬᠥᠷᠥᠰᠥ ᠰᠢᠷᠣᠶ ᠶᠢ ᠬᠠᠮᠠᠭᠠᠯᠠᠬᠤ ᠨᠥᠬᠦᠪᠥᠷᠢ ᠰᠤᠶᠢᠳᠭᠡᠯ ᠢ ᠲᠠᠲᠠᠪᠤᠷᠢᠯᠠᠬᠤ ᠶᠢ ᠬᠠᠷᠢᠭᠤᠴᠠᠨ᠎ᠠ᠃ | ︵ᠠᠷᠪᠠᠨ ᠲᠦᠷᠪᠡ︶ ᠡᠭᠦᠷᠭᠡ ᠴᠢᠳᠠᠪᠤᠷᠢ ᠪᠠᠨ ᠦᠭᠡᠷᠡᠴᠢᠯᠡᠨ᠎ᠡ᠃ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠨᠢ ᠡᠷᠬᠡᠪᠰᠢ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ᠂ | ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠭᠠᠮᠨᠠᠵᠤ ᠬᠠᠮᠠᠭᠠᠯᠠᠬᠤ ᠶᠢ ᠦᠨᠡᠨᠬᠦ ᠴᠢᠩᠭᠠᠳᠬᠠᠬᠤ ᠬᠡᠷᠡᠭᠲᠡᠶ᠃ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠬᠠᠩᠭᠠᠯᠭ᠎ᠠ ᠶᠢ ᠨᠡᠮᠡᠭᠳᠡᠭᠦᠯᠵᠣ ᠪᠠᠶᠢᠭᠰᠡᠨ ᠠᠴᠠ | ᠬᠡᠷᠡᠭᠴᠡᠭᠡᠨ ᠤ ᠬᠠᠮᠢᠶᠠᠷᠤᠯᠲᠠ ᠶᠢ ᠨᠠᠩ ᠴᠢᠬᠤᠯᠠᠴᠢᠯᠠᠬᠤ ᠲᠡᠰᠢ ᠬᠤᠪᠢᠷᠠᠭᠤᠯᠵᠤ᠂ ᠤᠰᠤ ᠬᠡᠷᠡᠭᠯᠡᠬᠦ ᠶᠡᠷᠦᠩᠬᠡᠶ | ᠬᠡᠮᠵᠢᠶ ᠡ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ᠂ ᠤᠰᠤᠨ ᠣᠷᠣᠨ ᠪᠣᠯᠤᠨ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠤᠯ ᠮᠥᠷᠡᠨ | ᠨᠠᠭᠤᠷ ᠴᠥᠭᠦᠷᠥᠮ ᠢ ᠡᠷᠡᠭᠦᠯ ᠰᠠᠶᠢᠬᠠᠨ ᠪᠠᠷ ᠨᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ | ᠬᠠᠷᠠᠭᠠᠯᠵᠠᠬᠤ ᠶᠢ ᠪᠠᠷᠢᠮᠲᠠᠯᠠᠨ᠂ ᠵᠦᠶ ᠵᠣᠬᠢᠰᠲᠠᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠣᠯᠤᠨ ᠤᠰᠤᠨ ᠤ | ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ | ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ᠃ | ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | 1᠂ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠲᠠᠢ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠄ ᠬᠤᠰᠢᠭᠤᠨ ᠤ ᠤᠰᠤᠨ | ᠠᠰᠢᠭᠯᠠᠯᠲᠠ ᠶᠢᠨ ᠲᠣᠪᠴᠢᠶ᠎ᠠ ᠭᠤᠤᠯ ᠤᠨ ᠣᠷᠣᠰᠬᠠᠯ ᠠᠴᠠ ᠡᠯᠡᠰᠦ ᠮᠠᠯᠲᠠᠬᠤ ᠳᠤ ᠦᠶᠡᠷ ᠢ ᠰᠡᠷᠭᠡᠶᠢᠯᠡᠬᠦ ᠠᠮᠤᠷ | ᠲᠦᠪᠰᠢᠨ᠂ ᠭᠤᠤᠯ ᠤᠨ ᠪᠠᠶᠢᠳᠠᠯ ᠲᠣᠭᠲᠠᠭᠤᠨ᠂ ᠳᠠᠯᠠᠩ ᠤᠨ ᠠᠮᠤᠷ ᠲᠦᠪᠰᠢᠨ ᠢ ᠨᠦᠯᠦᠭᠡᠯᠡᠬᠦ ᠶᠢ ᠬᠠᠷᠢᠭᠤᠴᠠᠨ᠎ᠠ | ︔ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠭᠤᠤᠯ ᠤᠨ ᠣᠷᠣᠰᠬᠠᠯ ᠳᠣᠲᠣᠷᠠᠬᠢ ᠬᠠᠶᠢᠷ | ᠴᠢᠯᠠᠭᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ︔ | ᠬᠤᠰᠢᠭᠤᠨ ᠵᠠᠮ ᠲᠡᠭᠡᠭᠡᠪᠦᠷᠢ ᠶᠢᠨ ᠲᠣᠪᠴᠢᠶ᠎ᠠ ᠨᠢ ᠭᠤᠤᠯ ᠤᠨ ᠣᠷᠣᠰᠬᠠᠯ ᠡᠴᠨᠡᠯᠡᠰᠦ ᠮᠠᠯᠳᠠᠵᠣ ᠠᠶᠠᠯᠠᠯ | ᠨᠡᠪᠲᠡᠷᠡᠬᠦ ᠠᠮᠤᠷ ᠲᠦᠪᠰᠢᠨ ᠢ ᠨᠥᠯᠥᠭᠡᠯᠡᠬᠦ ᠠᠵᠢᠯ ᠢ ᠬᠠᠷᠢᠭᠤᠴᠠᠨ᠎ᠠ᠃ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ ᠳᠡᠷᠢᠭᠦᠯᠦᠨ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠲᠡᠭᠡᠭᠡᠪᠦᠷᠢ ᠶᠢᠨ | ᠲᠣᠪᠴᠢᠶ᠎ᠠ ᠲᠠᠢ ᠬᠠᠮᠲᠤᠷᠠᠨ᠂ ᠭᠤᠤᠯ ᠮᠥᠷᠡᠨ ᠤ ᠵᠠᠮ ᠳᠡᠭᠡᠷ᠎ᠡ ᠡᠯᠡᠰᠦ ᠮᠠᠯᠲᠠᠬᠤ ᠳᠤ ᠬᠢᠨᠠᠯᠲᠠ ᠲᠠᠯᠪᠢᠵᠤ | ᠬᠠᠮᠢᠶᠠᠷᠬᠤ ᠠᠵᠢᠯ ᠢ ᠬᠠᠷᠢᠭᠤᠴᠠᠵᠤ᠂ ᠭᠤᠤᠯ ᠮᠥᠷᠡᠨ ᠤ ᠵᠠᠮ ᠳᠡᠭᠡᠷ᠎ᠡ ᠡᠯᠡᠰᠦ ᠮᠠᠯᠲᠠᠬᠤ ᠲᠥᠯᠥᠪᠵᠢᠭᠦᠯᠪᠡ ᠪᠣᠯᠤᠨ | ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠬᠡᠷᠡᠭᠲᠡᠶ᠃ | 2᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠢᠶ᠎ᠠ ᠪᠦᠬᠦᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠤᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ | ᠬᠠᠷᠢᠭᠤᠴᠠᠨ ᠨᠠᠶᠢᠳᠠᠪᠤᠷᠢᠵᠢᠭᠤᠯᠬᠤ᠂ ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ | ᠦᠶᠡᠷ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠤᠰᠤᠨ ᠤ ᠪᠠᠢᠳᠠᠯ᠂ ᠭᠠᠩ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ | ᠴᠢᠬᠤᠯᠠ ᠭᠤᠤᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ | ᠰᠡᠷᠭᠡᠶᠢᠯᠡᠵᠦ ᠭᠠᠩ ᠤᠨ ᠭᠠᠮᠰᠢᠭ ᠢ ᠰᠡᠷᠭᠡᠶᠢᠯᠡᠬᠦ ᠲᠣᠬᠢᠷᠠᠭᠤᠯᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ | ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ᠎ᠠ᠃ ᠳᠡᠰ ᠳᠠᠷᠠᠭᠠᠯᠠᠯ | ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠭᠡᠷᠡᠭᠵᠢᠬᠦᠯᠬᠦ ᠬᠡᠷᠡᠭᠲᠡᠶ᠃ ᠦᠶᠡᠷ ᠤᠨ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠬᠦᠷᠭᠡᠯᠡᠨ᠎ᠠ᠃ | ᠪᠣᠳᠠᠲᠤ ᠪᠠᠶᠢᠳᠠᠯ ᠢ ᠦᠨᠳᠦᠰᠦᠯᠡᠨ᠂ ᠬᠤᠰᠢᠭᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠨᠢ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ | ᠪᠦᠬᠦᠢ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠠᠶ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠬᠤᠰᠢᠭᠤᠨ ᠤ ᠶᠡᠷᠤᠩᠬᠡᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠪᠣᠯᠤᠨ ᠠᠶᠤᠯᠭᠦᠶ ᠦᠶ᠋ᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ | ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ | ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ | ᠵᠠᠷᠴᠢᠮ ᠤᠨ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ᠃ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ | ᠬᠡᠪᠴᠢᠶ᠎ᠡ ᠶᠣᠰᠣᠭᠠᠷ ᠲᠣᠭᠲᠠᠭᠠᠯ ᠭᠠᠷᠭᠠᠬᠤ ᠬᠡᠷᠡᠭᠲᠡᠶ᠃ ᠬᠤᠰᠢᠭᠤᠨ ᠤ ᠬᠦᠨᠳᠦ ᠶᠡᠭᠡ ᠭᠠᠮᠰᠢᠭ ᠢ ᠠᠷᠭᠠᠴᠠᠬᠤ | ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ | ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠣᠭᠲᠠᠭᠠᠭᠰᠠᠨ ᠬᠠᠷᠢᠭᠤᠴᠠᠯᠭᠠᠲᠠᠨ ᠢ | ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠵᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠤᠰᠤ ᠭᠠᠩ ᠤᠨ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠬᠤᠶᠠᠷ ᠰᠠᠯᠠᠭ᠎ᠠ ᠮᠥᠴᠢᠷ ᠬᠠᠮᠲᠤ ᠪᠠᠷ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ | ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ | ᠶᠤᠰᠤᠭᠠᠷ ᠨᠡᠶᠢᠲᠡᠯᠡᠬᠦ ᠬᠡᠷᠡᠭᠲᠡᠶ᠃ | ︵ᠠᠷᠪᠠᠨ ᠵᠢᠷᠭᠤᠭ᠎ᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ | | |