ᠰᠢᠯᠤᠭᠤᠨ ᠬᠥᠬᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠳᠣᠪᠴᠢᠶ᠎ᠠ
ᠨᠡᠶᠢᠲᠡᠯᠡᠭᠰᠡᠨ ᠴᠠᠭ᠄
2020/6/17
      ᠰᠢᠯᠤᠭᠤᠨ ᠬᠥᠬᠡ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 2019 ᠣᠨ ᠤ 1 ᠰᠠᠷ᠎ᠠ ᠶᠢᠨ 30 ᠤ ᠡᠳᠦᠷ ᠪᠠᠶᠢᠭᠤᠯᠤᠭᠳᠠᠵᠤ᠂ ᠪᠦᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠵᠠᠯᠭᠠᠨ ᠭᠠᠷᠳᠠᠪᠠ᠃ ︽ᠭᠤᠷᠪᠠ ᠶᠢ ᠲᠣᠭᠲᠠᠭᠠᠬᠤ︾ ᠲᠥᠰᠦᠯ ᠤᠨ ᠶᠣᠰᠣᠭᠠᠷ᠂ ᠬᠤᠰᠢᠭᠤ ᠡᠮ ᠡᠮᠨᠡᠯᠭᠡ ᠶᠢᠨ ᠲᠣᠪᠴᠢᠶ᠎ᠠ ᠨᠢ ᠠᠯᠪᠠᠨ ᠭᠡᠷ᠂ ᠣᠯᠭᠤᠮᠵᠢ ᠶᠢᠨ ᠪᠠᠲᠤᠯᠠᠭ᠎ᠠ ᠪᠠ ᠡᠮ ᠡᠮᠨᠡᠯᠭᠡ ᠶᠢᠨ ᠦᠨ᠎ᠡ ᠬᠠᠩᠰᠢ ᠶᠢᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠠᠰᠤᠭ᠂ ᠡᠳ᠋ ᠤᠨ ᠶᠠᠪᠤᠳᠠᠯ ᠬᠢᠭᠡᠳ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠠᠰᠤᠭ ᠲᠠᠢ᠃ ᠵᠠᠰᠠᠭ ᠵᠠᠬᠢᠷᠭᠠᠨ ᠤ ᠠᠵᠢᠯ ᠤᠨ ᠣᠷᠣᠨ ᠲᠤᠭ᠎ᠠ 6᠃ ᠣᠳᠣ 6 ᠠᠵᠢᠯᠲᠠᠨ᠂ 1 ᠲᠣᠪᠴᠢᠶᠠᠨ ᠳᠠᠷᠤᠭ᠎ᠠ᠂ 2 ᠳᠡᠳ᠋ ᠲᠣᠪᠴᠢᠶᠠᠨ ᠳᠠᠷᠤᠭ᠎ᠠ ᠲᠠᠢ᠃ ᠬᠤᠶᠠᠳᠤᠭᠠᠷ ᠱᠠᠳᠤᠨ ᠤ ᠪᠠᠶᠢᠭᠤᠯᠤᠮᠵᠢ ᠪᠣᠯᠬᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠳᠤ 10 ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠵᠤ᠂ 4 ᠠᠵᠢᠯᠲᠠᠨ ︵ᠠᠯᠪᠠᠲᠠᠨ︶ ᠲᠠᠢ᠃       ᠬᠤᠰᠢᠭᠤ ᠡᠮ ᠡᠮᠨᠡᠯᠭᠡ ᠶᠢᠨ ᠲᠣᠪᠴᠢᠶ᠎ᠠ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭᠠᠨ ᠤ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠢᠷᠠᠭᠤᠯᠤᠨ ᠵᠣᠬᠢᠶᠠᠵᠤ᠂ ᠪᠦᠬᠦ ᠬᠤᠰᠢᠭᠤᠨ ᠤ ᠡᠮ ᠡᠮᠨᠡᠯᠭᠡ᠂ ᠦᠷᠡᠵᠢᠯ ᠤᠨ ᠳᠠᠭᠠᠳᠬᠠᠯ ᠢ ᠭᠠᠷᠳᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠲᠥᠯᠦᠪᠵᠢᠭᠦᠯᠭᠡ ᠪᠠ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢ ᠳ᠋ᠦᠩᠨᠡᠨ ᠪᠣᠳᠣᠬᠤ᠂ ᠬᠢᠨᠠᠨ ᠬᠠᠷᠭᠤᠭᠤᠯᠬᠤ᠂  ᠪᠠᠭᠤᠯᠭᠠᠨ ᠥᠭᠬᠦ ᠪᠠ ᠲᠤᠯᠭᠠᠨ ᠪᠣᠳᠣᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠨ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠭᠤᠯᠭᠠᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠴᠤᠭᠯᠠᠭᠤᠯᠬᠤ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠮᠢᠳᠤᠯᠢᠭ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠶ ᠪᠠᠶᠢᠯᠭᠠᠬᠤ ᠲᠤᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮ ᠡᠮᠨᠡᠯᠭᠡ ᠶᠢᠨ  ᠦᠢᠯᠡᠴᠢᠯᠡᠭᠡᠨ ᠤ ᠲᠥᠷᠥᠯ ᠵᠦᠢᠯ᠂ ᠡᠮ ᠡᠮᠨᠡᠯᠭᠡ ᠶᠢᠨ ᠳᠥᠬᠦᠭᠡᠷᠦᠮᠵᠢ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠠᠮᠢᠳᠤᠯᠢᠭ ᠲᠣᠬᠢᠷᠠᠭᠤᠯᠤᠯᠲᠠ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠪᠠᠷᠢᠮᠵᠢᠶᠠᠨ ᠳᠤ ᠵᠥᠪᠰᠢᠶᠡᠷᠡᠨ ᠣᠷᠣᠭᠤᠯᠬᠤ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠳᠦᠬᠦᠭᠡᠷᠦᠮᠵᠢ ᠶᠢᠨ ᠰᠦᠢᠳᠭᠡᠯ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠠᠮᠢᠳᠤᠯᠢᠭ ᠢᠶᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠨᠡᠶᠢᠭᠡᠮ ᠤᠨ ᠡᠮ ᠡᠮᠨᠡᠯᠭᠡ ᠶᠢᠨ  ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠡᠮ ᠤᠨ ᠵᠦᠢᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢ ᠭᠠᠷᠲᠠᠨ ᠭᠦᠢᠴᠡᠳᠭᠡᠬᠦ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃       ᠬᠤᠰᠢᠭᠤ ᠡᠮ ᠡᠮᠨᠡᠯᠭᠡ ᠶᠢᠨ ᠲᠣᠪᠴᠢᠶ᠎ᠠ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠷ ᠲᠤᠬᠠᠶᠢᠯᠠᠭᠰᠠᠨ ᠠᠵᠢᠯ ᠪᠣᠯᠭᠠᠨ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠦᠶ ᠵᠣᠬᠢᠰᠲᠠᠶ ᠬᠡᠷᠡᠭᠯᠡᠬᠦ ᠶᠢᠨ ᠬᠠᠮᠲᠤ᠂ ᠠᠮᠤᠷ ᠲᠦᠪᠰᠢᠨ ᠢ ᠪᠠᠲᠤᠯᠠᠵᠤ᠂ ᠡᠮ ᠡᠮᠨᠡᠯᠭᠡ᠂ ᠡᠮ ᠡᠮᠨᠡᠯᠭᠡ ᠶᠢᠨ ᠳᠠᠭᠠᠳᠬᠠᠯ᠂ ᠡᠮ ᠤᠨ ᠵᠦᠢᠯ ︽ᠭᠤᠷᠪᠠ ᠶᠢ ᠬᠤᠯᠪᠤᠬᠤ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠩ ᠰᠠᠶᠢᠨ ᠪᠠᠲᠤᠯᠠᠨ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ  ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号