| | ᠨᠢᠭᠡ᠂ ᠦᠨᠳᠤᠰᠤᠨ ᠪᠠᠶᠢᠳᠠᠯ : ᠰᠢᠯᠤᠭᠤᠨ ᠬᠦᠬᠡ ᠬᠤᠰᠢᠭᠤᠨ ᠤ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ | ᠲᠤᠪᠴᠢᠶ᠎ᠠ ᠨᠢ ᠬᠤᠰᠢᠭᠤ ᠵᠠᠰᠠᠭ ᠤᠨ ᠤᠷᠳᠤᠨ ᠤ ᠰᠠᠯᠠᠭ᠎ᠠ ᠲᠡᠰ ᠤᠨ ᠪᠠᠶᠢᠭᠤᠯᠤᠮᠵᠢ ᠮᠦᠨ᠂ ᠬᠤᠰᠢᠭᠤ ᠤᠶᠤᠨ | ᠤ ᠦᠮᠴᠢ ᠶᠢᠨ ᠡᠷᠬᠡ ᠶᠢᠨ ᠲᠤᠪᠴᠢᠶᠠᠨ ᠤ ᠫᠠᠶᠢᠰᠠ ᠶᠢ ᠡᠯᠭᠦᠵᠤ᠂ ᠲᠤᠬᠠᠶᠢᠯᠠᠭᠰᠠᠨ ᠠᠵᠢᠯ ᠶᠢ ᠡᠭᠦᠷᠭᠡᠯᠡᠨ᠎ᠠ᠃ | 1. ᠪᠦᠬᠦ ᠲᠤᠪᠴᠢᠶ᠎ᠠ ᠤᠳᠤᠬᠠᠨ ᠳᠤ 13 ᠲᠠᠰᠤᠭ ᠪᠤᠢ ︵ᠠᠯᠪᠠᠨ ᠭᠡᠷ᠂ ᠨᠢᠬᠲᠠᠯᠠᠨ ᠪᠤᠳᠤᠯᠭ᠎ᠠ ᠪᠠ | ᠲᠤᠨᠤᠭᠯᠠᠯ ᠲᠦᠬᠦᠭᠡᠷᠦᠮᠵᠢ ᠶᠢᠨ ᠲᠠᠰᠤᠭ᠂ ᠬᠠᠤᠯᠢ ᠲᠦᠷᠢᠮ ᠤᠨ ᠲᠠᠰᠤᠭ᠂ ᠭᠤᠤᠯᠴᠢ ᠪᠠᠷ ᠠᠷᠠᠯᠵᠢᠶᠠᠵᠢᠭᠤᠯᠠᠬᠤ | ᠪᠠ ᠬᠡᠷᠡᠭᠯᠡᠭᠴᠢᠳᠳ ᠡᠷᠬᠡ ᠠᠰᠢᠭ ᠢ ᠬᠠᠮᠠᠭᠠᠯᠠᠬᠤ ᠲᠠᠰᠤᠭ᠂ ᠵᠠᠬ᠎ᠠ ᠲᠡᠯᠭᠡᠭᠦᠷ ᠢ ᠲᠦᠷᠢᠮᠵᠢᠭᠦᠯᠦᠨ ᠬᠠᠮᠢᠶᠠᠷᠬᠤ | ᠲᠠᠰᠤᠭ᠂ ᠠᠵᠤ ᠠᠬᠤᠶᠢᠯᠠᠯ ᠤᠨ ᠲᠠᠩᠰᠠᠯᠠᠯᠳᠠ ᠪᠠ ᠢᠳᠡᠭᠡᠮᠵᠢ ᠶᠢ ᠬᠢᠨᠠᠨ ᠬᠠᠮᠢᠶᠠᠷᠬᠤ ᠲᠠᠰᠤᠭ᠂ ᠢᠳᠡᠭᠡᠨ ᠢ ᠬᠢᠨᠠᠨ | ᠬᠠᠮᠢᠶᠠᠷᠬᠤ ᠲᠠᠰᠤᠭ᠂ ᠡᠮ ᠲᠠᠩ ᠪᠠ ᠭᠤᠶᠤᠯᠠᠯ ᠵᠠᠰᠠᠯ ᠤᠨ ᠡᠳ᠋ ᠶᠢᠨ ᠬᠢᠨᠠᠨ ᠬᠠᠮᠢᠶᠠᠷᠤᠯᠳᠠ ᠵᠢᠨᠲ᠋ᠠᠰᠤᠭ᠂ | ᠶᠡᠷᠦᠩᠬᠡᠶᠢᠯᠡᠭᠰᠡᠨᠲ᠋ᠠᠰᠤᠭ᠂ ᠶᠠᠰᠤ ᠴᠢᠨᠠᠷ ᠢ ᠬᠢᠨᠠᠨ ᠬᠠᠮᠢᠶᠠᠷᠬᠤ ᠪᠠ ᠪᠠᠷᠢᠮᠵᠢᠶᠠᠵᠢᠭᠤᠯᠤᠯᠳᠠ ᠵᠢᠨᠲ᠋ᠠᠰᠤᠭ᠂ ᠬᠡᠮᠵᠢᠭᠦᠷ | ᠪᠠ ᠤᠨᠴᠠᠭᠠᠢ ᠲᠦᠬᠦᠭᠡᠷᠦᠮᠵᠢ ᠢ ᠬᠢᠨᠠᠨ ᠬᠠᠮᠢᠶᠠᠷᠬᠤ ᠲᠠᠰᠤᠭ᠂ ᠦᠨ᠎ᠡ ᠬᠠᠩᠰᠢ ᠶᠢ ᠬᠢᠨᠠᠨ ᠬᠠᠮᠢᠶᠠᠷᠬᠤ ᠲᠠᠰᠤᠭ᠂ | ᠤᠶᠤᠨ ᠤ ᠦᠮᠴᠢ ᠶᠢᠨ ᠡᠷᠬᠡ ᠵᠢᠨᠲ᠋ᠠᠰᠤᠭ︶᠂ ᠲᠤᠮᠢᠯᠠᠭᠰᠠᠨ ᠪᠠᠶᠢᠭᠤᠯᠭ᠎ᠠ 3 ︵ ᠱᠠᠩᠳᠤ ᠳᠠᠬᠢ ᠵᠠᠬ᠎ᠠ ᠲᠡᠯᠭᠡᠭᠦᠷ | ᠢ ᠬᠢᠨᠠᠨ ᠬᠠᠮᠢᠶᠠᠷᠬᠤ ᠰᠠᠯᠪᠤᠷᠢ᠂ ᠰᠠᠩ ᠤᠨ ᠲᠠᠯᠠᠢ᠂ ᠳᠠᠬᠢ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠰᠠᠯᠪᠤᠷᠢ᠂ | ᠬᠠᠪᠢᠷᠭ᠎ᠠ᠂ ᠳᠠᠬᠢ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠰᠠᠯᠪᠤᠷᠢ︶᠂ ᠠᠵᠢᠯ ᠤᠶᠢᠯᠡᠰ ᠤᠨ ᠨᠢᠭᠡᠴᠠ 1 | ︵ᠰᠢᠯᠤᠭᠤᠨ ᠬᠦᠬᠡ ᠬᠤᠰᠢᠭᠤᠨ ᠤ ᠤᠶᠢᠯᠡᠳᠭᠦᠨ ᠤ ᠶᠠᠰᠤ ᠴᠢᠨᠠᠷ ᠪᠠ ᠬᠡᠮᠵᠢᠭᠦᠷ ᠢ ᠰᠢᠯᠭᠠᠨ ᠪᠠᠶᠢᠴᠠᠭᠠᠬᠤ ᠭᠠᠵᠠᠷ︶ | ᠂ ᠲᠦᠰᠢᠴᠠ ᠨᠢᠭᠡᠴᠠ 2 ︵ᠰᠢᠯᠤᠭᠤᠨ ᠬᠦᠬᠡ ᠬᠤᠰᠢᠭᠤᠨ ᠤ ᠬᠤᠪᠢ ᠶᠢᠨ ᠬᠦᠳᠡᠯᠮᠦᠷᠢᠯᠡᠭᠴᠢᠳ ᠤᠨ ᠨᠡᠶᠢᠭᠡᠮᠯᠢᠭ᠂ | ᠰᠢᠯᠤᠭᠤᠨ ᠬᠦᠬᠡ ᠬᠤᠰᠢᠭᠤᠨ ᠤ ᠬᠡᠷᠡᠭᠯᠡᠭᠴᠢᠳ ᠤᠨ ᠨᠡᠶᠢᠭᠡᠮᠯᠢᠭ︶᠃ | 2. ᠰᠢᠯᠤᠭᠤᠨ ᠬᠦᠬᠡ ᠬᠤᠰᠢᠭᠤᠨ ᠤ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠤᠪᠴᠢᠶ᠎ᠠ ᠪᠠᠶᠢᠭᠤᠯᠤᠭᠳᠠᠵᠤ᠂ ᠠᠵᠢᠯ ᠤᠶᠢᠯᠡᠰ ᠤᠨ ᠠᠵᠢᠯᠳᠠᠨ 4 ᠬᠦᠮᠦᠨ ᠢ ᠰᠢᠯᠵᠢᠭᠦᠯᠦᠨ | ᠡᠯᠰᠠᠵᠤ᠂ ᠪᠦᠬᠦᠬᠤᠰᠢᠭᠤᠨ ᠤ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠬᠡᠪᠴᠢᠶᠡᠨ ᠲᠠᠬᠢ ᠬᠠᠤᠯᠢ ᠬᠡᠷᠡᠭᠵᠢᠭᠦᠯᠬᠦ | ᠠᠵᠢᠯ ᠢ ᠡᠭᠦᠷᠭᠡᠯᠡᠭᠦᠯᠪᠡ᠃ | 3. ᠰᠢᠯᠤᠭᠤᠨ ᠬᠦᠬᠡ ᠬᠤᠰᠢᠭᠤᠨ ᠤ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠲᠤᠪᠴᠢᠶᠠᠨ ᠤ ᠪᠠᠶᠢᠭᠤᠯᠭ᠎ᠠ | ᠶᠢᠨ ᠵᠠᠰᠠᠭ ᠵᠠᠬᠢᠷᠭᠠᠨ ᠤ ᠤᠷᠤᠨ ᠲᠤᠭ᠎ᠠ ᠨᠢ 26 ᠨᠡᠷ᠎ᠡ ᠃ ᠲᠤᠪᠴᠢᠶᠠᠨ ᠲᠠᠷᠤᠭ᠎ᠠ 1᠂ ᠲᠡᠳ᠋ ᠲᠤᠪᠴᠢᠶᠠᠨ | ᠲᠠᠷᠤᠭ᠎ᠠ 4 ︵ᠡᠭᠦᠨ ᠳᠤ᠄ 1 ᠬᠦᠮᠦᠨ ᠨᠢ ᠬᠤᠰᠢᠭᠤ ᠤᠶᠤᠨ ᠤ ᠦᠮᠴᠢ ᠶᠢᠨ ᠡᠷᠬᠡ ᠶᠢᠨ ᠲᠤᠪᠴᠢᠶᠠᠨ ᠤ | ᠲᠠᠷᠤᠭ᠎ᠠ ᠶᠢᠨ ᠲᠤᠰᠢᠶᠠᠯ ᠢ ᠬᠠᠪᠰᠤᠷᠭᠠᠵᠤ ᠪᠤᠢ︶᠃ ᠡᠯ᠎ᠡ ᠬᠢᠨᠠᠨ ᠬᠠᠮᠢᠶᠠᠷᠬᠤ ᠰᠠᠯᠪᠤᠷᠢ ᠶᠢᠨ ᠵᠠᠰᠠᠭ ᠵᠠᠬᠢᠷᠭᠠᠨ ᠤ | ᠤᠷᠤᠨ ᠲᠤᠭ᠎ᠠ ᠨᠢ 11 ᠪᠠᠶᠢᠨ᠎ᠠ᠃ | 4. ᠪᠦᠬᠦ ᠲᠤᠪᠴᠢᠶ᠎ᠠ ᠤᠳᠤᠬᠠᠨ ᠳᠤ ᠤᠷᠤᠨ ᠲᠤᠭ᠎ᠠ ᠲᠠᠢ ᠠᠵᠢᠯᠳᠠᠨ 46 ᠨᠡᠷᠡᠰ᠂ ᠡᠭᠦᠨ ᠳᠤ | ᠤᠯᠤᠰ ᠤᠨ ᠠᠯᠪᠠᠳᠠᠨ 37 ︵6 ᠲᠤᠪᠴᠢᠶᠠᠨ ᠲᠠᠷᠤᠭ᠎ᠠ ᠶᠢ ᠪᠠᠭᠳᠠᠨ᠎ᠠ︶᠂ ᠠᠵᠢᠯ ᠤᠶᠢᠯᠡᠰ ᠤᠨ ᠠᠵᠢᠯᠳᠠᠨ 6᠂ | ᠠᠵᠢᠯᠴᠢᠨ 3 ᠨᠡᠷᠡᠰ ᠪᠠᠶᠢᠨ᠎ᠠ᠃ ᠡᠭᠦᠨ ᠠᠴᠠ ᠭᠠᠳᠠᠨ᠎ᠠ᠂ ᠲᠤᠰᠬᠠᠢ ᠤᠷᠢᠭᠰᠠᠨ ᠴᠢᠳᠠᠪᠤᠷᠢᠳᠠᠨ᠂ ᠠᠳᠠᠯᠢ | ᠠᠵᠢᠯ ᠲᠤ ᠠᠳᠠᠯᠢ ᠬᠦᠯᠦᠰᠦ ᠤᠯᠭᠤᠬᠤ ᠠᠵᠢᠯ ᠤᠨ ᠪᠠᠶᠢᠷᠢ᠂ ᠨᠡᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ | ᠭᠡᠷ᠎ᠡ ᠶᠢᠨ ᠠᠵᠢᠯᠳᠠᠨ ᠵᠡᠷᠭᠡ 5 ᠨᠡᠷᠡᠰ ᠪᠤᠢ᠃ | ᠬᠤᠶᠠᠷ᠂ ᠭᠤᠤᠯ ᠲᠤᠰᠢᠶᠠᠯ ᠬᠠᠷᠢᠭᠤᠴᠠᠯᠭ᠎ᠠ : | (1) ᠵᠠᠬ᠎ᠠ ᠲᠡᠯᠭᠡᠭᠦᠷ ᠤᠨ ᠶᠡᠷᠤᠩᠬᠡᠶᠢᠯᠡᠭᠰᠡᠨ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ᠎ᠠ᠃ ᠤᠯᠤᠰ ᠪᠠ | ᠦᠪᠡᠷᠳᠡᠭᠡᠨ ᠵᠠᠰᠠᠬᠤ ᠤᠷᠤᠨ ᠤ ᠵᠠᠬ᠎ᠠ ᠲᠡᠯᠭᠡᠭᠦᠷ ᠤᠨᠬᠢᠨᠠᠯᠳᠠ ᠬᠠᠮᠢᠶᠠᠷᠤᠯᠳᠠ ᠶᠢᠨ ᠲᠤᠬᠠᠢ ᠲᠦᠷᠤ ᠶᠢᠨ ᠪᠤᠳᠤᠯᠭ᠎ᠠ | ᠬᠠᠤᠯᠢ ᠴᠠᠭᠠᠵᠠ ᠬᠠᠤᠯᠢ ᠲᠦᠷᠢᠮ ᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠪᠤᠳᠠᠳᠠᠢ ᠠᠷᠭ᠎ᠠ ᠬᠡᠮᠵᠢᠶ᠎ᠡ | ᠲᠤᠭᠲᠠᠭᠠᠵᠤ ᠵᠤᠬᠢᠶᠠᠨ ᠪᠠᠶᠢᠭᠤᠯᠵᠤ ᠬᠡᠷᠡᠭᠵᠢᠭᠦᠯᠤᠨ᠎ᠠ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ | ᠲᠦᠯᠦᠪᠵᠢᠭᠦᠯᠭᠡ᠂ ᠢᠳᠡᠭᠡᠨ ᠤ ᠠᠮᠤᠷ ᠲᠦᠪᠰᠢᠨ ᠤ ᠬᠦᠭᠵᠢᠯᠳᠡ ᠵᠢᠨᠲ᠋ᠦ᠋ᠯᠦᠪᠵᠢᠭᠦᠯᠭᠡ ᠪᠤᠯᠤᠨ ᠪᠠᠷᠢᠮᠵᠢᠶᠠᠯᠠᠯ | ᠤᠨ ᠬᠦᠭᠵᠢᠯᠳᠡ ᠵᠢᠨᠲ᠋ᠦ᠋ᠯᠦᠪᠵᠢᠭᠦᠯᠭᠡ᠂ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠲᠦᠷᠢᠮᠵᠢᠭᠦᠯᠤᠨ ᠬᠠᠮᠠᠭᠠᠯᠠᠬᠤ᠂ | ᠰᠢᠳᠤᠷᠭᠤ ᠢᠳᠡᠭᠡᠯ ᠲᠠᠢ᠂ ᠭᠤᠤᠯᠴᠢ ᠪᠠᠷ ᠦᠷᠢᠰᠦᠯᠳᠦᠬᠦ ᠵᠠᠬ᠎ᠠ ᠲᠡᠯᠭᠡᠭᠦᠷ ᠤᠨ ᠤᠷᠴᠢᠨ ᠲᠤᠭᠤᠷᠢᠨ ᠢ ᠪᠤᠢ | ᠪᠤᠯᠭᠠᠨ᠎ᠠ᠃ | (2) ᠵᠠᠬ᠎ᠠ ᠲᠡᠯᠭᠡᠭᠦᠷ ᠤᠨ ᠭᠤᠤᠯ ᠴᠤᠭᠴᠠ ᠶᠢᠨ ᠨᠢᠭᠡᠳᠤᠯᠳᠠᠢ ᠲᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ | ᠡᠯ᠎ᠡ ᠲᠦᠷᠦᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠪᠠ ᠡᠵᠡᠩᠨᠡᠯᠳᠡ ᠶᠢᠨ | ᠬᠦᠳᠡᠯᠭᠡᠭᠡᠨ ᠡᠷᠬᠢᠯᠡᠵᠤ ᠪᠠᠶᠢᠬᠤ ᠨᠢᠭᠡᠴᠡ᠂ ᠬᠤᠪᠢ ᠶᠢᠨ ᠤᠶᠢᠯᠡᠳᠪᠤᠷᠢ ᠬᠤᠳᠠᠯᠳᠤᠭᠠᠨ ᠤ ᠡᠷᠤᠬᠡ ᠵᠢᠴᠢ | ᠡᠷᠬᠡᠵᠢᠭᠦᠯᠬᠦ ᠬᠦᠷᠢᠶ᠎ᠡ ᠬᠡᠪᠴᠢᠶᠡᠨ ᠲᠠᠬᠢ ᠭᠠᠳᠠᠭᠠᠳᠤ ᠠᠷᠠᠯᠵᠢᠶᠠᠨ ᠤ ᠪᠡᠯᠡ ᠤᠷᠤᠭᠤᠯᠤᠯᠳᠠ ᠶᠢᠨ ᠠᠵᠤ ᠠᠬᠤᠶᠢᠯᠠᠯ | ᠵᠡᠷᠭᠡ ᠵᠠᠬ᠎ᠠ ᠲᠡᠯᠭᠡᠭᠦᠷ ᠤᠨ ᠭᠤᠤᠯ ᠴᠤᠭᠴᠠ ᠵᠢᠨᠲ᠋ᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ᠎ᠠ᠃ ᠵᠠᠬ᠎ᠠ | ᠲᠡᠯᠭᠡᠭᠦᠷ ᠤᠨ ᠭᠤᠤᠯ ᠴᠤᠭᠴᠠ ᠶᠢᠨ ᠰᠤᠷᠠᠭ ᠵᠠᠩᠭᠢ ᠶᠢᠨ ᠨᠡᠶᠢᠳᠡᠯᠡᠨ ᠵᠠᠷᠯᠠᠬᠤ ᠶᠢ ᠬᠠᠮᠳᠤ ᠪᠠᠷ ᠡᠳ᠋ᠯᠡᠬᠦ | ᠲᠤᠭᠳᠠᠯᠴᠠᠭ᠎ᠠ ᠶᠢ ᠪᠠᠶᠢᠭᠤᠯᠵᠤ᠂ ᠬᠠᠤᠯᠢ ᠶᠤᠰᠤᠭᠠᠷ ᠬᠠᠮᠢᠶ᠎ᠠ ᠪᠦᠬᠦᠢ ᠰᠤᠷᠠᠭ ᠵᠠᠩᠭᠢ ᠶᠢᠨ ᠨᠡᠶᠢᠳᠡᠯᠡᠨ ᠵᠠᠷᠯᠠᠬᠤ ᠶᠢ | ᠬᠠᠮᠳᠤ ᠪᠠᠷ ᠡᠳ᠋ᠯᠡᠵᠤ᠂ ᠢᠳᠡᠭᠡᠮᠵᠢ ᠶᠢᠨ ᠬᠢᠨᠠᠨ ᠬᠠᠮᠢᠶᠠᠷᠤᠯᠳᠠ ᠪᠠᠨ ᠴᠢᠩᠭᠤᠳᠭᠠᠵᠤ ᠂ ᠵᠠᠬ᠎ᠠ ᠲᠡᠯᠭᠡᠭᠦᠷ ᠤᠨ | ᠭᠤᠤᠯ ᠴᠤᠭᠴᠠ ᠵᠢᠨᠢᠳᠡᠭᠡᠮᠵᠢ ᠶᠢᠨ ᠰᠢᠰᠲ᠋ᠧᠮᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ | (3) ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠤᠯᠳᠠ ᠶᠢ | ᠬᠠᠷᠢᠭᠤᠴᠠᠵᠤ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠭᠦᠯᠤᠯᠳᠠ | ᠶᠢᠨ ᠡᠩᠨᠡᠭᠡ ᠶᠢ ᠰᠢᠯᠢᠳᠡᠭᠵᠢᠭᠦᠯᠤᠨ ᠪᠠᠶᠢᠭᠤᠯᠵᠤ᠂ ᠨᠢᠭᠡᠳᠤᠯᠳᠠᠢ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢ | ᠬᠡᠷᠡᠭᠵᠢᠭᠦᠯᠤᠨ᠎ᠠ᠃ ᠬᠠᠤᠯᠢ ᠶᠤᠰᠤᠭᠠᠷ ᠬᠠᠤᠯᠢ ᠵᠦᠷᠢᠴᠡᠭᠰᠡᠨ ᠠᠵᠢᠯᠯᠠᠭ᠎ᠠ ᠶᠢ ᠰᠢᠢᠳᠭᠡᠨ ᠲᠤᠷᠭᠤᠵᠤ᠂ ᠵᠠᠬ᠎ᠠ | ᠲᠡᠯᠭᠡᠭᠦᠷ ᠤᠨᠬᠢᠨᠠᠯᠳᠠ ᠬᠠᠮᠢᠶᠠᠷᠤᠯᠳᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠤᠯᠳᠠ ᠶᠢ ᠲᠦᠷᠢᠮᠵᠢᠭᠦᠯᠦᠨ᠎ᠠ᠃ | | (4) ᠲᠡᠭᠡᠳᠤ ᠱᠠᠳᠤᠨ ᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨ | ᠤ ᠨᠠᠶᠢᠳᠠᠯᠭ᠎ᠠ ᠪᠠᠷ ᠭᠠᠭᠴᠠᠭᠠᠷ ᠡᠵᠡᠮᠰᠢᠬᠦ ᠠᠵᠢᠯᠯᠠᠭ᠎ᠠ ᠶᠢ ᠪᠠᠶᠢᠴᠠᠭᠠᠨ ᠲᠤᠳᠤᠯᠠᠨ᠎ᠠ ᠃ | (5) ᠵᠠᠬ᠎ᠠ ᠲᠡᠯᠭᠡᠭᠦᠷ ᠤᠨᠡᠮᠬᠢ ᠲᠢᠭᠯᠢᠮ ᠳᠤ ᠬᠢᠨᠠᠯᠳᠠ ᠬᠠᠮᠢᠶᠠᠷᠤᠯᠳᠠ ᠲᠠᠯᠪᠢᠬᠤ ᠶᠢ ᠬᠠᠷᠢᠭᠤᠴᠠᠨ᠎ᠠ᠃ | ᠵᠠᠬ᠎ᠠ ᠲᠡᠯᠭᠡᠭᠦᠷ ᠤᠨ ᠡᠮᠬᠢ ᠲᠢᠭᠯᠢᠮ ᠢ ᠲᠦᠷᠢᠮᠵᠢᠭᠦᠯᠤᠨ ᠬᠠᠮᠠᠭᠠᠯᠠᠵᠤ᠂ ᠬᠠᠤᠯᠢ ᠶᠤᠰᠤᠭᠠᠷ ᠵᠠᠬ᠎ᠠ ᠲᠡᠯᠭᠡᠭᠦᠷ ᠤᠨ | ᠠᠷᠠᠯᠵᠢᠶ᠎ᠠ ᠬᠤᠳᠠᠯᠳᠤᠭ᠎ᠠ᠂ ᠰᠦᠯᠵᠢᠶᠡᠨ ᠲᠠᠬᠢ ᠲᠠᠸᠠᠷ ᠤᠨᠠᠷᠠᠯᠵᠢᠶᠠ ᠬᠤᠳᠠᠯᠳᠤᠭ᠎ᠠ ᠵᠢᠴᠢ ᠬᠠᠮᠢᠶ᠎ᠠ ᠪᠦᠬᠦᠢ | ᠤᠶᠢᠯᠡᠴᠢᠯᠭᠡ ᠬᠢᠬᠦ ᠠᠵᠢᠯᠯᠠᠭ᠎ᠠ ᠳᠤ ᠬᠢᠨᠠᠯᠳᠠ ᠬᠠᠮᠢᠶᠠᠷᠤᠯᠳᠠ ᠲᠠᠯᠪᠢᠨ᠎ᠠ᠃ ᠦᠨ᠎ᠡ ᠬᠠᠩᠰᠢ ᠶᠢᠨ ᠬᠠᠤᠯᠢ ᠪᠤᠰᠤ | ᠠᠵᠢᠯᠯᠠᠭ᠎ᠠ᠂ ᠰᠢᠳᠤᠷᠭᠤ ᠪᠤᠰᠤ ᠦᠷᠢᠰᠤᠯᠳᠤᠭᠡᠨ᠂ ᠬᠠᠤᠯᠢ ᠪᠤᠰᠤ ᠰᠢᠭᠤᠳ ᠪᠤᠷᠤᠯᠠᠭᠤᠯᠭ᠎ᠠ᠂ ᠲᠠᠮᠵᠢᠭᠤᠯᠤᠨ | ᠪᠤᠷᠤᠯᠠᠭᠤᠯᠭ᠎ᠠ᠂ ᠲᠠᠸᠠᠷ ᠤᠨ ᠱᠤᠰᠢᠭ᠎ᠠ ᠲᠡᠮᠳᠡᠭ ᠲᠤᠰᠬᠠᠢ ᠡᠷᠬᠡ ᠤᠶᠤᠨ ᠤ ᠦᠮᠴᠢ ᠶᠢᠨ ᠡᠷᠬᠡ ᠪᠠ ᠬᠤᠳᠠᠯ | ᠬᠠᠭᠤᠷᠮᠠᠭ ᠶᠢ ᠤᠶᠢᠯᠡᠳᠪᠤᠷᠢᠯᠡᠨ ᠪᠤᠷᠤᠯᠠᠭᠤᠯᠤᠬᠤ ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠡ᠃ ᠵᠠᠷ ᠮᠡᠳᠡᠭᠡᠨ ᠤ | ᠤᠶᠢᠯᠡᠰ ᠤᠨ ᠬᠦᠭᠵᠢᠯᠳᠡ ᠶᠢ ᠬᠠᠷᠢᠭᠤᠴᠠᠵᠤ᠂ ᠵᠠᠷ ᠮᠡᠳᠡᠭᠡᠨ ᠤ ᠠᠵᠢᠯᠯᠠᠭ᠎ᠠ ᠳᠤ ᠬᠢᠨᠠᠨ ᠬᠠᠮᠢᠶᠠᠷᠤᠯᠳᠠ ᠬᠢᠨ᠎ᠡ ᠃ | ᠡᠵᠡᠩᠨᠡᠯᠳᠡ ᠶᠢᠨ ᠪᠠᠳᠤᠯᠠᠪᠤᠷᠢ ᠪᠠ ᠦᠨᠡᠮᠯᠡᠯ ᠦᠭᠡᠢ ᠪᠠᠷ ᠤᠶᠢᠯᠷᠳᠪᠤᠷᠢᠯᠡᠨ ᠡᠵᠡᠩᠨᠡᠬᠦ ᠠᠵᠢᠯᠯᠠᠭ᠎ᠠ ᠶᠢ ᠪᠠᠶᠢᠴᠠᠭᠠᠨ | ᠰᠢᠢᠳᠪᠤᠷᠢᠯᠡᠨ᠎ᠡ᠃ | (6) ᠶᠠᠰᠤ ᠴᠢᠨᠠᠷ ᠤᠨ ᠬᠤᠷᠸᠠᠴᠢᠯᠠᠭᠰᠠᠨ ᠬᠠᠮᠢᠶᠠᠷᠤᠯᠳᠠ ᠶᠢ ᠬᠠᠷᠢᠭᠤᠴᠠᠨ᠎ᠠ᠃ ᠶᠠᠰᠤ ᠴᠢᠨᠠᠷ ᠤᠨ | ᠬᠦᠭᠵᠢᠯᠳᠡ ᠶᠢᠨ ᠲᠦᠷᠢᠮ ᠲᠤᠭᠳᠠᠭᠠᠯ ᠠᠷᠭ᠎ᠠ ᠬᠡᠮᠵᠢᠶ᠎ᠡ ᠶᠢ ᠲᠦᠰᠦᠪᠯᠡᠨ ᠲᠤᠭᠳᠠᠭᠠᠵᠤ ᠬᠡᠷᠡᠭᠵᠢᠭᠦᠯᠤᠨ᠎ᠠ ᠂ | ᠨᠡᠷᠡᠳᠤ ᠪᠦᠲᠤᠭᠡᠭᠳᠦᠭᠦᠨ ᠢ ᠬᠦᠭᠵᠢᠭᠦᠯᠬᠦ ᠲᠦᠯᠦᠪᠵᠢᠭᠦᠯᠭᠡ ᠶᠢ ᠲᠦᠯᠬᠢᠨ ᠠᠬᠢᠭᠤᠯᠤᠨ᠎ᠠ᠃ ᠶᠠᠰᠤ ᠴᠢᠨᠠᠷ ᠤᠨ | ᠰᠠᠭᠤᠷᠢ ᠲᠦᠬᠦᠭᠡᠷᠤᠮᠵᠢ ᠶᠢᠨ ᠪᠦᠲᠤᠭᠡᠨ ᠪᠠᠶᠢᠭᠤᠯᠤᠯᠳᠠ ᠪᠠ ᠬᠡᠷᠡᠭᠯᠡᠭᠡᠨ ᠢ ᠨᠢᠭᠡᠳᠤᠯᠳᠠᠢ ᠲᠦᠯᠦᠪᠯᠡᠵᠤ᠂ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠬᠢᠨ ᠲᠠᠢ ᠢᠨᠵᠢᠨᠧᠷᠢᠭ ᠤᠨᠲ᠋ᠦ᠋ᠬᠦᠭᠡᠷᠤᠮᠵᠢ ᠶᠢᠨ ᠵᠠᠰᠤ ᠴᠢᠨᠠᠷ ᠢ ᠬᠢᠨᠠᠭᠴᠢ ᠶᠢᠨ | ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠶᠠᠰᠤ ᠴᠢᠨᠠᠷ ᠤᠨ ᠬᠡᠨᠡᠳᠡᠯ ᠤᠨ ᠪᠠᠶᠢᠴᠠᠭᠠᠯᠳᠠ ᠶᠢ ᠵᠤᠬᠢᠶᠠᠨ | ᠪᠠᠶᠢᠭᠤᠯᠵᠤ᠂ ᠲᠤᠰ ᠭᠠᠵᠠᠷ ᠤᠷᠤᠨ ᠤ ᠵᠡᠷᠡᠮᠳᠡᠭ ᠤᠶᠢᠯᠡᠳᠭᠦᠨ ᠢ ᠡᠭᠡᠭᠦᠯᠥᠨ ᠠᠪᠴᠢᠷᠠᠬᠤ ᠠᠵᠢᠯ ᠢ ᠵᠤᠬᠢᠶᠠᠨ | ᠪᠠᠶᠢᠭᠤᠯᠵᠤ᠂ ᠤᠶᠢᠯᠡᠳᠭᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | (7) ᠠᠵᠢᠯ ᠲᠦᠷᠦᠯ ᠢ ᠬᠠᠮᠢᠶᠠᠷᠬᠤ ᠳᠤ ᠵᠠᠪᠠᠯ ᠠᠶᠤᠯᠭᠦᠢ ᠢ ᠬᠠᠷᠢᠭᠤᠴᠠᠬᠤ ᠬᠡᠷᠡᠭᠲᠡᠢ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠵᠠᠪᠠᠯ ᠠᠶᠤᠯᠭᠦᠢ ᠢ ᠬᠠᠷᠢᠭᠤᠴᠠᠬᠤ ᠬᠡᠷᠡᠭᠲᠡᠢ᠂ ᠤᠶᠢᠯᠡᠳᠪᠤᠷᠢᠯᠡᠯ ᠢ ᠬᠠᠮᠢᠶᠠᠷᠬᠤ ᠳᠤ | ᠵᠠᠪᠠᠯ ᠠᠶᠤᠯᠭᠦᠢ ᠢ ᠬᠠᠷᠢᠭᠤᠴᠠᠬᠤ ᠬᠡᠷᠡᠭᠲᠡᠢ ᠬᠡᠰᠡᠨ ᠱᠠᠭᠠᠷᠳᠠᠯᠭ᠎ᠠ ᠶᠤᠰᠤᠭᠠᠷ ᠠᠶᠤᠯᠭᠦᠢ ᠤᠶᠢᠯᠡᠳᠪᠤᠷᠢᠯᠡᠯ ᠤᠨ | ᠬᠠᠷᠢᠴᠠᠭᠤᠯᠭ᠎ᠠ ᠶᠢᠨ ᠲᠦᠷᠢᠮ ᠳᠤ ᠲᠤᠭᠳᠠᠭᠠᠭᠳᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ | (8) ᠤᠶᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠨ ᠬᠠᠮᠢᠶᠠᠷᠤᠯᠳᠠ ᠲᠠᠯᠪᠢᠨ᠎ᠠ᠃ | ᠤᠶᠢᠯᠡᠳᠭᠦᠨ ᠤ ᠵᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠳᠠ ᠶᠢᠨ | ᠰᠤᠩᠭᠤᠨ ᠪᠠᠶᠢᠴᠠᠭᠠᠯᠳᠠ ᠬᠢᠬᠦ ᠶᠢ ᠬᠠᠮᠢᠶᠠᠷᠴᠤ᠂ ᠪᠦᠬᠦ ᠬᠤᠰᠢᠭᠤᠨ ᠤ ᠤᠶᠢᠯᠡᠳᠭᠦᠨ ᠤ ᠵᠠᠰᠤ ᠴᠢᠨᠠᠷ ᠤᠨᠬᠢᠨᠠᠯᠳᠠ | ᠶᠢᠨ ᠰᠤᠩᠭᠤᠨ ᠪᠠᠶᠢᠴᠠᠭᠠᠯᠳᠠ ᠶᠢ ᠨᠢᠭᠡᠳᠤᠯᠲᠠᠢ ᠲᠤᠬᠢᠷᠠᠭᠤᠯᠤᠨ ᠬᠡᠷᠡᠭᠵᠢᠭᠦᠯᠥᠨ᠎ᠠ᠃ ᠵᠠᠰᠤ ᠴᠢᠨᠠᠷ ᠤᠨ ᠲᠡᠰ | ᠬᠤᠪᠢᠶᠠᠬᠤ ᠲᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠮᠦᠰᠬᠢᠨ ᠨᠠᠬᠡᠮᠵᠢᠯᠡᠬᠦ ᠲᠦᠷᠢᠮ ᠢ ᠵᠤᠬᠢᠶᠠᠨ | ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠬᠤᠰᠢᠭᠤᠨ ᠤ ᠠᠵᠤ ᠤᠶᠢᠯᠡᠳᠪᠤᠷᠢ ᠶᠢᠨ | ᠪᠦᠲᠦᠭᠡᠭᠳᠦᠭᠦᠨ ᠤ ᠤᠶᠢᠯᠡᠳᠪᠤᠷᠢᠯᠡᠯ ᠤᠨ ᠵᠦᠪᠰᠢᠶᠡᠷᠡᠯ ᠤᠨ ᠬᠠᠮᠢᠶᠠᠷᠤᠯᠳᠠ ᠪᠤᠯᠤᠨ ᠰᠢᠷᠬᠡᠭᠯᠢᠭ ᠵᠤᠶᠢᠯᠡᠰ ᠤᠨᠶᠠᠰᠤ | ᠴᠢᠨᠠᠷ ᠤᠨ ᠬᠢᠨᠠᠯᠳᠠ ᠶᠢᠨ ᠠᠵᠢᠯ ᠢ ᠬᠠᠷᠢᠭᠤᠴᠠᠨ᠎ᠠ᠃ | (9) ᠤᠨᠴᠠᠭᠠᠢ ᠲᠦᠬᠦᠭᠡᠷᠦᠮᠵᠢ ᠶᠢᠨ ᠠᠶᠤᠯᠭᠦᠢ ᠶᠢᠨ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ᠎ᠠ᠃ | ᠤᠨᠴᠠᠭᠠᠢ ᠲᠦᠬᠦᠭᠡᠷᠦᠮᠵᠢ ᠶᠢᠨ ᠠᠶᠤᠯᠭᠦᠢ ᠶᠢᠨ ᠬᠢᠨᠠᠨ ᠪᠠᠶᠢᠴᠠᠭᠠᠯᠳᠠ ᠶᠢ ᠶᠡᠷᠤᠩᠬᠡᠶᠢᠯᠡᠨ ᠬᠠᠮᠢᠶᠠᠷᠴᠤ᠂ ᠡᠨᠧᠷᠬᠢ | ᠶᠢᠨ ᠬᠤᠷᠤᠭᠳᠠᠯ ᠶᠡᠬᠡᠳᠠᠢ ᠤᠨᠴᠠᠭᠠᠢ ᠲᠦᠬᠦᠭᠡᠷᠦᠮᠵᠢ ᠵᠢᠨᠡᠨᠧᠷᠬᠢ ᠠᠷᠪᠢᠯᠠᠬᠤ ᠪᠠᠷᠢᠮᠵᠢᠶ᠎ᠠ ᠪᠤᠯᠤᠨ ᠠᠭᠤᠷ ᠤᠨ | ᠲᠤᠭᠤᠭ᠎ᠠ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠦᠭᠰᠠᠨ ᠪᠠᠶᠢᠳᠠᠯ ᠢ ᠬᠢᠨᠠᠨ | ᠪᠠᠶᠢᠴᠠᠭᠠᠨ᠎ᠠ᠃ | (10) ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠶᠡᠷᠤᠩᠬᠡᠶᠢᠯᠡᠨ | ᠵᠤᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤᠮᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠳᠠ | ᠪᠠᠨ ᠲᠤᠭᠳᠠᠭᠠᠨ ᠵᠤᠬᠢᠶᠠᠨ ᠪᠠᠶᠢᠭᠤᠯᠵᠤ ᠬᠡᠷᠡᠭᠵᠢᠭᠦᠯᠥᠨ᠎ᠠ᠃ ᠢᠳᠡᠭᠡᠨ ᠤᠮᠳᠠᠭᠠᠨ ᠤ ᠠᠮᠤᠷ ᠲᠦᠪᠰᠢᠨ ᠤ | ᠭᠡᠨᠡᠳᠳᠡ ᠶᠢᠨ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠳᠠ ᠶᠢ ᠬᠠᠷᠢᠭᠤᠴᠠᠵᠤ᠂ ᠢᠳᠡᠭᠡᠨ ᠤᠮᠳᠠᠭᠠᠨ | ᠤ ᠠᠮᠤᠷ ᠲᠦᠪᠰᠢᠨ ᠤ ᠬᠦᠨᠳᠤ ᠶᠡᠭᠡ ᠠᠳᠡᠭᠳᠡᠯ ᠢ ᠰᠢᠢᠳᠪᠤᠷᠢᠯᠡᠨᠠᠷᠭᠠᠴᠠᠭᠠᠬᠤ ᠪᠠ ᠪᠠᠶᠢᠴᠠᠭᠠᠨ ᠲᠤᠳᠤᠯᠬᠤ | ᠠᠵᠢᠯ ᠢ ᠵᠢᠯᠤᠭᠤᠳᠤᠨ᠎ᠠ᠃ ᠢᠳᠡᠭᠡᠨ ᠤᠮᠳᠠᠭᠠᠨ ᠤ ᠠᠮᠤᠷ ᠲᠦᠪᠰᠢᠨ ᠤ ᠴᠢᠬᠤᠯᠠ ᠰᠤᠷᠠᠭ ᠴᠢᠮᠡᠭᠡ ᠶᠢ ᠰᠢᠭᠤᠳ | ᠮᠡᠳᠡᠭᠦᠯᠬᠦ ᠲᠦᠷᠢᠮ ᠢ ᠪᠦᠷᠢᠨᠰᠢᠭᠦᠯᠦᠨ᠎ᠠ᠃ | (11)ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ᠎ᠠ᠃ | ᠢᠳᠡᠭᠡᠨ ᠤᠮᠳᠠᠭᠠᠨ ᠢ ᠤᠶᠢᠯᠡᠳᠪᠤᠷᠢᠯᠡᠬᠦ᠂ ᠭᠦᠢᠯᠡᠯᠭᠡ᠂ ᠬᠡᠷᠡᠭᠯᠡᠭᠡ ᠪᠦᠬᠦ ᠶᠠᠪᠤᠴᠠ ᠶᠢ ᠬᠠᠮᠤᠷᠠᠭᠰᠠᠨ ᠬᠢᠨᠠᠨ | ᠪᠠᠶᠢᠴᠠᠭᠠᠬᠤ ᠲᠦᠷᠢᠮ ᠲᠤᠭᠲᠠᠭᠠᠯ ᠪᠠ ᠲᠠᠯᠳᠠ ᠭᠡᠮ ᠢ ᠲᠠᠷᠠᠭᠠᠯᠠᠨ ᠪᠠᠶᠢᠴᠠᠭᠠᠬᠤ ᠲᠦᠷᠢᠮᠵᠢᠯ ᠶᠢ ᠪᠠᠶᠢᠭᠤᠯᠤᠨ | ᠬᠡᠷᠡᠭᠵᠢᠭᠦᠯᠵᠤ᠂ ᠤᠷᠤᠨ ᠪᠦᠰᠡ ᠶᠢᠨ ᠴᠢᠨᠠᠷᠲᠠᠢ ᠪᠠ ᠰᠢᠰᠲ᠋ᠧᠮ ᠤᠨᠴᠢᠨᠠᠷᠲᠠᠢ ᠢᠳᠡᠭᠡᠨ ᠤᠮᠳᠠᠭᠠᠨ ᠤ ᠠᠮᠤᠷ | ᠲᠦᠪᠰᠢᠨ ᠤ ᠬᠡᠷᠡᠭ ᠡᠭᠦᠰᠬᠦ ᠶᠢ ᠰᠡᠷᠭᠡᠶᠢᠯᠡᠬᠦ ᠬᠡᠷᠡᠭᠲᠡᠢ᠃ ᠢᠳᠡᠭᠡᠨ ᠤᠮᠳᠠᠭᠠᠨ ᠤ ᠤᠶᠢᠯᠡᠳᠪᠤᠷᠢᠯᠡᠭᠴᠢᠳ᠂ | ᠡᠵᠡᠩᠨᠡᠭᠴᠢᠳᠤᠨᠢᠳᠡᠭᠡᠨ ᠤᠮᠳᠠᠭᠠᠨ ᠤ ᠠᠮᠤᠷ ᠲᠦᠪᠰᠢᠨ ᠤ ᠭᠤᠤᠯ ᠴᠤᠭᠴᠠ ᠶᠢᠨ ᠬᠠᠷᠢᠭᠤᠴᠠᠯᠭ᠎ᠠ | ᠵᠢᠨᠲ᠋ᠦ᠋ᠷᠢᠮᠵᠢᠯ ᠶᠢ ᠠᠬᠢᠭᠤᠯᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠮᠦᠰᠬᠢᠨ ᠨᠠᠬᠡᠮᠵᠢᠯᠡᠬᠦ ᠰᠢᠰᠲ᠋ᠧᠮ | ᠢ ᠲᠡᠭᠦᠯᠳᠡᠷᠵᠢᠭᠦᠯᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠳᠠ ᠶᠢᠨ ᠦᠯᠢᠭᠡᠷ ᠠᠪᠴᠤ ᠰᠢᠯᠭᠠᠨ | ᠪᠠᠶᠢᠴᠠᠭᠠᠬᠤ᠂ ᠲᠤᠳᠤᠯᠠᠵᠤ ᠰᠢᠢᠳᠪᠤᠷᠢᠯᠡᠬᠦ᠂ ᠲᠦᠭᠰᠢᠭᠦᠷᠢ ᠶᠢ ᠤᠷᠢᠳᠴᠢᠯᠡᠨ ᠰᠡᠷᠡᠮᠵᠢᠯᠡᠭᠦᠯᠬᠦ ᠪᠠ ᠲᠤᠷᠰᠢᠯᠭ᠎ᠠ ᠪᠠᠨ | ᠰᠤᠯᠢᠯᠴᠠᠬᠤ ᠠᠵᠢᠯ ᠢ ᠵᠤᠬᠢᠶᠠᠨ ᠪᠠᠶᠢᠭᠤᠯᠵᠤ ᠬᠢᠨ᠎ᠡ᠃ ᠲᠠᠪᠤᠰᠤᠨ ᠤ ᠴᠢᠨᠠᠷ ᠤᠨ ᠬᠢᠨᠠᠨ ᠬᠠᠮᠢᠶᠠᠷᠤᠯᠳᠠ ᠪᠠ | ᠤᠨᠴᠠᠭᠠᠢ ᠢᠳᠡᠭᠡᠨ ᠤ ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ | (12) ᠬᠡᠮᠵᠢᠯᠳᠡ ᠶᠢᠨ ᠠᠵᠢᠯ ᠲᠤ ᠬᠢᠨᠠᠨ ᠬᠠᠮᠢᠶᠠᠷᠤᠯᠳᠠ ᠲᠠᠯᠪᠢᠨ᠎ᠠ᠃ ᠤᠯᠤᠰ ᠤᠨᠬᠡᠮᠵᠢᠯᠳᠡ ᠶᠢᠨ | ᠲᠦᠷᠢᠮ ᠲᠤᠭᠲᠠᠭᠠᠯ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠤᠭᠲᠠᠭᠠᠭᠳᠠᠭᠰᠠᠨ ᠬᠡᠮᠵᠢᠯᠳᠡ ᠶᠢᠨ ᠨᠢᠭᠡᠴᠢ ᠶᠢ | ᠬᠡᠷᠡᠭᠵᠢᠭᠦᠯᠵᠤ᠂ ᠬᠡᠮᠵᠢᠯᠳᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠭᠦᠨ ᠲᠠᠮᠵᠢᠭᠤᠯᠬᠤ ᠪᠠ ᠬᠠᠷᠢᠴᠠᠭᠤᠯᠵᠤ | ᠠᠳᠠᠯᠢᠳᠬᠠᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠲᠡᠯᠭᠡᠭᠦᠷ ᠤᠨ ᠬᠡᠮᠵᠢᠯᠳᠡ ᠶᠢᠨ | ᠠᠵᠢᠯᠯᠠᠭ᠎ᠠ ᠶᠢ ᠬᠢᠨᠠᠨ ᠲᠦᠷᠢᠮᠵᠢᠭᠦᠯᠦᠨ᠎ᠠ᠃ | (13) ᠪᠦᠬᠦ ᠬᠤᠰᠢᠭᠤᠨ ᠤ ᠪᠠᠷᠢᠮᠵᠢᠶᠠᠵᠢᠭᠤᠯᠤᠯᠳᠠ ᠶᠢᠨ ᠠᠵᠢᠯ ᠢ ᠬᠠᠷᠢᠭᠤᠴᠠᠨ᠎ᠠ᠃ ᠲᠤᠰ ᠬᠤᠰᠢᠭᠤᠨ | ᠤ ᠤᠷᠤᠨ ᠨᠤᠳᠤᠭ ᠤᠨ ᠪᠠᠷᠢᠮᠵᠢᠶᠠᠨ ᠤ ᠰᠡᠳᠤᠪ ᠲᠤᠭᠲᠠᠭᠠᠬᠤ᠂ ᠨᠤᠮᠧᠷᠯᠠᠬᠤ᠂ ᠨᠡᠶᠢᠳᠡᠯᠡᠬᠦ ᠠᠵᠢᠯ ᠢ ᠡᠭᠦᠷᠭᠡᠯᠡᠨ᠎ᠡ᠃ | ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠤᠷᠤᠨ ᠨᠤᠳᠤᠭ ᠤᠨ ᠪᠠᠷᠢᠮᠵᠢᠶ᠎ᠠ ᠶᠢ ᠬᠡᠷᠡᠭᠵᠢᠭᠦᠯᠬᠦ | ᠰᠤᠷᠠᠭ ᠴᠢᠮᠡᠭᠡᠨ ᠤ ᠪᠤᠴᠠᠯᠳᠠ ᠪᠠ ᠦᠨᠡᠯᠡᠬᠦ ᠠᠵᠢᠯ ᠢ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ᠬᠠᠤᠯᠢ | ᠶᠤᠰᠤᠭᠠᠷ ᠪᠦᠯᠬᠦᠮ ᠨᠢᠭᠡᠴᠠ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠶᠢᠨ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠵᠤᠬᠢᠴᠠᠭᠤᠯᠤᠨ ᠵᠢᠯᠤᠭᠤᠳᠬᠤ ᠮᠦᠷᠲᠡᠭᠡᠨ ᠬᠢᠨᠠᠯᠳᠠ ᠲᠠᠯᠪᠢᠨ᠎ᠠ᠃ | (14) ᠰᠢᠯᠭᠠᠨ ᠪᠠᠶᠢᠴᠠᠭᠠᠯᠳᠠᠰᠢᠯᠭᠠᠨ ᠬᠡᠮᠵᠢᠬᠦ ᠠᠵᠢᠯ ᠳᠤ ᠬᠢᠨᠠᠯᠳᠠ ᠲᠠᠯᠪᠢᠨ᠎ᠠ᠃ ᠰᠢᠯᠭᠠᠨ | ᠪᠠᠶᠢᠴᠠᠭᠠᠯᠳᠠᠰᠢᠯᠭᠠᠨ ᠬᠡᠮᠵᠢᠬᠦ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠲᠦᠯᠬᠢᠨ ᠠᠬᠢᠭᠤᠯᠵᠤ᠂ ᠰᠢᠯᠭᠠᠨ | ᠪᠠᠶᠢᠴᠠᠭᠠᠯᠳᠠᠰᠢᠯᠭᠠᠨ ᠬᠡᠮᠵᠢᠬᠦ ᠵᠠᠬ᠎ᠠ ᠲᠡᠯᠭᠡᠭᠦᠷ ᠢ ᠲᠦᠷᠢᠮᠵᠢᠭᠦᠯᠦᠨ᠎ᠠ᠃ ᠰᠢᠯᠭᠠᠨ ᠪᠠᠶᠢᠴᠠᠭᠠᠯᠳᠠᠰᠢᠯᠭᠠᠨ ᠬᠡᠮᠵᠢᠬᠦ | ᠰᠢᠰᠲ᠋ᠧᠮᠵᠢ ᠢ ᠲᠡᠭᠦᠯᠳᠡᠷᠵᠢᠭᠦᠯᠵᠤ᠂ ᠰᠢᠯᠭᠠᠨ ᠪᠠᠶᠢᠴᠠᠭᠠᠯᠳᠠᠰᠢᠯᠭᠠᠨ ᠬᠡᠮᠵᠢᠬᠦ ᠠᠵᠢᠯ ᠲᠦᠷᠦᠯ ᠤᠨ ᠬᠦᠭᠵᠢᠯᠳᠡ ᠶᠢ | ᠵᠤᠬᠢᠴᠠᠭᠤᠯᠵᠤ ᠵᠢᠯᠤᠭᠤᠳᠤᠨ᠎ᠠ᠃ | (15)ᠪᠦᠬᠦ ᠬᠤᠰᠢᠭᠤᠨ ᠤ ᠪᠠᠳᠤᠯᠠᠭᠠᠵᠢᠭᠤᠯᠵᠤ ᠵᠦᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ ᠡᠷᠬᠡ | ᠮᠡᠳᠡᠯ ᠤᠨ ᠬᠡᠪᠴᠢᠶᠡᠨ ᠳᠤ ᠬᠠᠮᠢᠶ᠎ᠠ ᠪᠦᠬᠦᠢ ᠪᠠᠳᠤᠯᠠᠭᠠᠵᠢᠭᠤᠯᠵᠤ ᠵᠦᠪᠰᠢᠶᠡᠷᠡᠭᠦᠯᠬᠦ ᠠᠵᠢᠯ ᠪᠠ ᠬᠢᠷᠢ ᠲᠡᠩᠴᠡᠬᠦ | ᠡᠰᠡᠬᠦ ᠢ ᠲᠤᠭᠲᠠᠭᠠᠬᠤ ᠶᠢ ᠬᠢᠨᠠᠨ ᠬᠠᠮᠢᠶᠠᠷᠤᠨ᠎ᠠ᠃ ᠲᠤᠭᠲᠠᠭᠠᠯ ᠶᠤᠰᠤᠭᠠᠷ ᠮᠡᠷᠭᠡᠵᠢᠯ ᠤᠨ ᠴᠢᠨᠠᠷᠲᠠᠢ ᠠᠷᠠᠯᠵᠢᠶᠠᠨ ᠤ | ᠠᠷᠭ᠎ᠠ ᠬᠡᠮᠵᠢᠶ᠎ᠡ ᠲᠠᠢ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | (16)ᠪᠦᠬᠦ ᠬᠤᠰᠢᠭᠤᠨ ᠤ ᠤᠶᠤᠨ ᠤ ᠦᠮᠴᠢ ᠶᠢᠨ ᠡᠷᠬᠡ ᠶᠢᠨ ᠡᠭᠦᠳᠦᠨ ᠪᠦᠲᠦᠭᠡᠯᠳᠡ᠂ ᠬᠡᠷᠡᠭᠯᠡᠬᠦ᠂ | ᠬᠠᠮᠠᠭᠠᠯᠠᠬᠤ᠂ ᠬᠠᠮᠢᠶᠠᠷᠬᠤ ᠪᠠ ᠤᠶᠢᠯᠡᠴᠢᠯᠭᠡᠨ ᠤ ᠠᠵᠢᠯ ᠢ ᠬᠠᠷᠢᠭᠤᠴᠠᠨ᠎ᠠ᠃ ᠲᠠᠸᠠᠷ ᠤᠨ ᠱᠤᠰᠢᠭ᠎ᠠ ᠲᠡᠮᠳᠡᠭ᠂ | ᠲᠤᠰᠬᠠᠢ ᠠᠰᠢᠭ᠂ ᠤᠭ ᠨᠤᠳᠤᠭ ᠤᠨ ᠭᠠᠵᠠᠷ ᠵᠦᠢ ᠶᠢᠨ ᠲᠡᠮᠳᠡᠭ ᠵᠡᠷᠭᠡ ᠤᠶᠤᠨ ᠤ ᠦᠮᠴᠢ ᠶᠢᠨ ᠡᠷᠬᠡ ᠶᠢᠨ | ᠪᠤᠳᠠᠳᠠᠢ ᠠᠷᠭ᠎ᠠ ᠬᠡᠮᠵᠢᠶ᠎ᠡ ᠶᠢ ᠲᠤᠭᠲᠠᠭᠠᠵᠤ᠂ ᠤᠶᠤᠨ ᠤ ᠦᠮᠴᠢ ᠶᠢᠨ ᠡᠷᠬᠡ ᠪᠠᠷ ᠬᠤᠰᠢᠭᠤ ᠪᠠᠨ | ᠬᠦᠴᠦᠷᠬᠡᠭᠵᠢᠭᠦᠯᠬᠦ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ | (17) ᠤᠶᠤᠨ ᠤ ᠦᠮᠴᠢ ᠶᠢᠨ ᠡᠷᠬᠡ ᠶᠢ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠳᠠ ᠶᠢᠨ ᠲᠦᠰᠦᠯ ᠢ | ᠲᠤᠭᠳᠠᠭᠠᠨ ᠬᠡᠷᠡᠭᠵᠢᠭᠦᠯᠵᠤ᠂ ᠤᠶᠤᠨ ᠤ ᠦᠮᠴᠢ ᠶᠢᠨ ᠡᠷᠬᠡ ᠶᠢᠨ ᠬᠡᠷᠡᠭᠯᠡᠯᠳᠡ ᠶᠢ ᠠᠬᠢᠭᠤᠯᠵᠤ᠂ ᠤᠶᠤᠨ ᠤ | ᠦᠮᠴᠢ ᠶᠢᠨ ᠡᠷᠬᠡ ᠶᠢ ᠬᠠᠮᠠᠭᠠᠯᠠᠬᠤ ᠪᠠ ᠰᠤᠷᠠᠭ ᠴᠢᠮᠡᠭᠡᠨ ᠤ ᠤᠯᠠᠨ ᠨᠡᠶᠢᠳᠡ ᠶᠢᠨ ᠤᠶᠢᠯᠡᠴᠢᠯᠭᠡᠨ ᠤ ᠰᠢᠰᠲ᠋ᠧᠮᠵᠢ | ᠵᠢᠨᠪᠠᠶᠢᠭᠤᠯᠤᠯᠳᠠ ᠶᠢ ᠲᠦᠷᠭᠡᠳᠭᠡᠨ᠎ᠡ᠃ ᠲᠠᠸᠠᠷ ᠤᠨ ᠱᠤᠰᠢᠭ᠎ᠠ ᠲᠡᠮᠳᠡᠭ᠂ ᠲᠤᠰᠬᠠᠢ ᠠᠰᠢᠭ ᠤᠨ ᠬᠠᠤᠯᠢ | ᠬᠡᠷᠡᠭᠵᠢᠭᠦᠯᠤᠯᠳᠠ᠂ ᠤᠶᠤᠨ ᠤ ᠦᠮᠴᠢ ᠶᠢᠨ ᠡᠷᠬᠡ ᠶᠢᠨ ᠮᠠᠷᠭᠤᠭᠠᠨ ᠢ ᠰᠢᠢᠳᠪᠤᠷᠢᠯᠡᠬᠦ᠂ ᠡᠷᠬᠡ ᠠᠰᠢᠭ ᠢᠶᠠᠨ | ᠬᠠᠮᠠᠭᠠᠯᠠᠬᠤ ᠲᠤᠰᠠᠯᠠᠮᠵᠢ ᠪᠤᠯᠤᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠤᠷᠢᠯᠡᠬᠦ ᠶᠢ ᠵᠢᠭᠠᠨ ᠵᠢᠯᠤᠭᠤᠳᠴᠤ᠂ | ᠤᠶᠤᠨ ᠤ ᠦᠮᠴᠢ ᠶᠢᠨ ᠡᠷᠬᠡ ᠶᠢᠨ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠡ ᠃ | | (18) ᠡᠮ ᠤᠨ ᠵᠤᠶᠢᠯᠡᠰ ︵ᠡᠭᠦᠨ ᠳᠤ ᠬᠢᠳᠠᠳ ᠡᠮ᠂ ᠮᠤᠩᠭᠤᠯ ᠡᠮ ᠵᠡᠷᠭᠡ ᠦᠨᠳᠦᠰᠦᠳᠡᠨ ᠤ ᠡᠮ ᠲᠠᠩ | ᠢ ᠪᠠᠭᠳᠠᠭᠠᠨ᠎ᠠ︶᠂ ᠡᠮᠨᠡᠯᠭᠡ ᠶᠢᠨ ᠪᠠᠭᠠᠵᠢ ᠬᠡᠷᠡᠭᠰᠡᠯ ᠪᠠ ᠭᠤᠶᠤᠯᠠᠯ ᠵᠠᠰᠠᠯ ᠤᠨ ᠡᠳ᠋ ᠶᠢᠨ ᠠᠮᠤᠷ ᠲᠦᠪᠰᠢᠨ ᠤ | ᠬᠢᠨᠠᠨ ᠬᠠᠮᠢᠶᠠᠷᠤᠯᠳᠠ ᠶᠢ ᠬᠠᠷᠢᠭᠤᠴᠠᠨ᠎ᠠ᠃ ᠡᠮ ᠲᠠᠩ ᠤᠨ ᠵᠢᠵᠢᠭᠯᠡᠨ ᠬᠤᠳᠠᠯᠳᠤᠬᠤ᠂ ᠡᠮᠨᠡᠯᠭᠡ ᠶᠢᠨ ᠪᠠᠭᠠᠵᠢ | ᠬᠡᠷᠡᠭᠰᠡᠯ ᠤᠨ ᠡᠵᠩᠨᠡᠯᠳᠡ ᠶᠢᠨ ᠪᠠᠶᠢᠴᠠᠭᠠᠯᠳᠠ ᠪᠠ ᠰᠢᠢᠳᠭᠡᠨ ᠲᠤᠷᠭᠠᠬᠤ ᠶᠢ ᠲᠤᠭᠲᠠᠭᠠᠭᠰᠠᠨ ᠡᠷᠬᠡ ᠮᠡᠳᠡᠯ ᠤᠨ | ᠬᠦᠷᠢᠶ᠎ᠡ ᠬᠡᠪᠴᠢᠶᠡᠨ ᠳᠤ ᠭᠦᠢᠴᠡᠳᠭᠡᠨ᠎ᠡ᠃ ᠭᠤᠶᠤᠯᠠᠯ ᠵᠠᠰᠠᠯ ᠤᠨ ᠡᠳ᠋ ᠶᠢᠨ ᠡᠵᠡᠩᠨᠡᠯᠳᠡ ᠪᠠ ᠡᠮ ᠲᠠᠩ᠂ ᠡᠮᠨᠡᠯᠭᠡ | ᠶᠢᠨ ᠪᠠᠭᠠᠵᠢ ᠬᠡᠷᠡᠭᠰᠡᠯ ᠤᠨ ᠬᠡᠷᠡᠭᠯᠡᠯᠳᠡ ᠶᠢᠨ ᠭᠤᠭᠴᠤᠭᠠᠨ ᠲᠠᠬᠢ ᠶᠠᠰᠤ ᠴᠢᠨᠠᠷ ᠤᠨ ᠪᠠᠶᠢᠴᠠᠭᠠᠯᠳᠠ ᠪᠠ ᠰᠢᠢᠳᠭᠡᠨ | ᠲᠤᠷᠭᠠᠬᠤ ᠶᠢ | ᠡᠭᠦᠷᠯᠡᠭᠡᠵᠤ᠂ ᠡᠮ ᠲᠠᠩ᠂ ᠡᠮᠨᠡᠯᠭᠡ ᠶᠢᠨ ᠪᠠᠭᠠᠵᠢ ᠬᠡᠷᠡᠭᠰᠡᠯ᠂ ᠭᠤᠶᠤᠯᠠᠯ ᠵᠠᠰᠠᠯ ᠤᠨ ᠡᠳ᠋ ᠶᠢᠨ ᠪᠠᠷᠢᠮᠵᠢᠶ᠎ᠠ ᠪᠠ | ᠲᠡᠰ ᠬᠤᠪᠢᠶᠠᠨ ᠬᠠᠮᠢᠶᠠᠷᠬᠤ ᠲᠦᠷᠢᠮ ᠢ ᠬᠢᠨᠠᠨ ᠬᠡᠷᠡᠭᠵᠢᠭᠦᠯᠤᠨ᠎ᠠ᠃ ᠤᠯᠤᠰ ᠤᠨ ᠦᠨᠳᠦᠰᠦᠨ ᠡᠮ ᠤᠨ ᠲᠦᠷᠢᠮ | ᠤᠨ ᠬᠡᠷᠡᠭᠵᠢᠭᠦᠯᠦᠯᠳᠠ ᠶᠢ ᠬᠠᠮᠵᠢᠯᠴᠠᠵᠤ᠂ ᠡᠮ ᠲᠠᠩ ᠪᠤᠯᠤᠨᠡᠮᠨᠡᠯᠭᠡ ᠶᠢᠨ ᠪᠠᠭᠠᠵᠢ ᠬᠡᠷᠡᠭᠰᠡᠯ ᠤᠨᠡᠵᠡᠩᠨᠡᠯᠳᠡ᠂ | ᠬᠡᠷᠡᠭᠯᠡᠯᠳᠡ ᠵᠢᠨᠶᠠᠰᠤ ᠴᠢᠨᠠᠷ ᠤᠨᠬᠠᠮᠢᠶᠠᠷᠤᠯᠳᠠ ᠶᠢᠨ ᠲᠦᠷᠢᠮᠵᠢᠯ ᠶᠢ ᠬᠢᠨᠠᠨ ᠬᠡᠷᠡᠭᠵᠢᠭᠦᠯᠤᠨ᠎ᠠ᠃ ᠭᠤᠶᠤᠯᠠᠯ ᠵᠠᠰᠠᠯ | ᠤᠨ ᠡᠳ᠋ ᠶᠢᠨ ᠡᠵᠡᠩᠨᠡᠯᠳᠡ᠂ ᠬᠡᠷᠡᠭᠯᠡᠯᠳᠡ ᠶᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠮᠡᠷᠭᠡᠵᠢᠯ ᠤᠨ ᠲᠦᠷᠢᠮᠵᠢᠯ | ᠶᠢ ᠬᠢᠨᠠᠨ ᠬᠡᠷᠡᠭᠵᠢᠭᠦᠯᠤᠨ᠎ᠠ᠃ ᠡᠮ ᠲᠠᠩ᠂ ᠡᠮᠨᠡᠯᠭᠡ ᠶᠢᠨ ᠪᠠᠭᠠᠵᠢ ᠬᠡᠷᠡᠭᠰᠡᠯ᠂ ᠭᠤᠶᠤᠯᠠᠯ ᠵᠠᠰᠠᠯ ᠤᠨ ᠡᠳ᠋ ᠶᠢᠨ | ᠬᠢᠨᠠᠨ ᠪᠠᠶᠢᠴᠠᠭᠠᠯᠳᠠ᠂ ᠰᠡᠷᠭᠡᠶᠢᠯᠡᠨ ᠪᠠᠶᠢᠴᠠᠭᠠᠯᠳᠠ ᠪᠠ ᠵᠠᠰᠤ ᠴᠢᠨᠠᠷ ᠤᠨ ᠰᠤᠩᠭᠤᠨ ᠪᠠᠶᠢᠴᠠᠭᠠᠯᠳᠠ ᠵᠢᠴᠢ | ᠲᠤᠳᠤᠯᠠᠨ ᠰᠢᠢᠳᠪᠤᠷᠢᠯᠡᠬᠦ ᠲᠦᠷᠢᠮ ᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠤᠨ᠎ᠠ᠃ ᠡᠮ | ᠲᠠᠩ ᠲᠤ ᠬᠠᠷᠰᠢᠬᠤ ᠬᠡᠷᠡᠭ ᠳᠤ ᠬᠢᠨᠠᠨ ᠠᠵᠢᠭᠯᠠᠯᠳᠠ᠂ ᠦᠨᠡᠯᠡᠬᠦ᠂ ᠰᠢᠢᠳᠪᠤᠷᠢᠯᠡᠬᠦ ᠠᠵᠢᠯ ᠢ ᠵᠤᠬᠢᠶᠠᠨ ᠪᠠᠶᠢᠭᠤᠯᠤᠨ | ᠬᠢᠨ᠎ᠡ᠃ | (19) ᠡᠮᠤᠨ ᠰᠤᠳᠤᠯᠤᠯ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠤᠯᠠ ᠬᠢᠨᠠᠨ ᠲᠤᠭᠲᠠᠭᠠᠬᠤ | ᠠᠵᠢᠯ ᠢ ᠡᠷᠬᠡ ᠮᠡᠳᠡᠯ ᠤᠨ ᠬᠦᠷᠢᠶ᠎ᠡ ᠬᠡᠪᠴᠢᠶᠡᠨ ᠲᠤᠲᠤᠷ᠎ᠠ ᠡᠭᠦᠷᠭᠡᠯᠡᠨ᠎ᠡ᠃ | (20) ᠡᠮ ᠲᠠᠩ᠂ ᠡᠮᠨᠡᠯᠭᠡ ᠶᠢᠨ ᠪᠠᠭᠠᠵᠢ ᠬᠡᠷᠡᠭᠰᠡᠯ᠂ ᠭᠤᠶᠤᠯᠠᠯ ᠵᠠᠰᠠᠯ ᠤᠨ ᠡᠳ᠋ ᠶᠢᠨ ᠬᠢᠨᠠᠨ | ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ | (21) ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠧᠭᠨᠢᠭ ᠮᠡᠷᠭᠡᠵᠢᠯ ᠪᠠ ᠰᠤᠷᠠᠭ ᠴᠢᠮᠡᠭᠡᠨ ᠤ | ᠪᠠᠶᠢᠭᠤᠯᠤᠯᠳᠠ᠂ ᠰᠤᠨᠢᠨ ᠮᠡᠳᠡᠭᠡ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ ᠃ | (22) ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠠᠵᠢᠯ ᠡᠭᠦᠷᠭᠡ | ᠶᠢ ᠪᠡᠶᠡᠯᠡᠭᠦᠯᠦᠨ᠎ᠠ᠃ | | ᠰᠢᠯᠤᠭᠤᠨ ᠬᠦᠬᠡ ᠬᠤᠰᠢᠭᠤᠨ ᠤ ᠵᠠᠬ᠎ᠠ ᠲᠡᠯᠭᠡᠭᠦᠷ ᠢ ᠬᠢᠨᠠᠨ ᠬᠠᠮᠢᠶᠠᠷᠬᠤ ᠲᠤᠪᠴᠢᠶ᠎ᠠ | 2020 ᠤᠨ ᠤ 5 ᠰᠠᠷ᠎ᠠ ᠶᠢᠨ25 ᠤ ᠡᠳᠤᠷ | |