ᠰᠢᠯᠤᠭᠤᠨ ᠬᠦᠬᠡ ᠬᠤᠰᠢᠭᠤᠨ ᠤ ᠦᠨᠳᠤᠰᠤᠲᠡᠨ ᠤ ᠬᠡᠷᠡᠭ ᠡᠷᠬᠢᠯᠡᠬᠦ ᠵᠦᠪᠯᠡᠯ
ᠨᠡᠶᠢᠲᠡᠯᠡᠭᠰᠡᠨ ᠴᠠᠭ᠄
2020/6/17
   ᠰᠢᠯᠤᠭᠤᠨ ᠬᠦᠬᠡ ᠬᠤᠰᠢᠭᠤᠨ ᠤ ᠦᠨᠳᠤᠰᠤᠲᠡᠨ ᠤ ᠬᠡᠷᠡᠭ ᠡᠷᠬᠢᠯᠡᠬᠦ ᠵᠦᠪᠯᠡᠯ ᠨᠢ ᠵᠢᠩᠭᠢᠨᠢ ᠰᠠᠯᠠᠭᠠᠨ ᠲᠠᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ᠎ᠠ᠃ ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ ᠤᠨ ᠫᠠᠶᠢᠰᠠ  ᠶᠢ ᠡᠯᠭᠦᠨ᠎ᠠ᠃ ᠦᠨᠳᠤᠰᠤᠲᠡᠨ ᠤ ᠮᠤᠩᠭᠤᠯ ᠬᠡᠯᠡ ᠪᠢᠴᠢᠭ ᠤᠨ ᠲᠠᠰᠤᠭ᠂ ᠠᠯᠪᠠᠨ ᠭᠡᠷ ᠵᠡᠷᠭᠡ ᠬᠤᠶᠠᠷ ᠲᠤᠳᠤᠭᠠᠲᠤ ᠪᠠᠶᠢᠭᠤᠯᠤᠮᠵᠢ ᠲᠠᠢ᠃    ᠠᠵᠢᠯ ᠤᠨ ᠡᠭᠦᠷᠭᠡ ᠬᠠᠷᠢᠭᠤᠴᠠᠯᠭ᠎ᠠ ᠨᠢ ᠭᠤᠤᠯᠳᠠᠭᠤ᠄   ︵ᠨᠢᠭᠡ︶ ᠨᠠᠮ ᠤᠨ ᠦᠨᠳᠤᠰᠤᠲᠡᠨ ᠤ ᠠᠵᠢᠯ ᠤᠨ ᠱᠤᠭᠤᠮ ᠴᠢᠭᠯᠡᠯᠲᠠ᠂ ᠲᠦᠷᠦ ᠶᠢᠨ ᠪᠤᠳᠤᠯᠭ᠎ᠠ ᠪᠠ ᠦᠪᠡᠷᠲᠡᠭᠡᠨ ᠵᠠᠰᠠᠬᠤ ᠤᠷᠤᠨ ᠤ ᠦᠨᠳᠤᠰᠤᠲᠡᠨ ᠤ ᠬᠡᠷᠡᠭ ᠡᠷᠬᠢᠯᠡᠬᠦ ᠵᠦᠪᠯᠡᠯ᠂ ᠠᠶᠢᠮᠠᠭ ᠤᠨ ᠦᠨᠳᠤᠰᠤᠲᠡᠨ ᠤ ᠬᠡᠷᠡᠭ ᠡᠷᠬᠢᠯᠡᠬᠦ ᠵᠦᠪᠯᠡᠯ ᠤᠨ ᠬᠠᠮᠢᠶ᠎ᠠ ᠪᠦᠬᠦᠢ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠲᠠᠪᠤᠷᠢᠵᠢᠭᠤᠯᠤᠨ ᠲᠤᠤᠱᠯᠠᠭᠤᠯᠵᠦ᠂ ᠦᠨᠳᠤᠰᠤᠲᠡᠨ ᠤ ᠤᠨᠤᠯ ᠪᠠ ᠦᠨᠳᠤᠰᠤᠲᠡᠨ ᠤ ᠠᠵᠢᠯ ᠤᠨ ᠭᠤᠤᠯᠳᠠᠯᠭ᠎ᠠ  ᠲᠠᠢ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠵᠤᠬᠢᠶᠠᠨ ᠪᠠᠶᠢᠭᠤᠯᠵᠦ ᠦᠷᠨᠢᠬᠦᠯᠦᠨ᠂ ᠴᠦᠭᠡᠨ ᠲᠤᠭᠠᠲᠤ ᠦᠨᠳᠤᠰᠤᠲᠡᠨ ᠤ ᠦᠬᠡ ᠬᠡᠯᠡ ᠦᠰᠦᠭ ᠪᠢᠴᠢᠭ ᠤᠨ ᠠᠵᠢᠯ ᠤᠨ ᠬᠠᠤᠯᠢ ᠲᠦᠷᠢᠮ ᠢ ᠬᠡᠷᠡᠭᠵᠢᠬᠦᠯᠦᠭᠰᠡᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠨ᠎ᠠ᠃ ᠦᠨᠳᠤᠰᠤᠲᠡᠨ ᠤ ᠤᠨᠤᠯ᠂ ᠦᠨᠳᠤᠰᠤᠲᠡᠨ ᠤ ᠲᠦᠷᠦ ᠶᠢᠨ ᠪᠤᠲᠤᠯᠭ᠎ᠠ᠂ ᠴᠦᠭᠡᠨ ᠲᠤᠭᠠᠲᠤ ᠦᠨᠳᠤᠰᠤᠲᠡᠨ ᠤ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠲᠤᠯᠭ᠎ᠠ ᠶᠢᠨ ᠤᠬᠠᠭᠤᠯᠭ᠎ᠠ ᠬᠦᠮᠦᠵᠢᠯ ᠤᠨ ᠠᠵᠢᠯ ᠢ ᠵᠤᠬᠢᠶᠠᠨ ᠪᠠᠶᠢᠭᠤᠯᠵᠦ ᠦᠷᠨᠢᠬᠦᠯᠦᠨ᠎ᠠ᠃  ︵ᠬᠤᠶᠠᠷ︶ ᠦᠨᠳᠤᠰᠤᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢ ᠵᠤᠬᠢᠴᠠᠭᠤᠯᠤᠨ᠎ᠠ᠃ ᠦᠨᠳᠤᠰᠤᠲᠡᠨ ᠤ ᠬᠠᠷᠢᠴᠠᠭ᠎ᠠ ᠶᠢ ᠵᠤᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠲᠤᠷᠠᠳᠴᠤ᠂ ᠦᠨᠳᠤᠰᠤᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠤᠬᠢᠴᠠᠭᠤᠯᠤᠨ ᠰᠢᠢᠳᠪᠤᠷᠢᠯᠠᠨ᠎ᠠ᠃ ᠴᠦᠭᠡᠨ ᠲᠤᠭᠠᠲᠤ ᠦᠨᠳᠤᠰᠤᠲᠡᠨ ᠤ ᠠᠰᠢᠭ ᠲᠤᠰᠠ ᠲᠠᠢ ᠬᠤᠯᠪᠤᠬᠳᠠᠬᠰᠠᠨ ᠤᠴᠢᠷ ᠶᠠᠪᠤᠳᠠᠯ ᠢ ᠬᠢᠨᠠᠨ ᠭᠦᠢᠴᠡᠳᠬᠡᠵᠦ᠂ ᠴᠦᠭᠡᠨ ᠲᠤᠭᠠᠲᠤ ᠦᠨᠳᠤᠰᠤᠲᠡᠨ ᠤ ᠬᠠᠤᠯᠢ ᠶᠤᠰᠤᠨ ᠤ ᠡᠷᠬᠡ ᠠᠰᠢᠭ ᠢ ᠪᠠᠲᠤᠯᠠᠨ᠎ᠠ᠃ ᠨᠡᠶᠢᠭᠡᠮ ᠤᠨ ᠠᠮᠤᠷ ᠲᠤᠬᠳᠠᠭᠤᠨ ᠢ ᠬᠠᠮᠠᠭᠠᠯᠠᠬᠤ ᠠᠵᠢᠯ ᠳᠤ ᠤᠷᠤᠯᠴᠠᠵᠤ᠂ ᠡᠯ᠎ᠡ ᠦᠨᠳᠤᠰᠤᠲᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠬᠦ ᠶᠢ ᠠᠬᠢᠭᠤᠯᠤᠨ ᠡᠬᠡ ᠤᠷᠤᠨ ᠤ ᠨᠢᠭᠡᠳᠤᠯ ᠢ ᠬᠠᠮᠠᠭᠠᠯᠠᠨ᠎ᠠ᠃   ︵ᠭᠤᠷᠪᠠ︶ ᠴᠦᠬᠡᠨ ᠲᠤᠭᠠᠲᠤ ᠦᠨᠳᠤᠰᠤᠲᠡᠨ ᠪᠤᠯᠤᠨ ᠴᠦᠭᠡᠨ ᠲᠤᠭᠠᠲᠤ ᠦᠨᠳᠤᠰᠤᠲᠡᠨ ᠤ ᠲᠦᠪᠯᠡᠷᠡᠨ ᠰᠠᠭᠤᠭ᠎ᠠ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠠ ᠶᠢᠨ ᠲᠠᠯ᠎ᠠ ᠶᠢᠨ ᠠᠰᠠᠭᠤᠳᠠᠯ ᠢ ᠵᠠᠳᠠᠯᠤᠨ ᠰᠢᠨᠵᠢᠯᠡᠵᠦ᠂ ᠤᠨᠴᠠᠭᠠᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠲᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠦᠨᠳᠤᠰᠤᠲᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠤᠬᠢᠴᠠᠭᠤᠯᠤᠨ ᠱᠠᠭᠠᠷᠲᠠᠵᠤ᠂ ᠦᠨᠳᠤᠰᠤᠲᠡᠨ ᠤ ᠲᠦᠷᠦ ᠶᠢᠨ ᠪᠤᠲᠤᠯᠭ᠎ᠠ ᠶᠢᠨ ᠠᠵᠤ ᠠᠬᠤᠢ ᠶᠢᠨ ᠬᠦᠭᠵᠢᠯᠲᠠ ᠪᠤᠯᠤᠨ ᠨᠡᠶᠢᠭᠡᠮ ᠤᠨ ᠤᠶᠢᠯᠡᠰ ᠤᠨ ᠬᠠᠮᠢᠶ᠎ᠠ ᠪᠦᠬᠦᠢ ᠬᠦᠷᠢᠶᠠᠨ ᠳᠤ ᠬᠡᠷᠡᠭᠵᠢᠬᠦᠯᠦᠭᠳᠡᠬᠦ ᠶᠢ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠬᠦᠭᠵᠢᠯᠲᠠ᠂ ᠬᠠᠷᠠᠭᠠᠯᠵᠠᠬᠰᠠᠨ ᠰᠢᠰᠲ᠋ᠧᠮ ᠢᠶᠠᠷ ᠲᠤᠰᠠᠯᠠᠬᠤ᠂ ᠠᠵᠤ ᠠᠬᠤᠢ ᠶᠢᠨ ᠮᠡᠷᠭᠡᠵᠢᠯ ᠳᠤ ᠬᠤᠷᠰᠢᠬᠤ᠂ ᠦᠨᠳᠤᠰᠤᠲᠡᠨ ᠤ ᠠᠷᠠᠯᠵᠢᠶ᠎ᠠ᠂ ᠦᠨᠳᠤᠰᠤᠲᠡᠨ ᠤ ᠤᠨᠴᠠᠭᠠᠢ ᠬᠡᠷᠡᠭᠯᠡᠭᠡᠨ ᠤ ᠪᠤᠲᠠᠰ  ᠤᠨ ᠤᠶᠢᠯᠡᠳᠪᠤᠷᠢᠯᠠᠯ ᠵᠡᠷᠭᠡ ᠬᠠᠮᠢᠶ᠎ᠠ ᠪᠦᠬᠦᠢ ᠠᠵᠢᠯ ᠤᠨ ᠵᠤᠬᠢᠴᠠᠭᠤᠯᠭ᠎ᠠ ᠳᠤ ᠤᠷᠤᠯᠴᠠᠨ᠎ᠠ᠃   ︵ᠳᠦᠷᠪᠡ︶ ᠴᠦᠭᠡᠨ ᠲᠤᠭᠠᠲᠤ ᠦᠨᠳᠤᠰᠤᠲᠡᠨ ᠤ ᠤᠶᠢᠯᠡᠰ ᠵᠡᠷᠭᠡ ᠲᠤᠰᠬᠠᠢ ᠲᠦᠷᠦᠯ ᠤᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠦ᠂ ᠰᠢᠯᠤᠭᠤᠨ ᠬᠦᠬᠡ ᠬᠤᠰᠢᠭᠤᠨ ᠤ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶᠠᠨ ᠳᠠᠬᠢ ᠬᠦᠭᠵᠢᠯᠲᠠ ᠶᠢᠨ ᠲᠦᠯᠦᠪᠯᠡᠭᠡ ᠶᠢ ᠲᠤᠬᠳᠠᠭᠠᠬᠤ ᠳᠤ ᠤᠷᠤᠯᠴᠠᠵᠤ᠂ ᠴᠦᠭᠡᠨ ᠲᠤᠭᠠᠲᠤ ᠦᠨᠳᠤᠰᠤᠲᠡᠨ ᠤ ᠤᠶᠢᠯᠡᠰ ᠤᠨ ᠬᠦᠭᠵᠢᠯᠲᠠ ᠶᠢ ᠶᠡᠷᠦᠩᠬᠡᠶᠢᠯᠡᠨ ᠦᠨᠡᠯᠡᠬᠦ ᠬᠢᠨᠠᠨ ᠰᠢᠯᠭᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠬᠦᠯᠵᠦ᠂ ᠦᠨᠳᠤᠰᠤᠲᠡᠨ ᠤ ᠬᠡᠷᠡᠭ ᠶᠠᠪᠤᠳᠠᠯ ᠤᠨ ᠤᠶᠢᠯᠡᠴᠢᠯᠡᠭᠡᠨ ᠤ ᠰᠢᠰᠲ᠋ᠧᠮ ᠪᠠ ᠦᠨᠳᠤᠰᠤᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠤᠨ᠎ᠠ᠃   ︵ᠲᠠᠪᠤ︶ ᠰᠢᠯᠤᠭᠤᠨ ᠬᠦᠬᠡ ᠬᠤᠰᠢᠭᠤᠨ ᠤ ᠦᠨᠳᠤᠰᠤᠲᠡᠨ ᠤ ᠪᠦᠯᠬᠦᠮᠳᠡᠯ ᠲᠠᠪᠰᠢᠯᠲᠠ ᠶᠢᠨ ᠱᠠᠩᠨᠠᠨ ᠬᠦᠬᠢᠭᠦᠯᠬᠦ ᠠᠵᠢᠯᠯᠠᠭ᠎ᠠ ᠶᠢ ᠡᠷᠬᠢᠯᠠᠨ ᠶᠠᠪᠤᠬᠳᠠᠭᠤᠯᠤᠨ᠎ᠠ᠃   ︵ᠵᠢᠷᠭᠤᠭ᠎ᠠ︶ ᠴᠦᠭᠡᠨ ᠲᠤᠭᠠᠲᠤ ᠦᠨᠳᠤᠰᠤᠲᠡᠨ ᠤ ᠦᠬᠡ ᠬᠡᠯᠡ ᠦᠰᠦᠭ ᠪᠢᠴᠢᠭ ᠤᠨ ᠰᠤᠷᠤᠯᠴᠠᠯᠭ᠎ᠠ᠂ ᠬᠡᠷᠡᠭᠯᠡᠯᠲᠠ᠂ ᠰᠤᠳᠤᠯᠤᠯᠲᠠ᠂ ᠬᠦᠭᠵᠢᠯᠲᠠ᠂ ᠠᠪᠤᠷᠠᠯᠲᠠ᠂ ᠬᠠᠮᠠᠭᠠᠯᠠᠯᠲᠠ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠬᠠᠮᠢᠶᠠᠷᠤᠨ᠎ᠠ᠃ ᠴᠦᠭᠡᠨ ᠲᠤᠭᠠᠲᠤ ᠦᠨᠳᠤᠰᠤᠲᠡᠨ ᠤ ᠦᠬᠡ ᠬᠡᠯᠡ ᠦᠰᠦᠭ ᠪᠢᠴᠢᠭ ᠤᠨ ᠦᠨᠳᠤᠰᠤᠲᠡᠨ ᠤ ᠬᠦᠮᠦᠵᠢᠯ᠂ ᠤᠷᠴᠢᠭᠤᠯᠭ᠎ᠠ᠂ ᠬᠡᠪᠯᠡᠯ᠂ ᠰᠤᠨᠢᠨ ᠰᠡᠳᠬᠦᠯ᠂ ᠷᠠᠳᠢᠤ᠋ ᠨᠡᠪᠲᠡᠷᠡᠭᠦᠯᠭᠡ ᠺᠢᠨᠤ᠋ ᠲᠧᠯᠸᠢᠰ ᠪᠠ ᠦᠨᠳᠤᠰᠤᠲᠡᠨ ᠤ ᠡᠷᠲᠡᠨ ᠤ ᠨᠤᠮ ᠪᠢᠴᠢᠭ ᠢ ᠴᠤᠬᠯᠠᠭᠤᠯᠬᠤ᠂ ᠡᠮᠬᠢᠳᠬᠡᠬᠦ ᠬᠡᠪᠯᠡᠬᠦ ᠠᠵᠢᠯ ᠢ ᠵᠢᠭᠠᠨ ᠵᠢᠯᠤᠭᠤᠳᠤᠨ᠎ᠠ   ︵ᠳᠤᠯᠤᠭ᠎ᠠ︶ ᠦᠨᠳᠤᠰᠤᠲᠡᠨ ᠤ ᠠᠵᠢᠯ ᠤᠨ ᠬᠦᠷᠢᠶᠡᠨ ᠳᠠᠬᠢ ᠭᠠᠲᠠᠭᠠᠲᠤ ᠤᠬᠠᠭᠤᠯᠭ᠎ᠠ ᠶᠢ ᠵᠤᠬᠢᠶᠠᠨ ᠪᠠᠶᠢᠭᠤᠯᠵᠦ ᠵᠤᠬᠢᠴᠠᠭᠤᠯᠤᠨ᠂ ᠦᠨᠳᠤᠰᠤᠲᠡᠨ ᠤ ᠬᠡᠷᠡᠭ ᠶᠠᠪᠤᠳᠠᠯ ᠲᠠᠢ ᠬᠤᠯᠪᠤᠬᠳᠠᠬᠰᠠᠨ ᠬᠠᠳᠠᠭᠠᠲᠤ ᠤᠬᠠᠭᠤᠯᠭ᠎ᠠ  ᠶᠢᠨ ᠠᠵᠢᠯ ᠳᠤ ᠤᠷᠤᠯᠴᠠᠨ᠎ᠠ᠃   ︵ᠨᠠᠢᠮᠠ︶ ᠴᠦᠭᠡᠨ ᠲᠤᠭᠠᠲᠤ ᠦᠨᠳᠤᠰᠤᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠦᠯᠦᠪᠯᠡᠭᠡ ᠶᠢ ᠲᠤᠬᠳᠠᠭᠠᠬᠤ ᠳᠤ ᠤᠷᠤᠯᠴᠠᠵᠤ᠂ ᠴᠦᠭᠡᠨ ᠲᠤᠭᠠᠲᠤ ᠦᠨᠳᠤᠰᠤᠲᠡᠨ ᠤ ᠺᠠᠳ᠋ᠷ ᠲᠠᠢ ᠬᠠᠷᠢᠯᠴᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠪᠰᠤᠷᠴᠦ ᠴᠦᠭᠡᠨ ᠲᠤᠭᠠᠲᠤ ᠦᠨᠳᠤᠰᠤᠲᠡᠨ ᠤ ᠺᠠᠳ᠋ᠷ ᠢ ᠬᠦᠮᠦᠵᠢᠬᠦᠯᠦᠨ ᠬᠡᠷᠡᠭᠯᠡᠬᠦ ᠠᠵᠢᠯ ᠢ ᠰᠠᠶᠢᠲᠤᠷ ᠪᠡᠶᠡᠯᠡᠬᠦᠯᠦᠨ᠎ᠠ᠃   ︵ᠶᠢᠰᠦ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠲᠤᠰᠢᠶᠠᠬᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号