ᠰᠢᠯᠤᠭᠤᠨ ᠬᠥᠬᠡ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020/6/17
            ᠰᠢᠯᠤᠭᠤᠨ ᠬᠥᠬᠡ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠢ 2019 ᠣᠨ ᠤ 1 ᠰᠠᠷ᠎ᠠ ᠳᠤ ᠫᠠᠶᠢᠰᠠ ᠡᠯᠭᠦᠵᠦ ᠪᠠᠶᠢᠭᠤᠯᠤᠭᠳᠠᠭᠰᠠᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠵᠢᠩᠬᠢᠨᠢ ᠰᠠᠯᠠᠭᠠᠨ ᠤ ᠳᠡᠰ ᠤᠨ ᠪᠠᠢᠭᠤᠯᠭ᠎ᠠ ᠨᠢᠭᠡᠴᠡ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠳᠤᠪᠴᠢᠶᠠᠨ ᠳᠤ ᠪᠠᠶᠢᠷᠢᠯᠠᠭᠤᠯᠵᠤ᠂ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠢ ᠠᠯᠪᠠᠨ ᠭᠡᠷ ᠪᠠ ᠶᠡᠷᠥᠩᠭᠡᠶᠢᠯᠡᠭᠰᠡᠨ ᠳᠤᠰᠬᠠᠢ ᠠᠵᠢᠯ ᠤᠨ ᠲᠠᠰᠤᠭ ᠬᠤᠶᠠᠷ ᠢ ᠪᠠᠶᠢᠭᠤᠯᠵᠤ᠂ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠠᠶᠢᠲᠡ 5 ᠨᠡᠷ᠎ᠡ ᠪᠠᠶᠢᠵᠤ᠂ ᠲᠣᠪᠴᠢᠶᠠᠨ ᠳᠠᠷᠤᠭ᠎ᠠ 1 ᠨᠡᠷ᠎ᠡ᠂ ᠳᠡᠳ᠋ ᠲᠣᠪᠴᠢᠶᠠᠨ ᠳᠠᠷᠤᠭ᠎ᠠ 2 ᠨᠡᠷ᠎ᠡ ᠳᠤᠬᠢᠷᠠᠭᠤᠯᠵᠠᠢ᠃ ᠳᠤᠪᠴᠢᠶ᠎ᠠ ᠨᠢ ᠳᠤᠤᠷ᠎ᠠ ᠪᠠᠨ ᠰᠢᠯᠤᠭᠤᠨ ᠬᠥᠬᠡ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠶ᠋ᠯᠡᠴᠢᠯᠡᠭᠡᠨ ᠤ ᠲᠥᠪ ᠢ ᠪᠠᠶᠢᠭᠤᠯᠵᠤ᠂ ᠵᠢᠩᠬᠢᠨᠢ ᠳᠠᠰᠤᠭ ᠤᠨ ᠲᠡᠰ ᠤᠨ ᠠᠵᠢᠯ ᠦᠢᠯᠡᠰ ᠤᠨ ᠨᠢᠭᠡᠴᠡ ᠪᠤᠯᠤᠨ᠎ᠠ᠃       ᠬᠤᠶᠠᠷ᠂ ᠰᠢᠯᠤᠭᠤᠨ ᠬᠥᠬᠡ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ       ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠴᠡᠷᠢᠭ ᠤᠨ ᠠᠵᠢᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠣᠯᠤᠨ ᠬᠠᠮᠢᠶ᠎ᠠ ᠪᠦᠬᠦᠢ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠ ᠪᠠᠳᠣᠯᠠᠭ᠎ᠠ ᠵᠡᠷᠭᠡ ᠠᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠂ ᠴᠡᠷᠢᠭ ᠠᠴᠠ ᠬᠠᠯᠠᠭᠳᠠᠭᠰᠠᠳ ᠤᠨ ᠨᠠᠮ ᠪᠣᠯᠤᠨ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠤᠷᠢᠭᠤᠯᠬᠤ ᠵᠣᠷᠢᠭ ᠰᠠᠨᠠᠭᠠᠨ ᠤ ᠬᠡᠪ ᠨᠠᠮᠪᠠ ᠪᠣᠯᠤᠨ ᠦᠷᠳᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠨ᠎ᠠ᠃       ︵ᠬᠤᠶᠠᠷ︶ ᠴᠡᠷᠢᠭ ᠠᠩᠭᠢ ᠠᠴᠠ ᠠᠵᠢᠯ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠪᠠ ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠠᠮᠠᠷᠠᠭᠰᠠᠨ ᠠᠵᠢᠯᠲᠠᠨ ᠢ ᠠᠵᠢᠯ ᠰᠢᠯᠵᠢᠭᠦᠯᠦᠨ ᠠᠵᠢᠯ ᠪᠠᠶᠢᠷᠢᠯᠠᠭᠤᠯᠬᠤ ᠠᠵᠢᠯ ᠢ ᠬᠠᠷᠢᠭᠤᠴᠠᠬᠤ ᠪᠠ ᠥᠪᠡᠷᠳᠡᠭᠡᠨ ᠠᠵᠢᠯ ᠰᠣᠩᠭᠤᠬᠤ᠂ ᠥᠪᠡᠷᠳᠡᠭᠡᠨ ᠠᠵᠢᠯ ᠤᠯᠬᠤ ᠬᠠᠯᠠᠭᠳᠠᠭᠰᠠᠨ ᠴᠡᠷᠢᠭ ᠤᠨ ᠦᠶ᠋ᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠭᠤᠷᠪᠠ︶ ᠴᠡᠷᠢᠭ ᠠᠴᠠ ᠬᠠᠯᠠᠭᠳᠠᠭᠰᠠᠳ ᠤᠨ ᠬᠥᠮᠦᠵᠢᠯ ᠪᠤᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠤ᠂ ᠴᠡᠷᠢᠭ ᠠᠴᠠ ᠬᠠᠯᠠᠭᠳᠠᠭᠰᠠᠳ ᠪᠠ ᠴᠡᠷᠢᠭ ᠢ ᠳᠠᠭᠠᠭᠰᠠᠨ ᠭᠡᠷ ᠪᠦᠯᠢ ᠶᠢᠨ ᠠᠵᠢᠯ ᠤᠯᠭᠤᠵᠤ ᠠᠳᠠᠯ ᠦᠶ᠋ᠯᠡᠰ ᠴᠤᠭᠴᠠᠯᠠᠬᠤ ᠳᠤ ᠳᠡᠳᠬᠦᠨ ᠳᠡᠮᠵᠢᠨ᠎ᠠ᠃       ︵ᠳᠥᠷᠪᠡ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠤᠨᠴᠠᠭᠠᠢ ᠪᠠᠳᠤᠯᠠᠭ᠎ᠠ ᠶᠢᠨ ᠬᠡᠷᠡᠭᠵᠢᠭᠦᠯᠬᠦ ᠰᠠᠨᠠᠯ ᠢ ᠲᠤᠭᠤᠷᠪᠢᠨ ᠳᠤᠭᠳᠠᠭᠠᠵᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃       ︵ᠲᠠᠪᠤ︶ ᠴᠡᠷᠢᠭ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠳᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠪᠠᠳᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠤᠨ᠎ᠠ᠃       ︵ᠵᠢᠷᠭᠤᠭ᠎ᠠ︶ ᠰᠢᠷᠬᠠᠳᠤᠭᠰᠠᠨ᠂ ᠡᠪᠡᠳᠴᠢᠯᠡᠭᠰᠡᠨ᠂ ᠵᠡᠮᠳᠡᠭ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠶᠢᠨ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠴᠡᠷᠢᠭ ᠠᠴᠠ ᠬᠠᠯᠠᠭᠳᠠᠭᠰᠠᠳ ᠤᠨ ᠡᠮ ᠡᠮᠨᠡᠯᠭᠡ᠂ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠠᠢᠭᠤᠯᠤᠮᠵᠢ ᠶᠢᠨ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠷᠭᠦᠯᠵᠢᠯᠡᠨ ᠴᠡᠷᠢᠭ ᠤᠨ ᠠᠯᠪᠠ ᠭᠦᠢᠴᠡᠳᠬᠡᠬᠦ ᠳᠤ ᠲᠣᠬᠢᠷᠠᠬᠤ ᠦᠭᠡᠢ ᠰᠢᠷᠬᠠᠳᠤᠭᠰᠠᠨ᠂ ᠡᠪᠡᠳᠴᠢᠯᠡᠭᠰᠡᠨ᠂ ᠵᠡᠮᠳᠡᠭ ᠴᠡᠷᠢᠭ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃       ︵ᠳᠣᠯᠤᠭ᠎ᠠ︶ ᠪᠥᠬᠦ ᠬᠤᠰᠢᠭᠤᠨ ᠤ ᠴᠡᠷᠢᠭ ᠢ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠ ᠭᠦᠢᠴᠡᠳᠭᠡᠵᠤ ᠪᠠᠶᠢᠭ᠎ᠠ ᠴᠡᠷᠢᠭ᠂ ᠴᠡᠷᠢᠭ ᠠᠴᠠ ᠬᠠᠯᠠᠭᠳᠠᠭᠰᠠᠳ᠂ ᠴᠡᠷᠢᠭ ᠤᠨ ᠪᠢᠴᠢᠭ ᠤᠨ ᠳᠤᠰᠢᠶᠠᠯᠳᠠᠨ ᠪᠠ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠪᠠ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃       ︵ᠨᠠᠢᠮᠠ︶ ᠦᠷᠡᠭᠳᠡᠭᠰᠡᠨ ᠪᠠᠭᠠᠲᠤᠷ ᠵᠢᠴᠢ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ ᠬᠦᠭᠢᠭᠦᠯᠦᠯ᠂ ᠴᠡᠷᠢᠭ ᠤᠨ ᠨᠡᠶᠢᠲᠡ ᠶᠢᠨ ᠣᠩᠭᠤᠨ ᠢ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠠᠵᠢᠯ ᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠤᠯᠤᠰ ‍ᠣᠷᠣᠨ ᠤ ᠳᠠᠰ ᠤᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠡ ᠳᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠤᠨ ᠵᠢᠭᠰᠠᠭᠠᠯᠲᠠ ᠶᠢ ᠭᠤᠶᠤᠴᠢᠯᠠᠨ ᠮᠡᠳᠡᠭᠦᠯᠵᠦ᠂ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠳ ᠤᠨ ᠠᠵᠢᠯ ᠨᠢᠭᠡᠴᠡ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠶ᠋ᠯᠡ ᠠᠵᠢᠯᠯᠠᠭ᠎ᠠ ᠶᠢ ᠬᠥᠬᠢᠭᠦᠯᠦᠨ ᠰᠠᠶᠢᠰᠢᠶᠠᠬᠤ ᠪᠠ ᠤᠬᠠᠭᠤᠯᠤᠨ᠎ᠠ᠃       ︵ᠶᠢᠰᠦ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠪᠣᠯᠤᠨ ᠳᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠭᠠᠨ ᠵᠢᠯᠤᠭᠤᠳᠴᠤ ᠬᠢᠨᠠᠨ ᠪᠠᠶᠢᠴᠠᠭᠠᠨ᠎ᠠ᠃ ᠴᠡᠷᠢᠭ ᠠᠴᠠ ᠬᠠᠯᠠᠭᠳᠠᠭᠰᠠᠳ ᠤᠨ ᠬᠠᠤᠯᠢ ᠶᠤᠰᠦᠨ ᠤ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠦᠬᠦᠢ ᠬᠥᠮᠦᠰ ᠢ ᠬᠠᠪᠰᠤᠷᠤᠨ ᠳᠡᠳᠭᠦᠭᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃       ︵ᠠᠷᠪᠠ︶ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠶᠤᠯᠭᠦᠶ ᠶᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠶᠤᠯᠭᠦᠶ ᠶᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠶᠤᠯᠭᠦᠶ ᠶᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠶ᠋ᠴᠡᠳᠬᠡᠨ᠎ᠡ᠃       ︵ᠠᠷᠪᠠᠨ ᠨᠢᠭᠡ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠦᠨ᠎ᠡ᠃        ︵ᠠᠷᠪᠠᠨ ᠬᠤᠶᠠᠷ︶ ᠡᠭᠦᠷᠭᠡ ᠴᠢᠳᠠᠪᠤᠷᠢ ᠶᠢᠨ ᠬᠤᠪᠢᠷᠠᠭᠤᠯᠳᠠ ᠶᠢ ᠪᠠᠳᠤᠯᠠᠨ᠎ᠠ᠃ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠨᠢ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠢᠯᠡᠴᠢᠯᠡᠭᠡ ᠪᠠᠳᠤᠯᠠᠭ᠎ᠠ ᠶᠢᠨ ᠰᠢᠰᠲ᠋ᠧᠮ ᠤᠨ ᠪᠠᠢᠷᠢᠯᠠᠭᠤᠯᠤᠯᠳᠠ ᠢ ᠴᠢᠩᠭᠠᠳᠬᠠᠵᠤ᠂ ᠲᠥᠪᠯᠡᠷᠡᠩᠭᠦᠶ ᠨᠢᠭᠡᠳᠦᠯᠲᠡᠶ᠂ ᠡᠭᠦᠷᠭᠡ ᠬᠠᠷᠢᠭᠤᠴᠠᠯᠭ᠎ᠠ ᠲᠣᠳᠣᠷᠬᠠᠶ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠲᠠ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠦᠴᠦᠨ ᠢ ᠬᠠᠮᠳᠤᠤᠳᠬᠠᠵᠤ᠂ ᠴᠡᠷᠢᠭ ᠬᠦᠮᠦᠨ ᠵᠢᠴᠢ ᠴᠡᠷᠢᠭ ᠤᠨ ᠭᠡᠷ ᠪᠦᠯᠢ ᠶᠢᠨ ᠬᠢᠨ ᠳᠤ ᠨᠡᠩ ᠰᠠᠶᠢᠨ ᠪᠠᠷ ᠤᠶᠢᠯᠡᠴᠢᠯᠡᠵᠤ ᠳᠡᠳᠡᠨᠠᠷ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠳᠤᠷ ᠬᠠᠮᠠᠭᠠᠯᠠᠨ ᠴᠡᠷᠢᠭ ᠬᠦᠮᠦᠨ ᠢ ᠪᠦᠬᠦ ᠨᠡᠶᠢᠭᠡᠮ ᠤᠨ ᠡᠷᠬᠢᠮ ᠳᠡᠭᠡᠳᠦ ᠠᠵᠢᠯ ᠮᠡᠷᠭᠡᠵᠢᠯ ᠪᠣᠯᠭᠠᠵᠤ᠂ ᠴᠡᠷᠢᠭ ᠠᠩᠭᠢ ᠶᠢᠨ ᠲᠠᠶᠢᠴᠢᠨ ᠬᠦᠴᠦᠨ ᠪᠣᠯᠤᠨ ᠨᠢᠭᠲᠠᠷᠠᠯ ᠤᠨ ᠬᠦᠴᠦᠨ ᠢ ᠤᠯᠠᠮ ᠢᠯᠡᠭᠦᠦ ᠴᠢᠩᠭᠠᠳᠬᠠᠬᠤ ᠶᠢᠨ ᠲᠥᠯᠥᠭᠡ ᠵᠣᠬᠢᠶᠠᠨ ᠪᠠᠢᠭᠤᠯᠤᠯᠳᠠ ᠶᠢᠨ ᠪᠠᠳᠤᠯᠠᠭ᠎ᠠ ᠶᠢ ᠨᠡᠩ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号