ᠰᠢᠯᠤᠭᠤᠨ ᠬᠥᠬᠡ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ | ᠨᠢ 2019 ᠣᠨ ᠤ 2 ᠰᠠᠷ᠎ᠠ ᠶᠢᠨ ᠳᠣᠮᠳᠠᠴᠢ ᠪᠠᠷ ᠪᠠᠶᠢᠭᠤᠯᠣᠭᠳᠠᠵᠣ᠂ ᠣᠣᠯ ᠤᠨ ᠠᠶᠣᠯᠭᠦᠢ ᠦᠢᠯᠡᠳᠪᠦᠷᠢᠯᠡᠯ | ᠤᠨ ᠬᠢᠨᠠᠨ ᠬᠠᠮᠢᠶᠠᠷᠣᠯᠲᠠ ᠶᠢᠨ ᠲᠣᠪᠴᠢᠶᠠᠨ ᠤ ᠪᠥᠬᠦᠶᠢᠯᠡ ᠡᠭᠦᠷᠭᠡ ᠴᠢᠳᠠᠮᠵᠢ᠂ ᠠᠷᠠᠳ ᠤᠨ ᠶᠠᠪᠣᠳᠠᠯ ᠤᠨ | ᠰᠠᠯᠠᠭ᠎ᠠ ᠮᠥᠴᠢᠷ ᠤᠨ ᠪᠠᠶᠢᠭᠠᠯᠢ ᠶᠢᠨ ᠭᠠᠮᠰᠢᠭ ᠠᠴᠠ ᠠᠪᠣᠷᠠᠨ ᠲᠣᠰᠠᠯᠠᠬᠤ᠂ ᠪᠠᠶᠢᠭᠠᠯᠢ ᠶᠢᠨ ᠭᠠᠮᠰᠢᠭ ᠢ | ᠰᠢᠯᠭᠠᠨ ᠪᠠᠶᠢᠴᠠᠭᠠᠬᠤ ᠡᠭᠦᠷᠭᠡ ᠴᠢᠳᠠᠮᠵᠢ᠂ ᠬᠤᠰᠢᠭᠤ ᠭᠠᠯ ᠤᠨ ᠠᠶᠣᠯ ᠢ ᠰᠡᠷᠭᠡᠶᠢᠯᠡᠬᠦ ᠵᠢᠯᠣᠭᠤᠳᠬᠤ ᠬᠡᠯᠲᠡᠰ | ᠤᠨ ᠠᠯᠪᠠᠨ ᠭᠡᠷ ᠤᠨ ᠪᠥᠬᠦᠶᠢᠯᠡ ᠡᠭᠦᠷᠭᠡ ᠴᠢᠳᠠᠮᠵᠢ᠂ ᠣᠣᠯ ᠤᠨ ᠪᠠᠴᠢᠮ ᠪᠠᠶᠢᠳᠠᠯ ᠢ ᠠᠷᠭᠠᠴᠠᠭᠠᠬᠤ | ᠵᠢᠯᠣᠭᠤᠳᠬᠤ ᠬᠡᠯᠲᠡᠰ ᠤᠨ ᠬᠡᠰᠡᠭ ᠡᠭᠦᠷᠭᠡ ᠴᠢᠳᠠᠮᠵᠢ᠂ ᠭᠠᠵᠠᠷ ᠵᠦᠢ ᠶᠢᠨ ᠭᠠᠮᠰᠢᠭ᠂ ᠭᠠᠵᠠᠷ ᠬᠥᠳᠡᠯᠦᠯᠲᠡ᠂ | ᠣᠰᠣᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠦᠶᠡᠷ ᠢ ᠰᠡᠷᠭᠡᠶᠢᠯᠡᠵᠤ ᠭᠠᠩ ᠬᠠᠭᠰᠠᠷᠭᠠᠨ ᠲᠠᠢ ᠲᠡᠮᠡᠴᠡᠬᠦ | ᠠᠯᠪᠠᠨ ᠭᠡᠷ ᠤᠨ ᠬᠡᠰᠡᠭ ᠡᠭᠦᠷᠭᠡ ᠴᠢᠳᠠᠮᠵᠢ᠂ ᠰᠠᠩ ᠤᠨ ᠳᠠᠯᠠᠢ ᠭᠠᠯ ᠣᠨᠲᠠᠷᠠᠭᠠᠬᠤ ᠦᠢᠯᠡᠴᠢᠯᠡᠭᠡᠨ ᠤ ᠲᠥᠪ | ᠤᠨ ᠪᠥᠬᠦᠶᠢᠯᠡ ᠡᠭᠦᠷᠭᠡ ᠴᠢᠳᠠᠮᠵᠢ ᠶᠢ ᠨᠢᠭᠡᠳᠬᠡᠨ ᠰᠢᠨ᠎ᠡ ᠪᠠᠷ ᠪᠠᠶᠢᠭᠤᠯᠤᠭᠳᠠᠭᠰᠡᠨ ᠪᠠᠶᠢᠭᠤᠯᠭ᠎ᠠ ᠪᠣᠯᠣᠨ᠎ᠠ᠃ | ᠣᠳᠣ ᠪᠠᠶᠢᠭ᠎ᠠ ᠠᠵᠢᠯᠲᠠᠨ 35 ᠨᠡᠷᠡᠰ᠂ ᠡᠭᠦᠨ ᠳᠤ ᠣᠳᠣᠷᠢᠳᠬᠤ ᠪᠠᠭ 3 ᠬᠦᠮᠦᠨ᠂ ᠨᠡᠭᠦᠷᠡᠰᠦᠨ ᠠᠭᠤᠷᠬᠠᠢ | ᠪᠣᠰᠣ ᠠᠭᠤᠯᠠ ᠠᠭᠤᠷᠬᠠᠢ ᠶᠢᠨ ᠬᠢᠨᠠᠨ ᠬᠠᠮᠢᠶᠠᠷᠣᠯᠲᠠ ᠶᠢᠨ ᠠᠵᠢᠯᠲᠠᠨ 2 ᠬᠦᠮᠦᠨ᠂ ᠠᠶᠣᠯᠲᠠᠢ ᠬᠢᠮᠢ ᠶᠢᠨ | ᠪᠥᠲᠦᠭᠡᠭᠳᠡᠭᠦᠨ ᠵᠢᠴᠢ ᠬᠤᠸᠠᠷ ᠫᠣᠣᠵᠢᠩ ᠤᠨ ᠬᠢᠨᠠᠨ ᠬᠠᠮᠢᠶᠠᠷᠣᠯᠲᠠ ᠶᠢᠨ ᠠᠵᠢᠯᠲᠠᠨ 2 ᠬᠦᠮᠦᠨ᠂ ᠲᠡᠮᠦᠷᠯᠢᠭ | ᠬᠠᠶᠢᠯᠣᠭᠤᠯᠬᠤ ᠠᠵᠢᠯ ᠲᠥᠷᠦᠯ ᠤᠨ ᠬᠢᠨᠠᠨ ᠬᠠᠮᠢᠶᠠᠷᠣᠯᠲᠠ ᠶᠢᠨ ᠠᠵᠢᠯᠲᠠᠨ 2 ᠬᠦᠮᠦᠨ᠂ ᠠᠶᠣᠯᠭᠦᠢ ᠶᠢᠨ | ᠵᠥᠪᠯᠡᠯ ᠤᠨ ᠠᠯᠪᠠᠨ ᠭᠡᠷ ᠤᠨ ᠠᠵᠢᠯᠲᠠᠨ 2 ᠬᠦᠮᠦᠨ᠂ ᠠᠯᠪᠠᠨ ᠪᠠᠶᠢᠭᠤᠯᠭ᠎ᠠ ᠶᠢᠨ ᠠᠯᠪᠠᠨ ᠭᠡᠷ ᠤᠨ ᠠᠵᠢᠯᠲᠠᠨ | 4 ᠬᠦᠮᠦᠨ ︵ᠡᠭᠦᠨ ᠳᠤ ᠲᠣᠰᠬᠤᠨ ᠳᠤ ᠲᠣᠮᠢᠯᠠᠭᠰᠡᠨ 1 ᠬᠦᠮᠦᠨ︶᠂ ᠡᠳ᠋ ᠤᠨ ᠶᠠᠪᠣᠳᠠᠯ ᠤᠨ ᠠᠵᠢᠯᠲᠠᠨ 2 | ᠬᠦᠮᠦᠨ᠂ ᠭᠠᠯ ᠤᠨ ᠠᠶᠣᠯ ᠢ ᠰᠡᠷᠭᠡᠶᠢᠯᠡᠬᠦ ᠠᠯᠪᠠᠨ ᠭᠡᠷ ᠤᠨ ᠠᠵᠢᠯᠲᠠᠨ 4 ᠬᠦᠮᠦᠨ ︵ᠡᠭᠦᠨ ᠳᠤ ᠲᠣᠰᠬᠤᠨ | ᠳᠤ ᠲᠣᠮᠢᠯᠠᠭᠰᠡᠨ 2 ᠬᠦᠮᠦᠨ︶᠂ ᠪᠠᠶᠢᠭᠠᠯᠢ ᠶᠢᠨ ᠭᠠᠮᠰᠢᠭ ᠠᠴᠠ ᠠᠪᠣᠷᠠᠨ ᠲᠣᠰᠠᠯᠠᠬᠤ ᠠᠵᠢᠯᠲᠠᠨ 3 ᠬᠦᠮᠦᠨ ︵ | 1 ᠬᠦᠮᠦᠨ ᠢ ᠦᠭᠡᠷᠡᠴᠢᠯᠡᠯᠲᠡ ᠶᠢᠨ ᠠᠯᠪᠠᠨ ᠭᠡᠷ ᠲᠤ ᠵᠢᠭᠡᠯᠡᠨ ᠭᠡᠷᠡᠭᠯᠡᠭᠰᠡᠨ︶᠂ ᠦᠶᠡᠷ ᠢ ᠰᠡᠷᠭᠡᠶᠢᠯᠡᠵᠤ ᠭᠠᠩ | ᠬᠠᠭᠰᠠᠷᠭᠠᠨ ᠲᠠᠢ ᠲᠡᠮᠡᠴᠡᠬᠦ ᠥᠷᠲᠡᠭᠡᠨ ᠤ ᠠᠵᠢᠯᠲᠠᠨ 1 ᠬᠦᠮᠦᠨ ᠃ ᠠᠶᠣᠯᠭᠦᠢ ᠦᠢᠯᠡᠳᠪᠦᠷᠢᠯᠡᠯ ᠤᠨ ᠬᠢᠨᠠᠨ | ᠪᠠᠶᠢᠴᠠᠭᠠᠬᠤ ᠶᠡᠭᠡ ᠠᠩᠬᠢ 1 ᠬᠦᠮᠦᠨ᠂ ᠰᠠᠩ ᠤᠨ ᠳᠠᠯᠠᠢ ᠭᠠᠯ ᠣᠨᠲᠠᠷᠠᠭᠠᠬᠤ ᠦᠢᠯᠡᠴᠢᠯᠡᠭᠡᠨ ᠤ ᠲᠥᠪ 9 | ᠬᠦᠮᠦᠨ᠃ ᠠᠯᠪᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 8 ᠂ ᠪᠣᠳᠠᠲᠠᠢ ᠪᠠᠶᠢᠭ᠎ᠠ ᠨᠢ 6 | ᠬᠦᠮᠦᠨ᠂ ᠠᠵᠢᠯ ᠦᠢᠯᠡᠰ ᠤᠨ ᠠᠯᠪᠠᠲᠠᠨ ᠤ ᠰᠢᠯᠭᠠᠯᠲᠠ ᠳᠠᠮᠵᠢᠭᠰᠡᠨ ᠣᠷᠣᠨ ᠲᠤᠭ᠎ᠠ 8᠂ ᠪᠣᠳᠠᠲᠠᠢ ᠪᠠᠶᠢᠭ᠎ᠠ | ᠨᠢ 2 ᠬᠦᠮᠦᠨ᠂ ᠠᠵᠢᠯ ᠦᠢᠯᠡᠰ ᠤᠨ ᠣᠷᠣᠨ ᠲᠤᠭ᠎ᠠ 15 ᠪᠣᠳᠠᠲᠠᠢ ᠪᠠᠶᠢᠭ᠎ᠠ ᠨᠢ 19 ᠬᠦᠮᠦᠨ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ 3 ᠬᠦᠮᠦᠨ᠂ ᠠᠳᠠᠯᠢ ᠠᠵᠢᠯ ᠳᠤ ᠠᠳᠠᠯᠢ ᠴᠠᠯᠢᠩ 1 ᠬᠦᠮᠦᠨ᠂ | ᠦᠨᠳᠦᠰᠦᠨ ᠱᠠᠲᠣᠨ ᠳᠤ ᠦᠢᠯᠡᠴᠢᠯᠡᠬᠦ 2 ᠬᠦᠮᠦᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠠᠵᠢᠯᠲᠠᠨ 1 | ᠬᠦᠮᠦᠨ᠂ ᠪᠢᠴᠢᠭ ᠤᠨ ᠲᠣᠰᠢᠶᠠᠯ ᠤᠨ ᠴᠠᠭᠳᠠᠭ᠎ᠠ 1 ᠬᠦᠮᠦᠨ᠃ | ᠬᠤᠶᠠᠷ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶᠠᠨ ᠤ ᠭᠤᠣᠯ | ᠡᠭᠦᠷᠭᠡ ᠬᠠᠷᠢᠭᠤᠴᠠᠯᠭ᠎ᠠ | ︵ᠨᠢᠭᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠵᠤ᠂ ᠡᠯ᠎ᠡ | ᠰᠣᠮᠣ ᠪᠠᠯᠭᠠᠰᠣ᠂ ᠡᠯ᠎ᠡ ᠰᠠᠯᠠᠭ᠎ᠠ ᠮᠥᠴᠢᠷ ᠤᠨ ᠠᠶᠣᠯᠭᠦᠢ ᠦᠢᠯᠡᠳᠪᠦᠷᠢᠯᠡᠯ ᠤᠨ ᠲᠥᠷᠦᠯ᠂ ᠪᠠᠶᠢᠭᠠᠯᠢ ᠶᠢᠨ | ᠭᠠᠮᠰᠢᠭ ᠤᠨ ᠲᠥᠷᠦᠯ ᠵᠡᠷᠭᠡ ᠭᠡᠨᠡᠳᠳᠡ ᠶᠢᠨ ᠬᠡᠷᠡᠭ ᠢ ᠠᠷᠭᠠᠴᠠᠭᠠᠬᠤ ᠪᠣᠯᠣᠨ ᠭᠠᠮᠰᠢᠭ ᠢ ᠰᠡᠷᠭᠡᠶᠢᠯᠡᠵᠤ᠂ | ᠭᠠᠮᠰᠢᠭ ᠢ ᠪᠠᠭᠠᠰᠬᠠᠨ᠂ ᠭᠠᠮᠰᠢᠭ ᠠᠴᠠ ᠠᠪᠣᠷᠠᠨ ᠲᠣᠰᠠᠯᠠᠬᠤ ᠶᠡᠷᠦᠩᠬᠡᠶᠢᠯᠡᠭᠰᠡᠨ ᠠᠵᠢᠯ ᠢ ᠵᠢᠭᠠᠨ | ᠵᠢᠯᠣᠭᠤᠳᠣᠨ᠎ᠠ᠃ ᠠᠶᠣᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠣᠯᠲᠠ ᠶᠢᠨ ᠠᠵᠢᠯ᠂ | ᠬᠠᠮᠢᠶ᠎ᠠ ᠪᠥᠬᠦᠢ ᠦᠢᠯᠡᠳᠪᠦᠷᠢ ᠠᠭᠤᠷᠬᠠᠢ ᠶᠢᠨ ᠠᠵᠢᠯ ᠲᠥᠷᠦᠯ ᠤᠨ ᠠᠶᠣᠯᠭᠦᠢ ᠦᠢᠯᠡᠳᠪᠦᠷᠢᠯᠡᠯ ᠢ ᠬᠢᠨᠠᠨ | ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢ ᠪᠥᠲᠦᠭᠡᠨ | ᠪᠠᠶᠢᠭᠤᠯᠬᠤ᠂ ᠠᠶᠣᠯᠭᠦᠢ ᠦᠢᠯᠡᠳᠪᠦᠷᠢᠯᠡᠯ ᠪᠣᠯᠣᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠵᠤ ᠭᠠᠮᠰᠢᠭ ᠢ | ᠪᠠᠭᠠᠰᠬᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠣ ᠲᠣᠭᠲᠠᠭᠠᠨ᠂ ᠪᠥᠬᠦ ᠬᠤᠰᠢᠭᠤᠨ ᠤ ᠪᠠᠴᠢᠮ ᠪᠠᠶᠢᠳᠠᠯ | ᠢ ᠠᠷᠭᠠᠴᠠᠭᠠᠬᠤ ᠬᠠᠮᠢᠶᠠᠷᠣᠯᠲᠠ᠂ ᠠᠶᠣᠯᠭᠦᠢ ᠦᠢᠯᠡᠳᠪᠦᠷᠢᠯᠡᠯ ᠵᠡᠷᠭᠡ ᠶᠢ ᠠᠬᠢᠭᠤᠯᠬᠤ ᠬᠤᠯᠪᠣᠭᠳᠠᠯ ᠪᠥᠬᠦᠢ | ᠠᠷᠭ᠎ᠠ ᠬᠡᠮᠵᠢᠶ᠎ᠡ ᠶᠢ ᠰᠣᠳᠣᠯᠣᠨ ᠲᠣᠭᠲᠠᠭᠠᠬᠤ ᠪᠣᠯᠣᠨ ᠨᠠᠷᠢᠨ ᠳᠥᠷᠢᠮ ᠢ ᠬᠡᠷᠡᠭᠵᠢᠭᠦᠯᠬᠦ ᠶᠢᠨ ᠬᠠᠮᠲᠣ ᠬᠢᠨᠠᠯᠲᠠ | ᠲᠠᠯᠪᠢᠨ᠎ᠠ᠃ | ︵ᠭᠤᠷᠪᠠ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠣᠷᠢᠳᠴᠢᠯᠠᠭᠰᠡᠨ ᠲᠥᠰᠦᠪ | ᠤᠨ ᠲᠣᠭᠲᠠᠯᠴᠠᠭ᠎ᠠ ᠶᠢᠨ ᠪᠥᠲᠦᠭᠡᠨ ᠪᠠᠶᠢᠭᠤᠯᠣᠯᠲᠠ ᠶᠢ ᠵᠢᠭᠠᠨ ᠵᠢᠯᠣᠭᠤᠳᠴᠣ᠂ ᠠᠳᠡᠯ᠂ ᠭᠠᠢ ᠭᠠᠮᠰᠢᠭ ᠪᠣᠯᠣᠨ | ᠪᠠᠶᠢᠭᠠᠯᠢ ᠶᠢᠨ ᠭᠠᠮᠰᠢᠭ ᠤᠨ ᠣᠯᠣᠰ ᠤᠨ ᠲᠡᠰ ᠬᠤᠪᠢᠶᠠᠭᠰᠡᠨ ᠠᠷᠭᠠᠴᠠᠭᠠᠬᠤ ᠳᠥᠷᠢᠮ ᠢ ᠨᠠᠶᠢᠳᠠᠪᠣᠷᠢᠵᠢᠭᠤᠯᠵᠣ | ᠂ ᠪᠥᠬᠦ ᠬᠤᠰᠢᠭᠤᠨ ᠤ ᠶᠡᠷᠦᠩᠬᠡᠢ ᠪᠠᠴᠢᠮ ᠪᠠᠶᠢᠳᠠᠯ ᠢ ᠠᠷᠭᠠᠴᠠᠭᠠᠬᠤ ᠣᠷᠢᠳᠴᠢᠯᠠᠭᠰᠡᠨ ᠲᠥᠰᠦᠪ ᠪᠣᠯᠣᠨ | ᠠᠶᠣᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠤᠨ ᠲᠣᠰᠬᠠᠢ ᠲᠥᠷᠦᠯ ᠤᠨ ᠣᠷᠢᠳᠴᠢᠯᠠᠭᠰᠡᠨ ᠲᠥᠰᠦᠪ | ᠢ ᠵᠣᠬᠢᠶᠠᠨ ᠪᠠᠶᠢᠭᠤᠯᠣᠨ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠣᠷᠢᠳᠴᠢᠯᠠᠭᠰᠡᠨ ᠲᠥᠰᠦᠪ ᠢ | ᠵᠣᠯᠭᠠᠭᠤᠯᠬᠤ ᠠᠵᠢᠯ ᠢ ᠵᠣᠬᠢᠴᠠᠭᠤᠯᠵᠣ᠂ ᠣᠷᠢᠳᠴᠢᠯᠠᠭᠰᠡᠨ ᠲᠥᠰᠦᠪ᠂ ᠰᠣᠷᠢᠯᠲᠠ ᠶᠢ ᠵᠣᠬᠢᠶᠠᠨ ᠪᠠᠶᠢᠭᠤᠯᠣᠨ | ᠥᠷᠨᠢᠭᠦᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠶᠣᠯ ᠠᠴᠠ ᠵᠠᠶᠢᠯᠠᠬᠤ ᠲᠥᠬᠦᠭᠡᠷᠦᠮᠵᠢ ᠶᠢᠨ ᠪᠥᠲᠦᠭᠡᠨ | ᠪᠠᠶᠢᠭᠤᠯᠣᠯᠲᠠ ᠶᠢ ᠲᠦᠯᠬᠢᠨ ᠠᠬᠢᠭᠤᠯᠣᠨ᠎ᠠ᠃ | ︵ᠳᠦᠷᠪᠡ︶ ᠨᠢᠭᠡᠳᠦᠮᠡᠯ ᠪᠠᠶᠢᠷᠢᠯᠠᠭᠤᠯᠣᠯᠲᠠ ᠶᠣᠰᠣᠭᠠᠷ ᠪᠦᠬᠦ ᠬᠤᠰᠢᠭᠤᠨ ᠤ ᠨᠢᠭᠡᠳᠦᠮᠡᠯ ᠪᠠᠴᠢᠮ | ᠪᠠᠶᠢᠳᠠᠯ ᠢ ᠠᠷᠭᠠᠴᠠᠭᠠᠬᠤ ᠰᠣᠷᠠᠭ ᠵᠠᠩᠭᠢ ᠶᠢᠨ ᠰᠢᠰᠲ᠋ᠧᠮ᠂ ᠬᠢᠨᠠᠨ ᠰᠢᠯᠭᠠᠬᠤ᠂ ᠰᠡᠷᠡᠮᠵᠢᠯᠡᠭᠦᠯᠬᠦ ᠪᠣᠯᠣᠨ ᠭᠠᠮᠰᠢᠭ | ᠤᠨ ᠪᠠᠶᠢᠳᠠᠯ ᠢ ᠮᠡᠳᠡᠭᠦᠯᠬᠦ ᠳᠥᠷᠢᠮ ᠢ ᠲᠣᠯᠣᠭᠠᠶᠢᠯᠠᠨ ᠪᠠᠶᠢᠭᠤᠯᠵᠣ᠂ ᠪᠠᠶᠢᠭᠠᠯᠢ ᠶᠢᠨ ᠭᠠᠮᠰᠢᠭ ᠤᠨ ᠰᠣᠷᠠᠭ | ᠵᠠᠩᠬᠢ ᠶᠢᠨ ᠡᠬᠢ ᠪᠠᠶᠠᠯᠢᠭ ᠢ ᠣᠯᠬᠤ ᠪᠣᠯᠣᠨ ᠬᠤᠪᠢᠶᠠᠯᠴᠠᠬᠤ ᠲᠣᠭᠲᠠᠯᠴᠠᠭ᠎ᠠ ᠶᠢ ᠪᠥᠷᠢᠨᠰᠢᠭᠦᠯᠵᠤ᠂ ᠭᠠᠮᠰᠢᠭ | ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠭᠠᠨ ᠠᠪᠣᠷᠠᠨ ᠲᠣᠰᠠᠯᠠᠭᠰᠡᠨ ᠪᠠᠶᠢᠳᠠᠯ ᠢ ᠬᠠᠣᠯᠢ ᠶᠣᠰᠣᠭᠠᠷ | ᠨᠡᠶᠢᠲᠡᠯᠡᠨ᠎ᠡ᠃ | ︵ᠲᠠᠪᠤ︶ ᠪᠥᠬᠦ ᠬᠤᠰᠢᠭᠤᠨ ᠤ ᠠᠶᠣᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠵᠡᠷᠭᠡ | ᠲᠥᠷᠦᠯ ᠤᠨ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠣᠰᠠᠯᠠᠬᠤ ᠶᠢ ᠵᠣᠬᠢᠶᠠᠨ | ᠪᠠᠶᠢᠭᠤᠯᠵᠣ᠂ ᠵᠢᠭᠠᠨ ᠵᠢᠯᠣᠭᠤᠳᠴᠣ᠂ ᠵᠤᠬᠢᠴᠠᠭᠤᠯᠤᠨ᠎ᠠ᠃ ᠪᠥᠬᠦ ᠬᠤᠰᠢᠭᠤᠨ ᠤ ᠣᠨᠴᠠ ᠶᠡᠭᠡ ᠭᠠᠢ ᠭᠠᠮᠰᠢᠭ ᠢ | ᠠᠷᠭᠠᠴᠠᠭᠠᠬᠤ ᠶᠢ ᠵᠢᠯᠣᠭᠤᠳᠬᠤ ᠬᠡᠯᠲᠡᠰ ᠤᠨ ᠠᠵᠢᠯ ᠢ ᠡᠭᠦᠷᠭᠡᠯᠡᠵᠤ᠂ ᠭᠡᠨᠡᠳᠳᠡ ᠶᠢᠨ ᠬᠡᠷᠡᠭ ᠣᠴᠢᠷ ᠤᠨ | ᠥᠷᠭᠡᠳᠬᠦ ᠬᠠᠨᠳᠣᠰᠢ ᠶᠢ ᠰᠣᠳᠣᠯᠣᠨ ᠮᠠᠭᠠᠳᠯᠠᠬᠤ ᠶᠢᠨ ᠬᠠᠮᠲᠣ ᠠᠷᠭᠠᠴᠠᠭᠠᠬᠤ ᠰᠠᠨᠠᠭᠤᠯᠭ᠎ᠠ ᠭᠠᠷᠭᠠᠨ᠂ ᠳᠡᠭᠡᠳᠦ | ᠱᠠᠲᠣᠨ ᠤ ᠰᠠᠯᠠᠭ᠎ᠠ ᠮᠥᠴᠢᠷ ᠪᠣᠯᠣᠨ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠭᠲᠠᠭᠠᠭᠰᠡᠨ | ᠬᠠᠷᠢᠭᠤᠴᠠᠯᠭᠠᠲᠠᠨ ᠢ ᠲᠣᠰᠠᠯᠠᠨ ᠣᠨᠴᠠ ᠶᠡᠭᠡ ᠭᠠᠢ ᠭᠠᠮᠰᠢᠭ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠣᠨ᠎ᠠ᠃ | ︵ᠵᠢᠷᠭᠤᠭ᠎ᠠ︶ ᠡᠷᠭᠡ ᠲᠣᠰᠢᠶᠠᠯ ᠤᠨ ᠬᠡᠮᠵᠢᠶ᠎ᠡ ᠶᠣᠰᠣᠭᠠᠷ ᠪᠥᠬᠦ ᠬᠤᠰᠢᠭᠤᠨ ᠤ ᠡᠯ᠎ᠡ ᠲᠥᠷᠦᠯ | ᠤᠨ ᠪᠠᠴᠢᠮ ᠪᠠᠶᠢᠳᠠᠯ ᠢ ᠠᠷᠭᠠᠴᠠᠭᠠᠬᠤ ᠲᠣᠰᠬᠠᠢ ᠮᠡᠷᠭᠡᠵᠢᠯ ᠤᠨ ᠠᠩᠬᠢ ᠶᠢ ᠣᠳᠣᠷᠢᠳᠴᠣ᠂ ᠪᠠᠴᠢᠮ ᠪᠠᠶᠢᠳᠠᠯ | ᠢ ᠠᠷᠭᠠᠴᠠᠭᠠᠬᠤ ᠬᠤᠯᠪᠣᠯᠳᠣᠭᠰᠡᠨ ᠪᠠᠶᠢᠭᠤᠯᠣᠮᠵᠢ ᠶᠢ ᠪᠠᠶᠢᠭᠤᠯᠵᠣ᠂ ᠵᠡᠪᠰᠡᠭᠲᠦ ᠴᠠᠭᠳᠠᠭᠠᠨ ᠴᠡᠷᠢᠭ ᠠᠩᠭᠢ | ᠪᠣᠯᠣᠨ ᠪᠠᠴᠢᠮ ᠪᠠᠶᠢᠳᠠᠯ ᠢ ᠠᠷᠭᠠᠴᠠᠭᠠᠨ ᠠᠪᠣᠷᠠᠨ ᠲᠣᠰᠠᠯᠠᠬᠤ ᠶᠢ ᠵᠠᠯᠭᠠᠯᠳᠣᠭᠤᠯᠬᠤ ᠠᠵᠢᠯ ᠢ ᠲᠦᠯᠬᠢᠨ | ᠠᠬᠢᠭᠤᠯᠤᠨ᠎ᠠ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠣᠰᠠᠯᠠᠬᠤ ᠬᠦᠴᠦᠨ ᠤ | ᠪᠥᠲᠦᠭᠡᠨ ᠪᠠᠶᠢᠭᠤᠯᠤᠯᠲᠠ ᠶᠢ ᠨᠢᠭᠡᠳᠦᠯᠲᠠᠢ ᠲᠥᠯᠦᠪᠯᠡᠵᠤ ᠵᠢᠭᠠᠨ ᠵᠢᠯᠤᠭᠤᠳᠴᠤ ᠡᠭᠦᠷᠭᠡ ᠲᠣᠰᠢᠶᠠᠯ ᠤᠨ ᠡᠷᠬᠡ | ᠶᠢᠨ ᠬᠡᠮᠵᠢᠶ᠎ᠡ ᠶᠤᠰᠣᠭᠠᠷ ᠭᠠᠯ ᠣᠨᠲᠠᠷᠠᠭᠠᠬᠤ᠂ ᠣᠢ ᠰᠢᠭᠤᠢ ᠪᠣᠯᠣᠨ ᠲᠠᠯ᠎ᠠ ᠨᠣᠲᠤᠭ ᠤᠨ ᠭᠠᠯ ᠤᠨ ᠠᠶᠣᠯ ᠢ | ᠣᠨᠲᠠᠷᠠᠭᠠᠬᠤ᠂ ᠦᠶᠡᠷ ᠲᠠᠢ ᠲᠡᠮᠡᠴᠡᠵᠤ᠂ ᠠᠶᠣᠯ ᠠᠴᠠ ᠠᠪᠣᠷᠠᠬᠤ᠂ ᠭᠠᠵᠠᠷ ᠬᠥᠳᠡᠯᠦᠯᠲᠡ ᠪᠣᠯᠣᠨ ᠭᠠᠵᠠᠷ ᠵᠦᠢ | ᠭᠠᠮᠰᠢᠭ ᠠᠴᠠ ᠠᠪᠣᠷᠠᠨ ᠲᠣᠰᠠᠯᠠᠬᠤ᠂ ᠠᠶᠣᠯᠭᠦᠢ ᠦᠢᠯᠡᠳᠪᠦᠷᠢᠯᠡᠯ ᠤᠨ ᠠᠳᠡᠯ ᠠᠴᠠ ᠠᠪᠣᠷᠠᠨ ᠲᠣᠰᠠᠯᠠᠬᠤ ᠵᠡᠷᠭᠡ | ᠲᠣᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠨ ᠠᠪᠣᠷᠠᠨ ᠲᠣᠰᠠᠯᠠᠬᠤ ᠬᠦᠴᠦᠨ ᠤ ᠪᠥᠲᠦᠭᠡᠨ | ᠪᠠᠶᠢᠭᠤᠯᠣᠯᠲᠠ ᠶᠢ ᠵᠣᠬᠢᠶᠠᠨ ᠪᠠᠶᠢᠭᠤᠯᠵᠣ᠂ ᠵᠢᠯᠣᠭᠤᠳᠴᠣ᠂ ᠵᠣᠬᠢᠴᠠᠭᠤᠯᠤᠨ᠎ᠠ᠃ ᠡᠯ᠎ᠡ ᠭᠠᠵᠠᠷ ᠣᠷᠣᠨ ᠵᠢᠴᠢ | ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠨ ᠠᠪᠣᠷᠠᠨ ᠲᠣᠰᠠᠯᠠᠬᠤ ᠬᠦᠴᠦᠨ ᠤ ᠪᠥᠲᠦᠭᠡᠨ ᠪᠠᠶᠢᠭᠤᠯᠣᠯᠲᠠ ᠶᠢ | ᠲᠦᠯᠬᠢᠨ ᠠᠬᠢᠭᠤᠯᠣᠨ᠎ᠠ᠃ | ︵ᠳᠣᠯᠤᠭ᠎ᠠ︶ ᠡᠷᠭᠡ ᠶᠢᠨ ᠬᠡᠮᠵᠢᠶ᠎ᠡ ᠶᠣᠰᠣᠭᠠᠷ ᠪᠦᠬᠦ ᠬᠤᠰᠢᠭᠤᠨ ᠤ ᠭᠠᠯ ᠤᠨ ᠠᠶᠣᠯ ᠤᠨ | ᠬᠢᠨᠠᠨ ᠬᠠᠮᠢᠶᠠᠷᠣᠯᠲᠠ᠂ ᠭᠠᠯ ᠤᠨ ᠠᠶᠣᠯ ᠠᠴᠠ ᠠᠪᠣᠷᠠᠨ ᠲᠣᠰᠠᠯᠠᠬᠤ ᠵᠡᠷᠭᠡ ᠠᠵᠢᠯ ᠢ ᠵᠣᠬᠢᠴᠠᠭᠤᠯᠵᠤ᠂ | ᠵᠢᠯᠣᠭᠤᠳᠣᠨ᠎ᠠ᠃ | ︵ᠨᠠᠢᠮᠠ︶ ᠪᠦᠬᠦ ᠬᠤᠰᠢᠭᠤᠨ ᠤ ᠣᠢ ᠰᠢᠭᠤᠢ ᠪᠣᠯᠣᠨ ᠲᠠᠯ᠎ᠠ ᠨᠣᠲᠤᠭ ᠤᠨ ᠭᠠᠯ ᠤᠨ ᠠᠶᠣᠯ᠂ | ᠦᠶᠡᠷ᠂ ᠭᠠᠩ ᠬᠠᠭᠰᠠᠷᠭᠠᠨ ᠤ ᠭᠠᠢ ᠭᠠᠮᠰᠢᠭ᠂ ᠭᠠᠵᠠᠷ ᠬᠥᠳᠡᠯᠦᠯᠲᠡ ᠪᠣᠯᠣᠨ ᠭᠠᠵᠠᠷ ᠵᠦᠢ ᠶᠢᠨ ᠭᠠᠢ ᠭᠠᠮᠰᠢᠭ | ᠵᠡᠷᠭᠡ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠵᠤ᠂ ᠵᠢᠯᠣᠭᠤᠳᠴᠣ᠂ ᠪᠦᠬᠦ ᠬᠤᠰᠢᠭᠤᠨ ᠤ ᠪᠠᠶᠢᠭᠠᠯᠢ ᠶᠢᠨ | ᠭᠠᠮᠰᠢᠭ ᠤᠨ ᠶᠡᠷᠦᠩᠬᠡᠶᠢᠯᠡᠭᠰᠡᠨ ᠬᠢᠨᠠᠨ ᠬᠡᠮᠵᠢᠯᠲᠡ᠂ ᠣᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ | ᠬᠤᠰᠢᠭᠤᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠦᠨᠡᠯᠡᠯᠲᠡ ᠶᠢᠨ ᠠᠵᠢᠯ ᠢ | ᠵᠢᠭᠠᠨ ᠵᠢᠯᠤᠭᠤᠳᠤᠨ᠎ᠠ᠃ | ︵ᠶᠢᠰᠦ︶ ᠭᠠᠢ ᠭᠠᠮᠰᠢᠭ ᠠᠴᠠ ᠠᠪᠣᠷᠠᠨ ᠲᠣᠰᠠᠯᠠᠬᠤ᠂ ᠭᠠᠮᠰᠢᠭ ᠤᠨ ᠪᠠᠶᠢᠳᠠᠯ ᠢ ᠰᠢᠯᠭᠠᠨ | ᠪᠠᠶᠢᠴᠠᠭᠠᠬᠤ᠂ ᠬᠤᠬᠢᠷᠠᠯ ᠢ ᠦᠨᠡᠯᠡᠬᠦ᠂ ᠭᠠᠮᠰᠢᠭ ᠠᠴᠠ ᠠᠪᠣᠷᠠᠨ ᠲᠣᠰᠠᠯᠠᠬᠤ᠂ ᠬᠠᠨᠳᠢᠪᠯᠠᠬᠤ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠵᠤ᠂ ᠭᠠᠮᠰᠢᠭ ᠠᠴᠠ ᠠᠪᠣᠷᠠᠨ ᠲᠣᠰᠠᠯᠠᠬᠤ ᠡᠳ᠋ ᠪᠣᠳᠠᠰ ᠬᠠᠮᠢᠶᠠᠷᠣᠨ᠂ ᠬᠤᠪᠢᠶᠠᠷᠠᠯᠠᠬᠤ | ᠶᠢᠨ ᠬᠠᠮᠲᠣ ᠬᠢᠨᠠᠯᠲᠠ ᠬᠢᠨ᠎ᠡ᠃ | ︵ᠠᠷᠪᠠ︶ ᠬᠠᠣᠯᠢ ᠶᠣᠰᠣᠭᠠᠷ ᠠᠶᠣᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠨ | ᠬᠠᠮᠢᠶᠠᠷᠣᠯᠲᠠ ᠶᠢᠨ ᠡᠷᠭᠡ ᠪᠠᠨ ᠬᠡᠷᠡᠭᠵᠢᠭᠦᠯᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠢ ᠰᠠᠯᠠᠭ᠎ᠠ | ᠮᠥᠴᠢᠷ ᠪᠣᠯᠣᠨ ᠡᠯ᠎ᠡ ᠰᠣᠮᠣ ᠪᠠᠯᠭᠠᠰᠣ ︵ᠲᠠᠯᠠᠪᠣᠷ︶ ᠵᠠᠰᠠᠭ ᠤᠨ ᠣᠷᠳᠣᠨ ︵ᠬᠠᠮᠢᠶᠠᠷᠣᠯᠲᠠ ᠶᠢᠨ ᠵᠥᠪᠯᠡᠯ︶ | ᠤᠨ ᠠᠶᠣᠯᠭᠦᠢ ᠦᠢᠯᠡᠳᠪᠦᠷᠢᠯᠡᠯ ᠤᠨ ᠠᠵᠢᠯ ᠢ ᠵᠢᠭᠠᠨ ᠵᠢᠯᠣᠭᠤᠳᠴᠣ᠂ ᠵᠣᠬᠢᠴᠠᠭᠤᠯᠵᠣ᠂ ᠬᠢᠨᠠᠨ ᠪᠠᠶᠢᠴᠠᠭᠠᠯᠲᠠ | ᠬᠢᠵᠤ᠂ ᠠᠶᠣᠯᠭᠦᠢ ᠦᠢᠯᠡᠳᠪᠦᠷᠢᠯᠡᠯ ᠤᠨ ᠪᠠᠶᠢᠴᠠᠭᠠᠬᠤ᠂ ᠰᠢᠯᠭᠠᠬᠤ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠦᠨ᠎ᠡ᠃ | ︵ᠠᠷᠪᠠᠨ ᠨᠢᠭᠡ︶ ᠲᠡᠰ ᠬᠤᠪᠢᠶᠠᠭᠰᠡᠨ᠂ ᠬᠠᠷᠢᠶ᠎ᠠ ᠭᠠᠵᠠᠷ ᠤᠨ ᠵᠠᠷᠴᠢᠮ᠂ ᠬᠠᠣᠯᠢ ᠶᠣᠰᠣᠭᠠᠷ | ᠦᠢᠯᠡᠳᠪᠦᠷᠢ ᠠᠭᠤᠷᠬᠠᠢ ᠶᠢᠨ ᠡᠵᠡᠩᠨᠡᠯᠲᠡ ᠶᠢᠨ ᠪᠠᠶᠢᠭᠤᠯᠭ᠎ᠠ ᠶᠢᠨ ᠠᠶᠣᠯᠭᠦᠢ ᠦᠢᠯᠡᠳᠪᠦᠷᠢᠯᠡᠯ ᠤᠨ ᠬᠠᠣᠯᠢ | ᠳᠥᠷᠢᠮ ᠢ ᠨᠠᠶᠢᠳᠠᠪᠤᠷᠢᠵᠢᠭᠤᠯᠤᠭᠰᠡᠨ ᠪᠠᠶᠢᠳᠠᠯ ᠵᠢᠴᠢ ᠠᠶᠣᠯᠭᠦᠢ ᠦᠢᠯᠡᠳᠪᠦᠷᠢᠯᠡᠯ ᠤᠨ ᠨᠥᠬᠦᠴᠡᠯ ᠪᠣᠯᠣᠨ ᠬᠠᠮᠢᠶ᠎ᠠ | ᠪᠥᠬᠦᠢ ᠲᠥᠬᠦᠭᠡᠷᠦᠮᠵᠢ ︵ᠣᠨᠴᠠ ᠲᠥᠷᠦᠯ ᠤᠨ ᠲᠥᠭᠦᠭᠡᠷᠦᠮᠵᠢ ᠠᠴᠠ ᠭᠠᠳᠠᠨ᠎ᠠ︶᠂ ᠮᠠᠲ᠋ᠧᠷᠢᠶᠠᠯ᠂ ᠬᠥᠳᠡᠯᠮᠦᠷᠢ | ᠬᠦᠴᠦᠨ ᠤ ᠬᠠᠮᠠᠭᠠᠯᠠᠯᠲᠠ ᠶᠢᠨ ᠬᠡᠷᠡᠭᠰᠡᠯ ᠳᠠᠬᠢ ᠠᠶᠣᠯᠭᠦᠢ ᠦᠢᠯᠡᠳᠪᠦᠷᠢᠯᠡᠯ ᠤᠨ ᠬᠠᠮᠢᠶᠠᠷᠣᠯᠲᠠ ᠶᠢᠨ ᠠᠵᠢᠯ ᠢ | ᠬᠢᠨᠠᠨ ᠪᠠᠶᠢᠴᠠᠭᠠᠨ᠎ᠠ᠃ ᠠᠶᠣᠯᠭᠦᠢ ᠦᠢᠯᠡᠳᠪᠦᠷᠢᠯᠡᠯ ᠤᠨ ᠵᠥᠪᠰᠢᠶᠡᠷᠡᠯ ᠣᠯᠭᠤᠬᠤ ᠳᠣᠭᠲᠠᠭᠠᠯ ᠤᠨ | ᠬᠡᠷᠡᠭᠵᠢᠭᠦᠯᠦᠯᠲᠡ ᠶᠢ ᠬᠠᠣᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠣ ᠵᠢᠭᠠᠨ ᠵᠢᠯᠣᠭᠤᠳᠴᠣ᠂ ᠬᠢᠨᠠᠯᠲᠠ | ᠲᠠᠯᠪᠢᠨ᠎ᠠ᠃ ᠪᠥᠬᠦ ᠬᠤᠰᠢᠭᠤᠨ ᠤ ᠠᠶᠣᠯᠲᠠᠢ ᠬᠢᠮᠢ ᠶᠢᠨ ᠪᠥᠲᠦᠭᠡᠭᠳᠡᠭᠦᠨ ᠤ ᠠᠶᠣᠯᠭᠦᠢ ᠶᠢᠨ ᠶᠡᠷᠦᠩᠬᠡᠶᠢᠯᠡᠭᠰᠡᠨ | ᠬᠢᠨᠠᠨ ᠬᠠᠮᠢᠶᠠᠷᠣᠯᠲᠠ ᠤᠨ ᠠᠵᠢᠯ ᠪᠣᠯᠣᠨ ᠬᠤᠸᠠᠷ ᠫᠣᠣᠵᠢᠩ ᠤᠨ ᠠᠶᠣᠯᠭᠦᠢ ᠦᠢᠯᠡᠳᠪᠦᠷᠢᠯᠡᠯ ᠤᠨ ᠬᠢᠨᠠᠨ | ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠠᠶᠣᠯᠭᠦᠢ ᠦᠢᠯᠡᠳᠪᠦᠷᠢᠯᠡᠯ ᠤᠨ ᠠᠳᠡᠯ ᠤᠨ ᠪᠠᠶᠢᠴᠠᠭᠠᠨ | ᠰᠢᠢᠳᠪᠦᠷᠢᠯᠡᠯᠲᠡ ᠶᠢ ᠬᠠᠣᠯᠢ ᠶᠣᠰᠣᠭᠠᠷ ᠵᠣᠬᠢᠶᠠᠨ ᠪᠠᠶᠢᠭᠤᠯᠵᠤ ᠵᠢᠭᠠᠨ ᠵᠢᠯᠣᠭᠤᠳᠴᠣ᠂ ᠠᠳᠡᠯ ᠤᠨ ᠪᠠᠶᠢᠴᠠᠭᠠᠨ | ᠰᠢᠢᠳᠬᠡᠬᠦ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠣᠷᠢᠵᠢᠭᠤᠯᠣᠭᠰᠡᠨ ᠪᠠᠶᠢᠳᠠᠯ ᠳᠤ ᠬᠢᠨᠠᠯᠲᠠ ᠲᠠᠯᠪᠢᠵᠤ᠂ | ᠪᠠᠶᠢᠭᠠᠯᠢ ᠶᠢᠨ ᠭᠠᠮᠰᠢᠭ ᠤᠨ ᠲᠥᠷᠦᠯ ᠤᠨ ᠭᠡᠨᠡᠳᠳᠡ ᠶᠢᠨ ᠬᠡᠷᠡᠭ ᠤᠨ ᠪᠠᠶᠢᠴᠠᠭᠠᠨ ᠦᠨᠡᠯᠡᠯᠲᠡ ᠶᠢᠨ ᠠᠵᠢᠯ | ᠢ ᠵᠣᠬᠢᠶᠠᠨ ᠪᠠᠶᠢᠭᠤᠯᠵᠣ ᠥᠷᠨᠢᠭᠦᠯᠦᠨ᠎ᠡ᠃ | ︵ᠠᠷᠪᠠᠨ ᠭᠤᠷᠪᠠ︶ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ | ᠤᠨ ᠬᠠᠳᠠᠭᠠᠯᠠᠯᠲᠠ ᠪᠣᠯᠣᠨ ᠪᠠᠴᠢᠮ ᠪᠠᠶᠢᠳᠠᠯ ᠢ ᠠᠪᠤᠷᠠᠨ ᠲᠣᠰᠠᠯᠠᠬᠤ ᠲᠥᠬᠦᠭᠡᠷᠦᠮᠵᠢ ᠶᠢᠨ ᠲᠥᠯᠦᠪᠵᠢᠭᠦᠯᠭᠡ ᠶᠢ | ᠳᠣᠭᠲᠠᠭᠠᠬᠤ ᠶᠢᠨ ᠬᠠᠮᠲᠣ ᠵᠣᠬᠢᠶᠠᠨ ᠪᠠᠶᠢᠭᠤᠯᠣᠨ ᠬᠡᠷᠡᠭᠵᠢᠭᠦᠯᠵᠤ᠂ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠰᠣᠷᠠᠭ ᠵᠠᠩᠭᠢ ᠶᠢᠨ ᠲᠠᠪᠴᠠᠩ ᠪᠣᠯᠣᠨ ᠰᠢᠯᠵᠢᠭᠦᠯᠬᠦ | ᠳᠥᠷᠢᠮ ᠳᠣᠭᠲᠠᠭᠠᠯ ᠢ ᠪᠠᠶᠢᠭᠤᠯᠵᠣ᠂ ᠭᠠᠢ ᠭᠠᠮᠰᠢᠭ ᠤᠨ ᠦᠶᠡᠰ ᠨᠢᠭᠡᠳᠦᠯᠲᠠᠢ ᠬᠤᠪᠢᠶᠠᠷᠯᠠᠨᠠ᠃ | ︵ᠠᠷᠪᠠᠨ ᠳᠥᠷᠪᠡ︶ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ᠂ | ᠠᠶᠣᠯᠭᠦᠢ ᠦᠢᠯᠡᠳᠪᠦᠷᠢᠯᠡᠯ ᠤᠨ ᠣᠬᠠᠭᠤᠯᠠᠭᠠ ᠰᠣᠷᠭᠠᠨ ᠬᠥᠮᠦᠵᠢᠯ ᠪᠣᠯᠣᠨ ᠪᠣᠯᠪᠠᠰᠣᠷᠠᠯ ᠤᠨ ᠠᠵᠢᠯ ᠢ | ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ᠂ ᠠᠶᠣᠯᠭᠦᠢ ᠦᠢᠯᠡᠳᠪᠦᠷᠢᠯᠡᠯ ᠤᠨ ᠰᠢᠨᠵᠢᠯᠡᠬᠦ | ᠣᠬᠠᠭᠠᠨᠴᠢ ᠮᠡᠷᠭᠡᠵᠢᠯ ᠤᠨ ᠰᠣᠳᠣᠯᠠᠭᠠᠨ᠂ ᠲᠥᠭᠡᠮᠡᠯᠵᠢᠭᠦᠯᠵᠤ ᠬᠡᠷᠡᠭᠵᠢᠭᠦᠯᠬᠦ ᠪᠣᠯᠣᠨ ᠰᠣᠷᠠᠭ ᠵᠠᠩᠭᠢᠴᠢᠯᠠᠯᠲᠠ ᠶᠢ | ᠪᠥᠲᠦᠭᠡᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠵᠣ ᠵᠢᠭᠠᠨ ᠵᠢᠯᠣᠭᠤᠳᠣᠨ᠎ᠠ᠃ | ︵ᠠᠷᠪᠠᠨ ᠲᠠᠪᠤ︶ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠲᠣᠰᠢᠶᠠᠭᠰᠡᠨ | ᠪᠣᠰᠣᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠡᠭᠦᠷᠭᠡ ᠴᠢᠳᠠᠮᠵᠢ ᠶᠢᠨ ᠬᠤᠪᠢᠷᠠᠯᠲᠠ᠃ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ ᠨᠢ ᠬᠤᠰᠢᠭᠤᠨ ᠤ ᠪᠠᠴᠢᠮ ᠪᠠᠶᠢᠳᠠᠯ ᠠᠷᠭᠠᠴᠠᠭᠠᠬᠤ ᠴᠢᠳᠠᠮᠵᠢ ᠶᠢ | ᠴᠢᠩᠭᠠᠳᠬᠠᠵᠤ᠂ ᠰᠢᠯᠢᠳᠡᠭᠵᠢᠭᠦᠯᠵᠤ᠂ ᠨᠢᠭᠡᠳᠦᠯᠲᠠᠢ ᠲᠥᠯᠦᠪᠯᠡᠬᠦ ᠶᠢ ᠪᠥᠲᠦᠭᠡᠨ ᠪᠠᠶᠢᠭᠤᠯᠵᠣ᠂ ᠨᠢᠭᠡᠳᠦᠮᠡᠯ | ᠣᠳᠣᠷᠢᠳᠣᠯᠭ᠎ᠠ᠂ ᠡᠷᠭᠡ ᠬᠠᠷᠢᠭᠤᠴᠠᠯᠭ᠎ᠠ ᠠᠳᠠᠯᠢ᠂ ᠡᠷᠭᠡ ᠰᠦᠷ᠂ ᠥᠨᠳᠦᠷ ᠦᠷ᠎ᠡ ᠪᠥᠲᠦᠮᠵᠢ ᠲᠠᠢ ᠬᠤᠰᠢᠭᠤᠨ | ᠤ ᠪᠠᠴᠢᠮ ᠪᠠᠶᠢᠳᠠᠯ ᠢ ᠠᠷᠭᠠᠴᠭᠠᠬᠤ ᠴᠢᠳᠠᠮᠵᠢ ᠶᠢᠨ ᠲᠣᠭᠲᠠᠯᠴᠠᠭ᠎ᠠ ᠶᠢ ᠪᠠᠶᠢᠭᠤᠯᠵᠣ᠂ ᠨᠢᠭᠡᠳᠦᠮᠡᠯ | ᠵᠢᠯᠤᠭᠤᠳᠤᠯᠭ᠎ᠠ᠂ ᠢᠵᠢ ᠪᠥᠷᠢᠳᠦᠭᠰᠡᠨ᠂ ᠲᠣᠰᠠᠬᠠᠯ ᠬᠤᠷᠴᠠ ᠰᠡᠷᠭᠡᠭ᠂ ᠳᠡᠭᠡᠭᠰᠢ ᠳᠣᠷᠣᠭᠰᠢ ᠬᠤᠯᠪᠣᠯᠳᠣᠭᠰᠡᠨ᠂ | ᠳᠣᠮᠳᠠᠳᠣ ᠣᠯᠣᠰ ᠤᠨ ᠣᠨᠴᠠᠯᠢᠭ ᠪᠥᠬᠦᠢ ᠪᠠᠴᠢᠮ ᠪᠠᠶᠢᠳᠠᠯ ᠢ ᠠᠷᠭᠠᠴᠠᠭᠬᠤ ᠬᠠᠮᠢᠶᠠᠷᠣᠯᠲᠠ ᠶᠢᠨ ᠳᠣᠭᠲᠠᠯᠴᠠᠭ᠎ᠠ | ᠶᠢᠨ ᠪᠥᠷᠢᠯᠳᠦᠬᠦ ᠶᠢ ᠲᠦᠯᠬᠢᠨ ᠠᠬᠢᠭᠤᠯᠣᠨ᠎ᠠ᠃ ᠨᠢᠭᠡ ᠳᠤ ᠣᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ | ᠰᠡᠷᠭᠡᠶᠢᠯᠡᠵᠤ᠂ ᠲᠡᠮᠡᠴᠡᠬᠦ᠂ ᠠᠪᠣᠷᠠᠨ ᠲᠣᠰᠠᠯᠠᠬᠤ ᠶᠢ ᠣᠶᠠᠯᠳᠣᠭᠤᠯᠬᠤ ᠶᠢ ᠡᠷᠡᠰ ᠪᠠᠷᠢᠮᠲᠠᠯᠠᠵᠤ᠂ ᠬᠡᠪ ᠤᠨ | ᠪᠠᠶᠢᠳᠠᠯ ᠤᠨ ᠭᠠᠮᠰᠢᠭ ᠢ ᠪᠠᠭᠠᠰᠬᠠᠬᠤ ᠪᠣᠯᠣᠨ ᠬᠡᠪ ᠤᠨ ᠪᠣᠰᠣ ᠪᠠᠶᠢᠳᠠᠯ ᠤᠨ ᠭᠠᠮᠰᠢᠭ ᠠᠴᠠ ᠠᠪᠣᠷᠠᠨ | ᠲᠣᠰᠠᠯᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭᠠᠬᠢ ᠠᠪᠣᠷᠠᠨ ᠲᠣᠰᠠᠯᠠᠬᠤ ᠶᠢ | ᠴᠢᠬᠤᠯᠴᠢᠯᠠᠬᠤ ᠠᠴᠠ ᠭᠠᠮᠰᠢᠭ ᠠᠴᠠ ᠡᠮᠦᠨᠡᠬᠢ ᠣᠷᠢᠳᠴᠢᠯᠠᠨ ᠰᠡᠷᠭᠡᠶᠢᠯᠡᠬᠦ ᠶᠢ ᠴᠢᠬᠤᠯᠴᠢᠯᠠᠬᠤ ᠵᠦᠭ ᠬᠤᠪᠢᠷᠠᠬᠤ᠂ | ᠳᠠᠩ ᠴᠣᠯᠣᠭᠠᠢ ᠭᠠᠮᠰᠢᠭ ᠤᠨ ᠲᠥᠷᠦᠯ ᠢ ᠠᠷᠭᠠᠴᠠᠭᠠᠬᠤ ᠠᠴᠠ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ | ᠵᠦᠭ ᠬᠤᠪᠢᠷᠠᠬᠤ ᠶᠢ ᠴᠢᠷᠮᠠᠶᠢᠨ ᠪᠡᠶᠡᠯᠡᠭᠦᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠬᠢᠷᠢ | ᠲᠥᠪᠰᠢᠨ ᠪᠣᠯᠣᠨ ᠭᠠᠮᠰᠢᠭ ᠢ ᠰᠡᠷᠭᠡᠶᠢᠯᠡᠵᠤ᠂ ᠭᠠᠮᠰᠢᠭ ᠢ ᠪᠠᠭᠠᠰᠬᠠᠵᠤ᠂ ᠭᠠᠮᠰᠢᠭ ᠠᠴᠠ ᠠᠪᠣᠷᠠᠨ ᠲᠣᠰᠠᠯᠠᠬᠤ | ᠴᠢᠳᠠᠮᠵᠢ ᠶᠢ ᠳᠡᠭᠡᠭᠰᠢᠯᠡᠭᠦᠯᠵᠤ᠂ ᠣᠨᠴᠠ ᠶᠡᠭᠡ ᠠᠶᠣᠯᠭᠦᠢ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ᠬᠤᠶᠠᠷ ᠲᠤ ᠬᠦᠮᠦᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠥᠮᠡᠨ ᠤ ᠠᠮᠢ ᠨᠠᠰᠣ ᠶᠢ ᠲᠡᠷᠢᠭᠦᠨ | ᠪᠠᠶᠢᠷᠢᠨ ᠳᠤ ᠲᠠᠯᠪᠢᠵᠤ᠂ ᠭᠠᠮᠰᠢᠭ ᠲᠤ ᠳᠠᠭᠠᠷᠢᠭᠳᠠᠭᠰᠡᠨ ᠠᠷᠠᠳ ᠲᠥᠮᠡᠨ ᠤ ᠦᠨᠳᠦᠰᠦᠨ ᠠᠮᠢᠳᠣᠷᠠᠯ ᠢ | ᠪᠠᠲᠣᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠣᠷᠢᠳᠴᠢᠯᠠᠭᠰᠡᠨ ᠲᠥᠰᠦᠪ᠂ ᠰᠣᠷᠢᠯᠲᠠ ᠶᠢ ᠴᠢᠩᠭᠠᠳᠬᠠᠵᠤ᠂ | ᠪᠥᠬᠦ ᠠᠷᠠᠳ ᠤᠨ ᠭᠠᠮᠰᠢᠭ ᠢ ᠰᠡᠷᠭᠡᠶᠢᠯᠡᠵᠤ ᠭᠠᠮᠰᠢᠭ ᠢ ᠪᠠᠭᠠᠰᠬᠠᠬᠤ ᠣᠬᠠᠮᠰᠠᠷ ᠢ ᠨᠡᠮᠡᠭᠳᠡᠭᠦᠯᠵᠤ᠂ ᠣᠯᠠᠨ | ᠨᠡᠶᠢᠲᠡᠴᠢ ᠮᠡᠳᠡᠯᠭᠡ ᠢ ᠲᠥᠭᠡᠮᠡᠯᠵᠢᠭᠦᠯᠬᠦ ᠪᠣᠯᠣᠨ ᠥᠪᠡᠷ ᠢ ᠪᠠᠨ ᠠᠪᠣᠷᠠᠬᠤ᠂ ᠬᠠᠷᠢᠯᠴᠠᠨ ᠠᠪᠣᠷᠠᠬᠤ ᠴᠢᠳᠠᠪᠣᠷᠢ | ᠶᠢ ᠳᠡᠭᠡᠭᠰᠢᠯᠡᠬᠦᠯᠵᠤ᠂ ᠬᠦᠮᠦᠨ ᠠᠮᠠ ᠶᠢᠨ ᠦᠬᠦᠯ ᠰᠢᠷᠬᠠᠳᠣᠯ ᠪᠣᠯᠣᠨ ᠡᠳ᠋ ᠬᠥᠷᠦᠩᠭᠡ ᠶᠢᠨ ᠬᠤᠬᠢᠷᠠᠯ ᠢ | ᠦᠨᠡᠨᠬᠦ ᠪᠠᠭᠠᠰᠬᠠᠨ᠎ᠠ᠃ ᠭᠤᠷᠪᠠ ᠳᠤ ᠠᠶᠣᠯᠭᠦᠢ ᠶᠢᠨ ᠬᠥᠭᠵᠢᠯᠲᠡ ᠶᠢᠨ ᠣᠨᠣᠯᠵᠢᠬᠤᠨ ᠢ ᠪᠣᠢ ᠪᠣᠯᠭᠠᠵᠤ᠂ ᠠᠮᠢ | ᠨᠠᠰᠣ ᠡᠷᠬᠢᠮ ᠳᠡᠭᠡᠳᠦ᠂ ᠠᠮᠣᠷ ᠲᠥᠪᠰᠢᠨ ᠨᠢᠭᠡᠳᠦᠭᠡᠷ ᠢ ᠪᠠᠷᠢᠮᠲᠠᠯᠠᠵᠤ᠂ ᠠᠶᠣᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠥᠷᠢᠮ ᠢ ᠪᠥᠷᠢᠨᠰᠢᠭᠦᠯᠵᠤ᠂ ᠣᠨᠴᠠ ᠶᠡᠭᠡ ᠠᠶᠣᠯᠭᠦᠢ ᠶᠢᠨ ᠠᠳᠡᠯ ᠡᠭᠦᠰᠬᠦ ᠶᠢ ᠡᠷᠡᠰ | ᠬᠤᠷᠢᠭᠯᠠᠨ᠎ᠠ᠃ | ︵ᠠᠷᠪᠠᠨ ᠳᠣᠯᠤᠭ᠎ᠠ︶ ᠬᠠᠮᠢᠶ᠎ᠠ ᠪᠥᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ | 1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠰᠣᠨ ᠠᠰᠢᠭᠯᠠᠯᠲᠠ ᠶᠢᠨ ᠲᠣᠪᠴᠢᠶ᠎ᠠ᠂ | ᠣᠢ ᠰᠢᠭᠤᠢ ᠪᠣᠯᠣᠨ ᠲᠠᠯ᠎ᠠ ᠨᠣᠲᠤᠭ ᠤᠨ ᠬᠠᠮᠢᠶᠠᠷᠣᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ | ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠠᠪᠣᠷᠠᠨ ᠲᠣᠰᠠᠯᠠᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯ ᠬᠢᠭᠰᠡᠨ᠃ | ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ ᠪᠥᠬᠦ ᠬᠤᠰᠢᠭᠤᠨ | ᠤ ᠠᠶᠣᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠵᠡᠷᠭᠡ ᠶᠢᠨ ᠲᠣᠰᠠᠬᠠᠢ ᠲᠥᠷᠦᠯ ᠤᠨ | ᠣᠷᠢᠳᠴᠢᠯᠠᠭᠰᠡᠨ ᠲᠥᠰᠦᠪ ᠢ ᠵᠣᠬᠢᠶᠠᠬᠤ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ | ᠣᠷᠢᠳᠴᠢᠯᠠᠭᠰᠡᠨ ᠲᠥᠰᠦᠪ ᠢ ᠵᠠᠯᠭᠠᠯᠳᠣᠭᠤᠯᠬᠤ ᠠᠵᠢᠯ᠂ ᠣᠷᠢᠳᠴᠢᠯᠠᠭᠰᠡᠨ ᠲᠥᠰᠦᠪ᠂ ᠰᠣᠷᠢᠯᠲᠠ ᠶᠢ ᠵᠣᠬᠢᠶᠠᠨ | ᠪᠠᠶᠢᠭᠤᠯᠵᠣ ᠥᠷᠨᠢᠭᠦᠯᠬᠦ ᠶᠢ ᠬᠠᠷᠢᠭᠤᠴᠠᠨ᠎ᠠ᠃ ᠲᠡᠰ ᠬᠤᠪᠢᠶᠠᠭᠰᠡᠨ ᠬᠠᠷᠢᠭᠤᠴᠠᠯᠭ᠎ᠠ ᠶᠢᠨ ᠳᠥᠷᠢᠮ ᠶᠣᠰᠣᠭᠠᠷ | ᠪᠠᠶᠢᠭᠠᠯᠢ ᠶᠢᠨ ᠭᠠᠮᠰᠢᠭ ᠤᠨ ᠲᠥᠷᠦᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠣᠷᠠᠨ ᠲᠣᠰᠠᠯᠠᠬᠤ᠂ ᠣᠨᠴᠠ | ᠶᠡ ᠭᠠᠢ ᠭᠠᠮᠰᠢᠭ ᠢ ᠠᠷᠭᠠᠴᠠᠭᠠᠬᠤ ᠠᠪᠣᠷᠠᠨ ᠲᠣᠰᠠᠯᠠᠬᠤ ᠶᠢ ᠵᠣᠬᠢᠶᠠᠨ ᠪᠠᠶᠢᠭᠤᠯᠵᠣ ᠵᠣᠬᠢᠴᠠᠭᠤᠯᠬᠤ ᠠᠵᠢᠯ ᠢ | ᠬᠠᠷᠢᠭᠤᠴᠠᠬᠤ ᠶᠢᠨ ᠬᠠᠮᠲᠣ ᠡᠷᠭᠡ ᠲᠣᠰᠢᠶᠠᠯ ᠤᠨ ᠬᠡᠮᠵᠢᠶ᠎ᠡ ᠶᠣᠰᠣᠭᠠᠷ ᠰᠢᠢᠳᠪᠦᠷᠢ ᠭᠠᠷᠭᠠᠨ᠎ᠠ᠃ ᠪᠦᠬᠦ | ᠬᠤᠰᠢᠭᠤᠨ ᠤ ᠣᠨᠴᠠ ᠶᠡᠭᠡ ᠭᠠᠢ ᠭᠠᠮᠰᠢᠭ ᠢ ᠠᠷᠭᠠᠴᠠᠭᠠᠬᠤ ᠵᠢᠯᠤᠭᠤᠳᠬᠤ ᠬᠡᠯᠲᠡᠰ ᠤᠨ ᠠᠵᠢᠯ ᠢ | ᠡᠭᠦᠷᠭᠡᠯᠡᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠡᠨ ᠬᠠᠷᠢᠭᠤᠴᠠᠯᠭᠠᠨᠳᠠᠨ ᠢ | ᠲᠣᠰᠠᠯᠠᠨ ᠣᠨᠴᠠ ᠶᠡᠭᠡ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠣᠨ᠎ᠠ᠃ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠵᠤ᠂ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ | ᠵᠣᠬᠢᠶᠠᠨ ᠪᠠᠶᠢᠭᠤᠯᠣᠨ ᠵᠣᠬᠢᠶᠠᠵᠤ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠣᠢ ᠰᠢᠭᠤᠢ ᠪᠣᠯᠣᠨ ᠲᠠᠯ᠎ᠠ | ᠨᠣᠲᠤᠭ ᠤᠨ ᠭᠠᠯ ᠤᠨ ᠠᠶᠣᠯ᠂ ᠦᠶᠡᠷ᠂ ᠭᠠᠩ ᠬᠠᠭᠰᠠᠷᠭᠠᠨ᠂ ᠭᠠᠵᠠᠷ ᠬᠥᠳᠡᠯᠦᠯᠲᠡ ᠪᠣᠯᠣᠨ ᠭᠠᠵᠠᠷ ᠵᠦᠢ | ᠶᠢᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠭᠠᠨ ᠵᠢᠯᠤᠭᠤᠳᠴᠣ᠂ ᠵᠣᠬᠢᠴᠠᠭᠤᠯᠣᠨ᠎ᠠ᠃ ᠬᠤᠰᠢᠭᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠰᠣᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ | ᠲᠣᠪᠴᠢᠶ᠎ᠠ᠂ ᠣᠢ ᠰᠢᠭᠤᠢ ᠪᠣᠯᠣᠨ ᠲᠠᠯ᠎ᠠ ᠨᠣᠲᠤᠭ ᠤᠨ ᠬᠠᠮᠢᠶᠠᠷᠣᠯᠲᠠ ᠶᠢᠨ ᠲᠣᠪᠴᠢᠶ᠎ᠠ ᠵᠡᠷᠭᠡ ᠬᠤᠯᠪᠣᠭᠳᠠᠯ | ᠪᠥᠬᠦᠢ ᠰᠠᠯᠠᠭ᠎ᠠ ᠮᠥᠴᠢᠷ ᠲᠠᠢ ᠬᠠᠮᠲᠣᠷᠠᠨ ᠨᠢᠭᠡᠳᠦᠮᠡᠯ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ | ᠰᠣᠷᠠᠭ ᠵᠠᠩᠬᠢ ᠲᠠᠪᠴᠠᠩ ᠢ ᠪᠠᠶᠢᠭᠤᠯᠵᠣ᠂ ᠬᠢᠨᠠᠨ ᠬᠡᠮᠵᠢᠬᠦ᠂ ᠣᠷᠢᠳᠴᠢᠯᠠᠨ ᠰᠡᠷᠡᠮᠵᠢᠯᠡᠭᠦᠯᠬᠦ ᠪᠣᠯᠣᠨ ᠭᠠᠮᠰᠢᠭ | ᠤᠨ ᠪᠠᠶᠢᠳᠠᠯ ᠢ ᠮᠡᠳᠡᠭᠦᠯᠬᠦ ᠳᠥᠷᠢᠮ ᠢ ᠪᠠᠶᠢᠭᠤᠯᠵᠣ᠂ ᠪᠠᠶᠢᠭᠠᠯᠢ ᠶᠢᠨ ᠭᠠᠮᠰᠢᠭ ᠤᠨ ᠰᠣᠷᠠᠭ ᠵᠠᠩᠭᠢ ᠶᠢᠨ ᠡᠬᠢ | ᠪᠠᠶᠠᠯᠢᠭ ᠢ ᠣᠯᠬᠤ ᠪᠣᠶᠣ ᠬᠤᠪᠢᠶᠠᠯᠴᠠᠬᠤ ᠪᠠᠶᠢᠭᠤᠯᠣᠮᠵᠢ ᠶᠢ ᠪᠥᠷᠢᠨᠰᠢᠭᠦᠯᠵᠤ᠂ ᠭᠠᠮᠰᠢᠭ ᠤᠨ ᠪᠠᠶᠢᠳᠠᠯ ᠢ | ᠬᠠᠣᠯᠢ ᠶᠣᠰᠣᠭᠠᠷ ᠨᠢᠭᠡᠳᠦᠯᠲᠠᠢ ᠨᠡᠶᠢᠲᠡᠯᠡᠨ᠎ᠡ᠃ ᠣᠯᠠᠨ ᠲᠥᠷᠦᠯ ᠤᠨ ᠭᠠᠮᠰᠢᠭ ᠪᠣᠯᠣᠨ ᠶᠡᠷᠦᠩᠭᠡᠶᠢᠯᠡᠭᠰᠡᠨ ᠬᠢᠨᠠᠨ | ᠬᠡᠮᠵᠢᠵᠤ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠤ᠂ ᠪᠠᠶᠢᠭᠠᠯᠢ ᠶᠢᠨ ᠭᠠᠮᠰᠢᠭ ᠤᠨ | ᠶᠡᠷᠦᠩᠬᠡᠶᠢᠯᠡᠭᠰᠡᠨ ᠲᠦᠭᠰᠢᠭᠦᠷᠢ ᠶᠢᠨ ᠦᠨᠡᠯᠡᠲᠡ ᠶᠢ ᠵᠢᠭᠠᠨ ᠵᠢᠯᠣᠭᠤᠳᠴᠣ ᠥᠷᠨᠢᠭᠦᠯᠦᠨ᠎ᠡ᠃ ᠣᠦ ᠰᠢᠭᠤᠢ | ᠪᠣᠯᠣᠨ ᠲᠠᠯ᠎ᠠ ᠨᠣᠲᠤᠭ ᠤᠨ ᠭᠠᠯ ᠤᠨ ᠠᠶᠣᠯ ᠤᠨ ᠪᠠᠶᠢᠳᠠᠯ ᠢ ᠬᠢᠨᠠᠨ ᠬᠡᠮᠵᠢᠵᠤ ᠤᠷᠢᠳᠴᠢᠯᠠᠨ ᠰᠡᠷᠡᠮᠵᠢᠯᠡᠬᠦᠯᠬᠦ | ᠠᠵᠢᠯ ᠢ ᠬᠠᠷᠢᠭᠤᠴᠠᠵᠤ᠂ ᠣᠢ ᠰᠢᠭᠤᠢ ᠪᠣᠯᠣᠨ ᠲᠠᠯ᠎ᠠ ᠨᠣᠲᠤᠭ ᠤᠨ ᠭᠠᠯ ᠤᠨ ᠠᠶᠣᠯ ᠤᠨ ᠲᠦᠭᠰᠢᠭᠦᠷᠢ᠂ | ᠭᠠᠯ ᠤᠨ ᠠᠶᠣᠯ ᠤᠨ ᠰᠣᠷᠠᠭ ᠵᠠᠩᠭᠢ ᠶᠢ ᠨᠡᠶᠢᠲᠡᠯᠡᠨ᠎ᠡ᠃ | ︵2︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠡᠷᠦᠩᠬᠡᠶᠢᠯᠡᠭᠰᠡᠨ ᠭᠠᠮᠰᠢᠭ ᠢ | ᠰᠡᠷᠭᠡᠶᠢᠯᠡᠵᠤ᠂ ᠭᠠᠮᠰᠢᠭ ᠢ ᠪᠠᠭᠠᠰᠬᠠᠬᠤ ᠬᠤᠯᠪᠣᠭᠳᠠᠯ ᠪᠥᠬᠦᠢ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠶᠢ | ᠬᠠᠷᠢᠭᠤᠴᠠᠵᠤ᠂ ᠭᠠᠵᠠᠷ ᠵᠦᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠦᠪ ᠢ ᠵᠣᠬᠢᠶᠠᠬᠤ ᠶᠢᠨ ᠬᠠᠮᠲᠣ | ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ᠃ ᠭᠠᠵᠠᠷ ᠵᠦᠢ ᠶᠢᠨ ᠭᠠᠢ ᠭᠠᠮᠰᠢᠭ ᠤᠨ ᠪᠠᠶᠢᠴᠠᠭᠠᠨ ᠦᠨᠡᠯᠡᠯᠲᠡ ᠵᠢᠴᠢ | ᠠᠷᠬᠠᠭ ᠭᠡᠮ ᠤᠨ ᠨᠡᠶᠢᠳᠡᠮ ᠪᠠᠶᠢᠴᠠᠭᠠᠯᠲᠠ᠂ ᠨᠠᠷᠢᠨ ᠪᠠᠶᠢᠴᠠᠭᠠᠯᠲᠠ᠂ ᠰᠢᠯᠡᠨ ᠪᠠᠶᠢᠴᠠᠭᠠᠯᠲᠠ ᠶᠢ ᠵᠣᠬᠢᠶᠠᠨ | ᠪᠠᠶᠢᠭᠤᠯᠣᠨ ᠵᠣᠬᠢᠴᠠᠭᠤᠯᠵᠣ᠂ ᠣᠯᠠᠨ ᠲᠥᠮᠡᠨᠴᠢ ᠬᠡᠮᠵᠢᠯᠲᠡ᠂ ᠰᠡᠷᠭᠡᠶᠢᠯᠡᠯᠲᠡ᠂ ᠲᠣᠰᠬᠠᠢ ᠮᠡᠷᠭᠡᠵᠢᠯ ᠤᠨ ᠬᠢᠨᠠᠨ | ᠬᠡᠮᠵᠢᠯᠲᠡ ᠪᠣᠯᠣᠨ ᠣᠷᠢᠳᠴᠢᠯᠠᠨ ᠮᠡᠳᠡᠭᠦᠯᠬᠦ ᠪᠤᠯᠤᠨ ᠣᠷᠢᠳᠴᠢᠯᠠᠨ ᠰᠡᠷᠡᠮᠵᠢᠯᠡᠬᠦᠯᠬᠦ ᠵᠡᠷᠭᠡ ᠠᠵᠢᠯ ᠢ ᠥᠷᠨᠢᠭᠦᠯᠵᠤ | ᠂ ᠭᠠᠵᠠᠷ ᠵᠦᠢ ᠶᠢᠨ ᠭᠠᠢ ᠭᠠᠮᠰᠢᠭ ᠤᠨ ᠵᠠᠰᠠᠬᠤ ᠠᠵᠢᠯ ᠢ ᠥᠷᠨᠢᠭᠦᠯᠦᠨ᠎ᠡ᠃ ᠭᠠᠵᠠᠷ ᠵᠦᠢ ᠶᠢᠨ ᠭᠠᠢ ᠭᠠᠮᠰᠢᠭ | ᠤᠨ ᠪᠠᠴᠢᠮ ᠪᠠᠶᠢᠳᠠᠯ ᠢ ᠠᠷᠭᠠᠴᠠᠭᠠᠨ ᠠᠪᠣᠷᠠᠨ ᠲᠣᠰᠠᠯᠠᠬᠤ ᠳᠤ ᠮᠡᠷᠭᠡᠵᠢᠯ ᠤᠨ ᠲᠣᠰᠠᠯᠠᠮᠵᠢ ᠬᠠᠩᠭᠠᠨ᠎ᠠ᠃ | ︵3︶ ᠣᠰᠣᠨ ᠠᠰᠢᠭᠯᠠᠯᠲᠠ ᠶᠢᠨ ᠲᠣᠪᠴᠢᠶ᠎ᠠ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠵᠤ᠂ | ᠭᠠᠮᠰᠢᠭ ᠢ ᠪᠠᠭᠠᠰᠬᠠᠬᠤ ᠬᠤᠯᠪᠣᠭᠳᠠᠯ ᠪᠥᠬᠦᠢ ᠱᠠᠭᠠᠷᠳᠠᠯᠭ᠎ᠠ ᠶᠢ ᠨᠠᠶᠢᠳᠠᠪᠣᠷᠢᠵᠢᠭᠤᠯᠬᠤ ᠶᠢ ᠬᠠᠷᠢᠭᠤᠴᠠᠵᠤ ᠂ | ᠦᠶᠡᠷ ᠭᠠᠩ ᠬᠠᠭᠰᠠᠷᠭᠠᠨ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠳᠣᠭᠲᠠᠭᠠᠬᠤ ᠶᠢᠨ ᠬᠠᠮᠲᠣ | ᠬᠡᠷᠡᠭᠵᠢᠭᠦᠯᠵᠤ᠂ ᠦᠶᠡᠷ᠂ ᠭᠠᠩ ᠬᠠᠭᠰᠠᠷᠭᠠᠨ ᠤ ᠪᠠᠶᠢᠳᠠᠯ ᠢ ᠪᠠᠶᠢᠴᠠᠭᠠᠨ ᠬᠡᠮᠵᠢᠵᠤ ᠣᠷᠢᠳᠴᠢᠯᠠᠨ | ᠰᠡᠷᠡᠮᠵᠢᠯᠡᠬᠦᠯᠬᠦ ᠠᠵᠢᠯ ᠢ ᠡᠭᠦᠷᠭᠡᠯᠡᠨ᠎ᠡ᠃ ᠭᠤᠣᠯ ᠪᠣᠯᠬᠤ ᠭᠤᠣᠯ ᠮᠥᠷᠠᠨ᠂ ᠣᠰᠣᠨ ᠴᠥᠬᠦᠷᠦᠮ ᠪᠣᠯᠣᠨ | ᠴᠢᠬᠤᠯᠠ ᠣᠰᠣᠨ ᠠᠰᠢᠭᠯᠠᠯᠲᠠ ᠶᠢᠨ ᠢᠨᠵᠧᠨᠧᠷᠢᠭ ᠤᠨ ᠦᠶᠡᠷ ᠢ ᠰᠡᠷᠭᠡᠶᠢᠯᠡᠵᠤ ᠭᠠᠩ ᠬᠠᠭᠰᠠᠷᠭᠠᠨ ᠲᠠᠢ | ᠲᠡᠮᠡᠴᠡᠬᠦ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠣᠰᠣᠨ ᠲᠥᠪᠰᠢᠨ ᠤ ᠲᠣᠬᠢᠷᠠᠭᠤᠯᠣᠯᠲᠠ ᠶᠢᠨ ᠲᠥᠰᠦᠪ ᠢ | ᠳᠣᠭᠲᠠᠭᠠᠨ᠂ ᠳᠣᠭᠲᠠᠭᠰᠡᠨ ᠶᠠᠪᠣᠴᠠ ᠶᠣᠰᠣᠭᠠᠷ ᠮᠡᠳᠡᠭᠦᠯᠬᠦ ᠶᠢᠨ ᠬᠠᠮᠲᠣ ᠵᠣᠬᠢᠶᠠᠨ ᠪᠠᠶᠢᠭᠤᠯᠵᠣ ᠮᠡᠳᠡᠭᠦᠯᠦᠨ᠎ᠡ᠃ | ᠦᠶᠡᠷ ᠠᠴᠠ ᠰᠡᠷᠭᠡᠶᠢᠯᠡᠵᠤ᠂ ᠠᠪᠣᠷᠠᠨ ᠲᠣᠰᠠᠯᠠᠬᠤ ᠠᠵᠢᠯ ᠳᠤ ᠮᠡᠷᠭᠡᠵᠢᠯ ᠤᠨ ᠲᠣᠰᠠᠯᠠᠮᠵᠢ ᠬᠠᠩᠭᠠᠬᠤ ᠠᠵᠢᠯ ᠢ | ᠡᠭᠦᠷᠭᠡᠯᠡᠨ᠎ᠡ᠃ | ︵4︶ ᠣᠢ ᠰᠢᠭᠤᠢ ᠪᠣᠯᠣᠨ ᠲᠠᠯ᠎ᠠ ᠨᠣᠲᠤᠭ ᠤᠨ ᠬᠠᠮᠢᠶᠠᠷᠣᠯᠲᠠ ᠶᠢᠨ ᠲᠣᠪᠴᠢᠶ᠎ᠠ | ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠵᠤ᠂ ᠭᠠᠮᠰᠢᠭ ᠢ ᠪᠠᠭᠠᠰᠬᠠᠬᠤ ᠬᠤᠯᠪᠣᠭᠳᠠᠯ ᠪᠥᠬᠦᠢ ᠱᠠᠭᠠᠷᠳᠠᠯᠭ᠎ᠠ ᠶᠢ | ᠨᠠᠶᠢᠳᠠᠪᠣᠷᠢᠵᠢᠭᠤᠯᠬᠤ ᠶᠢ ᠬᠠᠷᠢᠭᠤᠴᠠᠵᠤ ᠂ ᠣᠢ ᠰᠢᠭᠤᠢ ᠪᠣᠯᠣᠨ ᠲᠠᠯ᠎ᠠ ᠨᠣᠲᠤᠭ ᠤᠨ ᠭᠠᠯ ᠤᠨ ᠠᠶᠣᠯ ᠢ | ᠰᠡᠷᠭᠡᠶᠢᠯᠡᠨ ᠵᠠᠰᠠᠬᠤ ᠲᠥᠯᠦᠪᠯᠡᠭᠡ ᠪᠣᠯᠣᠨ ᠬᠠᠮᠠᠭᠠᠯᠠᠯᠲᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠣᠨ ᠳᠣᠭᠲᠠᠭᠠᠬᠤ | ᠶᠢᠨ ᠬᠠᠮᠲᠣ ᠬᠡᠷᠡᠭᠵᠢᠭᠦᠯᠦᠨ᠎ᠡ᠃ ᠣᠢ ᠰᠢᠭᠤᠢ ᠪᠣᠯᠣᠨ ᠲᠠᠯ᠎ᠠ ᠨᠣᠲᠤᠭ ᠤᠨ ᠭᠠᠯ ᠤᠨ ᠠᠶᠣᠯ ᠢ ᠰᠡᠷᠭᠡᠶᠢᠯᠡᠬᠦ | ᠣᠬᠠᠭᠤᠯᠭ᠎ᠠ᠂ ᠰᠣᠷᠭᠠᠨ ᠬᠥᠮᠦᠵᠢᠯ᠂ ᠬᠢᠨᠠᠨ ᠬᠡᠮᠵᠢᠵᠤ ᠣᠷᠢᠳᠴᠢᠯᠠᠨ ᠰᠡᠷᠡᠮᠵᠢᠯᠡᠬᠦᠯᠬᠦ᠂ ᠱᠠᠭᠠᠷᠳᠠᠨ ᠪᠠᠶᠢᠴᠠᠭᠠᠬᠤ | ᠵᠡᠷᠭᠡ ᠠᠵᠢᠯ ᠢ ᠵᠣᠬᠢᠶᠠᠨ ᠪᠠᠶᠢᠭᠤᠯᠣᠨ ᠵᠢᠭᠠᠨ ᠵᠢᠯᠣᠭᠤᠳᠣᠨ᠎ᠠ᠃ ᠭᠠᠯ ᠰᠡᠷᠭᠡᠶᠢᠯᠡᠬᠦ ᠴᠠᠭᠳᠠᠨ ᠪᠠᠶᠢᠴᠠᠭᠠᠯᠲᠠ᠂ | ᠭᠠᠯ ᠤᠨ ᠡᠬᠢ ᠡᠭᠦᠰᠪᠦᠷᠢ ᠤᠨ ᠬᠠᠮᠢᠶᠠᠷᠣᠯᠲᠠ᠂ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠪᠥᠲᠦᠭᠡᠨ | ᠪᠠᠶᠢᠭᠤᠯᠣᠯᠲᠠ ᠵᠢᠴᠢ ᠣᠢ ᠰᠢᠭᠤᠢ ᠲᠠᠯ᠎ᠠ ᠨᠣᠲᠤᠭ ᠤᠨ ᠭᠠᠯ ᠤᠨ ᠠᠶᠣᠯ ᠤᠨ ᠡᠬᠢᠨ ᠤ ᠬᠤᠭᠤᠴᠠᠭᠠᠨ ᠤ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠬᠦ ᠶᠢ ᠵᠢᠭᠠᠨ ᠵᠢᠯᠤᠭᠤᠳᠤᠨ᠎ᠠ᠃ | ᠣᠯᠣᠰ ᠤᠨ ᠥᠮᠴᠢᠯᠡᠯᠲᠣ ᠰᠢᠭᠤᠶᠢᠲᠣ ᠣᠷᠣᠨ᠂ ᠲᠠᠯ᠎ᠠ ᠨᠣᠲᠤᠭ ᠤᠨ ᠭᠠᠯ ᠤᠨ ᠠᠶᠣᠯ ᠢ ᠰᠡᠷᠭᠡᠶᠢᠯᠡᠬᠦ | ᠣᠬᠠᠭᠤᠯᠭ᠎ᠠ᠂ ᠰᠣᠷᠭᠠᠨ ᠬᠦᠮᠦᠵᠢᠯ᠂ ᠬᠢᠨᠠᠨ ᠬᠡᠮᠵᠢᠵᠤ ᠣᠷᠢᠳᠴᠢᠯᠠᠨ ᠰᠡᠷᠡᠮᠵᠢᠯᠡᠭᠦᠯᠬᠦ᠂ ᠱᠠᠭᠠᠷᠳᠠᠨ ᠪᠠᠶᠢᠴᠠᠭᠠᠬᠤ | ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ | ︵5︶ ᠴᠢᠬᠤᠯᠠ ᠲᠠᠢ ᠦᠶᠡᠰ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠰᠣᠨ | ᠠᠰᠢᠭᠯᠠᠯᠲᠠ ᠶᠢᠨ ᠲᠣᠪᠴᠢᠶ᠎ᠠ᠂ ᠣᠢ ᠰᠢᠭᠤᠢ ᠲᠠᠯ᠎ᠠ ᠨᠣᠲᠤᠭ ᠤᠨ ᠬᠠᠮᠢᠶᠠᠷᠣᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠶᠢ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ | ᠵᠢᠯᠤᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠤᠯᠪᠣᠭᠳᠠᠯ ᠪᠥᠬᠦᠢ ᠰᠡᠷᠭᠡᠶᠢᠯᠡᠨ ᠵᠠᠰᠠᠬᠤ ᠠᠵᠢᠯ ᠤᠨ | ᠪᠠᠶᠢᠷᠢᠰᠢᠯᠠᠭᠤᠯᠣᠯᠲᠠ ᠬᠢᠬᠦ ᠰᠠᠨᠠᠭᠤᠯᠣᠮᠵᠢ ᠭᠠᠷᠭᠠᠵᠤ ᠪᠤᠯᠤᠨ᠎ᠠ᠃ | 2. ᠠᠮᠠ ᠪᠣᠳᠠᠭ᠎ᠠ ᠡᠳ᠋ ᠪᠣᠳᠠᠰ ᠤᠨ ᠬᠠᠳᠠᠭᠠᠯᠠᠯᠲᠠ ᠶᠢᠨ ᠲᠣᠪᠴᠢᠶ᠎ᠠ ᠲᠠᠢ ᠬᠤᠰᠢᠭᠤ ᠭᠠᠢ | ᠭᠠᠮᠰᠢᠭ ᠠᠴᠠ ᠠᠪᠣᠷᠠᠨ ᠲᠣᠰᠠᠯᠠᠬᠤ ᠡᠳ᠋ ᠪᠣᠳᠠᠰ ᠤᠨ ᠬᠠᠳᠠᠭᠠᠯᠠᠯᠲᠠ ᠶᠢᠨ ᠲᠠᠯ᠎ᠠ ᠪᠠᠷ ᠬᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ | ︵1︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠲᠣᠪᠴᠢᠶ᠎ᠠ ᠬᠤᠰᠢᠭᠤ | ᠭᠠᠮᠰᠢᠭ ᠠᠴᠠ ᠠᠪᠣᠷᠠᠨ ᠲᠣᠰᠠᠯᠠᠬᠤ ᠡᠳ᠋ ᠪᠣᠳᠠᠰ ᠤᠨ ᠬᠠᠳᠠᠭᠠᠯᠠᠯᠲᠠ᠂ ᠬᠡᠷᠡᠭᠴᠡᠭᠡ ᠱᠠᠭᠠᠷᠳᠠᠯᠭ᠎ᠠ ᠪᠣᠯᠣᠨ | ᠬᠡᠷᠡᠭᠯᠡᠬᠦ ᠰᠢᠢᠳᠪᠦᠷᠢ ᠶᠢ ᠳᠣᠷᠠᠳᠴᠣ᠂ ᠬᠤᠰᠢᠭᠤ ᠭᠠᠮᠰᠢᠭ ᠠᠴᠠ ᠠᠪᠣᠷᠠᠨ ᠲᠣᠰᠠᠯᠠᠬᠤ ᠡᠳ᠋ ᠪᠣᠳᠠᠰ ᠤᠨ | ᠬᠠᠳᠠᠭᠠᠯᠠᠯᠲᠠ ᠶᠢᠨ ᠲᠥᠯᠦᠪᠯᠡᠭᠡ᠂ ᠲᠣᠪᠶᠤᠭ᠂ ᠲᠥᠷᠦᠯ ᠵᠦᠢᠯ ᠪᠣᠯᠣᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠳᠣᠭᠲᠠᠵᠤ᠂ ᠬᠤᠰᠢᠭᠤ ᠠᠮᠠ ᠪᠣᠳᠠᠭ᠎ᠠ ᠪᠣᠯᠣᠨ ᠡᠳ᠋ ᠪᠣᠳᠠᠰ ᠤᠨ ᠬᠠᠳᠠᠭᠠᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠲᠠᠢ ᠬᠠᠮᠲᠣ ᠵᠢᠯ ᠤᠨ ᠡᠴᠦᠰ ᠤᠨ ᠬᠤᠳᠠᠯᠳᠣᠨ ᠠᠪᠬᠤ ᠲᠥᠯᠦᠪᠯᠡᠭᠡ ᠶᠢ ᠳᠣᠭᠲᠠᠵᠣ᠂ ᠬᠡᠷᠡᠭᠴᠡᠭᠡ | ᠪᠠᠨ ᠦᠨᠳᠦᠰᠦᠯᠡᠨ ᠬᠡᠷᠡᠭᠯᠡᠬᠦ ᠵᠢᠭᠠᠪᠣᠷᠢ ᠪᠠᠭᠤᠯᠭᠠᠨ᠎ᠠ᠃ | ︵2︶ᠬᠤᠰᠢᠭᠤ ᠠᠮᠠ ᠪᠣᠳᠠᠭ᠎ᠠ ᠪᠣᠯᠣᠨ ᠡᠳ᠋ ᠪᠣᠳᠠᠰ ᠤᠨ ᠬᠠᠳᠠᠭᠠᠯᠠᠯᠲᠠ ᠶᠢᠨ ᠲᠣᠪᠴᠢᠶ᠎ᠠ | ᠬᠤᠰᠢᠭᠤ ᠭᠠᠮᠰᠢᠭ ᠠᠴᠠ ᠠᠪᠣᠷᠠᠨ ᠲᠣᠰᠠᠯᠠᠬᠤ ᠡᠳ᠋ ᠪᠣᠳᠠᠰ ᠤᠨ ᠬᠠᠳᠠᠭᠠᠯᠠᠯᠲᠠ᠂ ᠬᠡᠷᠡᠭᠴᠡᠭᠡ ᠱᠠᠭᠠᠷᠳᠠᠯᠭ᠎ᠠ | ᠪᠣᠯᠣᠨ ᠬᠡᠷᠡᠭᠯᠡᠬᠦ ᠰᠢᠢᠳᠪᠦᠷᠢ ᠶᠢ ᠳᠣᠷᠠᠳᠴᠣ᠂ ᠬᠤᠰᠢᠭᠤ ᠭᠠᠮᠰᠢᠭ ᠠᠴᠠ ᠠᠪᠣᠷᠠᠨ ᠲᠣᠰᠠᠯᠠᠬᠤ ᠡᠳ᠋ ᠪᠣᠳᠠᠰ ᠤᠨ | ᠬᠠᠳᠠᠭᠠᠯᠠᠯᠲᠠ ᠶᠢᠨ ᠲᠥᠯᠦᠪᠯᠡᠭᠡ᠂ ᠲᠣᠪᠶᠤᠭ᠂ ᠲᠥᠷᠦᠯ ᠵᠦᠢᠯ ᠪᠣᠯᠣᠨ ᠪᠠᠷᠢᠮᠵᠢᠶ᠎ᠠ᠂ ᠵᠢᠯ ᠤᠨ ᠡᠴᠦᠰ ᠤᠨ | ᠬᠤᠳᠠᠯᠳᠣᠨ ᠠᠪᠬᠤ ᠲᠥᠯᠦᠪᠯᠡᠭᠡ ᠶᠢ ᠦᠨᠳᠦᠰᠦᠯᠡᠨ ᠬᠤᠰᠢᠭᠤ ᠭᠠᠮᠰᠢᠭ ᠠᠴᠠ ᠠᠪᠣᠷᠠᠨ ᠲᠣᠰᠠᠯᠠᠬᠤ ᠡᠳ᠋ ᠪᠣᠳᠠᠰ | ᠤᠨ ᠬᠤᠷᠢᠶᠠᠨ ᠬᠠᠳᠠᠭᠠᠯᠠᠯᠲᠠ᠂ ᠰᠣᠯᠢᠬᠤ ᠪᠣᠯᠣᠨ ᠡᠳᠦᠷ ᠳᠣᠲᠣᠮ ᠤᠨ ᠬᠠᠮᠢᠶᠠᠷᠣᠯᠲᠠ ᠶᠢ ᠬᠠᠷᠢᠭᠤᠴᠠᠵᠤ᠂ | ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠪᠠᠶᠢᠭᠤᠯᠭ᠎ᠠ ᠶᠢᠨ ᠬᠡᠷᠡᠭᠯᠡᠬᠦ ᠵᠢᠭᠠᠪᠣᠷᠢ ᠶᠢ | ᠦᠨᠳᠦᠰᠦᠯᠡᠨ ᠵᠠᠷᠴᠢᠮ ᠶᠣᠰᠣᠭᠠᠷ ᠰᠢᠯᠵᠢᠭᠦᠯᠦᠨ ᠭᠠᠷᠭᠠᠨ᠎ᠠ᠃ | ᠳᠦᠷᠪᠡᠳᠦᠷᠭᠡᠷ ᠵᠣᠷᠪᠣᠰ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶᠠᠨ ᠤ | ᠳᠣᠲᠣᠭᠠᠳᠣ ᠳᠤ ᠲᠣᠬᠢᠷᠠᠭᠤᠯᠣᠭᠰᠡᠨ ᠪᠠᠶᠢᠭᠤᠯᠣᠮᠵᠢ | ︵ᠨᠢᠭᠡ︶ ᠠᠯᠪᠠᠨ ᠭᠡᠷ᠃ ᠠᠯᠪᠠᠨ ᠪᠠᠶᠢᠭᠤᠯᠭ᠎ᠠ ᠶᠢᠨ ᠡᠳᠦᠷ ᠳᠣᠲᠣᠮ ᠤᠨ ᠠᠵᠢᠯᠯᠠᠭ᠎ᠠ ᠶᠢ | ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠨᠣᠣᠷᠠᠭᠯᠠᠬᠤ᠂ ᠬᠤᠷᠠᠯ᠂ ᠰᠣᠷᠠᠭ ᠵᠠᠩᠭᠢ᠂ ᠳᠠᠩᠰᠠ | ᠡᠪᠬᠢᠮᠡᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠣᠯᠵᠢᠯᠠᠭ᠎ᠠ᠂ ᠡᠳ᠋ ᠤᠨ ᠶᠠᠪᠣᠳᠠᠯ᠂ ᠨᠠᠮ ᠤᠨ | ᠪᠠᠶᠢᠭᠤᠯᠣᠯᠲᠠ ᠵᠢᠴᠢ ᠦᠵᠡᠯ ᠰᠠᠨᠠᠭ᠎ᠠ ᠪᠣᠯᠪᠠᠰᠣᠨ ᠤ ᠪᠥᠲᠦᠭᠡᠨ ᠪᠠᠶᠢᠭᠤᠯᠣᠯᠲᠠ᠂ ᠡᠳ᠋ ᠬᠥᠷᠦᠩᠭᠡ ᠶᠢᠨ | ᠬᠠᠮᠢᠶᠠᠷᠣᠯᠲᠠ᠂ ᠵᠠᠰᠠᠭ ᠤᠨ ᠶᠠᠪᠣᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠠᠯᠪᠠᠨ | ᠪᠠᠶᠢᠭᠤᠯᠭ᠎ᠠ ᠪᠣᠯᠣᠨ ᠬᠠᠷᠢᠶᠠᠨ ᠳᠤ ᠪᠠᠶᠢᠭ᠎ᠠ ᠪᠠᠶᠢᠭᠤᠯᠭ᠎ᠠ ᠨᠢᠭᠡᠴᠢ ᠶᠢᠨ ᠣᠷᠣᠨ ᠲᠤᠭ᠎ᠠ᠂ ᠠᠵᠢᠯᠲᠠᠨ ᠤ ᠶᠠᠪᠣᠳᠠᠯ | ᠂ ᠴᠠᠯᠢᠩ ᠣᠯᠭᠤᠮᠵᠢ᠂ ᠰᠢᠯᠭᠠᠯᠲᠠ᠂ ᠠᠵᠢᠯᠲᠠᠨ ᠤ ᠪᠠᠶᠢᠭᠤᠯᠭ᠎ᠠ ᠠᠴᠠ ᠰᠠᠯᠵᠤ ᠶᠠᠪᠤᠬᠤ᠂ ᠨᠠᠰᠣᠨ ᠤ ᠠᠮᠠᠷᠠᠯᠲᠠ | ᠠᠪᠬᠤ ᠵᠡᠷᠭᠡ ᠠᠵᠢᠯ ᠢ ᠡᠭᠦᠷᠭᠡᠯᠡᠨ᠎ᠡ᠃ ᠪᠢᠴᠭ ᠮᠠᠲ᠋ᠧᠷᠢᠶᠠᠯ ᠤᠨ ᠳᠥᠷᠢᠮᠵᠢᠯ᠂ ᠬᠠᠣᠯᠢ ᠨᠡᠶᠢᠴᠡᠬᠦ ᠡᠰᠡᠬᠦ ᠶᠢ | ᠰᠢᠯᠭᠠᠨ ᠪᠠᠶᠢᠴᠠᠭᠠᠬᠤ᠂ ᠵᠠᠰᠠᠭ ᠤᠨ ᠶᠠᠪᠣᠳᠠᠯ ᠢ ᠵᠥᠪᠳᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ | ᠠᠵᠢᠯ ᠢ ᠡᠭᠦᠷᠭᠡᠯᠡᠨ᠎ᠡ᠃ ᠪᠥᠬᠦ ᠲᠣᠪᠴᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ | ᠰᠢᠰᠲ᠋ᠧᠮ ᠤᠨ ᠺᠠᠲᠠᠷ ᠠᠵᠢᠯᠲᠠᠨ ᠤ ᠡᠩᠨᠡᠭᠡ ᠶᠢᠨ ᠪᠥᠲᠦᠭᠡᠨ ᠪᠠᠶᠢᠭᠤᠯᠣᠯᠲᠠ ᠪᠣᠯᠣᠨ ᠪᠣᠯᠪᠠᠰᠣᠷᠠᠯ ᠤᠨ ᠠᠵᠢᠯ | ᠢ ᠵᠢᠭᠠᠨ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠪᠣᠯᠣᠨ ᠠᠶᠣᠯᠭᠦᠢ ᠦᠢᠯᠡᠳᠪᠦᠷᠢᠯᠡᠯ | ᠤᠨ ᠰᠣᠨᠢᠨ ᠮᠡᠳᠡᠭᠡᠨ ᠤ ᠣᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ᠂ ᠰᠣᠶᠣᠯ ᠤᠨ | ᠪᠥᠲᠦᠭᠡᠨ ᠪᠠᠶᠢᠭᠤᠯᠣᠯᠲᠠ ᠵᠡᠷᠭᠡ ᠠᠵᠢᠯ ᠢ ᠡᠭᠦᠷᠭᠡᠯᠡᠵᠤ᠂ ᠨᠡᠶᠢᠲᠡ ᠶᠢᠨ ᠮᠡᠳᠡᠯᠭᠡ ᠶᠢ ᠲᠥᠭᠡᠮᠡᠯᠵᠢᠭᠦᠯᠬᠦ ᠠᠵᠢᠯ | ᠢ ᠥᠷᠨᠢᠭᠦᠯᠦᠨ᠎ᠡ᠃ ᠬᠤᠯᠪᠣᠭᠳᠠᠯ ᠪᠥᠬᠦᠢ ᠭᠠᠵᠠᠷ ᠣᠷᠣᠨᠴᠢ ᠳᠥᠷᠢᠮ ᠳᠣᠭᠲᠠᠭᠠᠯ ᠤᠨ ᠡᠬᠡ ᠨᠣᠷᠠᠭ ᠢ | ᠨᠣᠣᠷᠠᠭᠯᠠᠵᠤ᠂ ᠠᠯᠪᠠᠨ ᠪᠠᠶᠢᠭᠤᠯᠭ᠎ᠠ ᠪᠣᠯᠣᠨ ᠬᠠᠷᠢᠶᠠᠨ ᠳᠠᠬᠢ ᠪᠠᠶᠢᠭᠤᠯᠭ᠎ᠠ ᠨᠢᠭᠡᠴᠢ ᠶᠢᠨ ᠨᠠᠮ᠂ ᠡᠪᠯᠡᠯ᠂ | ᠰᠠᠬᠢᠯᠭ᠎ᠠ ᠪᠠᠲᠣ ᠪᠠᠶᠢᠴᠠᠭᠠᠬᠤ ᠠᠵᠢᠯ ᠢ ᠬᠠᠷᠢᠭᠤᠴᠠᠵᠤ᠂ ᠪᠥᠬᠦ ᠲᠣᠪᠴᠢᠶᠠᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠣᠯᠲᠠ ᠶᠢᠨ ᠰᠢᠰᠲ᠋ᠧᠮᠲᠣ ᠣᠯᠣᠰ ᠲᠥᠷᠦ ᠦᠵᠡᠯ ᠰᠠᠨᠠᠭᠠᠨ ᠤ ᠪᠥᠲᠦᠭᠡᠨ ᠪᠠᠶᠢᠭᠤᠯᠬᠤ | ᠠᠵᠢᠯ ᠢ ᠵᠢᠭᠠᠨ ᠵᠢᠯᠤᠭᠤᠳᠤᠨ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠨᠢᠭᠡᠳᠦᠭᠡᠷ ᠲᠠᠰᠤᠭ᠃ | ᠨᠡᠭᠦᠷᠡᠰᠦᠨ ᠠᠭᠤᠷᠬᠠᠢ ᠪᠣᠰᠣ ᠠᠭᠤᠯᠠ ᠠᠭᠤᠷᠬᠠᠢ ︵ᠭᠠᠵᠠᠷ ᠰᠢᠨᠵᠢᠯᠡᠭᠡᠨ ᠤ ᠬᠠᠶᠢᠨ ᠰᠣᠳᠣᠯᠠᠯᠲᠠ ᠶᠢ | ᠪᠠᠭᠲᠠᠭᠠᠨ᠎ᠠ︶᠂ ᠴᠢᠯᠠᠭᠤᠨ ᠲᠣᠰᠣ ︵ᠪᠣᠯᠪᠠᠰᠣᠷᠠᠭᠤᠯᠬᠤ᠂ ᠬᠡᠷᠡᠭᠯᠡᠭᠡᠨ ᠤ ᠲᠣᠰᠣᠨ ᠬᠤᠭᠤᠯᠠᠢ ᠠᠴᠠ ᠭᠠᠳᠠᠨ᠎ᠠ︶ | ᠵᠡᠷᠭᠡ ᠠᠵᠢᠯ ᠲᠥᠷᠦᠯ ᠤᠨ ᠠᠶᠣᠯᠭᠦᠢ ᠦᠢᠯᠡᠳᠪᠦᠷᠢᠯᠡᠯ ᠤᠨ ᠦᠨᠳᠦᠰᠦᠨ ᠠᠵᠢᠯ᠂ ᠬᠤᠯᠪᠣᠭᠳᠠᠯ ᠪᠥᠬᠦᠢ | ᠦᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠠᠶᠣᠯᠭᠦᠢ ᠦᠢᠯᠡᠳᠪᠦᠷᠢᠯᠡᠯ ᠤᠨ ᠬᠠᠣᠯᠢ ᠳᠥᠷᠢᠮ | ᠢ ᠨᠠᠶᠢᠳᠠᠪᠣᠷᠢᠵᠢᠭᠤᠯᠣᠭᠰᠡᠨ ᠪᠣᠯᠣᠨ ᠪᠠᠷᠢᠮᠵᠢᠶᠠᠨ ᠳᠤ ᠬᠦᠷᠦᠭᠰᠡᠨ ᠡᠰᠡᠬᠦ ᠵᠡᠷᠭᠡ ᠪᠠᠶᠢᠳᠠᠯ ᠢ ᠬᠠᠣᠯᠢ ᠶᠣᠰᠣᠭᠠᠷ | ᠬᠢᠨᠠᠨ ᠪᠠᠶᠢᠴᠠᠭᠠᠬᠤ᠂ ᠬᠤᠯᠪᠣᠭᠳᠠᠯ ᠪᠥᠬᠦᠢ ᠠᠵᠣ ᠠᠬᠤᠶᠢᠯᠠᠯ ᠤᠨ ᠠᠶᠣᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ᠂ ᠠᠶᠣᠯᠭᠦᠢ ᠶᠢᠨ ᠣᠷᠢᠳᠴᠢᠯᠠᠨ ᠰᠡᠷᠭᠡᠶᠢᠯᠡᠬᠦ ᠲᠣᠭᠲᠠᠯᠴᠠᠭ᠎ᠠ ᠶᠢᠨ ᠪᠥᠲᠦᠭᠡᠨ | ᠪᠠᠶᠢᠭᠤᠯᠣᠯᠲᠠ ᠵᠡᠷᠭᠡ ᠠᠵᠢᠯ ᠢ ᠬᠠᠷᠢᠭᠤᠴᠠᠨ᠎ᠠ᠃ ᠡᠩ ᠤᠨ ᠠᠶᠣᠯᠭᠦᠢ ᠦᠢᠯᠡᠳᠪᠦᠷᠢᠯᠡᠯ ᠤᠨ ᠠᠳᠡᠯ ᠵᠢᠴᠢ | ᠳᠡᠭᠡᠳᠦ ᠱᠠᠲᠣᠨ ᠤ ᠲᠣᠰᠢᠶᠠᠭᠰᠡᠨ ᠠᠶᠣᠯᠭᠦᠢ ᠦᠢᠯᠡᠳᠪᠦᠷᠢᠯᠡᠯ ᠤᠨ ᠠᠳᠡᠯ ᠤᠨ ᠪᠠᠶᠢᠴᠠᠭᠠᠨ ᠰᠢᠢᠳᠪᠦᠷᠢᠯᠡᠬᠦ | ᠠᠵᠢᠯ ᠢ ᠬᠠᠣᠯᠢ ᠶᠣᠰᠣᠭᠠᠷ ᠡᠭᠦᠷᠭᠡᠯᠡᠵᠤ᠂ ᠠᠳᠡᠯ ᠤᠨ ᠪᠠᠶᠢᠴᠠᠭᠠᠯᠲᠠ ᠪᠣᠯᠣᠨ ᠬᠠᠷᠢᠭᠤᠴᠠᠯᠭ᠎ᠠ ᠨᠡᠬᠡᠮᠵᠢᠯᠡᠭᠰᠡᠨ | ᠪᠠᠶᠢᠳᠠᠯ ᠳᠤ ᠬᠢᠨᠠᠯᠲᠠ ᠬᠢᠨ᠎ᠡ᠃ ᠪᠥᠬᠦ ᠬᠤᠰᠢᠭᠤᠨ ᠤ ᠠᠭᠤᠯᠠ ᠠᠭᠤᠷᠬᠠᠢ ᠵᠡᠷᠭᠡ ᠶᠢᠨ ᠣᠨᠴᠠ ᠶᠡᠭᠡ ᠭᠠᠮᠰᠢᠭ | ᠢ ᠰᠡᠷᠭᠡᠶᠢᠯᠡᠨ ᠵᠠᠰᠠᠬᠤ᠂ ᠠᠶᠣᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠣᠯᠲᠠ ᠵᠡᠷᠭᠡ ᠠᠶᠣᠯᠭᠦᠢ | ᠦᠢᠯᠡᠳᠪᠦᠷᠢᠯᠡᠯ ᠤᠨ ᠦᠨᠳᠦᠰᠦᠨ ᠪᠥᠲᠦᠭᠡᠨ ᠪᠠᠶᠢᠭᠤᠯᠣᠯᠲᠠ ᠶᠢ ᠵᠢᠭᠠᠨ ᠵᠢᠯᠣᠭᠤᠳᠬᠤ ᠪᠣᠯᠣᠨ ᠬᠢᠨᠠᠯᠲᠠ | ᠲᠠᠯᠪᠢᠨ᠎ᠠ᠃ ᠠᠵᠤ ᠠᠬᠤᠶᠢᠯᠠᠯ ᠤᠨ ᠠᠵᠢᠯᠲᠠᠨ ᠤ ᠠᠶᠣᠯᠭᠦᠢ ᠶᠢᠨ ᠪᠣᠯᠪᠠᠰᠣᠷᠠᠯ ᠤᠨ ᠬᠠᠮᠢᠶᠠᠷᠣᠯᠲᠠ ᠪᠣᠯᠣᠨ | ᠰᠢᠯᠭᠠᠨ ᠦᠨᠡᠮᠯᠡᠯ ᠥᠭᠬᠦ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠨᠡᠭᠦᠷᠡᠰᠦᠨ ᠠᠭᠤᠷᠬᠠᠢ ᠪᠣᠰᠣ | ᠠᠭᠤᠯᠠ ᠠᠭᠤᠷᠬᠠᠢ ᠶᠢᠨ ᠠᠶᠣᠯᠭᠦᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ | ᠠᠪᠣᠷᠠᠨ ᠲᠣᠰᠠᠯᠠᠬᠤ᠂ ᠠᠶᠣᠯ ᠠᠴᠠ ᠠᠪᠣᠷᠠᠬᠤ᠂ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠪᠰᠣᠷᠣᠨ᠎ᠠ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠬᠤᠶᠠᠳᠣᠭᠠᠷ ᠲᠠᠰᠤᠭ᠃ | ᠪᠥᠬᠦ ᠬᠤᠰᠢᠭᠤᠨ ᠤ ᠬᠢᠮᠢ ᠶᠢᠨ ᠠᠵᠣ ᠦᠢᠯᠡᠳᠪᠦᠷᠢ᠂ ︵ᠴᠢᠯᠠᠭᠤᠨ ᠲᠣᠰᠣᠨ ᠤ ᠬᠢᠮᠢ ᠠᠵᠣ ᠦᠢᠯᠡᠳᠪᠦᠷᠢ ᠢ | ᠪᠠᠭᠲᠠᠭᠠᠨ᠎ᠠ︶᠂ ᠡᠮ ᠤᠨ ᠦᠢᠯᠡᠰ᠂ ᠠᠶᠣᠯᠲᠠᠢ ᠬᠢᠮᠢ ᠶᠢᠨ ᠪᠥᠲᠦᠭᠡᠭᠳᠡᠭᠦᠨ ᠪᠣᠯᠣᠨ ᠬᠤᠸᠠᠷ ᠫᠣᠣᠵᠢᠩ᠂ | ᠲᠡᠮᠦᠷᠯᠢᠭ ᠬᠠᠶᠢᠯᠠᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠠᠸ᠋ᠬᠠᠨᠢᠭ᠂ ᠬᠥᠩᠭᠡᠨ | ᠠᠵᠣ ᠦᠢᠯᠡᠰ᠂ ᠨᠡᠬᠡᠮᠡᠯ᠂ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠬᠤᠳᠠᠯᠳᠣᠭᠠᠨ ᠤ ᠠᠵᠢᠯ | ᠲᠥᠷᠦᠯ ᠤᠨ ᠠᠶᠣᠯᠭᠦᠢ ᠦᠢᠯᠡᠳᠪᠦᠷᠢᠯᠡᠯ ᠤᠨ ᠦᠨᠳᠦᠰᠦᠨ ᠠᠵᠢᠯ ᠢ ᠬᠠᠷᠢᠭᠤᠴᠠᠨ᠎ᠠ᠃ ᠠᠶᠣᠯᠭᠦᠢ | ᠦᠢᠯᠡᠳᠪᠦᠷᠢᠯᠡᠯ ᠤᠨ ᠪᠣᠯᠪᠠᠰᠣᠷᠠᠯ᠂ ᠰᠢᠯᠭᠠᠯᠲᠠ ᠪᠣᠯᠣᠨ ᠠᠶᠣᠯᠭᠦᠢ ᠦᠢᠯᠡᠳᠪᠦᠷᠢᠯᠡᠯ ᠤᠨ ᠬᠠᠣᠯᠢ ᠬᠡᠷᠡᠭᠵᠢᠭᠦᠯᠬᠦ | ᠲᠥᠯᠦᠪᠯᠡᠯᠭᠡ ᠳᠣᠭᠲᠠᠭᠠᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠥᠬᠦᠢ ᠦᠢᠯᠡᠳᠪᠦᠷᠢᠯᠡᠯ ᠡᠵᠡᠩᠨᠡᠯᠲᠡ ᠶᠢᠨ | ᠪᠠᠶᠢᠭᠤᠯᠭ᠎ᠠ ᠨᠢᠭᠡᠴᠢ ᠶᠢᠨ ᠠᠶᠣᠯᠭᠦᠢ ᠦᠢᠯᠡᠳᠪᠦᠷᠢᠯᠡᠯ ᠤᠨ ᠬᠠᠣᠯᠢ ᠳᠥᠷᠢᠮ ᠢ ᠨᠠᠶᠢᠳᠠᠪᠣᠷᠢᠵᠢᠭᠤᠯᠣᠭᠰᠡᠨ | ᠪᠣᠯᠣᠨ ᠪᠠᠷᠢᠮᠵᠢᠶᠠᠨ ᠳᠤ ᠬᠦᠷᠦᠭᠰᠡᠨ ᠡᠰᠡᠬᠦ ᠵᠡᠷᠭᠡ ᠪᠠᠶᠢᠳᠠᠯ ᠢ ᠬᠠᠣᠯᠢ ᠶᠣᠰᠣᠭᠠᠷ ᠬᠢᠨᠠᠨ ᠪᠠᠶᠢᠴᠠᠭᠠᠬᠤ᠂ | ᠬᠤᠯᠪᠣᠭᠳᠠᠯ ᠪᠥᠬᠦᠢ ᠠᠵᠣ ᠠᠬᠤᠶᠢᠯᠠᠯ ᠤᠨ ᠠᠶᠣᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠶᠣᠯᠭᠦᠢ | ᠶᠢᠨ ᠣᠷᠢᠳᠴᠢᠯᠠᠨ ᠰᠡᠷᠭᠡᠶᠢᠯᠡᠬᠦ ᠲᠣᠭᠲᠠᠯᠴᠠᠭ᠎ᠠ ᠶᠢᠨ ᠪᠥᠲᠦᠭᠡᠨ ᠪᠠᠶᠢᠭᠤᠯᠣᠯᠲᠠ ᠵᠡᠷᠭᠡ ᠠᠵᠢᠯ ᠢ ᠬᠠᠷᠢᠭᠤᠴᠠᠨ᠎ᠠ᠃ | ᠪᠥᠬᠦ ᠬᠤᠰᠢᠭᠤᠨ ᠤ ᠠᠶᠣᠯᠲᠠᠢ ᠬᠢᠮᠢ ᠶᠢᠨ ᠪᠥᠲᠦᠭᠡᠭᠳᠡᠭᠦᠨ ᠤ ᠶᠡᠷᠦᠩᠬᠡᠶᠢᠯᠡᠭᠰᠡᠨ ᠬᠢᠨᠠᠨ ᠬᠠᠮᠢᠶᠠᠷᠣᠯᠲᠠ ᠶᠢᠨ | ᠠᠵᠢᠯ ᠢ ᠡᠭᠦᠷᠭᠡᠯᠡᠵᠤ᠂ ᠪᠥᠬᠦ ᠬᠤᠰᠢᠭᠤᠨ ᠤ ᠠᠶᠣᠯᠲᠠᠢ ᠬᠢᠮᠢ ᠶᠢᠨ ᠪᠥᠲᠦᠭᠡᠭᠳᠡᠭᠦᠨ ᠤ ᠳᠠᠩᠰᠠᠯᠠᠬᠤ ᠠᠵᠢᠯ ᠢ | ᠵᠣᠬᠢᠶᠠᠨ ᠪᠠᠶᠢᠭᠤᠯᠣᠨ ᠵᠢᠭᠠᠨ ᠵᠢᠯᠣᠭᠤᠳᠴᠣ᠂ ᠡᠮ ᠤᠨ ᠪᠣᠰᠣ ᠲᠥᠷᠦᠯ ᠤᠨ ᠠᠮᠠᠷᠬᠠᠨ ᠦᠢᠯᠡᠳᠬᠦ ᠬᠤᠣᠷᠲᠠᠢ | ᠬᠢᠮᠢ ᠶᠢᠨ ᠪᠥᠲᠦᠭᠡᠭᠳᠡᠭᠦᠨ ᠤ ᠦᠢᠯᠡᠳᠪᠦᠷᠢᠯᠡᠯ ᠡᠵᠡᠩᠨᠡᠯᠲᠡ ᠶᠢᠨ ᠬᠢᠨᠠᠨ ᠬᠠᠮᠢᠶᠠᠷᠣᠯᠲᠠ ᠶᠢᠨ ᠠᠵᠢᠯ ᠢ ᠵᠢᠭᠠᠨ | ᠵᠢᠯᠣᠭᠤᠳᠣᠨ᠎ᠠ᠃ ᠵᠠᠰᠠᠭ ᠵᠠᠬᠢᠷᠭᠠᠨ ᠬᠢᠨᠠᠨ ᠵᠥᠪᠰᠢᠶᠡᠷᠡᠬᠦ ᠠᠵᠢᠯ ᠪᠣᠯᠣᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠬᠤᠯᠪᠣᠭᠳᠠᠯ ᠪᠥᠬᠦᠢ ᠬᠠᠣᠯᠢ ᠳᠥᠷᠢᠮ ᠤᠨ ᠠᠰᠠᠭᠤᠨ ᠯᠠᠪᠯᠠᠯᠲᠠ᠂ ᠦᠢᠯᠡᠴᠢᠯᠡᠬᠦ ᠠᠵᠢᠯ ᠢ ᠬᠠᠷᠢᠭᠤᠴᠠᠨ᠎ᠠ᠃ | ︵ᠳᠦᠷᠪᠡ︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠭᠤᠷᠪᠠᠳᠣᠭᠠᠷ ᠲᠠᠰᠤᠭ᠃ | ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶᠡᠨ ᠳᠠᠬᠢ ᠠᠶᠣᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ | ᠵᠡᠷᠭᠡ ᠪᠠᠴᠢᠮ ᠪᠠᠶᠢᠳᠠᠯ ᠤᠨ ᠵᠢᠵᠡᠭᠦᠷᠯᠡᠬᠦ ᠪᠣᠯᠣᠨ ᠪᠠᠶᠢᠭᠤᠯᠭ᠎ᠠ ᠶᠢᠨ ᠵᠠᠰᠠᠭ ᠤᠨ ᠶᠠᠪᠣᠳᠠᠯ ᠤᠨ ᠵᠢᠵᠡᠭᠦᠷᠯᠡᠬᠦ | ᠵᠡᠷᠭᠡ ᠶᠢ ᠵᠣᠬᠢᠶᠠᠨ ᠪᠠᠶᠢᠭᠤᠯᠬᠤ ᠠᠵᠢᠯ᠂ ᠣᠯᠣᠰ ᠤᠨ ᠠᠳᠡᠯ ᠭᠠᠢ ᠭᠠᠮᠰᠢᠭ ᠪᠣᠯᠣᠨ ᠪᠠᠶᠢᠭᠠᠯᠢ ᠶᠢᠨ ᠭᠠᠢ | ᠭᠠᠮᠰᠢᠭ ᠤᠨ ᠲᠡᠰ ᠬᠤᠪᠢᠶᠠᠭᠰᠡᠨ ᠠᠷᠭᠠᠴᠠᠭᠠᠬᠤ ᠳᠥᠷᠢᠮ ᠢ ᠨᠠᠶᠢᠳᠠᠪᠣᠷᠵᠢᠭᠤᠯᠵᠤ᠂ ᠪᠥᠬᠦ ᠬᠤᠰᠢᠭᠤᠨ ᠤ | ᠣᠷᠢᠳᠴᠢᠯᠠᠨ ᠰᠡᠷᠡᠮᠵᠢᠯᠡᠬᠦᠯᠬᠦ ᠪᠣᠯᠣᠨ ᠭᠠᠮᠰᠢᠭ ᠤᠨ ᠪᠠᠶᠢᠳᠠᠯ ᠤᠨ ᠰᠣᠷᠠᠭ ᠵᠠᠩᠬᠢ ᠢ ᠮᠡᠳᠡᠭᠦᠯᠬᠦ ᠪᠣᠯᠣᠨ | ᠨᠡᠶᠢᠲᠡᠯᠡᠬᠦ ᠢ ᠡᠭᠦᠷᠭᠡᠯᠡᠵᠤ᠂ ᠪᠠᠴᠢᠮ ᠪᠠᠶᠢᠳᠠᠯ ᠢ ᠠᠪᠣᠷᠠᠨ ᠲᠣᠰᠠᠯᠠᠬᠤ ᠡᠩᠨᠡᠭᠡᠨ ᠤ ᠪᠣᠯᠪᠠᠰᠣᠷᠠᠯ ᠰᠣᠷᠭᠠᠯ ᠢ | ᠵᠢᠭᠠᠨ ᠵᠢᠯᠣᠭᠤᠳᠴᠣ᠂ ᠪᠥᠬᠦ ᠬᠤᠰᠢᠭᠤᠨ ᠤ ᠬᠡᠪᠴᠢᠶᠡᠨ ᠳᠠᠬᠢ ᠭᠠᠯ ᠣᠨᠲᠠᠷᠠᠭᠠᠬᠤ᠂ ᠣᠢ ᠰᠢᠭᠤᠢ ᠲᠠᠯ᠎ᠠ | ᠨᠣᠲᠤᠭ ᠤᠨ ᠭᠠᠯ ᠤᠨ ᠠᠶᠣᠯ ᠢ ᠣᠨᠲᠠᠷᠭᠠᠬᠤ ᠠᠩᠬᠢ ᠶᠢᠨ ᠠᠪᠣᠷᠠᠨ ᠲᠣᠰᠠᠯᠠᠬᠤ ᠬᠦᠴᠦᠨ ᠶᠢ ᠵᠣᠬᠢᠴᠠᠭᠤᠯᠵᠣ | ᠂ ᠬᠠᠮᠲᠣ ᠳᠤ ᠨᠢ ᠬᠡᠷᠡᠭᠴᠡᠭᠡ ᠪᠠᠨ ᠦᠨᠳᠦᠰᠦᠯᠡᠨ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶᠠᠨ | ᠳᠤ ᠲᠣᠰᠠᠯᠠᠮᠵᠢ ᠬᠦᠰᠡᠬᠦ ᠠᠵᠢᠯ ᠢ ᠵᠣᠬᠢᠴᠠᠭᠤᠯᠣᠨ᠎ᠠ᠃ ᠬᠤᠰᠢᠭᠤᠨ ᠤ ᠣᠨᠴᠠ ᠶᠡᠭᠡ ᠠᠶᠣᠯᠭᠦᠢ ᠦᠢᠯᠡᠳᠪᠦᠷᠢᠯᠡᠯ | ᠤᠨ ᠲᠥᠭᠰᠢᠭᠦᠷᠢ ᠶᠢᠨ ᠬᠢᠨᠠᠨ ᠬᠡᠮᠵᠢᠯᠲᠡ ᠪᠣᠯᠣᠨ ᠦᠨᠡᠯᠡᠯᠲᠡ ᠶᠢᠨ ᠪᠠᠶᠢᠭᠤᠯᠣᠮᠵᠢ ᠶᠢ ᠪᠠᠶᠢᠭᠤᠯᠵᠣ᠂ ᠬᠤᠰᠢᠭᠤ | ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠬᠦ ᠠᠵᠢᠯ ᠢ ᠡᠭᠦᠷᠭᠡᠯᠡᠵᠤ᠂ ᠬᠤᠰᠢᠭᠤ ᠪᠠᠶᠢᠭᠠᠯᠢ ᠶᠢᠨ | ᠭᠠᠮᠰᠢᠭ ᠤᠨ ᠶᠡᠷᠥᠩᠬᠡᠶᠢᠯᠡᠭᠰᠡᠨ ᠲᠦᠭᠰᠢᠭᠦᠷᠢ ᠵᠢᠴᠢ ᠭᠠᠮᠰᠢᠭ ᠢ ᠪᠠᠭᠠᠰᠬᠠᠬᠤ ᠴᠢᠳᠠᠮᠵᠢ ᠶᠢᠨ ᠪᠠᠶᠢᠴᠠᠭᠠᠨ | ᠦᠨᠡᠯᠡᠯᠲᠡ ᠶᠢᠨ ᠠᠵᠢᠯ ᠢ ᠥᠷᠨᠢᠭᠦᠯᠦᠨ᠎ᠡ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠣᠯᠲᠠ ᠶᠢᠨ ᠪᠥᠷᠢᠳᠬᠡᠨ ᠵᠠᠳᠠᠯᠠᠬᠤ ᠠᠵᠢᠯ ᠢ ᠬᠠᠷᠢᠭᠤᠴᠠᠨ᠎ᠠ᠃ ᠣᠯᠣᠰ ᠤᠨ ᠭᠠᠯ ᠣᠨᠲᠠᠷᠭᠠᠬᠤ ᠬᠠᠣᠯᠢ | ᠳᠥᠷᠢᠮ ᠪᠣᠯᠣᠨ ᠮᠡᠷᠭᠡᠵᠢᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠣ ᠬᠡᠷᠡᠭᠵᠢᠭᠦᠯᠵᠤ᠂ ᠭᠠᠵᠠᠷ ᠣᠷᠣᠨᠴᠢ ᠴᠢᠨᠠᠷ | ᠲᠠᠢ ᠭᠠᠯ ᠣᠨᠲᠠᠷᠠᠭᠠᠬᠤ ᠲᠥᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠣ | ᠲᠣᠭᠤᠷᠪᠢᠬᠤ ᠶᠢᠨ ᠬᠠᠮᠲᠣ ᠬᠡᠷᠡᠭᠵᠢᠭᠦᠯᠦᠨ᠎ᠡ᠃ ᠪᠥᠬᠦ ᠬᠤᠰᠢᠭᠤ᠂ ᠪᠠᠯᠭᠠᠰᠣ᠂ ᠮᠠᠯᠵᠢᠬᠤ ᠲᠠᠷᠢᠶᠠᠯᠠᠬᠤ ᠣᠷᠣᠨ᠂ | ᠣᠢ ᠰᠢᠭᠤᠢ᠂ ᠲᠠᠯ᠎ᠠ ᠨᠣᠲᠤᠭ ᠤᠨ ᠭᠠᠯ ᠣᠨᠲᠠᠷᠠᠭᠠᠬᠤ ᠠᠵᠢᠯ ᠤᠨ ᠲᠥᠯᠦᠪᠵᠢᠭᠦᠯᠭᠡ ᠢ ᠳᠣᠭᠲᠠᠭᠠᠬᠤ ᠶᠢ | ᠵᠢᠭᠠᠨ ᠵᠢᠯᠣᠭᠤᠳᠬᠤ ᠶᠢᠨ ᠬᠠᠮᠲᠣ ᠨᠠᠶᠢᠳᠠᠪᠣᠷᠢᠵᠢᠭᠤᠯᠣᠨ᠎ᠠ᠃ ᠪᠥᠬᠦ ᠬᠤᠰᠢᠭᠤᠨ ᠤ ᠭᠠᠯ ᠰᠡᠷᠭᠡᠶᠢᠯᠡᠬᠦ ᠶᠢ | ᠬᠢᠨᠠᠬᠤ᠂ ᠭᠠᠯ ᠤᠨ ᠠᠶᠣᠯ ᠢ ᠣᠷᠢᠳᠴᠢᠯᠠᠨ ᠰᠡᠷᠭᠡᠶᠢᠯᠡᠬᠦ᠂ ᠭᠠᠯ ᠤᠨ ᠠᠶᠣᠯ ᠠᠴᠠ ᠠᠪᠣᠷᠠᠨ ᠲᠣᠰᠠᠯᠠᠬᠤ ᠠᠵᠢᠯ | ᠢ ᠵᠢᠭᠠᠨ ᠵᠢᠯᠣᠭᠤᠳᠣᠨ᠎ᠠ᠃ ᠪᠥᠬᠦ ᠬᠤᠰᠢᠭᠤᠨ ᠤ ᠦᠶᠡᠷ᠂ ᠭᠠᠩ ᠬᠠᠭᠰᠠᠷᠭᠠᠨ ᠭᠠᠮᠰᠢᠭ ᠤᠨ ᠪᠠᠴᠢᠮ ᠪᠠᠶᠢᠳᠠᠯ | ᠢ ᠠᠷᠭᠠᠴᠠᠭᠠᠨ ᠠᠪᠣᠷᠠᠨ ᠲᠣᠰᠠᠯᠠᠬᠤ ᠠᠵᠢᠯ ᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ᠂ ᠭᠤᠣᠯ ᠪᠣᠯᠬᠤ ᠭᠤᠣᠯ | ᠮᠥᠷᠠᠨ᠂ ᠨᠠᠭᠤᠷ ᠴᠦᠭᠦᠷᠦᠮ ᠪᠣᠯᠣᠨ ᠣᠰᠣᠨ ᠠᠰᠢᠭᠯᠠᠯᠲᠠ ᠶᠢᠨ ᠢᠨᠵᠧᠨᠧᠷᠢᠭ ᠤᠨ ᠦᠶᠡᠷ᠂ ᠭᠠᠩ | ᠬᠠᠭᠰᠠᠷᠭᠠᠨ ᠲᠠᠢ ᠲᠡᠮᠡᠴᠡᠬᠦ ᠲᠣᠬᠢᠷᠠᠭᠤᠯᠣᠯᠲᠠ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠣᠰᠣᠨ ᠤ ᠬᠡᠮᠵᠢᠶ᠎ᠡ | ᠶᠢᠨ ᠳᠣᠬᠢᠷᠠᠭᠤᠯᠣᠯᠲᠠ ᠶᠢᠨ ᠠᠵᠢᠯ ᠢ ᠵᠣᠬᠢᠴᠠᠭᠤᠯᠵᠣ ᠵᠢᠭᠠᠨ ᠵᠢᠯᠣᠭᠤᠳᠣᠨ᠎ᠠ᠃ ᠬᠤᠰᠢᠭᠤ ᠦᠶᠡᠷ ᠢ | ᠰᠡᠷᠭᠡᠶᠢᠯᠡᠵᠤ᠂ ᠭᠠᠩ ᠬᠠᠭᠰᠠᠷᠭᠠᠨ ᠲᠠᠢ ᠲᠡᠮᠡᠴᠡᠬᠦ ᠵᠢᠯᠤᠭᠤᠳᠬᠤ ᠬᠡᠯᠲᠡᠰ ᠤᠨ ᠡᠳᠦᠷ ᠳᠣᠲᠣᠮ ᠤᠨ ᠠᠵᠢᠯ ᠢ | ᠡᠭᠦᠷᠭᠡᠯᠡᠨ᠎ᠡ᠃ ᠪᠥᠬᠦ ᠬᠤᠰᠢᠭᠤᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ᠂ ᠠᠪᠣᠷᠠᠨ | ᠲᠣᠰᠠᠯᠠᠬᠤ ᠠᠵᠢᠯ ᠢ ᠵᠣᠬᠢᠶᠠᠨ ᠪᠠᠶᠢᠭᠤᠯᠣᠨ ᠵᠣᠬᠢᠴᠠᠭᠤᠯᠣᠨ᠎ᠠ᠂ ᠪᠥᠬᠦ ᠬᠤᠰᠢᠭᠤᠨ ᠤ ᠭᠠᠵᠠᠷ ᠵᠦᠢ ᠶᠢᠨ | ᠭᠠᠮᠰᠢᠭ ᠢ ᠰᠡᠷᠭᠡᠶᠢᠯᠡᠬᠦ ᠬᠤᠯᠪᠣᠭᠳᠠᠯ ᠪᠥᠬᠦᠢ ᠠᠵᠢᠯ ᠢ ᠵᠣᠬᠢᠴᠠᠭᠤᠯᠵᠣ᠂ ᠵᠢᠭᠠᠨ ᠵᠢᠯᠤᠭᠤᠳᠤᠨ᠎ᠠ᠂ ᠣᠯᠣᠰ᠂ | ᠣᠷᠣᠨ᠂ ᠵᠠᠬᠢᠷᠭ᠎ᠠ ᠪᠣᠯᠣᠨ ᠵᠠᠰᠠᠭ ᠤᠨ ᠣᠷᠳᠣᠨ ᠤ ᠬᠠᠮᠢᠶ᠎ᠠ ᠪᠥᠬᠦᠢ ᠣᠯᠠᠨ ᠣᠯᠣᠰ ᠤᠨ ᠬᠠᠮᠲᠣᠷᠠᠯᠴᠠᠭ᠎ᠠ | ᠪᠣᠯᠣᠨ ᠠᠪᠣᠷᠠᠨ ᠲᠣᠰᠠᠯᠠᠬᠤ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ | ᠣᠷᠢᠳᠴᠢᠯᠠᠭᠰᠡᠨ ᠲᠥᠰᠦᠪ ᠤᠨ ᠳᠣᠭᠳᠠᠯᠴᠠᠭ᠎ᠠ ᠶᠢᠨ ᠪᠥᠲᠦᠭᠡᠨ ᠪᠠᠶᠢᠭᠤᠯᠣᠯᠲᠠ ᠶᠢ ᠨᠢᠭᠡᠳᠦᠯᠲᠠᠢ ᠲᠥᠯᠦᠪᠯᠡᠵᠤ | ᠂ ᠬᠤᠰᠢᠭᠤᠨ ᠤ ᠶᠡᠷᠦᠩᠬᠡᠢ ᠪᠠᠴᠢᠮ ᠪᠠᠶᠢᠳᠠᠯ ᠢ ᠠᠷᠭᠠᠴᠠᠭᠠᠬᠤ ᠣᠷᠢᠳᠴᠢᠯᠠᠭᠰᠡᠨ ᠲᠥᠰᠦᠪ ᠪᠣᠯᠣᠨ ᠠᠶᠣᠯᠭᠦᠢ | ᠦᠢᠯᠡᠳᠪᠦᠷᠢᠯᠡᠯ᠂ ᠪᠠᠶᠢᠭᠠᠯᠢ ᠶᠢᠨ ᠭᠠᠢ ᠭᠠᠮᠰᠢᠭ ᠵᠡᠷᠭᠡ ᠲᠣᠰᠬᠠᠢ ᠲᠥᠷᠦᠯ ᠤᠨ ᠣᠷᠢᠳᠴᠢᠯᠠᠭᠰᠡᠨ ᠲᠥᠰᠦᠪ ᠢ | ᠵᠣᠬᠢᠶᠠᠨ ᠪᠠᠶᠢᠭᠤᠯᠵᠣ ᠳᠣᠭᠳᠠᠬᠤ ᠶᠢᠨ ᠬᠠᠮᠲᠣ ᠡᠯ᠎ᠡ ᠵᠦᠢᠯ ᠤᠨ ᠣᠷᠢᠳᠴᠢᠯᠠᠭᠰᠡᠨ ᠲᠢᠰᠦᠪ ᠤᠨ ᠵᠠᠯᠭᠠᠯᠳᠣᠬᠤ | ᠶᠢ ᠬᠠᠷᠢᠭᠤᠴᠠᠵᠤ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ᠂ ᠠᠶᠣᠯᠭᠦᠢ | ᠦᠢᠯᠡᠳᠪᠦᠷᠢᠯᠠᠯ ᠤᠨ ᠰᠢᠨᠵᠢᠯᠡᠭᠡ ᠮᠡᠷᠭᠡᠵᠢᠯ ᠪᠣᠯᠣᠨ ᠰᠣᠷᠠᠭ ᠵᠠᠩᠬᠢᠴᠢᠯᠠᠯᠲᠠ ᠶᠢᠨ ᠪᠥᠲᠦᠭᠡᠨ ᠪᠠᠶᠢᠭᠤᠯᠣᠯᠲᠠ | ᠶᠢᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠭᠤᠣᠯᠳᠠᠯᠭ᠎ᠠ ᠲᠠᠢ ᠢᠨᠵᠧᠨᠧᠷᠢᠭ ᠪᠣᠯᠣᠨ | ᠠᠶᠣᠯ ᠠᠴᠠ ᠵᠠᠶᠢᠯᠠᠬᠤ ᠲᠥᠬᠦᠭᠡᠷᠦᠮᠵᠢ ᠶᠢᠨ ᠪᠥᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠪᠠᠶᠢᠭᠠᠯᠢ | ᠶᠢᠨ ᠭᠠᠮᠰᠢᠭ ᠤᠨ ᠰᠣᠷᠠᠭ ᠵᠠᠩᠭᠢ ᠢ ᠣᠯᠬᠤ ᠪᠣᠯᠣᠨ ᠬᠤᠪᠢᠶᠠᠯᠴᠠᠬᠤ ᠪᠠᠶᠢᠭᠤᠯᠤᠮᠵᠢ ᠶᠢ ᠪᠥᠷᠢᠨᠰᠢᠭᠦᠯᠵᠤ᠂ | ᠬᠠᠮᠢᠶ᠎ᠠ ᠪᠥᠬᠦᠢ ᠰᠢᠨᠵᠢᠯᠡᠭᠡ ᠮᠡᠷᠭᠡᠵᠢᠯ ᠤᠨ ᠲᠥᠯᠦᠪᠵᠢᠭᠦᠯᠭᠡ᠂ ᠲᠥᠯᠦᠪᠯᠡᠭᠡ ᠶᠢ ᠲᠣᠭᠤᠷᠪᠢᠬᠤ ᠶᠢᠨ ᠬᠠᠮᠲᠣ | ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠣᠷᠢᠳᠴᠢᠯᠠᠭᠰᠡᠨ | ᠰᠣᠷᠢᠯᠲᠠ ᠶᠢ ᠵᠣᠬᠢᠶᠠᠨ ᠪᠠᠶᠢᠭᠤᠯᠬᠤ ᠪᠣᠯᠣᠨ ᠵᠢᠭᠠᠨ ᠵᠢᠯᠣᠭᠤᠳᠴᠣ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | ᠬᠤᠰᠢᠭᠤᠨ ᠤ ᠣᠨᠴᠠ ᠶᠡᠭᠡ ᠭᠠᠢ ᠭᠠᠮᠰᠢᠭ ᠢ ᠠᠷᠭᠠᠴᠠᠭᠠᠬᠤ ᠵᠢᠯᠣᠭᠤᠳᠬᠤ ᠬᠡᠯᠲᠡᠰ ᠤᠨ ᠲᠣᠬᠠᠢ ᠶᠢᠨ ᠲᠠᠯᠠᠪᠠᠢ | ᠶᠢᠨ ᠵᠣᠬᠢᠴᠠᠭᠤᠯᠬᠤ᠂ ᠪᠠᠲᠣᠯᠭ᠎ᠠ ᠬᠠᠩᠭᠠᠬᠤ ᠠᠵᠢᠯ ᠢ ᠡᠭᠦᠷᠭᠡᠯᠡᠵᠤ᠂ ᠡᠯ᠎ᠡ ᠰᠣᠮᠣ ᠪᠠᠯᠭᠠᠰᠣ ᠵᠢᠴᠢ ᠨᠡᠶᠢᠭᠡᠮ ᠤᠨ | ᠪᠠᠴᠢᠮ ᠪᠠᠶᠢᠳᠠᠯ ᠢ ᠠᠷᠭᠠᠴᠠᠭᠠᠨ ᠠᠪᠣᠷᠠᠨ ᠲᠣᠰᠠᠯᠠᠬᠤ ᠬᠦᠴᠦᠨ ᠤ ᠪᠥᠲᠦᠭᠡᠨ ᠪᠠᠶᠢᠭᠤᠯᠣᠯᠲᠠ ᠶᠢ ᠵᠢᠭᠠᠭᠨ | ᠵᠢᠯᠣᠭᠤᠳᠴᠣ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠨ ᠠᠪᠣᠷᠠᠨ ᠲᠣᠰᠠᠯᠠᠬᠤ ᠠᠩᠬᠢ ᠶᠢᠨ ᠬᠠᠮᠢᠶᠠᠷᠣᠯᠲᠠ᠂ | ᠪᠠᠲᠣᠯᠭ᠎ᠠ ᠶᠢᠨ ᠠᠷᠭ᠎ᠠ ᠶᠢ ᠲᠤᠭᠤᠷᠪᠢᠬᠤ ᠶᠢᠨ ᠬᠠᠮᠲᠣ ᠵᠣᠬᠢᠶᠠᠨ ᠪᠠᠶᠢᠭᠤᠯᠵᠣ ᠬᠡᠷᠡᠭᠵᠢᠭᠦᠯᠦᠨ᠎ᠡ᠃ ᠪᠥᠬᠦ | ᠬᠤᠰᠢᠭᠤᠨ ᠤ ᠭᠠᠮᠰᠢᠭ ᠤ ᠪᠠᠶᠢᠳᠠᠯ ᠢ ᠪᠠᠶᠢᠴᠠᠭᠠᠨ ᠮᠡᠳᠡᠭᠦᠯᠬᠦ᠂ ᠬᠤᠬᠢᠷᠠᠯ ᠤᠨ ᠦᠨᠡᠯᠡᠯᠲᠡ ᠬᠢᠬᠦ᠂ ᠭᠠᠮᠰᠢᠭ | ᠠᠴᠠ ᠠᠪᠣᠷᠠᠬᠤ ᠬᠠᠨᠳᠢᠪ ᠵᠡᠷᠭᠡ ᠭᠠᠮᠰᠢᠭ ᠠᠴᠠ ᠠᠪᠣᠷᠠᠨ ᠲᠣᠰᠠᠯᠠᠬᠤ ᠠᠵᠢᠯ ᠢ ᠵᠢᠭᠠᠨ ᠵᠢᠯᠣᠭᠤᠳᠣᠨ᠎ᠠ᠃ | ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠣᠯᠠᠨ ᠨᠡᠶᠢᠲᠡ ᠶᠢᠨ ᠬᠤᠪᠢᠶᠠᠯᠴᠠᠬᠤ ᠪᠣᠯᠣᠨ | ᠵᠣᠬᠢᠴᠠᠭᠤᠯᠬᠤ ᠪᠠᠶᠢᠭᠤᠯᠣᠮᠵᠢ ᠶᠢ ᠪᠠᠶᠢᠭᠤᠯᠣᠨ᠎ᠠ᠂ ᠴᠢᠬᠤᠯᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ | ᠬᠠᠳᠠᠭᠠᠯᠠᠯᠲᠠ᠂ ᠰᠢᠯᠵᠢᠭᠦᠯᠦᠯᠲᠡ ᠪᠣᠯᠣᠨ ᠪᠠᠴᠢᠮ ᠭᠤᠪᠢᠭᠤᠯᠭ᠎ᠠ ᠶᠢ ᠵᠣᠬᠢᠶᠠᠨ ᠪᠠᠶᠢᠭᠤᠯᠵᠣ ᠵᠣᠬᠢᠴᠠᠭᠤᠯᠣᠨ᠎ᠠ᠃ | ᠲᠥᠪ᠂ ᠣᠷᠣᠨ᠂ ᠠᠶᠢᠮᠠᠭ ᠪᠣᠯᠣᠨ ᠮᠠᠨ ᠤ ᠬᠤᠰᠢᠭᠤᠨ ᠤ ᠪᠠᠭᠤᠯᠭᠠᠭᠰᠡᠨ ᠭᠠᠮᠰᠢᠭ ᠠᠴᠠ ᠠᠪᠣᠷᠠᠨ ᠲᠣᠰᠠᠯᠠᠬᠤ | ᠡᠳ᠋ ᠮᠥᠩᠭᠦ ᠶᠢᠨ ᠬᠠᠮᠢᠶᠠᠷᠣᠯᠲᠠ᠂ ᠬᠤᠪᠢᠶᠠᠷᠢᠯᠠᠯᠲᠠ ᠪᠣᠯᠣᠨ ᠬᠡᠷᠡᠭᠯᠡᠬᠦ ᠶᠢ ᠬᠢᠨᠠᠬᠤ ᠠᠵᠢᠯ ᠢ ᠡᠭᠦᠷᠭᠡᠯᠡᠨ᠎ᠡ᠃ | ᠭᠠᠮᠰᠢᠭ ᠳᠤ ᠳᠠᠭᠠᠷᠢᠭᠳᠠᠭᠰᠡᠨ ᠠᠷᠠᠳ ᠲᠥᠮᠡᠨ ᠢ ᠲᠣᠬᠢᠨᠠᠭᠤᠯᠵᠣ᠂ ᠡᠪᠳᠡᠷᠡᠵᠤ ᠰᠦᠢᠳᠦᠭᠰᠡᠨ ᠭᠡᠷ ᠪᠠᠷᠢᠯᠭ᠎ᠠ | ᠶᠢᠨ ᠰᠡᠯᠪᠢᠨ ᠵᠠᠰᠠᠯᠲᠠ ᠪᠣᠯᠣᠨ ᠠᠷᠠᠳ ᠣᠯᠠᠨ ᠤ ᠠᠮᠢᠳᠣᠷᠠᠯ ᠢ ᠠᠪᠣᠷᠠᠨ ᠲᠣᠰᠠᠯᠠᠬᠤ ᠠᠵᠢᠯ ᠢ | ᠵᠣᠬᠢᠴᠠᠭᠤᠯᠤᠨ᠎ᠠ᠃ | ᠲᠠᠪᠣᠳᠣᠭᠠᠷ ᠵᠣᠷᠪᠣᠰ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ | ᠲᠣᠪᠴᠢᠶ᠎ᠠ ᠠᠯᠪᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 5 ᠨᠡᠷ᠎ᠡ᠃ ᠲᠣᠪᠴᠢᠶᠠᠨ ᠳᠠᠷᠤᠭ᠎ᠠ | 1 ᠨᠡᠷ᠎ᠡ᠂ ᠳᠡᠳ᠋ ᠳᠣᠪᠴᠢᠶᠠᠨ ᠳᠠᠷᠤᠭ᠎ᠠ 3 ᠨᠡᠷ᠎ᠡ᠃ | ᠵᠢᠷᠭᠤᠳᠣᠭᠠᠷ ᠵᠣᠷᠪᠣᠰ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ | ᠲᠣᠪᠴᠢᠶᠠᠨ ᠤ ᠬᠠᠷᠢᠶᠠᠨ ᠳᠠᠬᠢ ᠠᠵᠢᠯ ᠦᠢᠯᠡᠰ ᠤᠨ ᠨᠢᠭᠡᠴᠢ ᠶᠢᠨ ᠲᠣᠬᠢᠷᠠᠭᠤᠯᠣᠯᠲᠠ᠂ ᠡᠭᠦᠷᠭᠡ | ᠬᠠᠷᠢᠭᠤᠴᠠᠯᠭ᠎ᠠ ᠪᠣᠯᠣᠨ ᠣᠷᠣᠨ ᠲᠤᠭ᠎ᠠ ᠶᠢ ᠠᠰᠠᠳᠠᠭᠠᠨ ᠳᠣᠭᠲᠠᠭᠠᠨ᠎ᠠ᠃ | ᠳᠣᠯᠣᠳᠣᠭᠠᠷ ᠵᠣᠷᠪᠣᠰ ᠲᠣᠰ ᠳᠣᠭᠲᠠᠭᠠᠯ ᠤᠨ ᠲᠠᠶᠢᠯᠪᠣᠷᠢᠯᠠᠭᠰᠡᠨ ᠭᠦᠢᠴᠡᠳᠬᠡᠬᠦ ᠠᠵᠢᠯ ᠢ | ᠠᠯᠪᠠᠨ ᠪᠠᠶᠢᠭᠤᠯᠭ᠎ᠠ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠠᠴᠠ ᠲᠠᠶᠢᠯᠪᠣᠷᠢᠯᠠᠵᠤ᠂ ᠪᠣᠰᠣᠳ | ᠲᠣᠬᠢᠷᠠᠭᠤᠯᠣᠯᠲᠠ ᠶᠢ ᠬᠤᠰᠢᠭᠤ ᠠᠯᠪᠠᠨ ᠪᠠᠶᠢᠭᠤᠯᠭ᠎ᠠ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ | ᠠᠴᠠ ᠳᠣᠭᠲᠠᠭᠠᠯ ᠶᠣᠰᠣᠭᠠᠷ ᠭᠦᠢᠴᠡᠳᠭᠡᠨ᠎ᠡ᠃ | ᠨᠠᠢᠮᠠᠳᠣᠭᠠᠷ ᠵᠣᠷᠪᠣᠰ ᠲᠣᠰ ᠳᠣᠭᠲᠠᠭᠠᠯ ᠳᠣᠮᠳᠠᠳᠣ ᠣᠯᠣᠰ ᠤᠨ ᠡᠪ ᠬᠠᠮᠲᠣ ᠨᠠᠮ ᠤᠨ | ᠰᠢᠯᠣᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠰᠢᠯᠣᠭᠤᠨ ᠬᠥᠬᠡ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠡᠪᠯᠡᠵᠤ ᠲᠠᠷᠬᠠᠭᠠᠭᠰᠡᠨ ︽ᠰᠢᠯᠣᠭᠤᠨ ᠬᠥᠬᠡ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠲᠠ ᠶᠢᠨ ᠳᠣᠪᠴᠢᠶᠠᠨ ᠤ ᠡᠭᠦᠷᠭᠡ ᠴᠢᠳᠠᠮᠵᠢ ᠶᠢᠨ | ᠲᠣᠬᠢᠷᠠᠭᠤᠯᠣᠯᠲᠠ᠂ ᠳᠣᠲᠣᠭᠠᠳᠣ ᠳᠤ ᠲᠣᠬᠢᠷᠠᠭᠤᠯᠣᠭᠰᠡᠨ ᠪᠠᠶᠢᠭᠤᠯᠣᠮᠵᠢ ᠪᠣᠯᠣᠨ ᠠᠵᠢᠯᠲᠠᠨ ᠤ ᠣᠷᠣᠨ ᠲᠤᠭ᠎ᠠ | ᠶᠢᠨ ᠳᠣᠭᠲᠠᠭᠠᠯ︾ ᠤᠨ ᠮᠡᠳᠡᠭᠳᠡᠯ ᠰᠢᠯᠣᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ | ﹇2019﹈ 23 ᠨᠣᠮᠧᠷ᠂ ᠢ ᠦᠨᠳᠦᠰᠦᠯᠡᠨ 2019 ᠣᠨ ᠤ 3 ᠰᠠᠷ᠎ᠠ ᠶᠢᠨ 29 ᠤ ᠡᠳᠦᠷ ᠠᠴᠠ | ᠡᠬᠢᠯᠡᠵᠤ ᠬᠡᠷᠡᠭᠵᠢᠭᠦᠯᠦᠭᠰᠡᠨ᠃ |