ᠵᠢᠭᠠᠰᠤᠲᠠᠶ ᠰᠤᠮᠤ
ᠨᠡᠶᠢᠲᠡᠯᠡᠭᠰᠡᠨ ᠴᠠᠭ᠄
2020/6/17
         ᠵᠢᠭᠠᠰᠤᠲᠠᠢ ᠰᠤᠮᠤ ᠪᠣᠯ ᠣᠷᠴᠢᠨ ᠦᠶ᠎ᠡ ᠶᠢᠨ ᠮᠣᠩᠭᠤᠯ ᠤᠳᠬ᠎ᠠ ᠵᠣᠬᠢᠶᠠᠯ ᠤᠨ ᠰᠠᠭᠤᠷᠢᠯᠠᠭᠴᠢ᠂ ᠠᠯᠳᠠᠷᠲᠤ ᠰᠢᠯᠦᠭᠴᠢ ᠨᠠ᠊ · ᠰᠠᠶᠢᠨᠴᠣᠭᠲᠤ ᠶᠢᠨ ᠡᠬᠡ ᠨᠤᠲᠤᠭ᠂ ᠳᠤᠮᠳᠠᠳᠤ ᠤᠯᠤᠰ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠰᠠᠭᠤᠷᠢᠨ ᠭᠠᠵᠠᠷ ᠪᠣᠯᠤᠨ᠎ᠠ᠃ ᠵᠢᠭᠠᠰᠤᠲᠠᠶ ᠰᠤᠮᠤ ᠨᠢ ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠥᠷᠦᠴᠡᠨ ᠳᠤ ᠪᠠᠶᠢᠷᠢᠯᠠᠵᠤ᠂ ᠰᠢᠯᠤᠭᠤᠨ ᠬᠥᠬᠡ ᠬᠤᠰᠢᠭᠤᠨ ᠲᠥᠪ ᠠᠴᠠ ᠪᠠᠷᠠᠭᠤᠨ ᠬᠤᠶᠢᠰᠢ 143 ᠺᠢᠯᠣᠮᠧᠲᠷ ᠵᠠᠶᠢᠲᠠᠶ ᠣᠷᠤᠰᠢᠨ᠎ᠠ᠃ ᠪᠠᠷᠠᠭᠤᠨ ᠲᠠᠯ᠎ᠠ ᠪᠠᠷ ᠢᠶᠠᠨ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠥᠨᠢᠳ ᠵᠡᠭᠦᠨ ᠬᠤᠰᠢᠭᠤ ᠲᠠᠢ ᠵᠠᠬᠠᠯᠠᠵᠤ᠂ ᠬᠤᠶᠢᠲᠤ ᠲᠠᠯ᠎ᠠ ᠪᠠᠷ ᠢᠶᠠᠨ ᠠᠪᠠᠭ᠎ᠠ ᠬᠤᠰᠢᠭᠤ ᠲᠠᠢ ᠬᠥᠷᠰᠢᠯᠡᠵᠦ᠂ ᠵᠡᠭᠦᠨ ᠲᠠᠯ᠎ᠠ ᠪᠠᠷ ᠢᠶᠠᠨ ᠨᠠᠷᠠᠲᠤ ᠰᠤᠮᠤ ᠲᠠᠢ ᠬᠢᠯᠢᠯᠡᠵᠦ᠂ ᠡᠮᠦᠨ᠎ᠡ ᠲᠠᠯ᠎ᠠ ᠪᠠᠷ ᠢᠶᠠᠨ ᠪᠤᠱᠤᠤᠳᠠᠢ ᠰᠤᠮᠤ ᠲᠠᠢ ᠵᠠᠯᠭᠠᠯᠳᠤᠨ᠎ᠠ᠃ ᠶᠡᠷᠦᠩᠬᠡᠶ ᠲᠠᠯᠠᠪᠠᠢ ᠨᠢ 1300 ᠲᠡᠭᠰᠢ ᠳᠥᠷᠪᠡᠯᠵᠢᠨ ᠺᠢᠯᠣᠮᠧᠲᠷ᠂ ᠡᠭᠦᠨ ᠳᠤ ᠠᠰᠢᠭᠯᠠᠵᠤ ᠪᠣᠯᠬᠤ ᠨᠤᠲᠤᠭ ᠪᠡᠯᠴᠢᠭᠡᠷ ᠤᠨ ᠲᠠᠯᠠᠪᠠᠢ 190 ᠲᠦᠮᠡᠨ ᠮᠦ᠂ 7 ᠭᠠᠴᠠᠭ᠎ᠠ᠂ 110 ᠬᠤᠲᠠ᠂ ᠶᠡᠷᠦᠩᠬᠡᠶ ᠡᠷᠦᠬᠡ ᠶᠢᠨ ᠲᠤᠭ᠎ᠠ 1306᠂ ᠪᠥᠬᠦ ᠬᠥᠮᠦᠨ ᠠᠮᠠ 3515 ᠪᠠᠶᠢᠵᠤ᠂ ᠡᠭᠦᠨ ᠤ ᠳᠣᠲᠣᠷ᠎ᠠ ᠪᠠᠶᠢᠩᠭᠤ ᠰᠠᠭᠤᠭ᠎ᠠ ᠡᠷᠦᠬᠡ ᠶᠢᠨ ᠲᠤᠭ᠎ᠠ 1063᠂ ᠬᠦᠮᠦᠨ ᠠᠮᠠ 2977 ᠪᠠᠶᠢᠨ᠎ᠠ᠃ ᠰᠤᠮᠤᠨ ᠤ ᠬᠠᠷᠢᠶᠠᠨ ᠳᠤ 9 ᠨᠠᠮ ᠤᠨ ᠡᠭᠦᠷ  ᠲᠠᠢ᠂ ᠡᠭᠦᠨ ᠳᠤ ᠭᠠᠴᠠᠭᠠᠨ ᠤ ᠨᠠᠮ ᠤᠨ ᠡᠭᠦᠷ 7 ᠪᠤᠢ᠃ 159 ᠨᠠᠮ ᠤᠨ ᠭᠡᠰᠢᠭᠦᠨ ᠲᠠᠢ᠂ ᠡᠭᠦᠨ ᠳᠤ 115 ᠮᠠᠯᠴᠢᠨ ᠨᠠᠮ ᠤᠨ ᠭᠡᠰᠢᠭᠦᠨ ᠪᠤᠢ᠃          ᠪᠥᠬᠦ ᠰᠤᠮᠤᠨ ᠳᠤ ᠳᠠᠩᠰᠠ ᠡᠪᠬᠡᠮᠡᠯ ᠲᠠᠢ ᠲᠠᠢ ᠶᠠᠳᠠᠭᠤ ᠬᠦᠴᠢᠷᠳᠡᠯᠲᠡᠶ 188 ᠡᠷᠦᠬᠡ᠂ 484 ᠬᠥᠮᠦᠨ ᠪᠣᠶ᠃ ᠣᠳᠣᠬᠠᠨ ᠪᠣᠯᠲᠠᠯ᠎ᠠ᠂ ᠨᠢᠭᠡᠨᠲᠡ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠡᠭᠦᠨ ᠳᠤ 176 ᠡᠷᠦᠬᠡ ᠶᠢᠨ 453 ᠬᠥᠮᠦᠨ ᠢ ᠬᠡᠪ ᠤᠨ ᠶᠣᠰᠣᠭᠠᠷ ᠶᠠᠳᠠᠭᠤ ᠠᠴᠠ ᠠᠩᠭᠢᠵᠢᠷᠠᠭᠤᠯᠵᠤ᠂ 12 ᠡᠷᠦᠬᠡ ᠶᠢᠨ 31 ᠬᠥᠮᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ 2019 ᠣᠨ ᠤ ᠪᠥᠬᠦ ᠰᠤᠮᠤ ᠶᠢᠨ ᠮᠠᠯ ᠠᠵᠤ ᠠᠬᠤᠶ ᠶᠢᠨ ᠵᠢᠯ ᠤᠨ ᠮᠠᠯ ᠤᠨ ᠶᠡᠷᠦᠩᠬᠡᠶ ᠲᠤᠭ᠎ᠠ 27908 ᠲᠣᠯᠣᠭᠠᠶ ︵ᠡᠭᠦᠨ ᠳᠤ᠂ 23863 ᠦᠬᠡᠷ᠂ 779 ᠮᠣᠷᠢ᠂ 30 ᠲᠡᠮᠡᠭᠡ᠂ 3179 ᠬᠤᠨᠢ᠂ 57 ᠢᠮᠠᠭ᠎ᠠ ᠪᠣᠶ︶᠂ 2019 ᠣᠨ ᠳᠤ ᠮᠠᠯᠴᠢᠳ ᠤᠨ ᠬᠥᠮᠦᠨ ᠳᠤᠮᠳᠠᠴᠢ ᠶᠢᠨ ᠣᠷᠣᠯᠭ᠎ᠠ 19716.15 ᠲᠥᠭᠦᠷᠢᠭ ᠲᠤ ᠬᠦᠷᠴᠡᠢ᠃          ᠵᠢᠭᠠᠰᠤᠲᠠᠶ ᠰᠤᠮᠤ ᠨᠢ ᠵᠢᠭᠠᠰᠤᠲᠠᠶ ᠨᠠᠭᠤᠷ ᠢᠶᠠᠷ ᠨᠡᠷᠡᠶᠢᠳᠦᠭᠳᠦᠵᠦ᠂ 2006 ᠣᠨ ᠳᠤ ᠨᠠᠷᠠᠲᠤ ᠰᠤᠮᠤ ᠲᠠᠢ ᠨᠡᠶᠢᠯᠡᠭᠦᠯᠵᠡᠶ᠃ 2012 ᠣᠨ 11 ᠰᠠᠷ᠎ᠠ ᠶᠢᠨ 18 ᠤ ᠡᠳᠦᠷ᠂ ᠵᠢᠭᠠᠰᠤᠲᠠᠶ ᠰᠤᠮᠤ ᠪᠣᠯᠭᠠᠨ ᠰᠡᠷᠭᠦᠭᠡᠨ ᠪᠠᠶᠢᠭᠤᠯᠪᠠ᠃          2017 ᠣᠨ ᠠᠴᠠ ᠨᠠᠰᠢ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠡᠷᠴᠢᠮᠵᠢᠭᠦᠯᠦᠭᠰᠡᠨ ᠢᠶᠠᠷ᠂ ᠮᠠᠯᠴᠢᠳ ᠤᠨ ᠠᠮᠢᠳᠤᠷᠠᠯ ᠤᠨ ᠨᠦᠬᠦᠴᠡᠯ ᠳᠠᠰᠤᠷᠠᠯᠲᠠ ᠦᠭᠡᠢ ᠳᠡᠭᠡᠭᠰᠢᠯᠡᠪᠡ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠲᠡ 145.6 ᠺᠢᠯᠣᠮᠧᠲᠷ ᠱᠦᠢᠨᠢ ᠵᠠᠮ ᠵᠠᠰᠠᠵᠤ᠂ 103.6 ᠺᠢᠯᠣᠮᠧᠳ᠋ᠷ ᠬᠠᠶᠢᠷ ᠴᠢᠯᠠᠭᠤᠨ ᠵᠠᠮ ᠳᠡᠪᠢᠰᠴᠦ᠂ 688 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 110 ᠬᠤᠲᠠ ᠳᠤ ᠴᠦᠮ ᠴᠠᠬᠢᠯᠭᠠᠨ ᠨᠡᠪᠲᠡᠷᠡᠭᠦᠯᠪᠡ᠃ ᠷᠠᠳᠢᠣ᠋ ᠲᠧᠯᠸᠢᠰ ᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠤᠤᠭᠤᠬᠤ ᠤᠰᠤᠨ ᠤ ᠠᠮᠤᠷ ᠲᠦᠪᠰᠢᠨ ᠢ ᠦᠨᠳᠦᠰᠦᠨ ᠳᠤ ᠪᠠᠨ ᠰᠢᠢᠳᠪᠦᠷᠢᠯᠡᠵᠦ᠂ 7 ᠭᠠᠴᠠᠭᠠᠨ ᠳᠤ ᠴᠥᠮ ᠪᠠᠷᠢᠮᠵᠢᠶᠠᠵᠢᠭᠰᠠᠨ ᠰᠣᠶᠣᠯ ᠤᠨ ᠠᠵᠢᠯᠯᠠᠭᠠᠨ ᠤ ᠲᠠᠰᠤᠭ ᠪᠠ ᠡᠷᠡᠭᠦᠯ ᠬᠠᠮᠠᠭᠠᠯᠠᠯ ᠤᠨ ᠲᠠᠰᠤᠭ ᠪᠠᠶᠢᠭᠤᠯᠪᠠ᠃ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 97% ᠳᠤ ᠬᠦᠷᠭᠡᠵᠦ᠂ ᠮᠠᠯ ᠤᠨ ᠡᠭᠦᠯᠳᠡᠷ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠪᠡ᠃ ᠣᠶᠢᠷ᠎ᠠ ᠶᠢᠨ ᠵᠢᠯ ᠳᠤ ᠰᠤᠮᠤᠨ ᠤ ᠮᠠᠯ ᠤᠨ ᠲᠤᠭ᠎ᠠ ᠲᠣᠯᠣᠭᠠᠶ ᠬᠠᠮᠤᠭ ᠣᠯᠠᠨ ᠳᠤ ᠪᠠᠨ 5 ᠲᠦᠮᠡ ᠳᠤ ᠬᠦᠷᠴᠦ᠂ ᠣᠳᠣ ᠦᠶ᠎ᠡ ᠶᠢᠨ ᠮᠠᠯ ᠠᠵᠤ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠢᠭᠡᠨᠲᠡ 23 ᠪᠣᠯᠵᠤ ᠬᠥᠭᠵᠢᠪᠡ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠨᠡᠶᠢᠭᠡᠮ ᠤᠨ ᠡᠯ᠎ᠡ ᠲᠥᠷᠥᠯ ᠤᠨ ᠠᠵᠢᠯ ᠦᠢᠯᠡᠰ ᠤᠨ ᠬᠦᠭᠵᠢᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ᠂ ᠬᠤᠷᠰᠢᠭᠰᠠᠨ ᠡᠮᠨᠡᠯᠭᠡ᠂ ᠨᠠᠰᠤᠵᠢᠯ ᠤᠨ ᠳᠠᠭᠠᠳᠬᠠᠯ᠂ ᠨᠡᠶᠢᠭᠡᠮ ᠬᠥᠳᠡᠯᠮᠦᠷᠢ ᠶᠢᠨ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠬᠠᠮᠲᠤ᠂ ᠰᠣᠶᠣᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠪᠣᠯᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠪᠠᠶᠢᠨ᠎ᠠ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号