| ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠪᠠ ᠥᠭᠡᠷᠡᠴᠢᠯᠡᠯᠲᠡ ᠶᠢᠨ | ᠲᠠᠯ᠎ᠠ ᠪᠠᠷ ᠬᠢ ᠬᠠᠤᠯᠢ ᠴᠠᠭᠠᠵᠠ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ | ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠳᠤᠮᠳᠠ᠂ ᠤᠷᠳᠤ | ᠬᠤᠭᠤᠴᠠᠭᠠᠨ ᠤ ᠲᠥᠯᠥᠪᠵᠢᠭᠦᠯᠭᠡ ᠪᠤᠯᠤᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠨᠢᠭᠡᠳᠦᠯᠲᠡᠶ ᠲᠥᠯᠥᠪᠵᠢᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠳᠠᠶᠢᠴᠢᠯᠠᠨ ᠵᠣᠬᠢᠶᠠᠨ ᠪᠠᠶᠢᠭᠤᠯᠵᠤ᠂ | ᠬᠤᠰᠢᠭᠤ ᠱᠠᠲᠤᠨ ᠤ ᠲᠤᠰᠬᠠᠶ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠶ ᠶᠢᠨ | ᠲᠥᠯᠥᠪᠵᠢᠭᠦᠯᠭᠡ ᠬᠢᠭᠡᠳ ᠪᠥᠬᠦ ᠬᠤᠰᠢᠭᠤᠨ ᠤ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠶᠢ ᠨᠢᠭᠡᠳᠦᠯᠲᠡᠶ | ᠲᠥᠯᠥᠪᠯᠡᠨ᠎ᠡ᠃ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠡᠷᠴᠢᠮᠳᠠᠢ ᠪᠠᠶᠢᠭᠤᠯᠤᠨ᠂ ᠴᠢᠨᠠᠷᠯᠢᠭ | ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠡᠭᠦᠷᠭᠡ ᠵᠢᠴᠢ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢ ᠳᠤᠷᠠᠳᠣᠨ᠎ᠠ᠃ ᠴᠢᠬᠤᠯᠠ ᠲᠥᠯᠥᠪᠵᠢᠭᠦᠯᠭᠡ᠂ ᠴᠢᠬᠤᠯᠠ ᠲᠥᠷᠥ ᠶᠢᠨ ᠪᠣᠳᠣᠯᠭ᠎ᠠ ᠪᠣᠯᠤᠨ ᠲᠤᠮᠤ | ᠢᠨᠵᠧᠨᠧᠷᠢᠩ ᠢ ᠦᠨᠡᠯᠡᠨ ᠵᠢᠱᠢᠵᠦ᠂ ᠬᠢᠨᠠᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ | ᠬᠠᠷᠠᠯᠲᠠ ᠶᠢ ᠨᠢᠭᠡᠳᠦᠯᠲᠡᠶ ᠲᠥᠯᠥᠪᠵᠢᠭᠦᠯᠦᠨ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠬᠠᠨᠳᠤᠰᠢ ᠶᠢ ᠤᠷᠢᠳᠴᠢᠯᠠᠨ ᠰᠡᠷᠡᠮᠵᠢᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠬᠤ ᠶᠢ ᠬᠠᠷᠢᠭᠤᠴᠠᠬᠤ ᠶᠢᠨ | ᠬᠠᠮᠳᠣ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠭᠡ ᠬᠢᠵᠦ᠂ ᠠᠶᠤᠯᠭᠦᠶ ᠦᠢᠯᠡᠳᠪᠦᠷᠢᠯᠡᠯ ᠤᠨ | ᠰᠠᠭᠤᠷᠢ ᠲᠥᠬᠦᠭᠡᠷᠦᠮᠵᠢ ᠪᠠ ᠮᠡᠷᠭᠡᠵᠢᠯ ᠤᠨ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠨ᠎ᠡ᠃ | ᠬᠤᠷᠸ᠎ᠠ ᠠᠵᠤ ᠠᠬᠤᠢ ᠶᠢᠨ ᠥᠭᠡᠷᠡᠴᠢᠯᠡᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠢ ᠶᠢᠨ | ᠠᠷᠭᠠᠴᠠᠭᠠᠬᠤ ᠠᠷᠭ᠎ᠠ ᠬᠡᠮᠵᠢᠶ᠎ᠡ ᠶᠢ ᠰᠥᠪᠡᠭᠴᠢᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ | ᠠᠬᠤᠶ ᠶᠢᠨ ᠡᠵᠡᠩᠨᠡᠯᠲᠡ ᠶᠢ ᠵᠤᠬᠢᠴᠠᠭᠤᠯᠵᠤ᠂ ᠠᠵᠤ ᠠᠬᠤᠢ ᠶᠢᠨ ᠡᠵᠡᠩᠨᠡᠯᠲᠡ ᠳᠤᠮᠳᠠᠬᠢ ᠴᠢᠬᠤᠯᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ | ︵ᠭᠤᠷᠪᠠ︶ ᠠᠵᠤ ᠠᠬᠤᠶ ᠶᠢᠨ ᠳᠣᠭᠳᠠᠯᠴᠠᠭᠠᠨ ᠤ ᠥᠭᠡᠷᠡᠴᠢᠯᠡᠯᠲᠡ ᠶᠢ ᠵᠢᠯᠣᠭᠤᠳᠤᠨ | ᠠᠬᠢᠭᠤᠯᠬᠤ ᠶᠢᠨ ᠬᠠᠮᠳᠣ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ | ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠳᠠᠶᠢᠴᠢᠯᠠᠨ | ᠠᠬᠢᠭᠤᠯᠵᠤ᠂ ᠥᠮᠴᠢᠯᠡᠬᠦ ᠡᠷᠬᠡ ᠶᠢᠨ ᠲᠦᠷᠢᠮ ᠪᠠ ᠭᠤᠣᠯ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠥᠭᠡᠷᠡᠴᠢᠯᠡᠬᠦ | ᠠᠵᠢᠯ ᠢ ᠵᠣᠬᠢᠴᠠᠭᠤᠯᠤᠨ ᠠᠬᠢᠭᠤᠯᠵᠤ᠂ ᠦᠨᠳᠦᠰᠦᠨ ᠠᠵᠤ ᠠᠬᠤᠶ ᠶᠢᠨ ᠲᠦᠷᠢᠮ ᠪᠠ ᠤᠳᠤ ᠦᠶ᠎ᠡ ᠶᠢᠨ ᠵᠠᠬ᠎ᠠ | ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠵᠠᠬ᠎ᠠ ᠳᠡᠯᠭᠡᠭᠦᠷ ᠲᠤ ᠭᠠᠷᠬᠤ ᠵᠦᠪᠰᠢᠶᠡᠷᠡᠯ ᠲᠠᠬᠢ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠥᠷᠢᠮ | ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠠᠴᠠ ᠡᠷᠬᠢᠯᠡᠭᠰᠡᠨ ᠠᠵᠤ ᠠᠬᠤᠶ ᠶᠢᠨ ᠬᠥᠭᠵᠢᠯᠲᠡ ᠶᠢ | ᠠᠬᠢᠭᠤᠯᠵᠤ᠂ ᠠᠷᠠᠯᠵᠢᠶ᠎ᠠ ᠬᠤᠳᠠᠯᠳᠣᠭᠠᠨ ᠤ ᠣᠷᠴᠢᠨ ᠳᠣᠭᠤᠷᠢᠨ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ | ᠰᠣᠳᠣᠯᠣᠨ ᠳᠣᠭᠳᠠᠭᠠᠨ᠎ᠠ᠃ | ︵ᠳᠥᠷᠪᠡ︶ ᠠᠵᠢᠯ ᠲᠥᠷᠥᠯ ᠢ ᠬᠠᠮᠢᠶᠠᠷᠬᠤ ᠂ ᠲᠤᠬᠠᠶᠢᠯᠠᠭᠰᠠᠨ ᠠᠵᠢᠯ ᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠥᠪᠰᠢᠨ ᠢ ᠴᠢᠬᠤᠯᠠᠴᠢᠯᠠᠬᠤ ᠱᠠᠭᠠᠷᠳᠠᠯᠭ᠎ᠠ | ᠶᠣᠰᠣᠭᠠᠷ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠳᠠᠬᠢ ᠡᠭᠦᠷᠭᠡ ᠳᠣᠰᠢᠶᠠᠯ ᠢ | ᠭᠦᠢᠴᠡᠳᠬᠡᠨ᠎ᠡ᠃ | ︵ᠲᠠᠪᠤ︶ ᠪᠦᠬᠦ ᠨᠡᠶᠢᠭᠡᠮ ᠤᠨ ᠪᠡᠯᠡ ᠣᠷᠣᠭᠤᠯᠤᠯᠲᠠ ᠶᠢ ᠶᠡᠷᠦᠩᠬᠡᠶᠢᠯᠡᠨ ᠬᠠᠮᠢᠶᠠᠷᠴᠤ᠂ ᠪᠦᠬᠦ | ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠤᠨ᠂ ᠪᠦᠬᠦ ᠬᠤᠰᠢᠭᠤᠨ ᠤ ᠨᠡᠶᠢᠭᠡᠮ ᠤᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠠ ᠪᠦᠳᠦᠴᠡ ᠶᠢᠨ ᠳᠣᠬᠢᠷᠠᠭᠤᠯᠤᠯᠳᠠ ᠶᠢ | ᠳᠣᠭᠳᠠᠭᠠᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠢᠳᠡᠪᠬᠢᠲᠡᠶ ᠡᠷᠡᠮᠡᠯᠵᠡᠯᠡᠵᠦ᠂ ᠲᠤᠮᠤ ᠲᠥᠷᠥᠯ ᠵᠦᠢᠯ ᠢ ᠲᠣᠭᠲᠠᠭᠰᠠᠨ ᠡᠷᠬᠡ | ᠮᠡᠳᠡᠯ ᠤᠨ ᠳᠣᠳᠣᠷ᠎ᠠ ᠪᠠᠨ ᠬᠢᠨᠠᠨ ᠵᠦᠪᠰᠢᠶᠡᠷᠡᠵᠦ᠂ ᠳᠠᠩᠰᠠᠯᠠᠬᠤ ᠶᠢᠨ ᠬᠠᠮᠳᠣ ᠬᠢᠨᠠᠨ ᠳᠣᠭᠲᠠᠭᠠᠵᠤ᠂ ᠴᠢᠬᠤᠯᠠ | ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠦᠢᠯᠡᠳᠪᠦᠷᠢᠯᠡᠯ ᠤᠨ ᠬᠦᠴᠦᠨ ᠤ | ᠪᠠᠶᠢᠷᠢᠯᠠᠭᠤᠯᠤᠯᠲᠠ ᠶᠢ ᠲᠥᠯᠥᠪᠵᠢᠭᠦᠯᠵᠦ᠂ ᠠᠷᠠᠳ ᠤᠨ ᠳᠣᠮᠳᠠᠬᠢ ᠪᠡᠯᠡ ᠣᠷᠣᠭᠤᠯᠤᠯᠲᠠ ᠶᠢ ᠤᠷᠮᠠᠰᠢᠭᠤᠯᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠴᠢᠬᠤᠯᠠ ᠲᠥᠷᠥᠯ ᠵᠦᠢᠯ ᠢ ᠠᠬᠢᠭᠤᠯᠬᠤ ᠪᠠ | ᠵᠣᠬᠢᠴᠠᠭᠤᠯᠬᠤ ᠠᠵᠢᠯ ᠢ ᠬᠠᠷᠢᠭᠤᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ | ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠵᠢᠷᠭᠤᠭ᠎ᠠ︶ ᠭᠠᠳᠠᠭᠠᠳᠤ ᠪᠡᠯᠡ ᠣᠷᠣᠭᠤᠯᠤᠯᠳᠠ ᠶᠢ ᠠᠰᠢᠭᠯᠠᠭᠰᠠᠨ ᠪᠠᠶᠢᠳᠠᠯ ᠢ ᠪᠠᠶᠢᠴᠠᠭᠠᠨ | ᠨᠠᠶᠢᠳᠠᠪᠤᠷᠢᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠵᠤ᠂ | ᠭᠠᠳᠠᠭᠰᠢ ᠪᠠᠨ ᠭᠠᠷᠴᠤ ᠠᠷᠠᠯᠵᠢᠶᠠᠯᠠᠬᠤ ᠬᠠᠮᠢᠶ᠎ᠠ ᠪᠦᠬᠦᠢ ᠠᠵᠢᠯ ᠢ ᠨᠢᠭᠡᠳᠣᠯᠳᠠᠢ ᠲᠥᠯᠥᠪᠵᠢᠭᠦᠯᠦᠨ ᠬᠠᠷᠢᠭᠤᠴᠠᠨ᠎ᠠ | ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠣ ᠠᠷᠠᠯᠵᠢᠶᠠᠴᠢᠨ ᠤ ᠪᠡᠯᠡ ᠣᠷᠣᠭᠤᠯᠤᠯᠳᠠ ᠶᠢ | ᠵᠦᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠳᠠᠩᠰᠠ ᠶᠢ ᠨᠠᠶᠢᠳᠠᠪᠤᠷᠢᠵᠢᠭᠤᠯᠵᠤ᠂ ᠡᠷᠬᠡ ᠮᠡᠳᠡᠯ ᠤᠨ ᠳᠣᠳᠣᠷ᠎ᠠ ᠪᠠᠨ | ᠭᠠᠳᠠᠭᠠᠳᠣ ᠪᠡᠯᠡ ᠣᠷᠣᠭᠤᠯᠤᠯᠳᠠ ᠶᠢ ᠠᠰᠢᠭᠯᠠᠬᠤ ᠪᠠ ᠭᠠᠳᠠᠭᠠᠳᠣ ᠠᠴᠠ ᠪᠡᠯᠡ ᠣᠷᠣᠭᠤᠯᠤᠭᠰᠠᠨ ᠲᠥᠷᠥᠯ ᠵᠦᠢᠯ ᠢ | ᠬᠢᠨᠠᠨ ᠮᠡᠳᠡᠭᠦᠯᠦᠨ᠎ᠡ᠃ | ︵ᠳᠣᠯᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠲᠥᠯᠥᠪᠵᠢᠭᠦᠯᠭᠡ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ | ᠣᠷᠣᠨ ᠪᠦᠰᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠯᠤᠰ ᠪᠠ ᠥᠪᠡᠷᠲᠡᠭᠡᠨ | ᠵᠠᠰᠠᠬᠤ ᠣᠷᠣᠨ ᠤ ᠴᠢᠬᠤᠯᠠ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠣᠬᠠᠢ ᠭᠠᠵᠠᠷ ᠤᠨ ᠢᠶᠠᠨ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠲᠣᠭᠲᠠᠭᠠᠵᠤ᠂ ᠳᠣᠬᠢᠳᠠᠢ ᠭᠠᠵᠠᠷ ᠨᠡᠭᠦᠯᠭᠡᠨ ᠰᠢᠯᠵᠢᠭᠦᠯᠬᠦ ᠵᠡᠷᠭᠡ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠤᠨ᠎ᠠ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠳᠣᠭᠲᠠᠭᠠᠬᠤ ᠳᠤ | ᠣᠷᠣᠯᠴᠠᠬᠤ ᠶᠢᠨ ᠬᠠᠮᠲᠤ ᠲᠦᠯᠬᠢᠨ ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠤ ᠦᠢᠯᠡᠰ ᠤᠨ ᠬᠥᠭᠵᠢᠯᠲᠡ ᠶᠢᠨ | ᠴᠢᠬᠤᠯᠠ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠬᠥᠭᠵᠢᠯᠲᠡ ᠶᠢᠨ ᠲᠥᠯᠥᠪᠵᠢᠭᠦᠯᠭᠡ ᠶᠢ | ᠨᠢᠭᠡᠳᠦᠯᠲᠡᠶ ᠲᠥᠯᠥᠪᠯᠡᠨ ᠤᠶᠠᠯᠳᠣᠭᠤᠯᠤᠨᠠ᠃ ᠴᠢᠬᠤᠯᠠ ᠰᠠᠭᠤᠷᠢ ᠲᠦᠭᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠳᠣᠬᠢᠴᠢᠯᠠᠭᠰᠠᠨ ᠪᠠᠷᠠᠭᠠᠨ ᠤ | ᠭᠦᠢᠯᠭᠡᠭᠡᠨ ᠤ ᠦᠢᠯᠡᠰ ᠤᠨ ᠲᠥᠯᠥᠪᠵᠢᠭᠦᠯᠭᠡ ᠶᠢ ᠳᠣᠭᠲᠠᠭᠠᠨ ᠬᠡᠷᠡᠭᠵᠢᠭᠦᠯᠦᠨ᠎ᠡ᠃ ᠬᠡᠷᠡᠭᠯᠡᠭᠡᠨ ᠤ ᠬᠠᠨᠳᠤᠰᠢ ᠶᠢ | ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠦᠨ᠎ᠡ᠃ | ︵ᠶᠢᠰᠦ︶ ᠰᠢᠨ᠎ᠡ ᠶᠢ ᠡᠭᠦᠳᠬᠦ ᠶᠢ ᠬᠥᠭᠵᠢᠯᠳᠡ ᠶᠢᠨ ᠬᠥᠳᠡᠯᠭᠡᠭᠴᠢ ᠬᠦᠴᠦᠨ ᠪᠣᠯᠭᠠᠵᠤ᠂ ᠡᠭᠦᠳᠦᠯᠳᠡ | ᠬᠥᠭᠵᠢᠯᠳᠡ ᠪᠠ ᠠᠵᠤ ᠠᠬᠤᠢ ᠶᠢᠨ ᠬᠥᠭᠵᠢᠯᠳᠡ ᠶᠢᠨ ᠰᠢᠨ᠎ᠡ ᠬᠦᠳᠡᠯᠭᠡᠭᠴᠢ ᠬᠦᠴᠦᠨ ᠢ ᠡᠭᠦᠳᠬᠦ ᠲᠥᠷᠥ ᠶᠢᠨ | ᠪᠤᠳᠣᠯᠭ᠎ᠠ ᠶᠢᠨ ᠰᠠᠨᠠᠭᠤᠯᠭ᠎ᠠ ᠳᠣᠷᠠᠳᠣᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ | ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠭᠦᠨᠵᠡᠭᠡᠶ ᠰᠤᠳᠤᠯᠵᠤ᠂ ᠪᠥᠬᠦ | ᠬᠤᠰᠢᠭᠤᠨ ᠤ ᠳᠡᠭᠡᠳᠦ ᠮᠡᠷᠭᠡᠵᠢᠯ ᠤᠨ ᠠᠵᠤ ᠦᠢᠯᠡᠰ ᠪᠣᠯᠤᠨ ᠲᠥᠯᠥᠪᠵᠢᠭᠦᠯᠭᠡ ᠶᠢᠨ ᠴᠢᠨᠠᠷᠲᠠᠶ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠬᠥᠭᠵᠢᠯᠳᠡ ᠶᠢ ᠠᠬᠢᠭᠤᠯᠤᠨ᠎ᠠ᠃ ᠠᠵᠤ ᠦᠢᠯᠡᠰ ᠢ ᠨᠡᠭᠡᠭᠡᠨ ᠬᠦᠭᠵᠢᠭᠦᠯᠬᠦ᠂ | ᠮᠡᠷᠭᠡᠵᠢᠯ ᠲᠦᠭᠦᠭᠡᠷᠦᠮᠵᠢ ᠶᠢ ᠲᠥᠭᠡᠮᠡᠯᠵᠢᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠠᠰᠠᠭᠤᠳᠠᠯ ᠢ | ᠵᠤᠬᠢᠴᠠᠭᠤᠯᠤᠨ᠎ᠠ᠃ | ︵ᠠᠷᠪᠠ︶ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ | ᠪᠠᠶᠠᠯᠢᠭ ᠤᠨ ᠠᠮᠤᠷ ᠲᠥᠪᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ | ᠠᠮᠤᠷ ᠲᠦᠪᠰᠢᠨ ᠵᠡᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠤᠳᠤᠯᠤᠨ ᠮᠠᠭᠠᠳᠯᠠᠵᠤ᠂ ᠬᠠᠮᠢᠶ᠎ᠠ ᠪᠥᠬᠦᠶ | ᠰᠠᠨᠠᠯ ᠳᠣᠷᠠᠳᠣᠨ᠎ᠠ᠃ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠯᠬᠦ ᠪᠠ ᠬᠤᠷᠸ᠎ᠠ ᠳᠣᠬᠢᠷᠠᠭᠤᠯᠭ᠎ᠠ ᠬᠢᠨ᠎ᠡ᠃ | ᠬᠤᠰᠢᠭᠤᠨ ᠤ ᠭᠠᠮᠰᠢᠭ ᠠᠴᠠ ᠠᠪᠤᠷᠠᠨ ᠳᠣᠰᠠᠯᠠᠬᠤ ᠡᠳ᠋ ᠪᠣᠳᠠᠰ ᠤᠨ ᠬᠠᠳᠠᠭᠠᠯᠠᠮᠵᠢ ᠶᠢᠨ ᠲᠥᠯᠥᠪᠵᠢᠭᠦᠯᠭᠡ᠂ | ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ | ᠬᠤᠰᠢᠭᠤᠨ ᠤ ᠭᠠᠮᠰᠢᠭ ᠠᠴᠠ ᠠᠪᠤᠷᠠᠨ ᠳᠣᠰᠠᠯᠠᠬᠤ ᠡᠳ᠋ ᠪᠤᠳᠠᠰ ᠢ ᠬᠠᠳᠠᠭᠠᠯᠠᠬᠤ᠂ ᠰᠣᠯᠢᠬᠤ ᠪᠠ ᠬᠠᠮᠢᠶᠠᠷᠬᠤ | ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ᠂ ᠤᠯᠤᠰ ᠠᠷᠠᠳ ᠤᠨ ᠠᠵᠤ ᠠᠬᠤᠢ ᠶᠢᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠤᠶᠠᠯᠳᠣᠭᠤᠯᠵᠤ᠂ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠵᠤ᠂ | ᠨᠡᠶᠢᠭᠡᠮ ᠤᠨ ᠬᠥᠭᠵᠢᠯᠲᠡ᠂ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠣᠯᠳᠠᠢ ᠲᠥᠯᠥᠪᠯᠡᠨ ᠠᠬᠢᠭᠤᠯᠤᠨ᠎ᠠ᠃ ᠠᠵᠢᠯ | ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ | ᠲᠥᠷᠥ ᠶᠢᠨ ᠪᠤᠳᠣᠯᠭ᠎ᠠ ᠶᠢᠨ ᠰᠠᠨᠠᠯ ᠢ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠥᠷᠨᠢᠭᠦᠯᠦᠨ᠎ᠡ᠃ | ︵ᠠᠷᠪᠠᠨ ᠬᠤᠶᠠᠷ︶ ᠳᠠᠭᠠᠭᠠᠮᠠᠭᠠᠢ ᠬᠥᠭᠵᠢᠯᠳᠡ ᠶᠢᠨ ᠲᠥᠯᠥᠪᠵᠢᠭᠦᠯᠭᠡ ᠶᠢ ᠠᠬᠢᠭᠤᠯᠵᠤ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ | ᠣᠷᠴᠢᠨ ᠳᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠬᠦ ᠂ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ | ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠶᠢᠨ | ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠪᠠ ᠪᠤᠬᠢᠷᠳᠣᠯ | ᠦᠭᠡᠢ ᠦᠢᠯᠡᠳᠪᠦᠷᠢᠯᠡᠯ ᠢ ᠠᠬᠢᠭᠤᠯᠬᠤ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠡᠨᠧᠷᠭᠢ ᠶᠢᠨ | ᠬᠡᠷᠡᠭᠯᠡᠭᠡ ᠶᠢ ᠬᠢᠵᠠᠭᠠᠷᠯᠠᠬᠤ ᠡᠭᠦᠷᠭᠡ ᠬᠠᠷᠠᠯᠲᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ | ︵ᠠᠷᠪᠠᠨ ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠥᠲᠥᠭᠡᠨ | ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠵᠣᠬᠢᠴᠠᠩᠭᠤᠶ ᠪᠠᠷ | ᠬᠥᠭᠵᠢᠭᠦᠯᠬᠦ ᠪᠠᠶᠢᠯᠳᠣᠬᠤ ᠪᠣᠳᠣᠯᠭ᠎ᠠ᠂ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ᠎ᠠ᠃ ᠬᠠᠮᠢᠶ᠎ᠠ ᠪᠦᠬᠦᠢ ᠲᠤᠮᠤ ᠠᠰᠠᠭᠤᠳᠠᠯ ᠢ ᠵᠣᠬᠢᠴᠠᠭᠤᠯᠵᠤ᠂ | ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠬᠠᠮᠳᠣᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠤᠯᠤᠰ ᠠᠷᠠᠳ ᠤᠨ ᠠᠵᠤ ᠠᠬᠤᠶ ᠶᠢᠨ ᠲᠠᠶᠢᠴᠢᠯᠠᠯᠳᠠ ᠶᠢᠨ ᠬᠠᠮᠢᠶ᠎ᠠ | ᠪᠦᠬᠦᠢ ᠠᠵᠢᠯ ᠢ ᠵᠣᠬᠢᠴᠠᠭᠤᠯᠤᠨ ᠬᠡᠷᠡᠭᠵᠢᠭᠦᠯᠦᠨ᠎ᠡ᠃ | ︵ᠠᠷᠪᠠᠨ ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠠᠮᠤ | ᠪᠤᠳᠠᠭᠠᠨ ᠤ ᠭᠦᠢᠯᠭᠡᠭᠡ᠂ ᠨᠥᠭᠡᠴᠡᠯᠡᠯᠲᠡ ᠶᠢᠨ ᠲᠤᠬᠠᠢ ᠲᠥᠷᠥ ᠶᠢᠨ ᠪᠣᠳᠣᠯᠭ᠎ᠠ ᠶᠢ ᠲᠣᠣᠱᠯᠠᠭᠤᠯᠤᠨᠠ᠃ ᠪᠦᠬᠦ | ᠬᠤᠰᠢᠭᠤᠨ ᠤ ᠠᠮᠤ ᠪᠤᠳᠠᠭᠠᠨ ᠤ ᠬᠤᠷᠸ᠎ᠠ ᠲᠣᠬᠢᠷᠠᠭᠤᠯᠭ᠎ᠠ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠠᠢ ᠪᠣᠯᠭᠠᠬᠤ ᠶᠢ | ᠳᠤᠷᠠᠳᠴᠤ᠂ ᠠᠮᠤ ᠪᠤᠳᠠᠭᠠᠨ ᠤ ᠭᠦᠢᠯᠭᠡᠭᠡᠨ ᠤ ᠶᠡᠷᠦᠩᠬᠡᠶ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ | ᠳᠣᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠵᠤ | ᠠᠬᠤᠶᠢᠯᠠᠯ ᠤᠨ ᠥᠭᠡᠷᠡᠴᠢᠯᠡᠯᠳᠡ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠢ ᠵᠠᠰᠠᠭ ᠵᠠᠬᠢᠷᠭᠠᠨ ᠤ | ᠳᠠᠷᠤᠭ᠎ᠠ ᠬᠠᠷᠢᠭᠤᠴᠠᠬᠤ ᠲᠦᠷᠢᠮ ᠢ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠠᠮᠤ | ᠪᠤᠳᠠᠭᠠᠨ ᠤ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠠᠮᠤ ᠪᠤᠳᠠᠭ᠎ᠠ ᠬᠤᠷᠢᠶᠠᠬᠤ᠂ ᠬᠠᠳᠠᠭᠠᠯᠠᠬᠤ᠂ | ᠲᠡᠭᠡᠭᠡᠪᠦᠷᠢᠯᠡᠬᠦ ᠶᠠᠪᠤᠴᠠ ᠳᠠᠬᠢ ᠲᠤᠭ᠎ᠠ ᠬᠡᠮᠵᠢᠶ᠎ᠡ᠂ ᠶᠠᠰᠤ ᠴᠢᠨᠠᠷ᠂ ᠠᠷᠢᠭᠤᠨ ᠴᠡᠪᠡᠷ ᠪᠠ ᠠᠮᠤᠷ ᠲᠦᠪᠰᠢᠨ ᠢ ᠬᠢᠨᠠᠨ | ᠪᠠᠶᠢᠴᠠᠭᠠᠵᠤ᠂ ᠲᠤᠮᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ | ᠪᠦᠬᠦ ᠬᠤᠰᠢᠭᠤᠨ ᠤ ᠠᠮᠤ ᠪᠤᠳᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠳᠣᠭᠳᠠᠯᠴᠠᠭᠠᠨ ᠤ ᠪᠠᠢᠭᠤᠯᠤᠯᠲᠠ ᠶᠢ | ᠬᠠᠷᠢᠭᠤᠴᠠᠵᠤ᠂ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠲᠤ ᠭᠠᠷᠬᠤ ᠪᠠᠷᠢᠮᠵᠢᠶ᠎ᠠ ᠶᠢ ᠬᠡᠷᠡᠭᠵᠢᠭᠦᠯᠦᠨ᠎ᠡ | ᠃ ᠠᠮᠤ ᠪᠤᠳᠠᠭᠠᠨ ᠤ ᠭᠦᠢᠯᠭᠡᠭᠡ᠂ ᠡᠵᠡᠩᠨᠡᠯᠲᠡ ᠶᠢᠨ ᠠᠶᠤᠯᠭᠦᠶ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠠᠷᠪᠠᠨ ᠲᠠᠪᠤ︶ ᠪᠦᠬᠦ ᠬᠤᠰᠢᠭᠤᠨ ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠶᠡᠷᠦᠩᠬᠡᠶ | ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠮᠢᠶ᠎ᠠ ᠪᠥᠬᠦᠶ | ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠬᠡ | ᠮᠡᠳᠡᠯ ᠳᠣᠳᠣᠷ᠎ᠠ ᠪᠠᠨ ᠠᠮᠤ ᠪᠤᠳᠠᠭᠠᠨ ᠤ ᠭᠦᠢᠯᠭᠡᠭᠡ᠂ ᠡᠳ᠋ ᠪᠠᠷᠠᠭ᠎ᠠ ᠨᠥᠭᠡᠴᠡᠯᠡᠬᠦ ᠬᠠᠮᠢᠶ᠎ᠠ ᠪᠥᠬᠦᠶ ᠰᠠᠭᠤᠷᠢ | ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠳᠡ ᠶᠢ ᠡᠷᠡᠮᠡᠯᠵᠡᠯᠡᠬᠦ ᠪᠠ | ᠬᠢᠨᠠᠨ ᠳᠣᠭᠳᠠᠭᠠᠨ᠎ᠠ᠃ ᠠᠮᠤ ᠪᠤᠳᠠᠭ᠎ᠠ ᠪᠠ ᠡᠳ᠋ ᠪᠣᠳᠠᠰ ᠢ ᠬᠤᠳᠠᠯᠳᠤᠨ ᠠᠪᠬᠤ᠂ ᠪᠣᠷᠣᠯᠠᠭᠤᠯᠬᠤ ᠵᠢᠴᠢ ᠰᠣᠯᠢᠬᠤ | ᠲᠥᠯᠥᠪᠯᠡᠭᠡ ᠶᠢ ᠳᠤᠷᠠᠳᠴᠤ᠂ ᠬᠡᠷᠡᠭᠯᠡᠭᠡᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢᠨ ᠬᠠᠮᠳᠣ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡ᠂ ᠡᠳ᠋ ᠪᠣᠳᠠᠰ ᠨᠥᠭᠡᠴᠡᠯᠡᠬᠦ ᠡᠳ᠋ ᠤᠨ ᠵᠠᠰᠠᠭ ᠤᠨ | ᠭᠠᠶᠢᠯᠢ ᠪᠠ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ ᠬᠠᠷᠢᠶ᠎ᠠ ᠨᠢᠭᠡᠴᠡ ᠶᠢᠨ ᠢᠶᠠᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠬᠤ | ᠠᠵᠢᠯ ᠢ ᠬᠠᠷᠢᠭᠤᠴᠠᠨ᠎ᠠ᠃ ᠠᠵᠢᠯ ᠲᠦᠷᠦᠯ ᠤᠨ ᠡᠳ᠋ ᠤᠨ ᠶᠠᠪᠤᠳᠠᠯ ᠪᠠ ᠨᠢᠭᠲᠠᠯᠠᠨ ᠪᠤᠳᠤᠬᠤ ᠲᠦᠷᠢᠮ ᠢ | ᠨᠠᠶᠢᠳᠠᠪᠤᠷᠢᠵᠢᠭᠤᠯᠤᠨ᠎ᠠ᠃ ᠠᠮᠤ ᠪᠤᠳᠠᠭ᠎ᠠ ᠬᠥᠮᠥᠷᠭᠡᠯᠡᠨ ᠬᠠᠳᠠᠭᠠᠯᠠᠬᠤ ᠠᠶᠤᠯᠭᠦᠢ ᠦᠢᠯᠡᠳᠪᠦᠷᠢᠯᠡᠯ ᠳᠤ ᠬᠢᠨᠠᠯᠲᠠ | ᠲᠠᠯᠪᠢᠬᠤ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠡᠨᠧᠷᠭᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ | ᠰᠢᠤᠳᠠᠨ ᠵᠡᠷᠭᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠶᠡᠷᠦᠩᠬᠡᠶ ᠲᠥᠯᠥᠪᠵᠢᠭᠦᠯᠭᠡ ᠲᠠᠢ ᠤᠶ᠋ᠯᠠᠳᠣᠭᠤᠯᠤᠨ | ᠨᠢᠭᠡᠳᠦᠯᠲᠡᠶ ᠲᠥᠯᠥᠪᠯᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠥᠭᠵᠢᠯᠲᠡ ᠶᠢᠨ | ᠲᠥᠯᠥᠪᠵᠢᠭᠦᠯᠭᠡ᠂ ᠴᠢᠬᠤᠯᠠ ᠲᠥᠯᠥᠪᠵᠢᠭᠦᠯᠭᠡ᠂ ᠴᠢᠬᠤᠯᠠ ᠠᠵᠤ ᠦᠢᠯᠡᠰ ᠤᠨ ᠲᠦᠷᠦ ᠶᠢᠨ ᠪᠤᠳᠤᠯᠭ᠎ᠠ᠂ | ᠴᠢᠬᠤᠯᠠ ᠥᠭᠡᠷᠡᠴᠢᠯᠡᠯᠲᠡ ᠶᠢᠨ ᠲᠥᠰᠦᠯ ᠢ ᠲᠣᠭᠲᠠᠭᠠᠬᠤ ᠪᠠ ᠴᠢᠬᠤᠯᠠ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠴᠢᠬᠤᠯᠠ ᠰᠠᠭᠤᠷᠢ ᠲᠥᠬᠦᠭᠡᠷᠦᠮᠵᠢ ᠶᠢᠨ | ᠪᠠᠶᠢᠷᠢᠯᠠᠭᠤᠯᠤᠯᠳᠠ ᠶᠢᠨ ᠰᠠᠨᠠᠯ ᠳᠤᠷᠠᠳᠬᠤ ᠶᠢᠨ ᠬᠠᠮᠲᠤ ᠵᠤᠬᠢᠴᠠᠭᠤᠯᠤᠨ ᠬᠡᠷᠡᠭᠵᠢᠭᠦᠯᠦᠨ᠎ᠡ᠃ ᠳᠣᠭᠳᠠᠭᠰᠠᠨ ᠡᠷᠬᠡ | ᠮᠡᠳᠡᠯ ᠤᠨ ᠳᠣᠳᠣᠷ᠎ᠠ ᠪᠠᠨ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ ᠵᠡᠷᠭᠡ | ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢᠨ ᠬᠠᠮᠳᠣ | ᠳᠡᠭᠡᠭᠰᠢ ᠮᠡᠳᠡᠭᠦᠯᠦᠨ᠎ᠡ᠃ | ︵ᠠᠷᠪᠠᠨ ᠳᠣᠯᠤᠭ᠎ᠠ︶ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠠᠵᠤ | ᠠᠬᠤᠢ ᠶᠢᠨ ᠬᠠᠮᠲᠤᠷᠠᠯᠴᠠᠭ᠎ᠠ ᠶᠢ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠯᠥᠭᠡᠯᠡᠭᠴᠢᠳ ᠤᠨ ᠪᠦᠯᠬᠦᠮ ᠢ ᠵᠣᠬᠢᠴᠠᠭᠤᠯᠬᠤ ᠪᠠ | ᠬᠦᠯᠢᠶᠡᠨ ᠠᠪᠬᠤ ᠠᠵᠢᠯ ᠢ ᠬᠠᠷᠢᠭᠤᠴᠠᠵᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠥᠪᠳᠡᠯᠴᠡᠭᠡᠨ ᠤ ᠠᠵᠢᠯᠯᠠᠭ᠎ᠠ ᠳᠤ ᠣᠷᠣᠯᠴᠠᠭᠤᠯᠤᠨ᠎ᠠ᠃ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠢ ᠳᠠᠭᠠᠭᠠᠴᠢᠯᠠᠨ ᠡᠷᠬᠢᠯᠡᠨ᠎ᠡ᠃ ᠭᠠᠳᠠᠨᠠᠬᠢ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠥᠷᠥᠯ ᠵᠦᠢᠯ ᠢ | ᠬᠢᠨᠠᠨ ᠵᠥᠪᠰᠢᠶᠡᠷᠡᠵᠦ᠂ ᠳᠠᠩᠰᠠᠯᠠᠬᠤ ᠠᠴᠠ ᠡᠮᠦᠨᠡᠬᠢ ᠬᠤᠯᠪᠣᠭ᠎ᠠ ᠠᠪᠬᠤ᠂ ᠵᠥᠪᠳᠡᠯᠴᠡᠬᠦ ᠠᠵᠢᠯ ᠢ ᠬᠠᠷᠢᠭᠤᠴᠠᠨ᠎ᠠ᠃ | ᠪᠦᠬᠦ ᠬᠤᠰᠢᠭᠤᠨ ᠤ ᠭᠠᠳᠠᠭᠰᠢ ᠨᠡᠭᠡᠭᠡᠨ ᠬᠥᠭᠵᠢᠭᠦᠯᠬᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠤᠬᠠᠭᠤᠯᠭ᠎ᠠ ᠶᠢᠨ ᠠᠵᠢᠯ ᠢ ᠬᠠᠷᠢᠭᠤᠴᠠᠵᠤ᠂ ᠠᠷᠠᠯᠵᠢᠶᠠᠴᠢᠨ ᠤᠷᠢᠬᠤ ᠮᠡᠳᠡᠭᠡ ᠵᠠᠩᠭᠢ ᠪᠠ ᠠᠷᠠᠯᠵᠢᠶᠠᠴᠢᠨ | ᠤᠷᠢᠭᠰᠠᠨ ᠪᠠᠶᠢᠳᠠᠯ ᠢ ᠨᠡᠶᠢᠳᠡᠯᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ | ᠤᠬᠠᠭᠤᠯᠬᠤ ᠪᠠ ᠠᠰᠠᠭᠤᠨ ᠯᠠᠪᠯᠠᠬᠤ ᠦᠢᠯᠡᠴᠢᠯᠡᠭᠡ ᠶᠢ ᠬᠠᠷᠢᠭᠤᠴᠠᠨ᠎ᠠ᠃ ᠪᠦᠬᠦ ᠬᠤᠰᠢᠭᠤᠨ ᠤ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠭᠤᠣᠯᠳᠠᠯᠭ᠎ᠠ ᠲᠠᠢ ᠲᠥᠷᠦᠯ ᠵᠦᠢᠯ ᠢ ᠴᠤᠭᠯᠠᠭᠤᠯᠬᠤ᠂ ᠬᠢᠨᠠᠨ ᠪᠠᠶᠢᠴᠠᠭᠠᠬᠤ᠂ | ᠰᠢᠭᠰᠢᠨ ᠰᠣᠩᠭᠤᠬᠤ᠂ ᠬᠠᠳᠠᠭᠠᠯᠠᠬᠤ᠂ ᠲᠠᠨᠢᠯᠴᠠᠭᠤᠯᠬᠤ᠂ ᠠᠰᠠᠭᠤᠨ ᠯᠠᠪᠯᠠᠬᠤ᠂ ᠨᠡᠶᠢᠲᠡᠯᠡᠬᠦ ᠵᠢᠴᠢ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠲᠥᠷᠦᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ | ᠬᠠᠷᠢᠭᠤᠴᠠᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠳᠤ ᠰᠠᠶᠢᠳᠣᠷ | ᠦᠢᠯᠡᠴᠢᠯᠡᠭᠡ ᠬᠠᠩᠭᠠᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠬᠠᠷᠢᠯᠴᠠᠬᠤ | ᠬᠤᠷᠠᠯ ᠢ ᠵᠣᠬᠢᠶᠠᠨ ᠪᠠᠶᠢᠭᠤᠯᠵᠤ᠂ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠬᠠᠮᠢᠶ᠎ᠠ ᠪᠦᠬᠦᠢ | ᠰᠠᠯᠠᠭ᠎ᠠ ᠮᠥᠴᠢᠷ ᠢ ᠵᠤᠬᠢᠴᠠᠭᠤᠯᠤᠨ᠂ ᠭᠠᠳᠠᠨᠠᠬᠢ ᠪᠡᠯᠡ ᠣᠷᠣᠭᠤᠯᠤᠯᠳᠠ ᠶᠢᠨ ᠲᠥᠷᠥᠯ ᠵᠦᠢᠯ ᠤᠨ ᠭᠠᠷ | ᠭᠦᠢᠴᠡᠳᠭᠡᠯ ᠢ ᠬᠠᠮᠲᠤᠷᠠᠨ ᠭᠦᠢᠴᠡᠳᠬᠡᠨ᠎ᠡ᠃ ᠪᠡᠯᠡ ᠣᠷᠣᠭᠤᠯᠤᠯᠳᠠ ᠶᠢᠨ ᠣᠷᠴᠢᠨ ᠳᠣᠭᠤᠷᠢᠨ ᠢ ᠡᠷᠴᠢᠮᠳᠠᠢ | ᠪᠠᠶᠢᠴᠠᠭᠠᠨ ᠰᠣᠳᠤᠯᠵᠤ᠂ ᠪᠡᠯᠡ ᠣᠷᠣᠭᠤᠯᠤᠯᠲᠠ ᠶᠢᠨ ᠣᠷᠴᠢᠨ ᠢ ᠰᠢᠯᠢᠳᠡᠭᠵᠢᠭᠦᠯᠬᠦ ᠰᠠᠨᠠᠯ ᠰᠠᠨᠠᠭᠤᠯᠭ᠎ᠠ | ᠳᠤᠷᠠᠳᠣᠨ᠎ᠠ᠃ | ︵ᠠᠷᠪᠠᠨ ᠨᠠᠢᠮᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ | ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠨᠡᠭᠦᠷᠡᠰᠦ ᠴᠠᠬᠢᠯᠭᠠᠨ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ᠂ | ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠳᠠ᠂ ᠰᠦ ᠮᠢᠬ᠎ᠠ᠂ ᠠᠭᠤᠷᠬᠠᠢ ᠶᠢᠨ ᠲᠥᠯᠥᠪᠵᠢᠭᠦᠯᠭᠡ ᠶᠢᠨ | ᠰᠢᠢᠳᠪᠦᠷᠢᠳᠦ ᠪᠣᠳᠣᠯᠭ᠎ᠠ ᠶᠢ ᠰᠠᠶᠢᠲᠤᠷ ᠠᠳᠬᠤᠵᠤ᠂ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠢ | ᠵᠣᠬᠢᠶᠠᠨ ᠪᠠᠶᠢᠭᠤᠯᠬᠤ᠂ ᠡᠮᠦᠨᠡᠬᠢ ᠬᠤᠭᠤᠴᠠᠭᠠᠨ ᠤ ᠠᠵᠢᠯ ᠢ ᠭᠦᠢᠴᠡᠳᠬᠡᠬᠦ᠂ ᠵᠣᠬᠢᠴᠠᠭᠤᠯᠬᠤ᠂ ᠠᠬᠢᠭᠤᠯᠬᠤ | ᠠᠵᠢᠯ ᠢ ᠬᠠᠷᠢᠭᠤᠴᠠᠨ᠎ᠠ᠃ ᠰᠠᠯᠠᠭ᠎ᠠ ᠮᠥᠴᠢᠷ ᠢ ᠵᠢᠭᠠᠨ ᠵᠢᠯᠣᠭᠤᠳᠴᠤ ᠪᠠᠶᠢᠭᠠᠳ ᠭᠤᠤᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠳᠠ ᠶᠢ ᠰᠠᠶᠢᠲᠤᠷ ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ | ᠶᠠᠪᠤᠴᠠ ᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠤᠯᠤᠰ ᠤᠨ ᠪᠡᠯᠡ ᠣᠷᠣᠭᠤᠯᠵᠤ᠂ | ᠪᠡᠯᠡ ᠬᠤᠷᠠᠮᠳᠣᠭᠤᠯᠬᠤ ᠲᠥᠷᠥ ᠶᠢᠨ ᠪᠣᠳᠣᠯᠭ᠎ᠠ ᠶᠢ ᠰᠤᠳᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯ | ᠲᠥᠷᠥᠯ ᠲᠠᠢ ᠬᠤᠯᠪᠤᠭᠳᠠᠬᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠬᠠᠨᠳᠣᠰᠢ᠂ | ᠬᠦᠷᠢᠶ᠎ᠡ ᠬᠡᠪᠴᠢᠶ᠎ᠡ ᠶᠢ ᠳᠣᠭᠳᠠᠭᠠᠬᠤ ᠳᠤ ᠵᠢᠯᠤᠭᠤᠳᠣᠯᠭ᠎ᠠ ᠬᠠᠩᠭᠠᠵᠤ᠂ ᠲᠥᠷᠥᠯ ᠵᠦᠢᠯ ᠢ ᠳᠣᠭᠳᠠᠭᠠᠬᠤ᠂ ᠬᠢᠨᠠᠨ | ᠵᠥᠪᠰᠢᠶᠡᠷᠡᠬᠦ᠂ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ | ᠠᠳᠬᠤᠨ᠎ᠠ᠃ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠪᠣᠯᠤᠨ ᠣᠨ ᠤ | ᠠᠵᠢᠯ ᠤᠨ ᠲᠥᠯᠥᠪᠯᠡᠭᠡ ᠶᠢ ᠬᠤᠷᠢᠶᠠᠩᠭᠤᠶᠢᠯᠠᠨ ᠬᠢᠨᠠᠨ ᠲᠣᠭᠲᠠᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠤᠳᠤᠷᠢᠳᠤᠯᠭ᠎ᠠ ᠳᠤ | ᠮᠡᠳᠡᠭᠦᠯᠦᠨ ᠬᠢᠨᠠᠨ ᠲᠣᠭᠲᠠᠭᠠᠯᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠵᠠᠷᠯᠠᠨ | ᠨᠡᠶᠢᠳᠡᠯᠡᠬᠦ ᠳᠦᠷᠢᠮ ᠪᠠ ᠮᠡᠳᠡᠭᠡ ᠵᠠᠩᠭᠢ ᠶᠢᠨ ᠬᠠᠷᠢᠭᠤ ᠲᠤᠰᠬᠠᠬᠤ ᠳᠦᠷᠢᠮ ᠢ ᠪᠠᠶᠢᠭᠤᠯᠵᠤ᠂ ᠲᠥᠷᠥᠯ ᠵᠦᠢᠯ ᠤᠨ | ᠠᠬᠢᠯᠲᠠ ᠶᠢᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠰᠠᠨᠠᠯ᠂ ᠠᠷᠭ᠎ᠠ ᠬᠡᠮᠵᠢᠶ᠎ᠡ ᠶᠢ ᠳᠤᠷᠠᠳᠴᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠠᠵᠢᠯ ᠢ ᠵᠢᠯᠣᠭᠤᠳᠤᠨ᠎ᠠ᠃ | ︵ᠠᠷᠪᠠ ᠶᠢᠰᠦ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠰᠢᠯᠢ ᠶᠢᠨ ᠭᠤᠤᠯ ᠠᠶᠢᠮᠠᠭ ᠤᠨ | ᠦᠨ᠎ᠡ ᠬᠠᠩᠰᠢ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠥᠪᠡᠷ ᠤᠨ ᠥᠷᠲᠡᠭ ᠤᠨ | ᠪᠠᠶᠢᠴᠠᠭᠠᠯᠳᠠ ᠶᠢᠨ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠪᠥᠬᠦ ᠬᠤᠰᠢᠭᠤᠨ ᠤ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠣᠨ᠎ᠠ᠃ ᠪᠦᠬᠦ | ᠬᠤᠰᠢᠭᠤᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠳᠣᠲᠣᠷᠠᠬᠢ ᠭᠤᠣᠯ ᠪᠣᠯᠬᠤ ᠲᠠᠸᠠᠷ᠂ ᠦᠢᠯᠡᠴᠢᠯᠡᠭᠡᠨ ᠤ | ᠦᠨ᠎ᠡ ᠬᠠᠩᠰᠢ ᠪᠣᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ | ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃ | ᠦᠨ᠎ᠡ ᠬᠠᠩᠰᠢ ᠶᠢ ᠪᠠᠳᠣᠯᠠᠨ ᠳᠣᠭᠳᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠷᠢ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠦᠨᠳᠦᠰᠦᠨ ᠪᠠᠶᠢᠳᠠᠯ | ︵ᠨᠢᠭᠡ︶ ᠤᠳᠤᠷᠢᠳᠤᠯᠭ᠎ᠠ ᠶᠢᠨ ᠲᠤᠰᠢᠶᠠᠯ ᠤᠨ ᠣᠷᠣᠨ ᠲᠤᠭ᠎ᠠ | ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠵᠠᠰᠠᠭ ᠵᠠᠬᠢᠷᠭᠠᠨ ᠤ ᠣᠷᠣᠨ ᠲᠤᠭ᠎ᠠ | 11 ᠪᠤᠢ᠃ ᠡᠷᠬᠢᠯᠡᠭᠴᠢ 1 ᠨᠡᠷ᠎ᠡ᠂ ᠳᠡᠳ᠋ ᠡᠷᠬᠢᠯᠡᠭᠴᠢ 3 ᠨᠡᠷ᠎ᠡ ︵ᠡᠭᠦᠨ ᠳᠤ 1 ᠨᠡᠷ᠎ᠡ ᠨᠢ ᠬᠤᠰᠢᠭᠤ ᠠᠮᠤ | ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ | ᠪᠤᠢ︶᠃ ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠠᠯᠪᠠᠳᠠᠨ ᠤ | ᠬᠠᠣᠯᠢ ᠶᠢ ᠦᠨᠳᠦᠰᠦᠯᠡᠨ ᠬᠠᠮᠢᠶᠠᠷᠬᠤ ᠣᠷᠣᠨ ᠲᠤᠭ᠎ᠠ 9 ᠪᠣᠢ᠃ ᠡᠷᠬᠢᠯᠡᠭᠴᠢ 1 ᠨᠡᠷ᠎ᠡ᠂ ᠳᠡᠳ᠋ ᠡᠷᠬᠢᠯᠡᠭᠴᠢ 1 | ᠨᠡᠷ᠎ᠡ᠃ | ︵ᠬᠤᠶᠠᠷ︶ ᠣᠷᠣᠨ ᠲᠤᠭ᠎ᠠ ᠵᠢᠴᠢ ᠠᠵᠢᠯᠲᠠᠨ ᠤ ᠪᠠᠶᠢᠳᠠᠯ | ᠨᠡᠶᠢᠲᠡ 22 ᠣᠷᠣᠨ ᠲᠤᠭ᠎ᠠ ᠪᠤᠢ᠃ ᠡᠭᠦᠨ ᠳᠤ᠄ ᠵᠠᠰᠠᠭ ᠵᠠᠬᠢᠷᠭᠠᠨ ᠤ ᠣᠷᠣᠨ ᠲᠤᠭ᠎ᠠ 11᠂ | ᠠᠵᠢᠯᠴᠢᠨ ᠤ ᠣᠷᠣᠨ ᠲᠤᠭ᠎ᠠ 2 ᠪᠤᠢ᠃ ᠠᠯᠪᠠᠲᠠᠨ ᠤ ᠬᠠᠣᠯᠢ ᠶᠢ ᠦᠨᠳᠦᠰᠦᠯᠡᠨ ᠬᠠᠮᠢᠶᠠᠷᠬᠤ ᠣᠷᠣᠨ ᠳᠤᠭ᠎ᠠ 9 | ᠪᠤᠢ ︵ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠃ 29 ᠠᠵᠢᠯᠲᠠᠨ | ᠠᠵᠢᠯᠯᠠᠵᠤ ᠪᠤᠢ᠃ ᠡᠭᠦᠨ ᠳᠤ ᠵᠠᠰᠠᠭ ᠵᠠᠬᠢᠷᠭᠠᠨ ᠤ ᠣᠷᠣᠨ ᠳᠤᠭ᠎ᠠ ᠲᠠᠢ 9 ᠬᠥᠮᠦᠨ᠂ ᠠᠵᠢᠯᠴᠢᠨ ᠤ ᠣᠷᠣᠨ | ᠳᠤᠭ᠎ᠠ ᠲᠠᠢ 2 ᠬᠥᠮᠦᠨ᠂ ᠭᠤᠣᠯᠳᠠᠯᠭ᠎ᠠ ᠲᠠᠢ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ 9 ᠬᠥᠮᠦᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ 3 ᠬᠥᠮᠦᠨ᠂ ᠬᠥᠯᠥᠰᠥ ᠣᠯᠭᠤᠮᠵᠢ | ᠠᠳᠠᠯᠢ ᠪᠠᠷ ᠣᠯᠬᠤ 1 ᠬᠥᠮᠦᠨ᠂ ᠲᠦᠷ ᠴᠠᠭ ᠤᠨ ᠠᠵᠢᠯᠳᠠᠨ 5 ᠬᠥᠮᠦᠨ ᠪᠤᠢ᠃ | ︵ᠭᠤᠷᠪᠠ︶ ᠪᠠᠶᠢᠭᠤᠯᠤᠮᠵᠢ ᠶᠢᠨ ᠪᠠᠶᠢᠳᠠᠯ | ᠪᠠᠶᠢᠭᠤᠯᠤᠮᠵᠢ ᠳᠤ ᠠᠯᠪᠠᠨ ᠭᠡᠷ᠂ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠶᠢᠯᠡᠯ ᠪᠠ | ᠬᠥᠭᠵᠢᠯᠳᠡ ᠶᠢᠨ ᠲᠥᠯᠥᠪᠵᠢᠭᠦᠯᠭᠡ ᠪᠤᠯᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠳᠠᠰᠤᠭ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠪᠠ ᠰᠠᠭᠤᠷᠢ ᠠᠵᠤ ᠦᠢᠯᠡᠰ ᠤᠨ ᠳᠠᠰᠤᠭ᠂ ᠦᠨ᠎ᠡ ᠬᠠᠩᠰᠢ᠂ ᠰᠦᠢᠳᠬᠡᠯ | ᠬᠤᠷᠢᠶᠠᠬᠤ ᠪᠠ ᠡᠨᠧᠷᠭᠢ ᠶᠢᠨ ᠳᠠᠰᠤᠭ᠂ ᠬᠥᠳᠡᠭᠡ ᠲᠣᠰᠬᠤᠨ ᠤ ᠠᠵᠤ ᠠᠬᠤᠶ ᠬᠢᠭᠡᠳ ᠠᠮᠤ ᠪᠤᠳᠠᠭ᠎ᠠ ᠪᠠ ᠡᠳ᠋ | ᠪᠤᠳᠠᠰ ᠨᠥᠭᠡᠴᠡᠯᠡᠬᠦ ᠳᠠᠰᠤᠭ᠂ ᠠᠵᠤ ᠦᠢᠯᠡᠰ ᠢ ᠵᠤᠬᠢᠴᠠᠭᠤᠯᠬᠤ ᠪᠤᠯᠤᠨ ᠣᠷᠴᠢᠨ ᠲᠣᠭᠤᠷᠢᠨ ᠡᠬᠢ ᠪᠠᠶᠠᠯᠢᠭ ᠤᠨ | ᠳᠠᠰᠤᠭ᠂ ᠨᠡᠶᠢᠭᠡᠮ ᠤᠨ ᠬᠥᠭᠵᠢᠯᠲᠡ ᠪᠤᠯᠤᠨ ᠠᠵᠢᠯ ᠣᠯᠭᠤᠯᠲᠠ ᠶᠢᠨ ᠳᠠᠰᠤᠭ ᠪᠤᠢ᠃ |