ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠢᠶᠠᠷ ᠵᠤᠭᠠᠴᠠᠬᠤ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2020/6/28
         ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠠᠷ ᠲᠤᠭᠤᠷᠢᠨ ᠵᠤᠭᠠᠴᠠᠬᠤ ᠥᠷᠭᠡᠨ ᠣᠯᠠᠨ ᠵᠢᠭᠤᠯᠴᠢᠳ ᠲᠤ ᠠᠶ᠎ᠠ ᠲᠤᠬᠠᠲᠠᠢ ᠲᠣᠭᠤᠷᠢᠨ ᠵᠤᠭᠠᠴᠠᠬᠤ ᠣᠷᠴᠢᠨ ᠨᠥᠬᠦᠴᠡᠯ ᠢ ᠬᠠᠩᠭᠠᠬᠤ ᠶᠢᠨ ᠲᠤᠯᠠᠳᠠ᠂ ᠲᠤᠤᠷᠠᠬᠢ ᠵᠦᠢᠯ ᠤᠳ ᠢ ᠣᠨᠴᠠᠯᠠᠨ ᠮᠡᠳᠡᠭᠳᠡᠶ᠎ᠡ᠄          ᠨᠢᠭᠡ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠢ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠡᠳᠦᠷ ᠠᠴᠠ ᠡᠬᠢᠯᠡᠨ ᠨᠡᠭᠡᠭᠡᠨ᠎ᠡ᠃ ︵2020 ᠣᠨ ᠤ 6 ᠰᠠᠷ᠎ᠠ ᠶᠢᠨ 25 ᠤ ᠡᠳᠦᠷ︶          ᠬᠤᠶᠠᠷ᠂ ᠣᠳᠣᠬᠠᠨ ᠤ ᠬᠢᠵᠢᠭ ᠤᠨ ᠪᠠᠶᠢᠳᠠᠯ ᠳᠤ ᠬᠠᠨᠳᠤᠭᠤᠯᠵᠤ᠄1. ᠦᠵᠡᠮᠵᠢ ᠶᠢᠨ ᠣᠷᠣᠨ ᠢᠶᠠᠷ ᠵᠤᠭᠠᠴᠠᠬᠤ ᠵᠢᠭᠤᠯᠴᠢᠳ ᠪᠡᠶ᠎ᠡ ᠶᠢᠨ ᠦᠨᠡᠮᠯᠡᠯ ᠵᠡᠷᠭᠡ ᠬᠦᠴᠦᠨ ᠪᠦᠬᠦᠢ ᠦᠨᠡᠮᠯᠡᠯ ᠢᠶᠠᠨ ᠬᠠᠩᠭᠠᠬᠤ ᠴᠢᠬᠤᠯᠠᠲᠠᠶ ︵ᠪᠡᠶ᠎ᠡ ᠶᠢᠨ ᠦᠨᠡᠮᠯᠡᠯ ᠦᠭᠡᠢ ᠬᠦᠮᠦᠰ ᠢ ᠬᠦᠯᠢᠶᠡᠨ ᠠᠪᠬᠤ ᠦᠭᠡᠢ︶᠂ ᠲᠡᠭᠦᠨᠴᠢᠯᠡᠨ ᠪᠡᠶ᠎ᠡ ᠶᠢᠨ ᠳᠤᠯᠠᠭᠠᠨ ᠢᠶᠠᠨ ᠬᠡᠮᠵᠢᠭᠦᠯᠬᠦ ᠶᠢᠨ ᠬᠠᠮᠲᠤ ᠡᠷᠡᠭᠦᠯ ᠮᠡᠨᠳᠦ ᠶᠢᠨ ᠨᠣᠭᠤᠭᠠᠨ ᠺᠣᠳ᠋ ᠬᠠᠩᠭᠠᠬᠤ ᠱᠠᠭᠠᠷᠳᠠᠯᠭ᠎ᠠ ᠲᠠᠢ᠃2. ᠬᠢᠵᠢᠭ ᠤᠨ ᠭᠤᠣᠯᠳᠠᠯᠭᠠᠲᠤ ᠣᠷᠣᠨ ᠠᠴᠠ ᠢᠷᠡᠭᠰᠡᠨ ᠵᠢᠭᠤᠯᠴᠢᠳ ᠡᠷᠬᠡᠪᠰᠢ 7 ᠬᠤᠨᠤᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠬᠡᠮᠵᠢᠯᠲᠡ ᠶᠢᠨ ᠭᠡᠷᠡᠴᠢᠯᠡᠭᠡ ᠲᠠᠢ ᠪᠠᠶᠢᠬᠤ ᠬᠡᠷᠡᠭᠳᠡᠢ᠃3. ᠮᠠᠨ ᠤ ᠦᠵᠡᠮᠵᠢ ᠶᠢᠨ ᠣᠷᠣᠨ ᠨᠢ ᠲᠣᠮᠣ ᠬᠡᠯᠪᠡᠷᠢ ᠶᠢᠨ ᠵᠢᠭᠤᠯᠴᠢᠯᠠᠯ ᠤᠨ ᠪᠦᠯᠬᠦᠮ ᠢ ᠲᠦᠷ ᠬᠦᠯᠢᠶᠡᠨ ᠠᠪᠬᠤ ᠦᠭᠡᠢ᠃          ᠭᠤᠷᠪᠠ᠂ ᠦᠵᠡᠮᠵᠢ ᠶᠢᠨ ᠣᠷᠣᠨ ᠳᠤ ᠣᠳᠣᠬᠠᠨ ᠳᠤ ᠳᠡᠯᠭᠡᠨ ᠦᠵᠡᠭᠦᠯᠬᠦ ᠦᠢᠯᠡᠴᠢᠯᠡᠭᠡᠨ ᠤ ᠲᠦᠬᠦᠭᠡᠷᠦᠮᠵᠢ ᠶᠢ ᠪᠠᠶᠢᠭᠤᠯᠵᠤ ᠪᠠᠶᠢᠭ᠎ᠠ ᠪᠣᠯᠬᠤᠷ᠂ ᠲᠣᠭᠤᠷᠢᠨ ᠦᠵᠡᠬᠦ ᠵᠠᠮ ᠱᠤᠭᠤᠮ ᠢ᠄ ᠵᠢᠭᠤᠯᠴᠢᠳ ᠤᠨ ᠦᠢᠯᠡᠴᠢᠯᠡᠭᠡᠨ ᠤ ᠲᠥᠪ — ᠱᠤᠭᠤᠮᠠᠯ ᠤᠨ ᠲᠠᠯᠠᠪᠠᠶ — ᠰᠢᠷ᠎ᠠ ᠲᠠᠯ᠎ᠠ ᠭᠡᠵᠦ ᠥᠭᠡᠷᠡᠴᠢᠯᠡᠪᠡ᠃          ᠳᠥᠷᠪᠡ᠂ ᠣᠳᠣᠬᠠᠨ ᠤ ᠲᠣᠭᠤᠷᠢᠨ ᠦᠵᠡᠬᠦ ᠪᠢᠯᠧᠲ ᠤᠨ ᠦᠨ᠎ᠡ ᠶᠢ ᠬᠠᠭᠠᠰ ᠢᠶᠠᠷ ᠪᠠᠭᠤᠷᠠᠭᠤᠯᠤᠨ᠎ᠠ᠄ ︵ᠪᠢᠯᠧᠲ ᠶᠢᠨ ᠦᠨ᠎ᠡ ᠶᠢ ᠰᠡᠷᠭᠦᠭᠡᠬᠦ ᠲᠤᠬᠠᠢ ᠮᠡᠳᠡᠭᠳᠡᠯ ᠢ ᠳᠠᠬᠢᠨ ᠮᠡᠳᠡᠭᠳᠡᠨ᠎ᠡ︶1. ᠪᠢᠯᠧᠲ ᠤᠨ ᠬᠠᠭᠠᠰ ᠦᠨ᠎ᠡ᠄ 20 ᠲᠥᠭᠦᠷᠢᠭ2. ᠵᠤᠭᠠᠴᠠᠯ ᠤᠨ ᠲᠡᠷᠭᠡᠨ ᠪᠢᠯᠧᠲ ᠤᠨ ᠬᠠᠭᠠᠰ ᠦᠨ᠎ᠡ᠄ 10 ᠲᠥᠭᠦᠷᠢᠭ          ᠲᠠᠪᠤ᠂ ᠨᠣᠴᠣᠮᠠᠲᠠᠭᠠᠶ ᠳᠡᠯᠪᠡᠷᠡᠮᠡᠲᠡᠭᠡᠶ ᠠᠶᠤᠯᠲᠠᠶ ᠪᠣᠳᠠᠰ ᠠᠪᠴᠤ ᠦᠵᠡᠮᠵᠢ ᠶᠢᠨ ᠣᠷᠣᠨ ᠳᠤ ᠣᠷᠤᠬᠤ ᠶᠢ ᠴᠠᠭᠠᠵᠠᠯᠠᠨ᠎ᠠ᠃ ᠲᠦᠢᠮᠡᠷ ᠭᠠᠷᠬᠤ ᠠᠴᠠ ᠤᠷᠢᠳᠴᠢᠯᠠᠨ ᠰᠡᠷᠭᠡᠶᠢᠯᠡᠬᠦ ᠶᠢᠨ ᠲᠤᠯᠠᠳᠠ ᠦᠵᠡᠮᠵᠢ ᠶᠢᠨ ᠣᠷᠣᠨ ᠳᠤ ᠲᠠᠮᠠᠬᠢ ᠲᠠᠲᠠᠬᠤ᠂ ᠭᠠᠯ ᠠᠰᠠᠭᠠᠬᠤ᠂ ᠫᠤᠤᠵᠢᠩ ᠲᠠᠯᠪᠢᠬᠤ ᠵᠡᠷᠭᠡ ᠢᠯᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃          ᠵᠢᠷᠭᠤᠭ᠎ᠠ᠂ ᠦᠵᠡᠮᠵᠢ ᠶᠢᠨ ᠣᠷᠣᠨ ᠤ ᠡᠬᠢ ᠪᠠᠶᠠᠯᠢᠭ ᠢ ᠬᠠᠮᠠᠭᠠᠯᠠᠨ᠂ ᠵᠢᠭᠤᠯᠴᠢᠯᠠᠯ ᠤᠨ ᠳᠥᠬᠦᠭᠡᠷᠦᠮᠵᠢ ᠶᠢ ᠡᠪᠳᠡᠵᠦ ᠪᠣᠯᠬᠤ ᠦᠭᠡᠢ᠂ ᠵᠦᠯᠭᠡᠨ ᠳᠡᠭᠡᠷ᠎ᠡ ᠪᠠᠭᠤᠵᠤ ᠪᠣᠯᠬᠤ ᠦᠭᠡᠢ᠂ ᠴᠡᠴᠡᠭ ᠥᠭᠲᠡᠭᠡᠨ ᠮᠣᠳᠣ ᠮᠠᠴᠤᠵᠤ ᠪᠣᠯᠬᠤ ᠦᠭᠡᠢ᠂ ᠬᠡᠭᠡᠷ᠎ᠡ ᠶᠢᠨ ᠠᠮᠢᠲᠠᠨ ᠢ ᠪᠠᠷᠢᠵᠤ ᠬᠥᠨᠦᠭᠡᠵᠦ ᠪᠣᠯᠬᠤ ᠦᠭᠡᠢ᠃ ᠬᠤᠯᠤᠭᠠᠨ᠎ᠠ ᠠᠴᠠ ᠵᠠᠶᠢᠲᠠᠢ ᠪᠠᠶᠢᠵᠤ᠂ ᠬᠤᠯᠤᠭᠠᠨ᠎ᠠ ᠪᠠᠷᠢᠬᠤ ᠬᠤᠯᠤᠭᠠᠨ᠎ᠠ ᠪᠠᠷ ᠨᠠᠭᠠᠳᠬᠤ᠂ ᠤᠰᠤᠨ ᠳᠤ ᠣᠷᠤᠬᠤ ᠵᠡᠷᠭᠡ ᠠᠵᠢᠯᠯᠠᠭ᠎ᠠ ᠶᠢ ᠴᠢᠩᠭ᠎ᠠ ᠬᠤᠷᠢᠭᠯᠠᠨ᠎ᠠ᠃          ᠳᠣᠯᠤᠭ᠎ᠠ᠂ ᠠᠮᠤᠷ ᠲᠦᠪᠰᠢᠨ ᠢ ᠠᠩᠬᠠᠷᠴᠤ᠂ ᠡᠮᠬᠢ ᠳᠢᠭᠯᠢᠮ ᠢ ᠵᠢᠷᠤᠮᠯᠠᠨ᠂ ᠬᠠᠯᠬᠠᠪᠴᠢ ᠬᠡᠷᠡᠰᠬᠡ ᠵᠢᠴᠢ ᠱᠤᠭᠤᠮᠠᠯ ᠳᠡᠭᠡᠷ᠎ᠡ ᠠᠪᠠᠷᠢᠵᠤ ᠪᠣᠯᠬᠤ ᠦᠭᠡᠢ᠂ ᠨᠡᠭᠡᠭᠡᠯᠲᠡ ᠦᠭᠡᠢ ᠦᠵᠡᠮᠵᠢ ᠶᠢᠨ ᠭᠠᠵᠠᠷ ᠲᠤ ᠣᠷᠤᠵᠤ ᠪᠣᠯᠬᠤ ᠦᠭᠡᠢ᠂ ᠬᠡᠳᠦᠷᠭᠡᠢ ᠰᠢᠬᠠᠯᠳᠤᠬᠤ ᠪᠣᠶᠣ ᠭᠦᠶᠦᠯᠳᠦᠵᠦ ᠪᠣᠯᠬᠤ ᠦᠭᠡᠢ᠂ ᠠᠮᠤᠷ ᠳᠥᠪᠰᠢᠨ ᠢ ᠠᠩᠬᠠᠷᠴᠤ ᠲᠠᠪᠠᠲᠠᠢ ᠵᠤᠭᠠᠴᠠᠭᠠᠷᠠᠢ᠃          ᠨᠠᠢᠮᠠ᠂ ᠪᠣᠯᠪᠠᠰᠤᠨ ᠦᠢᠯᠡ ᠠᠵᠢᠯᠯᠠᠭ᠎ᠠ ᠶᠢ ᠡᠷᠬᠢᠮᠯᠡᠵᠦ᠂ ᠠᠳᠡ ᠲᠡᠨᠳᠡ ᠨᠣᠯᠮᠤᠬᠤ ᠦᠭᠡᠢ᠂ ᠳᠤᠷ᠎ᠠ ᠪᠠᠷ ᠬᠤᠭ ᠬᠠᠶᠠᠵᠤ ᠪᠣᠯᠬᠤ ᠥᠬᠡᠶ᠃ ᠠᠯᠪᠠᠨ ᠤ ᠡᠳ᠋ ᠪᠣᠳᠠᠰ ᠢ ᠡᠪᠳᠡᠬᠦ᠂ ᠬᠡᠷᠡᠭᠦᠯ ᠵᠣᠳᠣᠭᠠᠨ ᠬᠢᠬᠦ᠂ ᠬᠡᠷᠡᠭ ᠡᠳᠦᠬᠦ ᠵᠡᠷᠭᠡ ᠠᠵᠢᠯᠯᠠᠭ᠎ᠠ ᠶᠢ ᠡᠷᠡᠰ ᠳᠡᠪᠴᠢᠨ᠎ᠡ᠃          ᠶᠢᠰᠦ᠂ ᠵᠤᠭᠠᠴᠠᠨ ᠲᠤᠭᠤᠷᠢᠬᠤ ᠳᠠᠭᠠᠨ ᠥᠪᠡᠷ ᠤᠨ ᠦᠨᠡᠲᠦ ᠵᠦᠢᠯᠡᠰ ᠢᠶᠠᠨ ᠠᠩᠬᠠᠷᠴᠤ᠂ ᠬᠡᠤᠬᠡᠳ ᠨᠠᠰᠤᠲᠠᠳ᠂ ᠵᠢᠷᠮᠦᠰᠦᠨ ᠪᠦᠰᠡᠭᠦᠶᠢᠴᠤᠳ ᠵᠡᠷᠭᠡ ᠣᠨᠴᠠᠭᠠᠢ ᠬᠦᠮᠦᠰ ᠢᠶᠠᠨ ᠰᠠᠶᠢᠲᠤᠷ ᠬᠠᠷᠠᠭᠠᠯᠵᠠᠭᠠᠷᠠᠢ᠃ᠵᠤᠭᠠᠴᠠᠨ ᠲᠤᠭᠤᠷᠢᠬᠤ ᠳᠠᠭᠠᠨ ᠠᠰᠠᠭᠤᠳᠠᠯ ᠲᠤᠯᠭᠠᠷᠠᠪᠠᠯ 15849922859 ᠤᠲᠠᠰᠤ ᠤᠷᠤᠭᠤ ᠬᠠᠷᠢᠯᠴᠠᠬᠤ ᠪᠣᠯᠪᠠᠤ᠃          ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠤ ᠪᠦᠬᠦ ᠠᠵᠢᠯᠲᠠᠳ ᠲᠠᠨ ᠪᠦᠬᠦᠨ ᠢ ᠪᠠᠶᠠᠷᠯᠠᠨ ᠤᠭᠲᠤᠵᠤ ᠪᠠᠶᠢᠨ᠎ᠠ︕
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号