︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠲᠦᠷᠢᠮ︾ ᠨᠡᠶᠢᠳᠡᠯᠡᠭᠳᠡᠪᠡ
ᠨᠡᠶᠢᠲᠡᠯᠡᠭᠰᠡᠨ ᠴᠠᠭ᠄
2020/6/4
ᠤᠢᠢᠷ᠎ᠠ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠ ᠶᠢᠰᠦᠳᠦᠬᠡᠷ ᠬᠤᠷᠠᠯ ᠠᠴᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠲᠦᠷᠢᠮ︾ ᠢ ᠪᠠᠳᠤᠯᠠᠪᠠ᠂ ᠲᠦᠷᠢᠮ ᠢ 2020 ᠤᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃ ᠣᠶᠢᠯᠠᠭᠠᠭᠰᠠᠨ ᠢᠶᠠᠷ᠂ ︽ᠲᠦᠷᠢᠮ︾ ᠨᠢ ᠨᠡᠶᠢᠳᠡ 40 ᠵᠤᠷᠪᠤᠰ ᠪᠠᠶᠢᠵᠤ᠂ ᠭᠤᠤᠯᠳᠠᠭᠤ ᠲᠤᠤᠷᠠᠬᠢ ᠬᠡᠳᠦᠨ ᠲᠠᠯ᠎ᠠ ᠶᠢ ᠵᠢᠷᠤᠮᠵᠢᠭᠤᠯᠪᠠ᠄       ᠨᠢᠬᠡ ᠳᠤ᠂ ᠬᠡᠷ ᠪᠦᠯᠢ ᠶᠢᠨ ᠬᠦᠴᠦᠷᠬᠡᠭᠯᠡᠯ ᠢ ᠠᠯᠪᠠᠳᠠᠯᠭ᠎ᠠ ᠪᠠᠷ ᠮᠡᠳᠡᠬᠦᠯᠬᠦ ᠲᠦᠷᠢᠮ ᠢ ᠪᠦᠷᠢᠨᠰᠢᠬᠦᠯᠪᠡ᠃ ᠲᠦᠷᠢᠮ ᠳᠤ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠴᠢᠯᠡᠬᠡᠨ ᠤ ᠪᠠᠶᠢᠭᠤᠯᠤᠮᠵᠢ᠂ ᠰᠠᠭᠤᠭᠠᠯᠢ ᠠᠷᠠᠳ ᠤᠨ ᠵᠦᠪᠯᠡᠯ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ᠂ ᠨᠡᠶᠢᠬᠡᠮ ᠤᠨ ᠠᠵᠢᠯ ᠤᠨ ᠦᠢᠯᠡᠴᠢᠯᠡᠬᠡᠨ ᠤ ᠪᠠᠶᠢᠭᠤᠯᠤᠮᠵᠢ ᠵᠢᠴᠢ ᠲᠡᠬᠦᠨ ᠤ ᠠᠵᠢᠯᠳᠠᠳ ᠠᠵᠢᠯ ᠤᠨ ᠲᠤᠮᠳᠠ ᠪᠠᠨ ᠢᠷᠬᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠦᠬᠡᠢ ᠬᠦᠮᠦᠨ᠂ ᠢᠷᠬᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠳᠠᠢ ᠬᠦᠮᠦᠨ ᠪᠤᠶᠤ ᠨᠠᠰᠤ ᠠᠬᠢᠭᠰᠠᠨ᠂ ᠵᠡᠮᠳᠡᠭ᠂ ᠬᠦᠨᠳᠦ ᠡᠪᠡᠳᠴᠢᠨ᠂ ᠠᠯᠪᠠᠳᠠᠯᠭ᠎ᠠ᠂ ᠰᠦᠷᠳᠡᠬᠦᠯᠦᠯ ᠵᠡᠷᠬᠡ ᠰᠢᠯᠳᠠᠭᠠᠨ ᠠᠴᠠ ᠪᠤᠯᠵᠤ ᠬᠡᠷᠡᠭ ᠮᠡᠳᠡᠬᠦᠯᠬᠦ ᠶᠢᠨ ᠠᠷᠭ᠎ᠠ ᠦᠬᠡᠢ ᠬᠦᠮᠦᠨ ᠬᠡᠷ ᠪᠦᠯᠢ ᠶᠢᠨ ᠬᠦᠴᠦᠷᠭᠡᠭᠯᠡᠯ ᠳᠤ ᠤᠴᠠᠷᠠᠭᠰᠠᠨ ᠪᠤᠶᠤ ᠬᠡᠷ ᠪᠦᠯᠢ ᠶᠢᠨ ᠬᠦᠴᠦᠷᠭᠡᠭᠯᠡᠯ ᠳᠤ ᠤᠴᠠᠷᠠᠭᠰᠠᠨ ᠰᠡᠵᠢᠭᠯᠡᠯᠳᠠᠢ ᠪᠠᠶᠢᠬᠤ ᠶᠢ ᠢᠯᠡᠷᠡᠬᠦᠯᠪᠡᠯ᠂ ᠴᠠᠭ ᠲᠤᠬᠠᠢ ᠳᠤ ᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠬᠦᠯᠬᠦ ᠶᠢᠨ ᠬᠠᠮᠳᠤ ᠬᠤᠬᠢᠷᠠᠯ ᠠᠮᠰᠠᠭᠴᠢ ᠳᠤ ᠴᠢᠬᠤᠯᠠ ᠪᠦᠬᠦᠢ ᠠᠪᠤᠷᠠᠨ ᠲᠤᠰᠠᠯᠠᠮᠵᠢ ᠬᠠᠨᠭ᠍ᠭᠠᠬᠤ ᠬᠡᠷᠡᠭᠳᠠᠢ ᠭᠡᠵᠥ ᠲᠤᠭᠳᠠᠭᠠᠵᠠᠢ᠃       ᠬᠤᠶᠠᠷ ᠲᠤ᠂ ᠰᠡᠷᠡᠮᠵᠢᠯᠡᠬᠦᠯᠬᠦ ᠲᠦᠷᠢᠮ ᠢ ᠨᠦᠬᠦᠪᠦᠷᠢᠯᠡᠨ ᠲᠡᠬᠦᠯᠳᠡᠷᠵᠢᠬᠦᠯᠪᠡ᠃ ᠲᠦᠷᠢᠮ ᠳᠤ᠂ ᠰᠡᠷᠡᠮᠵᠢᠯᠡᠬᠦᠯᠬᠦ ᠪᠢᠴᠢᠭ ᠭᠠᠷᠭᠠᠵᠤ ᠦᠭᠬᠦ ᠬᠡᠪᠴᠢᠶ᠎ᠡ ᠶᠢ ᠨᠦᠬᠦᠪᠦᠷᠢᠯᠡᠨ ᠲᠡᠬᠦᠯᠳᠡᠷᠵᠢᠬᠦᠯᠵᠦ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠡᠷᠡᠮᠵᠢᠯᠡᠬᠦᠯᠬᠦ ᠪᠢᠴᠢᠭ ᠬᠦᠷᠬᠡᠬᠦ᠂ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠤᠷᠪᠤᠯᠵᠢᠯᠠᠬᠤ᠂ ᠰᠡᠷᠡᠮᠵᠢᠯᠡᠬᠦᠯᠬᠦ ᠪᠢᠴᠢᠭ ᠠᠴᠠ ᠵᠦᠷᠢᠴᠡᠭᠰᠡᠳ ᠢ ᠰᠢᠢᠳᠪᠦᠷᠢᠯᠡᠬᠦ ᠵᠡᠷᠬᠡ ᠲᠤᠭᠳᠠᠭᠠᠯ ᠢ ᠲᠤᠳᠤᠷᠬᠠᠢᠢᠯᠠᠪᠠ᠃       ᠭᠤᠷᠪᠠ ᠳᠤ᠂ ᠬᠦᠮᠦᠨ ᠤ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠳᠠ ᠶᠢᠨ ᠵᠠᠷᠯᠢᠭ ᠤᠨ ᠲᠦᠷᠢᠮ ᠤᠨ ᠠᠭᠤᠯᠭ᠎ᠠ ᠶᠢ ᠲᠡᠬᠦᠯᠳᠡᠷᠵᠢᠬᠦᠯᠪᠡ᠃ ᠲᠦᠷᠢᠮ ᠳᠤ᠂ ᠭᠤᠶᠤᠴᠢᠯᠠᠭᠴᠢ ᠶᠢᠨ ᠤᠷᠤᠨ ᠰᠠᠭᠤᠴᠠ᠂ ᠰᠤᠷᠭᠠᠭᠤᠯᠢ᠂ ᠠᠵᠢᠯᠯᠠᠬᠤ ᠨᠢᠬᠡᠴᠢ ᠪᠤᠶᠤ ᠭᠤᠶᠤᠴᠢᠯᠠᠭᠴᠢ ᠶᠢᠨ ᠦᠷᠬᠦᠯᠵᠢ ᠤᠷᠤᠵᠤ ᠭᠠᠷᠬᠤ ᠪᠤᠰᠤᠳ ᠲᠠᠯᠠᠪᠤᠷ ᠲᠤ ᠭᠤᠶᠤᠴᠢᠯᠠᠭᠳᠠᠭᠴᠢ ᠠᠴᠠ ᠭᠤᠶᠤᠴᠢᠯᠠᠭᠴᠢ ᠶᠢᠨ ᠠᠮᠢᠳᠤᠷᠠᠯ᠂ ᠰᠤᠷᠤᠯᠭ᠎ᠠ᠂ ᠠᠵᠢᠯ ᠢ ᠨᠢ ᠨᠦᠯᠦᠬᠡᠯᠡᠵᠦ ᠮᠡᠳᠡᠬᠦ ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠭᠤᠶᠤᠴᠢᠯᠠᠭᠳᠠᠭᠴᠢ ᠠᠴᠠ ᠭᠤᠶᠤᠴᠢᠯᠠᠭᠴᠢ ᠵᠢᠴᠢ ᠲᠡᠬᠦᠨ ᠤ ᠨᠠᠰᠤᠨ ᠳᠤ ᠬᠦᠷᠦᠬᠡᠳᠦᠢ ᠦᠷ᠎ᠡ ᠬᠡᠦᠬᠡᠳ ᠤᠨ ᠡᠷᠦᠬᠡ ᠠᠮᠠ ᠶᠢᠨ ᠲᠠᠩᠰᠠ᠂ ᠰᠤᠷᠭᠠᠭᠤᠯᠢ ᠶᠢᠨ ᠬᠠᠷᠢᠶᠠᠯᠠᠯ᠂ ᠤᠷᠤᠯᠭ᠎ᠠ ᠶᠢᠨ ᠢᠷᠡᠯᠳᠡ ᠵᠡᠷᠬᠡ ᠬᠠᠮᠢᠶ᠎ᠠ ᠪᠦᠬᠦᠢ ᠮᠡᠳᠡᠭᠡ ᠵᠠᠩᠬᠢ ᠶᠢ ᠪᠠᠶᠢᠴᠠᠭᠠᠨ ᠦᠵᠡᠬᠦ ᠶᠢ ᠴᠠᠭᠠᠵᠠᠯᠠᠨ᠎ᠠ ᠬᠡᠵᠦ ᠲᠤᠭᠳᠠᠭᠠᠵᠠᠢ᠃       ᠲᠦᠷᠪᠡ ᠳᠤ᠂ ᠲᠦᠷ ᠴᠠᠭ ᠤᠨ ᠬᠠᠮᠠᠭᠠᠯᠠᠯᠳᠠ ᠶᠢᠨ ᠲᠦᠷᠢᠮ ᠢ ᠨᠠᠷᠢᠯᠢᠭᠵᠢᠭᠤᠯᠵᠤ᠂ ᠬᠡᠷ ᠪᠦᠯᠢ ᠶᠢᠨ ᠬᠦᠴᠦᠷᠬᠡᠭᠯᠡᠯ ᠠᠴᠠ ᠵᠠᠶᠢᠯᠠᠬᠤ ᠲᠦᠷ ᠴᠠᠭ ᠤᠨ ᠬᠠᠮᠠᠭᠠᠯᠠᠯᠳᠠ ᠶᠢᠨ ᠲᠠᠯᠠᠪᠤᠷ ᠢ ᠨᠡᠮᠡᠪᠡ᠂ ᠵᠢᠱᠢᠶᠡᠯᠡᠪᠡᠯ ᠬᠤᠳᠠ ᠬᠦᠳᠡᠭᠡ ᠶᠢᠨ ᠨᠡᠶᠢᠬᠡᠮ ᠲᠤᠭᠤᠷᠢᠭ ᠤᠨ ᠦᠢᠯᠡᠴᠢᠯᠡᠬᠡᠨ ᠤ ᠪᠠᠶᠢᠭᠤᠯᠤᠮᠵᠢ ᠨᠢ ᠲᠦᠷ ᠴᠠᠭ ᠤᠨ ᠬᠠᠮᠠᠭᠠᠯᠠᠯᠳᠠ ᠶᠢᠨ ᠲᠠᠯᠠᠪᠤᠷ ᠪᠤᠯᠵᠤ ᠪᠠᠶᠢᠨ᠎ᠠ᠃       ᠲᠠᠪᠤ ᠳᠤ᠂ ᠡᠮᠡᠭᠳᠡᠶᠢᠴᠤᠳ ᠪᠠ ᠬᠡᠦᠬᠡᠳ ᠤᠨ ᠠᠵᠢᠯ ᠤᠨ ᠪᠠᠶᠢᠭᠤᠯᠤᠮᠵᠢ ᠶᠢᠨ ᠡᠬᠦᠷᠬᠡ ᠬᠠᠷᠢᠭᠤᠴᠠᠯᠭ᠎ᠠ ᠶᠢ ᠲᠤᠳᠤᠷᠬᠠᠢᠢᠯᠠᠪᠠ᠂ ᠵᠢᠱᠢᠶᠡᠯᠡᠪᠡᠯ᠄ ᠬᠠᠮᠳᠤᠷᠠᠭᠰᠠᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠬᠡᠷ ᠪᠦᠯᠢ ᠶᠢᠨ ᠬᠦᠴᠦᠷᠭᠡᠭᠯᠡᠯ ᠢ ᠡᠰᠡᠷᠬᠦᠴᠡᠬᠦ ᠠᠵᠢᠯ ᠤᠨ ᠲᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠵᠤᠬᠢᠴᠠᠭᠤᠯᠵᠤ᠂ ᠵᠢᠯᠤᠭᠤᠳᠴᠤ᠂ ᠱᠠᠯᠠᠪᠳᠠᠭᠤᠯᠵᠤ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠤᠯᠠᠨ ᠰᠠᠯᠠᠭ᠎ᠠ ᠮᠦᠴᠢᠷ ᠤᠨ ᠬᠠᠮᠳᠤᠷᠠᠯᠴᠠᠭ᠎ᠠ ᠶᠢ ᠠᠬᠢᠭᠤᠯᠤᠨ᠎ᠠ᠃       ᠵᠢᠷᠭᠤᠭ᠎ᠠ ᠳᠤ᠂ ᠬᠡᠷ ᠪᠦᠯᠢ ᠶᠢᠨ ᠬᠦᠴᠦᠷᠭᠡᠭᠯᠡᠯ ᠢ ᠡᠰᠡᠷᠬᠦᠴᠡᠬᠦ ᠠᠵᠢᠯ ᠤᠨ ᠵᠠᠷᠤᠳᠠᠯ ᠤᠨ ᠪᠠᠳᠤᠯᠠᠭ᠎ᠠ ᠶᠢ ᠲᠤᠳᠤᠷᠬᠠᠢᠢᠯᠠᠪᠠ᠃ ᠲᠦᠷᠢᠮ ᠳᠤ ᠬᠤᠰᠢᠭᠤ ᠰᠢᠶᠠᠨ ᠤ ᠱᠠᠳᠤᠨ ᠠᠴᠠ ᠲᠡᠬᠡᠭᠰᠢᠬᠢ ᠠᠷᠠᠳ ᠤᠨ ᠵᠠᠰᠠᠭ ᠤᠨ ᠤᠷᠳᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠠᠵᠢᠯ ᠢ ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠲᠦᠯᠦᠪᠵᠢᠬᠦᠯᠬᠡ ᠳᠡᠭᠡᠨ ᠤᠷᠤᠭᠤᠯᠵᠤ᠂ ᠬᠡᠷᠡᠭᠰᠡᠬᠦ ᠵᠠᠷᠤᠳᠠᠯ ᠢ ᠠᠳᠠᠯᠢ ᠱᠠᠳᠤᠨ ᠤ ᠡᠳ᠋ ᠤᠨ ᠵᠠᠰᠠᠭ ᠤᠨ ᠲᠦᠰᠦᠪ ᠲᠡᠭᠡᠨ ᠤᠷᠤᠭᠤᠯᠪᠠᠯ ᠵᠤᠬᠢᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠡᠷ ᠪᠦᠯᠢ ᠶᠢᠨ ᠬᠦᠴᠦᠷᠭᠡᠭᠯᠡᠯ ᠢ ᠡᠰᠡᠷᠬᠦᠴᠡᠬᠦ ᠠᠵᠢᠯ ᠢ ᠠᠵᠢᠯ ᠤᠨ ᠲᠦᠯᠦᠪᠵᠢᠬᠦᠯᠬᠡ ᠳᠡᠭᠡᠨ ᠤᠷᠤᠭᠤᠯᠵᠤ᠂ ᠴᠢᠬᠤᠯᠠ ᠪᠦᠬᠦᠢ ᠵᠠᠷᠤᠳᠠᠯ ᠤᠨ ᠪᠠᠳᠤᠯᠠᠭ᠎ᠠ ᠤᠯᠭᠤᠬᠤ ᠬᠡᠷᠡᠭᠳᠠᠢ ᠬᠡᠵᠦ ᠲᠤᠭᠳᠠᠭᠠᠪᠠ᠃       ᠲᠤᠯᠤᠭ᠎ᠠ ᠳᠤ᠂ ᠨᠡᠶᠢᠬᠡᠮ ᠲᠤᠭᠤᠷᠢᠭ ᠤᠨ ᠲᠤᠤᠷᠴᠢᠯᠠᠭᠰᠠᠨ ᠬᠠᠮᠢᠶᠠᠷᠤᠯᠳᠠ ᠶᠢᠨ ᠲᠤᠭᠳᠠᠴᠠ ᠶᠢ ᠪᠠᠶᠢᠭᠤᠯᠪᠠ᠃ ᠦᠨᠳᠦᠰᠦᠨ ᠱᠠᠳᠤᠨ ᠤ ᠤᠯᠠᠨ ᠲᠦᠮᠡᠨ ᠳᠤ ᠬᠡᠷ ᠪᠦᠯᠢ ᠶᠢᠨ ᠬᠦᠴᠦᠷᠬᠡᠭᠯᠡᠯ ᠢ ᠡᠰᠡᠷᠬᠦᠴᠡᠬᠦ ᠬᠠᠤᠯᠢ ᠲᠦᠷᠢᠮ ᠤᠨ ᠤᠬᠠᠭᠤᠯᠭ᠎ᠠ ᠬᠦᠮᠦᠵᠢᠯ ᠢ ᠢᠳᠡᠪᠬᠢᠳᠠᠢ ᠦᠷᠨᠢᠬᠦᠯᠵᠦ᠂ ᠭᠤᠤᠯᠳᠠᠯᠭ᠎ᠠ ᠲᠠᠢ ᠰᠡᠷᠬᠡᠶᠢᠯᠡᠬᠦ ᠡᠳᠡᠬᠡᠳ ᠢ ᠲᠤᠭᠳᠠᠭᠠᠨ᠂ ᠬᠡᠷ ᠪᠦᠯᠢ ᠶᠢᠨ ᠵᠢᠭᠤᠷᠠᠯᠳᠤᠭᠠᠨ ᠢ ᠴᠠᠭ ᠲᠤᠬᠠᠢ ᠳᠤ ᠨᠢ ᠪᠠᠶᠢᠴᠠᠭᠠᠨ ᠰᠢᠢᠳᠪᠦᠷᠢᠯᠡᠵᠦ᠂ ᠬᠡᠷ ᠪᠦᠯᠢ ᠶᠢᠨ ᠬᠦᠴᠦᠷᠬᠡᠭᠯᠡᠯ ᠢ ᠰᠡᠷᠬᠡᠶᠢᠯᠡᠨ ᠬᠤᠷᠢᠭᠯᠠᠬᠤ ᠡᠴᠦᠰ ᠤᠨ ᠨᠢᠬᠡ ᠺᠢᠯᠣᠮᠧᠳ᠋ᠷ ᠢ ᠨᠡᠪᠳᠡᠷᠡᠬᠦᠯᠦᠨ᠎ᠡ᠃       ᠨᠠᠢᠮᠠ ᠳᠤ᠂ ᠠᠩᠬ᠎ᠠ ᠬᠦᠯᠢᠶᠡᠨ ᠠᠪᠬᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠪᠠ᠃ ᠬᠡᠷ ᠪᠦᠯᠢ ᠶᠢᠨ ᠬᠦᠴᠦᠷᠬᠡᠭᠯᠡᠯ ᠢ ᠵᠠᠭᠠᠯᠳᠤᠬᠤ᠂ ᠲᠤᠰᠬᠠᠬᠤ ᠪᠤᠶᠤ ᠲᠤᠰᠠᠯᠠᠮᠵᠢ ᠭᠤᠶᠤᠬᠤ ᠶᠢ ᠤᠷᠢᠳᠠᠪᠡᠷ ᠬᠦᠯᠢᠶᠡᠨ ᠠᠪᠤᠭᠰᠨᠨ ᠨᠢᠬᠡᠴᠢ ᠠᠴᠠ ᠢᠳᠬᠠᠨ ᠬᠤᠷᠢᠭᠯᠠᠬᠤ᠂ ᠵᠤᠭᠰᠤᠭᠠᠬᠤ ᠵᠡᠷᠬᠡ ᠠᠷᠭ᠎ᠠ ᠬᠡᠮᠵᠢᠶ᠎ᠡ ᠠᠪᠬᠤ ᠶᠢᠨ ᠬᠠᠮᠳᠤ ᠴᠠᠭ ᠲᠤᠬᠠᠢ ᠳᠤᠨᠢ ᠪᠤᠰᠤᠳ ᠨᠢᠬᠡᠴᠢ ᠲᠠᠢ ᠬᠠᠮᠳᠤᠷᠠᠨ ᠰᠢᠢᠳᠪᠦᠷᠢᠯᠡᠬᠦ ᠬᠡᠷᠡᠭᠳᠠᠢ ᠬᠡᠵᠦ ᠲᠤᠭᠳᠠᠭᠠᠵᠠᠢ᠃       ᠶᠢᠰᠦ ᠳᠤ᠂ ᠰᠢᠬᠦᠬᠦ ᠬᠤᠷᠢᠶᠠᠨ ᠤ ᠮᠦᠷᠳᠡᠨ ᠰᠤᠷᠪᠤᠯᠵᠢᠯᠠᠬᠤ ᠲᠦᠷᠢᠮ ᠢ ᠪᠠᠶᠢᠭᠤᠯᠪᠠ᠃ ᠬᠦᠮᠦᠨ ᠤ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠳᠠ ᠶᠢᠨ ᠵᠠᠷᠯᠢᠭ ᠭᠠᠷᠭᠠᠬᠤ ᠪᠠᠷ ᠲᠤᠭᠳᠠᠭᠠᠭᠰᠠᠨ ᠠᠷᠠᠳ ᠤᠨ ᠰᠢᠬᠦᠬᠦ ᠬᠤᠷᠢᠶ᠎ᠠ ᠨᠢ ᠬᠠᠮᠠᠭᠠᠯᠠᠯᠳᠠ ᠶᠢᠨ ᠵᠠᠷᠯᠢᠭ ᠤᠨ ᠬᠦᠴᠦᠨ ᠪᠦᠬᠦᠢ ᠬᠤᠭᠤᠴᠠᠭᠠᠨ ᠳᠤ ᠬᠡᠷᠡᠭ ᠢ ᠮᠦᠷᠳᠡᠨ ᠰᠤᠷᠪᠤᠯᠵᠢᠯᠠᠵᠤ᠂ ᠬᠡᠷ ᠪᠦᠯᠢ ᠶᠢᠨ ᠬᠦᠴᠦᠷᠭᠡᠭᠯᠡᠯ ᠢ ᠡᠰᠡᠷᠬᠦᠴᠡᠬᠦ ᠠᠵᠢᠯ ᠢ ᠪᠦᠳᠦᠮᠵᠢᠳᠠᠢ ᠲᠠᠭᠤᠰᠬᠠᠬᠤ ᠬᠡᠷᠡᠭᠳᠠᠢ ᠬᠡᠵᠦ ᠲᠤᠭᠳᠠᠭᠠᠪᠠ᠃       ᠠᠷᠪᠠ ᠳᠤ᠂ ᠢᠳᠡᠬᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠬᠡᠷᠯᠡᠬᠦᠯᠬᠦ ᠲᠦᠷᠢᠮ ᠢ ᠪᠠᠶᠢᠭᠤᠯᠪᠠ᠃ ᠬᠡᠷ ᠪᠦᠯᠢ ᠶᠢᠨ ᠬᠦᠴᠦᠷᠭᠡᠭᠯᠡᠯ ᠶᠠᠪᠤᠭᠤᠯᠵᠤ᠂ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠢᠳᠬᠡᠯ ᠤᠯᠤᠭᠰᠠᠳ ᠪᠤᠶᠤ ᠪᠡᠶ᠎ᠡ ᠶᠢᠨ ᠠᠮᠤᠷ ᠲᠦᠪᠰᠢᠨ ᠤ ᠬᠠᠮᠠᠭᠠᠯᠠᠯᠳᠠ ᠶᠢᠨ ᠵᠠᠷᠯᠢᠭ ᠠᠴᠠ ᠵᠦᠷᠢᠴᠡᠭᠰᠡᠳ ᠢ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠪᠠᠶᠢᠭᠤᠯᠤᠮᠵᠢ ᠬᠠᠤᠯᠢ ᠶᠤᠰᠤᠭᠠᠷ ᠨᠡᠶᠢᠬᠡᠮ ᠤᠨ ᠢᠳᠡᠬᠡᠮᠵᠢ ᠶᠢᠨ ᠮᠡᠳᠡᠭᠡ ᠵᠠᠩᠬᠢ ᠶᠢᠨ ᠲᠠᠪᠴᠠᠩ ᠳᠤ ᠤᠷᠤᠭᠤᠯᠵᠤ᠂ ᠢᠳᠡᠬᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠬᠡᠷᠯᠡᠬᠦᠯᠬᠦ ᠬᠡᠷᠡᠭᠳᠠᠢ ᠬᠡᠵᠦ ᠲᠤᠭᠳᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号