| | ᠣᠶᠢᠷ᠎ᠠ ᠳᠤ᠂ ᠰᠢᠯᠤᠭᠤᠨ ᠬᠥᠬᠡ ᠬᠤᠰᠢᠭᠤᠨ ᠤ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ | ᠥᠪ ︽ᠴᠠᠭᠠᠨ ᠢᠳᠡᠭᠡ︾ ᠬᠢᠬᠦ ᠤᠷ᠎ᠠ ᠮᠡᠷᠭᠡᠵᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠲᠣᠭᠤ ᠤᠷᠢᠯᠭ᠎ᠠ ᠪᠠᠷ | ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠣᠴᠢᠵᠤ ᠤᠯᠠᠮᠵᠢᠯᠠᠯᠲᠤ ᠴᠠᠭᠠᠨ ᠢᠳᠡᠭᠡ ᠬᠢᠬᠦ ᠪᠠ ᠣᠳᠣᠬᠢᠴᠢᠯᠠᠭᠰᠠᠨ | ᠴᠠᠭᠠᠨ ᠢᠳᠡᠭᠡ ᠬᠢᠬᠦ ᠤᠷ᠎ᠠ ᠮᠡᠷᠭᠡᠰᠢᠯ ᠢ ᠤᠯᠠᠮᠵᠢᠯᠠᠨ᠂ ︽ᠬᠠᠮᠠᠭᠠᠯᠠᠬᠤ ᠪᠠᠷ ᠭᠤᠣᠯ ᠪᠣᠯᠭᠠᠨ᠂ ᠥᠪᠯᠡᠬᠦ ᠶᠢ ᠲᠡᠷᠢᠭᠦᠨ ᠳᠤ | ᠲᠠᠯᠪᠢᠵᠤ᠂ ᠵᠦᠢ ᠵᠣᠬᠢᠰᠲᠠᠢ ᠠᠰᠢᠭᠯᠠᠨ᠂ ᠤᠯᠠᠮᠵᠢᠯᠠᠨ ᠬᠥᠭᠵᠢᠭᠦᠯᠬᠦ︾ ᠪᠠᠷ ᠵᠢᠭᠠᠨ ᠰᠤᠷᠭᠠᠯᠲᠠ ᠶᠢᠨ ᠰᠡᠳᠬᠢᠮᠵᠢ ᠪᠠᠨ | ᠪᠣᠯᠭᠠᠵᠤ᠂ ᠴᠠᠬᠠᠷ ᠴᠠᠭᠠᠨ ᠢᠳᠡᠭᠡ ᠬᠢᠬᠦ ᠤᠷ᠎ᠠ ᠮᠡᠷᠭᠡᠵᠢᠯ ᠢ ᠦᠷᠭᠦᠯᠵᠢᠯᠡᠨ ᠤᠯᠠᠮᠵᠢᠯᠠᠵᠤ᠂ ᠴᠠᠬᠠᠷ ᠰᠣᠶᠣᠯ ᠢ | ᠪᠠᠳᠠᠷᠠᠭᠤᠯᠤᠨ᠂ ᠣᠯᠠᠨ ᠤ ᠠᠩᠬᠠᠷᠤᠯ ᠢ ᠶᠡᠬᠡᠳᠡ ᠲᠠᠲᠠᠪᠠ᠃ | ᠲᠡᠳᠡ ᠲᠣᠭᠤ ᠪᠠᠭᠰᠢ ᠶᠢᠨ ᠴᠠᠭᠠᠨ ᠢᠳᠡᠭᠡ ᠬᠢᠬᠦ ᠮᠡᠷᠭᠡᠵᠢᠯ ᠢ ᠨᠠᠩ ᠰᠠᠶᠢᠨ ᠣᠶᠢᠯᠠᠭᠠᠬᠤ ᠶᠢᠨ ᠲᠥᠯᠥᠭᠡ᠂ | 7 ᠰᠠᠷ᠎ᠠ ᠶᠢᠨ 13 ᠠᠴᠠ ᠡᠮᠦᠨ᠎ᠡ ᠰᠢᠯᠤᠭᠤᠨ ᠬᠥᠬᠡ ᠬᠤᠰᠢᠭᠤᠨ ᠤ ᠬᠠᠨ ᠢᠳᠡᠭᠡ ᠴᠠᠭᠠᠨ ᠢᠳᠡᠭᠡᠨ ᠤ ᠳᠡᠯᠭᠡᠭᠦᠷ ᠪᠣᠯᠤᠨ | ᠴᠠᠭᠠᠨ ᠢᠳᠡᠭᠡᠨ ᠤ ᠦᠢᠯᠡᠳᠭᠡᠯ ᠤᠨ ᠭᠠᠵᠠᠷ ᠢ ᠲᠣᠭᠤᠷᠢᠨ ᠦᠵᠡᠵᠦ᠂ ᠴᠠᠭᠠᠨ ᠢᠳᠡᠭᠡᠨ ᠤ ᠨᠡᠷᠡᠶᠢᠳᠦᠯ᠂ ᠲᠥᠷᠥᠯ ᠵᠦᠢᠯ᠂ | ᠬᠢᠬᠦ ᠠᠷᠭ᠎ᠠ ᠶᠢ ᠨᠠᠷᠢᠨ ᠦᠢᠯᠭᠠᠨ᠂ ᠥᠷᠦᠮ᠎ᠡ᠂ ᠬᠤᠷᠤᠳ᠂ ᠰᠢᠷ᠎ᠠ ᠲᠣᠰᠣ ᠵᠡᠷᠭᠡ ᠴᠠᠭᠠᠨ ᠢᠳᠡᠭᠡ ᠪᠣᠯᠪᠠᠰᠤᠷᠠᠭᠤᠯᠬᠤ | ᠮᠡᠷᠭᠡᠵᠢᠯ ᠢ ᠨᠠᠷᠢᠨ ᠰᠣᠨᠣᠰᠴᠤ᠂ ᠲᠣᠭᠤ ᠭᠤᠸᠠᠢ ᠥᠪᠡᠷ ᠤᠨ ᠭᠠᠷ ᠢᠶᠠᠷ ᠢᠶᠠᠨ ᠬᠢᠭᠰᠡᠨ ᠨᠠᠷᠢᠯᠢᠭ ᠰᠠᠶᠢᠬᠠᠨ᠂ ᠭᠤᠴᠣ | ᠠᠮᠲᠠ ᠲᠠᠢ ᠴᠠᠭᠠᠨ ᠢᠳᠡᠭᠡᠨ ᠢᠶᠠᠨ ᠳᠡᠯᠭᠡᠨ ᠦᠵᠡᠭᠦᠯᠵᠡᠢ᠃ | ᠪᠣᠯᠪᠠᠰᠤᠷᠠᠯ ᠬᠦᠷᠲᠡᠭᠰᠡᠳ ᠠᠴᠠ ᠰᠤᠷᠤᠯᠴᠠᠬᠤ ᠪᠠ ᠲᠣᠭᠤᠷᠢᠨ ᠦᠵᠡᠬᠦ ᠪᠠᠷ ᠳᠠᠮᠵᠢᠨ ᠴᠠᠭᠠᠨ ᠢᠳᠡᠭᠡ ᠬᠢᠬᠦ | ᠠᠷᠭ᠎ᠠ ᠬᠡᠯᠪᠡᠷᠢ ᠪᠠ ᠠᠩᠬᠠᠷᠬᠤ ᠵᠦᠢᠯ ᠢ ᠮᠠᠰᠢ ᠤᠯᠠᠨ ᠰᠤᠷᠴᠤ᠂ ᠥᠨᠥᠳᠦᠷ ᠪᠠᠰᠠ ᠲᠤᠭᠤ ᠪᠠᠭᠰᠢ ᠶᠢᠨ ᠴᠠᠭᠠᠨ | ᠢᠳᠡᠭᠡᠨ ᠤ ᠦᠢᠯᠡᠳᠬᠡᠯ ᠤᠨ ᠭᠠᠵᠠᠷ ᠪᠠ ᠤᠳᠠᠭᠠᠨ ᠵᠢᠯ ᠬᠠᠳᠠᠭᠠᠯᠠᠭᠰᠠᠨ ᠴᠠᠭᠠᠨ ᠢᠳᠡᠭᠡ ᠬᠢᠬᠦ ᠤᠯᠠᠮᠵᠢᠯᠠᠯᠲᠤ ᠪᠠᠭᠠᠵᠢ ᠶᠢ | ᠨᠢᠳᠦ ᠪᠠᠷ ᠢᠶᠠᠨ ᠦᠵᠡᠯ᠎ᠡ ᠭᠡᠵᠦ ᠪᠠᠶᠢᠪᠠ᠃ ᠲᠡᠳᠡ ᠲᠠᠯᠠᠷᠬᠠᠯ ᠤᠨ ᠰᠡᠳᠬᠢᠯ ᠢᠶᠠᠨ ᠢᠯᠡᠳᠬᠡᠬᠦ ᠶᠢᠨ ᠲᠥᠯᠥᠭᠡ ᠲᠣᠭᠤ | ᠪᠠᠭᠰᠢ ᠳᠤ ᠬᠡᠮᠡᠷᠯᠢᠭ ᠲᠤᠭ ᠬᠦᠷᠭᠡᠵᠦ᠂ ᠥᠪᠡᠷ ᠤᠨ ᠵᠣᠬᠢᠶᠠᠭᠰᠠᠨ ᠰᠢᠯᠦᠭ ᠳᠠᠭᠤᠯᠠᠯ ᠢᠶᠠᠨ ᠤᠶᠠᠩᠭᠠᠯᠠᠨ ᠤᠩᠰᠢᠵᠠᠢ᠃ | ᠲᠣᠭᠤ 1963 ᠣᠨ ᠳᠤ ᠰᠢᠯᠤᠭᠤᠨ ᠬᠦᠬᠡ ᠬᠤᠰᠢᠭᠤᠨ ᠤ ᠰᠠᠩ ᠤᠨ ᠳᠠᠯᠠᠢ ᠪᠠᠯᠭᠠᠰᠤᠨ ᠤ ᠠᠯᠲᠠᠢ | ᠭᠠᠴᠠᠭᠠᠨ ᠳᠤ ᠲᠥᠷᠦᠵᠡᠢ᠃ ᠬᠠᠷᠠᠬᠠᠨ ᠪᠠᠭ᠎ᠠ ᠠᠴᠠ ᠪᠠᠨ ᠡᠮᠡᠭᠡ ᠪᠣᠯᠣᠨ ᠡᠵᠢ ᠶᠢᠨ ᠢᠶᠠᠨ ᠨᠥᠯᠥᠭᠡ ᠶᠢ ᠬᠦᠷᠲᠡᠵᠦ᠂ 17 | ᠨᠠᠰᠤᠨ ᠠᠴᠠ ᠪᠠᠨ ᠡᠬᠢᠯᠡᠨ ᠴᠠᠭᠠᠨ ᠢᠳᠡᠭᠡ ᠬᠢᠬᠦ ᠤᠷ᠎ᠠ ᠮᠡᠷᠭᠡᠵᠢᠯ ᠢ ᠰᠤᠷᠴᠤ᠂ ᠡᠳᠦᠭᠡ ᠪᠣᠯᠲᠠᠯ᠎ᠠ 40 ᠵᠢᠯ ᠰᠢᠬᠠᠮ | ᠪᠣᠯᠵᠠᠶ᠃ ᠲᠡᠷᠡ ᠥᠩᠭᠡᠷᠡᠭᠰᠡᠨ ᠵᠢᠯ ᠤᠳ ᠲᠤ ᠶᠠᠪᠤᠭᠳᠠᠭᠰᠠᠨ ᠰᠢᠯᠤᠭᠤᠨ ᠬᠦᠬᠡ ᠬᠤᠰᠢᠭᠤᠨ ᠤ ︽ᠴᠠᠬᠠᠷ ᠴᠠᠭᠠᠨ | ᠢᠳᠡᠭᠡ︾ ᠰᠢᠯᠭᠠᠷᠠᠭᠤᠯᠬᠤ ᠤᠷᠤᠯᠳᠤᠭᠠᠨ ᠳᠤ ᠤᠯᠠᠨ ᠱᠠᠩᠨᠠᠯ ᠬᠦᠷᠲᠡᠵᠦ᠂ 2015 ᠣᠨ ᠳᠤ ᠰᠢᠯᠢ ᠶᠢᠨ ᠭᠤᠣᠯ | ᠠᠶᠢᠮᠠᠭ ᠤᠨ ︽ᠰᠢᠯᠢᠳᠡᠭ ᠤᠯᠠᠮᠵᠢᠯᠠᠭᠴᠢ︾ ᠪᠠᠷ ᠦᠨᠡᠯᠡᠭᠳᠡᠨ᠂ 2016 ᠣᠨ ᠤ ᠰᠢᠯᠢ ᠶᠢᠨ ᠭᠤᠤᠯ ᠠᠶᠢᠮᠠᠭ ᠤᠨ | ᠠᠩᠬᠠᠳᠤᠭᠠᠷ ᠬᠤᠭᠤᠴᠠᠭᠠᠨ ᠤ ︽ᠳᠠᠷᠬᠠᠨ ᠬᠤᠨᠳᠠᠭᠠᠲᠤ︾ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ | ︽ᠴᠠᠭᠠᠨ ᠢᠳᠡᠭᠡ ᠡᠳ᠋ᠰᠢᠭᠦᠯᠬᠦ︾ ᠤᠷ᠎ᠠ ᠮᠡᠷᠭᠡᠵᠢᠯ ᠤᠨ ᠨᠢᠭᠡᠳᠦᠭᠡᠷ ᠳᠡᠰ ᠤᠨ ᠱᠠᠩᠨᠠᠯ᠂ 2017 ᠣᠨ ᠳᠤ ᠰᠢᠯᠢ ᠶᠢᠨ | ᠭᠤᠣᠯ ᠠᠶᠢᠮᠠᠭ ᠤᠨ ︽ᠲᠠᠪᠤᠨ ᠰᠠᠷ᠎ᠠ ᠶᠢᠨ ᠨᠢᠭᠡᠨ︾ ᠤ ᠰᠢᠯᠢᠳᠡᠭ ᠬᠦᠳᠡᠯᠮᠦᠷᠢᠴᠢᠨ ᠤ ᠱᠠᠩᠨᠠᠯ ᠢ ᠬᠦᠷᠲᠡᠵᠦ᠂ 2018 | ᠣᠨ ᠳᠤ ᠪᠦᠬᠦ ᠬᠤᠰᠢᠭᠤᠨ ᠤ ︽ᠭᠤᠷᠪᠠᠨ ᠰᠠᠷ᠎ᠠ ᠶᠢᠨ ᠨᠠᠢᠮᠠᠨ︾ ᠤ ᠤᠯᠠᠭᠠᠨ ᠲᠤᠭᠴᠢ ᠪᠠᠷ ᠦᠨᠡᠯᠡᠭᠳᠡᠪᠡ᠃ ᠲᠡᠷᠡ | ᠤᠷᠲᠦ ᠬᠤᠭᠤᠴᠠᠭ᠎ᠠ ᠪᠠᠷ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠳᠤ ᠬᠦᠴᠦ ᠪᠠᠨ ᠡᠷᠭᠦᠵᠦ᠂ | ᠥᠪᠡᠷ ᠤᠨ ᠬᠦᠯᠦᠰᠦ ᠬᠦᠳᠡᠯᠮᠦᠷᠢ ᠪᠠᠷ ᠢᠶᠠᠨ ᠴᠠᠬᠠᠷ ︽ᠴᠠᠭᠠᠨ ᠢᠳᠡᠭᠡᠨ︾ ᠤ ᠰᠣᠶᠣᠯ ᠤᠨ ᠬᠠᠮᠠᠭᠠᠯᠠᠯᠲᠠ ᠪᠠ | ᠠᠯᠳᠠᠷᠰᠢᠯ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠡᠢ᠃ | ᠳᠠᠷᠠᠭ᠎ᠠ ᠨᠢ ᠲᠣᠭᠤ ᠪᠠᠭᠰᠢ ᠰᠤᠷᠤᠭᠴᠢᠳ ᠢᠶᠠᠨ ᠳᠠᠭᠠᠭᠤᠯᠤᠨ ᠰᠢ ᠪᠸᠢ ᠲᠠᠯ᠎ᠠ ᠨᠤᠲᠤᠭ ᠤᠨ ᠴᠠᠭᠠᠨ | ᠢᠳᠡᠭᠡᠨ ᠤ ᠰᠠᠭᠤᠷᠢᠨ ᠪᠣᠯᠤᠨ ︽ᠨᠠᠷᠠᠲᠤ︾ ᠴᠠᠭᠠᠨ ᠢᠳᠡᠭᠡᠨ ᠤ ᠳᠡᠯᠭᠡᠭᠦᠷ ᠢ ᠲᠣᠭᠤᠷᠢᠨ ᠦᠵᠡᠭᠰᠡᠨ ᠪᠠᠶᠢᠨ᠎ᠠ᠃ | ᠣᠷᠠᠯᠢᠭ ᠣᠷᠴᠢᠭᠤᠯᠵᠤ ᠮᠦᠳᠡᠭ ᠬᠢᠨᠠᠪᠠ | | | | | | | |