ᠪᠣᠱᠣᠣᠳᠠᠢ ᠰᠣᠮᠣ ᠭᠠᠴᠠᠭᠠᠨ ᠤ ᠬᠠᠮᠲᠦ ᠶᠢᠨ ᠡᠳ᠋ ᠬᠥᠷᠥᠩᠭᠡ ᠶᠢᠨ ᠡᠷᠬᠡ ᠶᠢᠨ ᠳᠥᠷᠢᠮ ᠳᠤ ᠬᠤᠪᠢᠴᠠᠭᠠᠲᠤ ᠥᠬᠡᠷᠡᠴᠢᠯᠡᠯᠳᠡ ᠬᠢᠬᠦ ᠠᠵᠢᠯ ᠢ ᠠᠮᠵᠢᠯᠳᠠ ᠲᠠᠢ ᠪᠠᠶᠠᠯᠡᠭᠦᠯᠪᠡ
ᠨᠡᠶᠢᠲᠡᠯᠡᠭᠰᠡᠨ ᠴᠠᠭ᠄
2020/7/20
         ᠭᠠᠴᠠᠭᠠᠨ ᠤ ᠬᠠᠮᠳᠣ ᠶᠢᠨ ᠠᠵᠣ ᠠᠬᠤᠢ ᠶᠢᠨ ᠢᠳᠡᠷᠡᠭᠦᠨ ᠬᠦᠭᠵᠢᠯᠳᠡ ᠶᠢ ᠠᠬᠢᠭᠤᠯᠵᠣ᠂ ᠥᠷᠭᠡᠨ ᠣᠯᠠᠨ ᠮᠠᠯᠴᠢᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠨ ᠪᠠᠳᠣᠯᠠᠵᠣ᠂ ᠨᠡᠶᠢᠭᠡᠮ ᠵᠢᠷᠣᠮ ᠤᠨ ᠵᠠᠬ᠎ᠠ ᠲᠡᠯᠭᠡᠭᠦᠷ ᠤᠨ ᠠᠵᠣ ᠠᠬᠤᠢ ᠳᠤ ᠳᠣᠬᠢᠷᠠᠭᠰᠠᠨ ᠬᠠᠮᠳᠣ ᠶᠢᠨ ᠡᠳ᠋ ᠬᠦᠷᠥᠩᠭᠡ ᠶᠢᠨ ᠬᠠᠮᠢᠶᠠᠷᠣᠯᠳᠠ ᠶᠢᠨ ᠳᠣᠭᠳᠠᠮᠵᠢ ᠶᠢ ᠪᠠᠶᠢᠭᠤᠯᠬᠤ ᠶᠢᠨ ᠳᠣᠰᠠᠳᠠ᠂ 4 ᠰᠠᠷᠠᠶᠢᠨ 15 ᠤ ᠡᠳᠦᠷ ᠠᠴᠠ 7 ᠰᠠᠷᠠᠶᠢᠨ 15 ᠤ ᠡᠳᠦᠷ ᠤᠨ ᠬᠤᠭᠤᠴᠠᠭᠠᠨ ᠳᠤ᠂ ᠪᠣᠱᠣᠣᠳᠠᠢ ᠰᠣᠮᠣ ᠭᠠᠴᠠᠭᠠᠨ ᠤ ᠬᠠᠮᠲᠦ ᠶᠢᠨ ᠡᠳ᠋ ᠬᠥᠷᠥᠩᠭᠡ ᠶᠢᠨ ᠡᠷᠬᠡ ᠶᠢᠨ ᠳᠥᠷᠢᠮ ᠳᠤ ᠬᠤᠪᠢᠴᠠᠭᠠᠲᠤ ᠥᠬᠡᠷᠡᠴᠢᠯᠡᠯᠳᠡ ᠬᠢᠬᠦ ᠠᠵᠢᠯ ᠢ ᠪᠦᠬᠦ ᠲᠠᠯ᠎ᠠ ᠪᠠᠷ ᠥᠷᠨᠢᠭᠦᠯᠦᠭᠰᠡᠨ ᠶᠣᠮ᠃         4 ᠰᠠᠷᠠᠶᠢᠠ ᠡᠬᠢᠨ ᠳᠤ ᠰᠣᠮᠣᠨ ᠤ ᠬᠠᠮᠲᠦ ᠶᠢᠨ ᠡᠳ᠋ ᠬᠥᠷᠥᠩᠭᠡ ᠶᠢᠨ ᠡᠷᠬᠡ ᠶᠢᠨ ᠳᠥᠷᠢᠮ ᠳᠤ ᠬᠤᠪᠢᠴᠠᠭᠠᠲᠤ ᠥᠬᠡᠷᠡᠴᠢᠯᠡᠯᠳᠡ ᠬᠢᠬᠦ ᠠᠵᠢᠯ ᠤᠨ ᠣᠳᠣᠷᠢᠳᠬᠤ ᠳᠣᠭᠤᠶᠢᠯᠠᠩ ᠠᠴᠠ ᠭᠠᠴᠠᠭᠠᠨ ᠤ ᠬᠠᠮᠲᠦ ᠶᠢᠨ ᠡᠳ᠋ ᠬᠥᠷᠥᠩᠭᠡ ᠶᠢᠨ ᠡᠷᠬᠡ ᠶᠢᠨ ᠳᠥᠷᠢᠮ ᠳᠤ ᠬᠤᠪᠢᠴᠠᠭᠠᠲᠤ ᠥᠬᠡᠷᠡᠴᠢᠯᠡᠯᠳᠡ ᠬᠢᠬᠦ ᠠᠵᠢᠯ ᠤᠨ ᠲᠦᠯᠬᠢᠨ ᠠᠬᠢᠭᠤᠯᠬᠤ ᠬᠤᠷᠠᠯ ᠢ ᠬᠤᠷᠠᠯᠳᠣᠵᠣ᠂ ᠳᠣᠰ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠣᠯᠳᠠ ᠬᠢᠪᠡ︔ ᠵᠠᠯᠭᠠᠭᠠᠳ ᠰᠣᠮᠣᠨ ᠤ ᠵᠠᠰᠠᠭ ᠤᠨ ᠣᠷᠳᠣᠨ ᠤ ᠳᠣᠰ ᠠᠵᠢᠯ ᠢ ᠬᠤᠪᠢᠳᠠᠨ ᠬᠠᠷᠢᠭᠤᠴᠠᠵᠣ ᠪᠠᠶᠢᠭ᠎ᠠ ᠣᠳᠣᠷᠢᠳᠣᠯᠭ᠎ᠠ ᠵᠢᠴᠢ ᠬᠠᠮᠢᠶ᠎ᠠ ᠪᠦᠬᠦᠢ ᠠᠵᠢᠯᠳᠠᠳ ᠠᠴᠠ ᠪᠦᠬᠦ ᠲᠠᠯ᠎ᠠ ᠶᠢᠨ ᠵᠢᠯᠣᠭᠤᠳᠣᠯᠭ᠎ᠠ ᠬᠢᠵᠦ᠂ ᠡᠯ᠎ᠡ ᠭᠠᠴᠠᠭᠠᠨ ᠤ ᠮᠠᠯᠴᠢᠳ  ᠤᠨ ᠶᠡᠭᠡ ᠬᠤᠷᠠᠯ ᠢ ᠬᠤᠷᠠᠯᠳᠣᠭᠤᠯᠵᠣ᠂ ︽ᠰᠢᠯᠣᠭᠤᠨ ᠬᠦᠬᠡ ᠬᠤᠰᠢᠭᠤᠨ ᠤ ᠬᠦᠳᠡᠭᠡ ᠳᠣᠰᠬᠤᠨ ᠤ ᠬᠠᠮᠲᠦ ᠶᠢᠨ ᠡᠳ᠋ ᠬᠥᠷᠥᠩᠭᠡ ᠶᠢᠨ ᠡᠷᠬᠡ ᠶᠢᠨ ᠳᠥᠷᠢᠮ ᠳᠤ ᠬᠤᠪᠢᠴᠠᠭᠠᠲᠤ ᠥᠬᠡᠷᠡᠴᠢᠯᠡᠯᠳᠡ ᠬᠢᠬᠦ ᠠᠵᠢᠯ ᠤᠨ ᠲᠦᠰᠦᠪ︾ ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠴᠠᠭᠠᠨ ᠤ ᠪᠣᠳᠠᠳᠣ ᠪᠠᠶᠢᠳᠠᠯ ᠲᠠᠢ ᠣᠶᠠᠯᠳᠣᠭᠤᠯᠵᠣ ᠭᠠᠴᠠᠭᠠᠨ ᠤ ᠠᠵᠢᠯ ᠤᠨ ᠳᠦᠰᠦᠪ ᠢ ᠳᠣᠭᠳᠠᠭᠠᠨ᠂ ᠭᠠᠴᠠᠭᠠᠨ ᠤ ᠡᠳ᠋ ᠬᠥᠷᠥᠩᠭᠡ ᠶᠢ ᠬᠡᠮᠵᠢᠶᠡᠯᠡᠬᠦ᠂ ᠬᠤᠪᠢᠴᠠᠭᠠᠨ ᠤ ᠡᠷᠬᠡ ᠶᠢ ᠲᠤᠬᠢᠷᠠᠭᠤᠯᠬᠤ᠂ ᠬᠤᠪᠢᠴᠠᠭᠠᠨ ᠤ ᠡᠷᠬᠡ ᠶᠢᠨ ᠬᠠᠮᠢᠶᠠᠷᠤᠯᠲᠠ ᠶᠢᠨ ᠳᠣᠬᠠᠢ ᠠᠵᠢᠯ ᠢ ᠬᠦᠢᠴᠡᠳᠭᠡᠵᠦ ᠬᠤᠪᠢᠴᠠᠭᠠᠲᠤ ᠠᠵᠤ ᠠᠬᠤᠢ ᠶᠢᠨ ᠬᠤᠷᠰᠢᠶᠠᠵᠢᠯ ᠪᠠᠶᠢᠭᠤᠯᠵᠣ᠂ 7 ᠰᠠᠷᠠᠶᠢᠨ 15 ᠤ ᠡᠳᠦᠷ ᠪᠣᠯᠳᠠᠯ᠎ᠠ ᠪᠦᠬᠦ ᠰᠣᠮᠣᠨ ᠤ 16 ᠭᠠᠴᠠᠭᠠᠨ ᠤ ᠬᠠᠮᠲᠦ ᠶᠢᠨ ᠡᠳ᠋ ᠬᠥᠷᠥᠩᠭᠡ ᠶᠢᠨ ᠡᠷᠬᠡ ᠶᠢᠨ ᠳᠥᠷᠢᠮ ᠳᠤ ᠬᠤᠪᠢᠴᠠᠭᠠᠲᠤ ᠥᠬᠡᠷᠡᠴᠢᠯᠡᠯᠳᠡ ᠬᠢᠬᠦ ᠠᠵᠢᠯ ᠢ ᠪᠦᠬᠦᠨ ᠢ ᠬᠦᠢᠴᠡᠳᠬᠡᠭᠰᠡᠨ ᠪᠠᠶᠢᠨ᠎ᠠ᠃         ᠳᠣᠰ ᠣᠳᠠᠭᠠᠨ ᠤ ᠭᠠᠴᠠᠭᠠᠨ ᠤ ᠬᠠᠮᠲᠦ ᠶᠢᠨ ᠡᠳ᠋ ᠬᠥᠷᠥᠩᠭᠡ ᠶᠢᠨ ᠡᠷᠬᠡ ᠶᠢᠨ ᠳᠥᠷᠢᠮ ᠳᠤ ᠬᠤᠪᠢᠴᠠᠭᠠᠲᠤ ᠥᠬᠡᠷᠡᠴᠢᠯᠡᠯᠳᠡ ᠶᠢᠨ ᠠᠵᠢᠯ ᠢ ᠥᠷᠨᠢᠭᠦᠯᠬᠦ ᠪᠠᠷ ᠲᠠᠮᠵᠢᠨ᠂ ᠭᠠᠴᠠᠭᠠᠨ ᠤ ᠦᠨᠳᠦᠰᠦᠨ ᠡᠵᠡᠩᠨᠡᠯᠳᠡ  ᠶᠢᠨ ᠲᠦᠷᠢᠮᠵᠢᠯ ᠢ ᠲᠡᠭᠦᠯᠳᠡᠷᠵᠢᠭᠦᠯᠦᠨ᠂ ᠮᠠᠯᠴᠢᠨ ᠲᠦᠮᠡᠨ ᠤ ᠬᠠᠮᠳᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ ᠳᠠᠬᠢ ᠡᠳ᠋ ᠬᠦᠷᠥᠩᠭᠡ ᠶᠢᠨ ᠡᠷᠬᠡ ᠠᠰᠢᠭ ᠢ ᠪᠠᠳᠣᠯᠠᠨ ᠬᠠᠮᠠᠭᠠᠯᠠᠵᠣ᠂ ᠦᠨᠳᠦᠰᠦᠨ ᠱᠠᠳᠣᠨ ᠤ ᠨᠠᠮ  ᠤᠨ ᠵᠣᠬᠢᠶᠠᠨ ᠪᠠᠶᠢᠭᠤᠯᠣᠯᠳᠠ ᠶᠢᠨ ᠵᠠᠰᠠᠭ ᠪᠠᠷᠢᠬᠤ ᠰᠠᠭᠤᠷᠢ ᠶᠢ ᠪᠠᠳᠣᠳᠬᠠᠨ᠂ ᠬᠠᠮᠳᠣ ᠶᠢᠨ ᠠᠵᠣ ᠠᠬᠤᠢ ᠶᠢᠨ ᠬᠦᠭᠵᠢᠯᠳᠡ ᠳᠤ ᠬᠦᠳᠡᠯᠭᠡᠭᠴᠢ ᠬᠦᠴᠦᠨ ᠬᠢᠬᠡᠳ ᠠᠮᠢᠵᠢᠷᠠᠯ ᠤᠨ ᠬᠦᠴᠦᠨ ᠢ ᠣᠯᠭᠤᠵᠣ᠂ ᠮᠠᠯᠴᠢᠳ ᠤᠨ ᠡᠳ᠋ ᠬᠦᠷᠥᠩᠭᠡ ᠶᠢᠨ ᠴᠢᠨᠠᠷᠳᠠᠢ ᠣᠷᠣᠯᠭ᠎ᠠ ᠶᠢ ᠣᠯᠠᠮ ᠨᠢᠬᠡ ᠠᠯᠬᠤᠮ ᠨᠡᠮᠡᠭᠳᠡᠭᠦᠯᠬᠦ ᠳᠤ ᠣᠬᠢ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ    ᠣᠶᠠᠩᠭ᠎ᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号