ᠨᠡᠷᠡᠲᠦ ᠰᠤᠮᠤ ᠰᠢᠯᠤᠭᠤᠨ ᠬᠥᠬᠡ ᠬᠤᠰᠢᠭᠤᠨ ᠤ ︽ᠰᠠᠶᠢᠨ ᠡᠭᠦᠯᠳᠡᠷ ᠤᠨ ᠮᠢᠬᠠᠨ ᠤ ᠦᠬᠡᠷ ᠤᠨ ᠰᠢᠯᠭᠠᠷᠠᠭᠤᠯᠤᠯᠳᠠ︾ ᠳᠤ ᠣᠷᠣᠯᠴᠠᠬᠤ ᠪᠡᠯᠡᠳᠬᠡᠯ ᠠᠵᠢᠯ ᠢᠶᠠᠨ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2020/7/23
           ᠣᠶᠢᠷ᠎ᠠ ᠶᠢᠨ ᠡᠳᠦᠷ᠂ ᠨᠠᠷᠠᠲᠤ ᠰᠤᠮᠤ ᠰᠢᠯᠤᠭᠤᠨ ᠬᠥᠬᠡ ᠬᠤᠰᠢᠭᠤᠨ ᠤ ︽ᠰᠠᠶᠢᠨ ᠡᠭᠦᠯᠳᠡᠷ ᠤᠨ ᠮᠢᠬᠠᠨ ᠤ ᠦᠬᠡᠷ ᠤᠨ ᠰᠢᠯᠭᠠᠷᠠᠭᠤᠯᠤᠯᠳᠠ︾ ᠳᠤ ᠣᠷᠣᠯᠴᠠᠬᠤ ᠦᠬᠡᠷ ᠤᠨ ᠴᠢᠨᠠᠷ᠂ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠢ ᠪᠦᠬᠦ ᠲᠠᠯ᠎ᠠ ᠪᠠᠷ ᠡᠵᠡᠮᠳᠡᠬᠦ ᠶᠢᠨ ᠲᠥᠯᠥᠭᠡ᠂ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ ᠂ ᠶᠡᠷᠦᠩᠬᠡᠶᠢᠯᠡᠭᠰᠡᠨ ᠮᠡᠷᠭᠡᠵᠢᠯ ᠤᠨ ᠪᠠᠲᠤᠯᠠᠭ᠎ᠠ ᠶᠢ ᠲᠥᠭᠡᠮᠡᠯᠵᠢᠭᠦᠯᠬᠦ ᠲᠥᠪ ᠤᠨ ᠠᠵᠢᠯᠲᠠᠨ ᠢ ᠵᠣᠬᠢᠶᠠᠨ ᠪᠠᠶᠢᠭᠤᠯᠤᠨ ᠂ ᠰᠢᠯᠭᠠᠷᠠᠭᠤᠯᠤᠯᠳᠠ ᠳᠤ ᠣᠷᠣᠯᠴᠠᠬᠤ ᠪᠠᠷ ᠪᠠᠶᠢᠭ᠎ᠠ 12 ᠭᠤᠣᠯᠯᠠᠭᠴᠢ ᠰᠦᠷᠦᠭ ᠤᠨ ᠳᠣᠲᠣᠷᠠᠬᠢ 24 ᠲᠤᠭᠤᠯ ᠵᠢᠴᠢ 9 ᠮᠠᠯ ᠠᠵᠤ ᠠᠬᠤᠢ ᠶᠢᠨ ᠲᠣᠮᠣ ᠡᠷᠦᠬᠡ ᠶᠢᠨ 20 ᠲᠤᠭᠤᠯ᠂ 5 ᠨᠠᠰᠤ ᠭᠦᠢᠴᠡᠭᠰᠡᠨ ᠦᠨᠢᠶ᠎ᠡ᠂ 5 ᠲᠤᠭᠤᠯᠯᠠᠬᠤ ᠦᠨᠢᠶ᠎ᠡ ᠵᠡᠷᠭᠡ ᠨᠡᠶᠢᠲᠡ 54 ᠦᠬᠡᠷ ᠲᠤ ᠦᠢᠯᠡᠳᠪᠦᠷᠢᠯᠡᠯ ᠤᠨ ᠴᠢᠳᠠᠪᠬᠢ ᠶᠢᠨ ᠬᠡᠮᠵᠢᠯᠳᠠ ᠪᠠ ᠬᠢᠵᠢᠭ ᠡᠪᠡᠳᠴᠢᠨ ᠢ ᠰᠡᠷᠬᠡᠶᠢᠯᠡᠨ ᠬᠤᠷᠢᠭᠯᠠᠬᠤ ᠶᠠᠩᠵᠤ ᠠᠪᠬᠤ ᠠᠵᠢᠯ ᠢ ᠥᠷᠨᠢᠭᠦᠯᠪᠡ᠃           ᠠᠵᠢᠯᠯᠠᠬᠤ ᠳᠤᠭᠤᠶᠢᠯᠠᠩ ᠨᠢ ︽ᠰᠢᠯᠤᠭᠤᠨ ᠬᠥᠬᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ︿ᠰᠠᠶᠢᠨ ᠡᠭᠦᠯᠳᠡᠷ ᠤᠨ ᠮᠢᠬᠠᠨ ᠤ ᠦᠬᠡᠷ ᠤᠨ ᠰᠢᠯᠭᠠᠷᠠᠭᠤᠯᠤᠯᠳᠠ﹀ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠭᠤᠭᠤᠰᠤᠳᠠᠢ᠂ ᠬᠦᠬᠡᠨᠠᠭᠤᠷ᠂ ᠬᠤᠯᠤᠰᠤᠲᠠᠶ᠂ ᠴᠠᠭᠠᠡᠪᠤᠭ᠎ᠠ᠂ ᠳᠠᠭᠤᠳᠣᠨᠠᠭᠤᠷ᠂ ᠪᠠᠶᠠᠨᠮᠡᠨᠳᠦ ᠵᠡᠷᠭᠡ 6 ᠭᠠᠴᠠᠭᠠᠨ ᠤ 22 ᠮᠠᠯᠴᠢᠨ ᠤ ᠤᠷᠤᠯᠳᠤᠭᠠᠨ ᠳᠤ ᠣᠷᠣᠯᠴᠠᠬᠤ ᠦᠬᠡᠷ ᠲᠤ ᠲᠥᠷᠥᠯ ᠵᠦᠢᠯ ᠤᠨ ᠣᠨᠴᠠᠯᠢᠭ᠂ ᠪᠡᠶ᠎ᠡ ᠪᠢᠯᠳᠠᠷ᠂ ᠪᠡᠶ᠎ᠡ ᠶᠢᠨ ᠬᠦᠨᠳᠦ᠂ ᠦᠢᠯᠡᠳᠪᠦᠷᠢᠯᠡᠯ ᠤᠨ ᠴᠢᠳᠠᠪᠬᠢ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠶᠠᠩᠵᠤ ᠠᠪᠬᠤ ᠠᠵᠢᠯ ᠢ ᠥᠷᠨᠢᠭᠦᠯᠪᠡ᠃           ᠠᠶᠢᠮᠠᠭ ᠤᠨ ᠨᠠᠮ ᠤᠨ ᠬᠤᠷᠢᠶᠠᠨ ᠤ ︽ᠬᠤᠨᠢ ᠶᠢ ᠴᠥᠭᠡᠳᠬᠡᠵᠦ ᠦᠬᠡᠷ ᠮᠠᠯᠵᠢᠬᠤ︾ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠤᠤᠱᠯᠠᠭᠤᠯᠤᠭᠰᠠᠨ ᠦᠷ᠎ᠡ ᠪᠦᠳᠦᠮᠵᠢ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠤᠷᠠᠳᠤᠭᠰᠠᠨ ᠦᠬᠡᠷ ᠤᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠭᠦᠢᠴᠡᠳ ᠬᠠᠷᠠᠭᠤᠯᠬᠤ ᠶᠢᠨ ᠲᠥᠯᠥᠭᠡ᠂ ᠨᠡᠷᠡᠲᠦ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠲᠤᠰ ᠤᠳᠠᠭᠠᠨ ᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠶᠠᠲᠤ ᠣᠷᠣᠨ ᠤ ᠪᠠᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠵᠤ᠂ ᠬᠠᠮᠢᠶ᠎ᠠ ᠪᠦᠬᠦᠢ ᠠᠵᠢᠯ ᠢ ᠬᠢᠨᠠᠮᠠᠭᠠᠢ ᠪᠡᠶᠡᠯᠡᠭᠦᠯᠦᠭᠰᠡᠨ ᠪᠠᠶᠢᠨ᠎ᠠ᠃ᠤᠶᠤᠨᠰᠡᠷᠭᠦᠯᠡᠩ ᠣᠷᠴᠢᠭᠤᠯᠵᠤ᠂ ᠮᠦᠳᠡᠭ ᠬᠢᠨᠡᠪᠡ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠥᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号