ᠣᠶᠢᠷ᠎ᠠ ᠶᠢᠨ ᠡᠳᠦᠷ᠂ ᠪᠤᠱᠤᠤᠳᠠᠢ ᠰᠤᠮᠤ 2020 ᠤᠨ ᠤ ᠬᠤᠶᠠᠳᠤᠭᠠᠷ ᠤᠳᠠᠭᠠᠨ ᠤ ᠭᠠᠴᠠᠭᠠᠨ | ᠤ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠭᠵᠢᠬᠦᠯᠬᠦ ᠰᠤᠳᠤᠯᠤᠨ ᠮᠠᠭᠠᠳᠯᠠᠬᠤ ᠬᠤᠷᠠᠯ ᠢ | ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ ᠤᠶᠤᠨᠲᠠᠨ᠎ᠠ ᠬᠤᠷᠠᠯ ᠡᠷᠬᠢᠯᠡᠵᠦ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠢᠬᠦᠨ ᠪᠣᠯᠤᠨ ᠬᠡᠰᠡᠭ ᠭᠠᠴᠠᠭᠠᠨ ᠤ ᠨᠠᠮ ᠤᠨ | ᠡᠭᠦᠷ ᠤᠨ ᠱᠦᠵᠢ ᠬᠤᠷᠠᠯ ᠳᠤ ᠣᠷᠣᠯᠴᠠᠪᠠ᠃ | ᠬᠤᠷᠠᠯ ᠳᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ | ᠪᠠᠶᠢᠳᠠᠯ ᠢ ᠭᠤᠤᠯᠳᠠᠯᠭ᠎ᠠ ᠲᠠᠢ ᠪᠠᠷ ᠰᠣᠨᠣᠰᠴᠤ᠂ ᠬᠠᠮᠲᠤ ᠶᠢᠨ ᠠᠵᠤ ᠠᠬᠤᠢ ᠪᠠᠭᠤᠷᠠᠢ ᠭᠠᠴᠠᠭᠠᠨ ᠳᠤ ᠣᠷᠣᠰᠢᠵᠤ | ᠪᠠᠶᠢᠭ᠎ᠠ ᠠᠰᠠᠭᠤᠳᠠᠯ ᠢ ᠳᠠᠬᠢᠨᠲᠠ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠤᠷᠤᠰᠢᠵᠤ ᠪᠠᠶᠢᠭ᠎ᠠᠠᠰᠠᠭᠤᠳᠠᠯ | ᠢ ᠰᠢᠢᠳᠪᠦᠷᠢᠯᠡᠬᠦ ᠰᠠᠨᠠᠯ ᠰᠠᠨᠠᠭᠤᠯᠭ᠎ᠠ ᠳᠤᠷᠠᠳᠪᠠ᠃ | ᠬᠤᠷᠠᠯ ᠳᠡᠭᠡᠷ᠎ᠡ᠂ ᠰᠤᠮᠤᠨ ᠤ ᠨᠠᠮ ᠤᠨ ᠬᠤᠷᠢᠶᠠᠨ ᠤ ᠱᠦᠵᠢ ᠭᠡᠷᠡᠯᠴᠣᠭᠲᠤ ᠱᠠᠭᠠᠷᠳᠠᠯᠭ᠎ᠠ | ᠳᠤᠷᠠᠳᠴᠤ᠂ ᠨᠠᠮ ᠤᠨ ᠡᠭᠦᠷ ᠤᠨ ᠱᠦᠵᠢ ᠨᠠᠷ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠵᠢᠯ ᠢ ᠰᠠᠶᠢᠲᠤᠷ | ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠨᠠᠮ ᠤᠨ ᠡᠭᠦᠷ ᠤᠨ ᠭᠤᠣᠯ ᠴᠣᠭᠴᠠ ᠶᠢᠨ ᠦᠢᠯᠡᠳᠦᠯ | ᠢ ᠭᠦᠢᠴᠡᠳ ᠪᠠᠳᠠᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ | ᠠᠵᠢᠯ ᠢ ᠭᠠᠷ ᠲᠠᠭᠠᠨ ᠠᠳᠬᠤᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ | ᠦᠢᠯᠡ ᠠᠵᠢᠯᠯᠠᠭ᠎ᠠ ᠶᠢᠨ ᠲᠠᠯ᠎ᠠ ᠪᠠᠷ ᠪᠤᠰᠢᠭᠤ ᠲᠦᠷᠭᠡᠨ ᠬᠥᠳᠡᠯᠦᠯᠴᠡᠵᠦ᠂ ᠨᠠᠷᠢᠨ ᠬᠢᠨᠠᠮᠠᠭᠠᠶ ᠬᠠᠷᠢᠭᠤᠴᠠᠬᠤ ᠣᠪᠣᠷ | ᠪᠠᠷ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠪᠠᠷ ᠳᠠᠮᠵᠢᠵᠤ᠂ ᠨᠠᠶᠢᠳᠠᠪᠤᠷᠢᠵᠢᠭᠤᠯᠤᠯᠳᠠ ᠶᠢ | ᠰᠠᠶᠢᠲᠤᠷ ᠠᠳᠬᠤᠵᠤ᠂ ᠵᠢᠯ ᠤᠨ ᠡᠴᠦᠰ ᠲᠤ ᠪᠦᠬᠦᠶᠢᠯᠡ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ 5 ᠲᠦᠮᠡᠨ ᠲᠥᠭᠦᠷᠢᠭ ᠲᠤ ᠬᠦᠷᠭᠡᠬᠦ ᠬᠠᠷᠠᠯᠲᠠ ᠶᠢ ᠪᠠᠳᠤᠯᠠᠨ᠂《 | ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ 》ᠠᠵᠢᠯ ᠤᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠬᠠᠮᠲᠤ | ᠶᠢᠨ ᠡᠳ᠋ ᠤᠨ ᠶᠠᠪᠤᠳᠠᠯ ᠤᠨ ᠲᠦᠷᠢᠮ ᠢ ᠲᠦᠷᠢᠮᠵᠢᠬᠦᠯᠵᠦ᠂ ᠡᠳ᠋ ᠤᠨ ᠶᠠᠪᠤᠳᠠᠯ ᠤᠨ ᠬᠠᠮᠢᠶ᠎ᠠ ᠪᠦᠬᠦᠢ ᠰᠠᠬᠢᠯᠭ᠎ᠠ | ᠪᠠᠲᠤ ᠶᠢ ᠰᠠᠶᠢᠲᠤᠷ ᠰᠠᠬᠢᠬᠤ ᠬᠡᠷᠡᠭᠳᠠᠢ ᠭᠡᠰᠡᠨ ᠪᠠᠶᠢᠨ᠎ᠠ᠃ | ᠢᠷᠡᠯᠲᠡ᠄ ᠪᠣᠱᠣᠣᠲᠠᠢ ᠰᠣᠮᠣᠨ ᠤ ᠠᠷᠠᠳ ᠤᠨ ᠵᠠᠰᠠᠭ ᠤᠨ ᠣᠷᠳᠣᠨ ᠡᠩᠬᠡᠳᠣᠷᠣᠨᠠ |