| 8 ᠰᠠᠷᠠᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠣᠯᠣᠰ | ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠵᠠᠩ ᠶᠥᠩ ᠴᠢᠤᠸᠠᠨ ᠪᠣᠱᠣᠣᠳᠠᠢ ᠰᠣᠮᠣᠨ ᠳᠤ | ᠬᠦᠨᠵᠡᠭᠡᠶᠢᠷᠡᠵᠦ ᠦᠨᠳᠦᠰᠦᠨ ᠱᠠᠳᠣᠨ ᠤ ᠨᠡᠶᠢᠭᠡᠮ ᠤᠨ ᠴᠡᠭᠴᠡᠯᠡᠯᠳᠡ᠂ ᠠᠮᠣᠷ ᠲᠠᠶᠢᠪᠣᠩ ᠤᠨ ᠪᠠᠶᠢᠭᠤᠯᠣᠯᠳᠠ ᠶᠢᠨ | ᠠᠯᠪᠠᠨ ᠭᠡᠷ ᠤᠨ ᠪᠦᠳᠦᠭᠡᠨ ᠪᠠᠶᠢᠭᠤᠯᠣᠯᠳᠠ ᠶᠢᠨ ᠠᠵᠢᠯ ᠢ ᠬᠢᠨᠠᠨ ᠵᠢᠯᠣᠭᠤᠳᠴᠦ ᠪᠠᠶᠢᠴᠠᠭᠠᠨ ᠰᠣᠳᠣᠯᠪᠡ᠃ | ᠰᠣᠮᠣᠨ ᠤ ᠬᠤᠷᠠᠯ ᠤᠨ ᠭᠡᠷ ᠲᠤ ᠰᠠᠭᠤᠳᠠᠯ ᠤᠨ ᠬᠤᠷᠠᠯ ᠬᠤᠷᠠᠯᠳᠣᠵᠣ᠂ ᠵᠠᠩ ᠶᠥᠩ ᠴᠢᠤᠸᠠᠨ | ᠰᠣᠮᠣᠨ ᠤ ᠨᠠᠮ ᠤᠨ ᠬᠤᠷᠢᠶᠠᠨ ᠤ ᠶᠡᠷᠥᠩᠭᠡᠶᠢᠯᠡᠨ ᠵᠠᠰᠠᠬᠤ ᠠᠵᠢᠯ᠂ ᠠᠮᠣᠷ ᠲᠠᠶᠢᠪᠣᠩ ᠤᠨ ᠪᠠᠶᠢᠭᠤᠯᠣᠯᠳᠠ ᠶᠢᠨ | ᠠᠵᠢᠯ ᠤᠨ ᠠᠯᠪᠠᠨ ᠭᠡᠷ ᠤᠨ ᠬᠠᠮᠢᠶ᠎ᠠ ᠪᠦᠬᠦᠢ ᠪᠠᠶᠢᠳᠠᠯ ᠤᠨ ᠳᠣᠬᠠᠢ ᠬᠠᠷᠢᠭᠤ ᠮᠡᠳᠡᠭᠦᠯᠦᠯᠳᠡ ᠶᠢ ᠰᠣᠨᠣᠰᠴᠦ᠂ | ᠬᠠᠷ᠎ᠠ ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠳᠣᠰᠬᠠᠢ ᠲᠡᠮᠡᠴᠡᠯ᠂ ᠦᠨᠳᠦᠰᠦᠨ ᠱᠠᠳᠣᠨ ᠤ ᠨᠡᠶᠢᠭᠡᠮ ᠤᠨ | ᠴᠡᠭᠴᠡᠯᠡᠯᠳᠡ᠂ ᠵᠦᠷᠢᠴᠡᠯ ᠵᠢᠭᠤᠷᠠᠯᠳᠣᠭᠠᠨ ᠤ ᠮᠦᠷᠳᠡᠨ ᠪᠠᠶᠢᠴᠠᠭᠠᠯᠳᠠ᠂ ᠣᠬᠠᠭᠤᠯᠭ᠎ᠠ ᠵᠢᠯᠣᠭᠤᠳᠣᠯᠭ᠎ᠠ ᠵᠡᠷᠭᠡ | ᠠᠵᠢᠯ ᠢ ᠨᠠᠷᠢᠯᠢᠭ ᠣᠶᠢᠯᠭᠠᠵᠣ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠣᠯᠳᠠ ᠬᠢᠭᠰᠡᠨ ᠪᠠᠶᠢᠨ᠎ᠠ᠃ | ᠲᠠᠷᠠᠭ᠎ᠠ ᠨᠢ ᠰᠣᠮᠣᠨ ᠤ ᠳᠣᠮᠢᠯᠠᠭᠰᠠᠨ ᠰᠠᠯᠪᠦᠷᠢ ᠳᠤ ᠬᠦᠷᠴᠦ᠂ ᠦᠨᠳᠦᠰᠦᠨ ᠱᠠᠳᠣᠨ ᠤ ᠲᠣᠮᠢᠯᠠᠭᠰᠠᠨ ᠰᠠᠯᠪᠦᠷᠢ | ᠶᠢᠨ ᠨᠡᠶᠢᠭᠡᠮ ᠤᠨ ᠠᠮᠣᠷ ᠢ ᠬᠠᠮᠠᠭᠠᠯᠠᠬᠤ ᠬᠠᠮᠢᠶᠠᠷᠣᠯᠳᠠ᠂ ᠬᠦᠮᠦᠨ ᠠᠮᠠ ᠶᠢᠨ ᠬᠠᠮᠢᠶᠠᠷᠣᠯᠳᠠ᠂ ᠡᠯ᠎ᠡ ᠵᠦᠢᠯ ᠤᠨ | ᠵᠦᠷᠢᠴᠡᠯ ᠵᠢᠭᠤᠷᠠᠯᠳᠣᠭᠠᠨ ᠢ ᠮᠦᠷᠳᠡᠨ ᠪᠠᠶᠢᠴᠠᠭᠠᠵᠣ ᠰᠢᠢᠳᠪᠦᠷᠢᠯᠡᠬᠦ ᠵᠡᠷᠭᠡ ᠡᠳᠦᠷ ᠳᠣᠳᠣᠮ ᠤᠨ ᠠᠵᠢᠯ ᠢ | ᠣᠶᠢᠯᠭᠠᠪᠠ᠃ | ᠵᠠᠩ ᠶᠥᠩ ᠴᠢᠤᠸᠠᠨ ᠲᠡᠨᠵᠢᠪᠣᠯᠠᠭ ᠭᠠᠴᠠᠭᠠᠨ ᠤ ᠨᠠᠮ ᠤᠨ ᠬᠡᠰᠢᠭᠦᠨ ᠤ ᠭᠤᠣᠯᠯᠠᠬᠤ ᠡᠷᠦᠬᠡ ᠶᠢᠨ | ᠬᠦᠳᠦᠯᠪᠦᠷᠢ ᠶᠢᠨ ᠥᠷᠦᠬᠡ ( ᠶᠡᠷᠦᠩᠬᠡᠶᠢᠯᠡᠨ ᠵᠠᠰᠠᠬᠤ ᠥᠷᠳᠡᠭᠡ) ᠳᠤ ᠬᠦᠷᠴᠦ᠂ ᠦᠨᠳᠦᠰᠦᠨ ᠱᠠᠲᠤᠨ ᠤ | ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠳᠤ ᠨᠢ | ᠪᠠᠶᠢᠴᠠᠭᠠᠵᠣ᠂ ᠳᠠᠩᠰᠠ ᠡᠪᠬᠡᠮᠡᠯ᠂ ᠳᠦᠷᠢᠮ ᠳᠣᠭᠳᠠᠭᠠᠯ ᠤᠨ ᠪᠠᠶᠢᠭᠤᠯᠤᠯᠲᠠ ᠵᠡᠷᠭᠡ ᠶᠢ ᠨᠠᠷᠢᠨ ᠬᠢᠨᠠᠮᠠᠭᠠᠢ | ᠪᠠᠶᠢᠴᠠᠭᠠᠨ ᠦᠵᠡᠬᠦ ᠶᠢᠨ ᠬᠠᠮᠲᠤ ᠦᠨᠳᠦᠰᠦᠨ ᠱᠠᠲᠤᠨ ᠤ ᠶᠡᠷᠦᠩᠬᠡᠢᠯᠡᠭᠰᠡᠨ ᠵᠠᠰᠠᠬᠤ ᠥᠷᠳᠡᠭᠡᠨ ᠤ ᠮᠠᠯᠴᠢᠨ | ᠲᠦᠮᠡᠨ ᠳᠤ ᠦᠢᠯᠡᠴᠢᠯᠡᠬᠦ᠂ ᠬᠥᠷᠰᠢ ᠵᠡᠷᠭᠡᠯᠡᠳᠡᠭᠡ ᠠᠶᠢᠯ ᠣᠰᠣᠨ ᠤ ᠵᠦᠷᠢᠴᠡᠯ ᠵᠢᠭᠤᠷᠠᠯᠳᠤᠭᠠᠨ ᠢ ᠡᠶᠡᠳᠡᠭᠦᠯᠬᠦ᠂ | ᠡᠯ᠎ᠡ ᠵᠦᠢᠯ ᠤᠨ ᠵᠥᠷᠢᠴᠡᠯ ᠮᠦᠷᠭᠦᠯᠳᠦᠭᠡᠨ ᠢ ᠴᠠᠭ ᠲᠤᠬᠠᠢ ᠳᠤᠨᠢ ᠰᠢᠢᠳᠪᠦᠷᠢᠯᠡᠬᠦ ᠵᠡᠷᠭᠡ ᠠᠵᠢᠯ ᠢ ᠭᠦᠢᠴᠡᠳ | ᠨᠤᠲᠠᠯᠠᠪᠠ᠃ | ᠵᠠᠩ ᠶᠦᠩ ᠴᠢᠤᠸᠠᠨ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠯᠳᠠ ᠪᠠᠨ ᠳᠡᠭᠡᠭᠰᠢᠯᠡᠭᠦᠯᠵᠦ | ᠂ ᠮᠠᠯᠴᠢᠨ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠦᠶᠯᠡᠴᠢᠯᠡᠭᠡᠨ ᠤ ᠠᠷᠭ᠎ᠠ ᠮᠠᠶ᠋ᠢᠭ ᠢᠶᠠᠨ ᠤᠯᠠᠮ | ᠨᠠᠷᠢᠯᠢᠭᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠳᠤ ᠦᠶᠯᠡᠴᠢᠯᠡᠬᠦ ᠠᠵᠢᠯ ᠤᠨ | ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠣᠬᠠᠭᠤᠯᠭ᠎ᠠ | ᠵᠢᠯᠣᠭᠤᠳᠣᠯᠭ᠎ᠠ ᠶᠢᠨ ᠠᠵᠢᠯ ᠢ ᠴᠢᠬᠤᠯᠠᠴᠢᠯᠠᠵᠤ᠂ ᠸᠢᠴᠠᠲ ᠵᠡᠷᠭᠡ ᠰᠢᠨ᠎ᠡ ᠵᠠᠭᠤᠴᠢᠯᠠᠭᠤᠷ ᠤᠨ ᠵᠠᠰᠠᠭ ᠤᠨ ᠶᠠᠪᠤᠳᠠᠯ | ᠤᠨ ᠲᠠᠪᠴᠠᠩ ᠢ ᠭᠦᠢᠴᠡᠳ ᠠᠰᠢᠭᠯᠠᠨ᠂ ᠳᠣᠪᠴᠢ ᠮᠡᠳᠡᠭᠡᠨ ᠤ ᠤᠬᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ | ᠵᠢᠯᠣᠭᠤᠳᠤᠮᠵᠢ ᠶᠢ ᠴᠢᠩᠭᠠᠳᠬᠠᠵᠤ᠂ ᠮᠠᠯᠴᠢᠳ ᠤᠨ ᠦᠵᠡᠯ ᠰᠠᠨᠠᠭᠠᠨ ᠤ ᠬᠡᠪ ᠴᠢᠨᠠᠷ ᠵᠢᠴᠢ ᠲᠠᠨᠢᠯᠲᠠ ᠶᠢᠨ ᠬᠢᠷᠢ | ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠬᠥᠷᠰᠢ ᠵᠡᠷᠭᠡᠯᠡᠳᠡᠭᠡ ᠠᠶᠢᠯ ᠣᠰᠣᠨ ᠤ ᠬᠠᠷᠢᠴᠠᠭ᠎ᠠ ᠶᠢ | ᠰᠠᠶᠢᠵᠢᠷᠠᠭᠤᠯᠣᠨ᠂ ᠡᠶ᠎ᠡ ᠵᠣᠬᠢᠴᠠᠯᠳᠣ ᠲᠣᠭᠲᠠᠭᠤᠨ ᠪᠠᠶᠢᠳᠠᠯ ᠢ ᠠᠬᠢᠭᠤᠯᠬᠤ ᠬᠡᠷᠡᠭᠳᠡᠢ︔ ᠦᠨᠳᠦᠰᠦᠨ ᠱᠠᠲᠤᠨ ᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ᠂ | ᠬᠠᠤᠯᠢ ᠴᠠᠭᠠᠵᠠ ᠶᠢᠨ ᠰᠠᠯᠪᠦᠷᠢ᠂ ᠠᠮᠤᠷ ᠲᠠᠶᠢᠪᠣᠩ ᠤᠨ ᠪᠠᠶᠢᠭᠤᠯᠣᠯᠳᠠ ᠶᠢᠨ ᠠᠯᠪᠠᠨ ᠭᠡᠷ ᠵᠡᠷᠭᠡ ᠦᠨᠳᠦᠰᠦᠨ | ᠱᠠᠲᠤᠨ ᠤ ᠠᠵᠢᠯ ᠤᠨ ᠨᠢᠭᠡᠴᠡ ᠶᠢᠨ ᠣᠯᠠᠨ ᠰᠠᠯᠠᠭ᠎ᠠ ᠮᠥᠴᠢᠷ ᠬᠠᠮᠳᠣᠷᠠᠨ ᠬᠥᠳᠡᠯᠦᠯᠴᠡᠬᠦ ᠠᠬᠢᠴᠠ ᠶᠢ | ᠴᠢᠩᠭᠠᠳᠬᠠᠵᠣ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠦᠶᠯᠡᠳᠦᠯ ᠢ ᠪᠠᠳᠠᠷᠠᠭᠤᠯᠵᠣ᠂ ᠦᠨᠳᠦᠰᠦᠨ | ᠱᠠᠲᠤᠨ ᠤ ᠪᠣᠳᠠᠲᠤ ᠪᠠᠶᠢᠳᠠᠯ ᠢ ᠴᠠᠭ ᠲᠤᠬᠠᠶ ᠳᠤᠨᠢ ᠣᠶᠢᠯᠭᠠᠨ ᠡᠵᠡᠮᠰᠢᠵᠦ᠂ ᠦᠨᠳᠦᠰᠦᠨ ᠱᠠᠲᠤᠨ ᠤ ᠨᠡᠶᠢᠭᠡᠮ ᠤᠨ | ᠡᠶ᠎ᠡ ᠵᠣᠬᠢᠴᠠᠯᠳᠣ ᠲᠣᠭᠲᠠᠭᠤᠨ ᠪᠠᠶᠢᠳᠠᠯ ᠢ ᠪᠦᠬᠦ ᠲᠠᠯ᠎ᠠ ᠪᠠᠷ ᠬᠠᠮᠠᠭᠠᠯᠠᠬᠤ ᠬᠡᠷᠡᠭᠳᠡᠢ᠃ | | ᠢᠷᠡᠯᠳᠡ᠄ ᠪᠣᠱᠣᠣᠳᠠᠢ ᠰᠣᠮᠣᠨ ᠤ ᠠᠷᠠᠳ ᠤᠨ ᠵᠠᠰᠠᠭ ᠤᠨ ᠣᠷᠳᠣᠨ ᠣᠶᠠᠩᠭ᠎ᠠ | |