ᠪᠣᠱᠣᠣᠳᠠᠢ ᠰᠣᠮᠣ ᠬᠤᠯᠣᠭᠠᠨ᠎ᠠ ᠬᠢᠵᠢᠭ ᠢ ᠰᠡᠷᠭᠡᠶᠢᠯᠡᠨ ᠬᠤᠯᠣᠭᠠᠨ᠎ᠠ ᠣᠰᠠᠳᠬᠠᠬᠤ ᠠᠵᠢᠯ ᠢ ᠢᠳᠡᠪᠬᠢᠳᠡᠢ ᠥᠷᠨᠢᠭᠦᠯᠪᠡ
ᠨᠡᠶᠢᠲᠡᠯᠡᠭᠰᠡᠨ ᠴᠠᠭ᠄
2020/8/13
           ᠨᠠᠮᠣᠷ ᠤᠨ ᠣᠯᠠᠷᠢᠯ ᠪᠣᠯ ᠬᠤᠯᠣᠭᠠᠨ᠎ᠠ ᠶᠢᠨ ᠲᠦᠷᠦᠯ ᠶᠢᠨ ᠠᠮᠢᠳᠠᠳ ᠤᠨ ᠦᠷᠡᠵᠢᠨ ᠪᠣᠶᠢᠵᠢᠬᠤ ᠭᠤᠣᠯ ᠬᠤᠭᠤᠴᠠᠭ᠎ᠠ ᠪᠠᠶᠢᠵᠣ᠂ ᠮᠥᠨ ᠴᠦ ᠬᠤᠯᠣᠭᠠᠨ᠎ᠠ ᠣᠰᠠᠳᠬᠠᠬᠤ ᠠᠰᠢᠭᠳᠠᠢ ᠣᠯᠠᠷᠢᠯ ᠪᠣᠯᠬᠤ ᠶᠣᠮ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠨᠢᠭᠡᠳᠦᠯᠳᠡᠢ ᠪᠠᠶᠢᠷᠢᠯᠠᠭᠤᠯᠣᠯᠳᠠ ᠶᠣᠰᠣᠭᠠᠷ᠂ 8 ᠰᠠᠷᠠᠶᠢᠨ 11 ᠤ ᠡᠳᠦᠷ  ᠠᠴᠠ 12 ᠤ ᠡᠳᠦᠷ ᠤᠨ ᠬᠤᠭᠤᠴᠠᠭᠠᠨ ᠳᠤ᠂ ᠪᠣᠱᠣᠣᠳᠠᠢ ᠰᠣᠮᠣ ᠺᠠᠳ᠋ᠷ ᠣᠯᠠᠨ ᠲᠦᠮᠡᠨ ᠢ ᠵᠣᠬᠢᠶᠠᠨ ᠪᠠᠶᠢᠭᠤᠯᠵᠣ ᠰᠣᠮᠣᠨ ᠲᠦᠪ ᠤᠨ ᠣᠶᠢᠷ᠎ᠠ ᠣᠷᠴᠢᠮ ᠤᠨ ᠬᠡᠪᠴᠢᠶᠡᠨ ᠳᠤ ᠬᠤᠯᠣᠭᠠᠨ᠎ᠠ ᠣᠰᠠᠳᠬᠠᠬᠤ ᠬᠦᠳᠡᠯᠪᠦᠷᠢ ᠶᠢ ᠥᠷᠨᠢᠭᠦᠯᠦᠭᠰᠡᠨ ᠪᠠᠶᠢᠨ᠎ᠠ᠃            ᠳᠣᠰ ᠣᠳᠠᠭᠠᠨ ᠤ ᠬᠦᠳᠡᠯᠪᠦᠷᠢ ᠨᠢ ᠬᠤᠶᠠᠷ ᠡᠳᠦᠷ ᠤᠨ ᠬᠤᠭᠤᠴᠠᠭ᠎ᠠ ᠶᠢ ᠠᠰᠢᠭᠯᠠᠨ᠂ ᠰᠣᠮᠣᠨ ᠲᠦᠪ ᠤᠨ ᠣᠶᠢᠷ᠎ᠠ ᠣᠷᠴᠢᠮ ᠤᠨ ᠬᠡᠪᠴᠢᠶᠡᠨ ᠳᠤ 300 ᠭᠠᠷᠣᠢ ᠣᠳᠣᠭᠠᠳᠣ ᠵᠡᠪᠰᠡᠭ ᠢ ᠬᠡᠷᠡᠭᠯᠡᠨ ᠬᠤᠯᠣᠭᠠᠨ᠎ᠠ ᠣᠰᠠᠳᠬᠠᠵᠣ᠂ ᠠᠵᠢᠯ ᠢᠶᠠᠨ ᠠᠮᠵᠢᠯᠳᠠ ᠲᠠᠢ ᠪᠡᠶᠡᠯᠡᠭᠦᠯᠦᠭᠰᠡᠨ ᠪᠠᠶᠢᠨ᠎ᠠ᠃            ᠲᠠᠷᠠᠭᠠᠴᠢ ᠶᠢᠨ ᠠᠯᠬᠤᠮ ᠳᠤ ᠪᠣᠱᠣᠣᠳᠠᠢ ᠰᠣᠮᠣ ᠨᠢ ᠬᠦᠮᠦᠨ ᠪᠠ ᠡᠳ᠋ ᠤᠨ ᠬᠦᠴᠦᠨ ᠢ ᠢᠳᠡᠪᠬᠢᠳᠡᠢ ᠵᠠᠷᠣᠴᠠᠭᠤᠯᠣᠨ᠂ ᠬᠤᠯᠣᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠣᠬᠠᠭᠤᠯᠭ᠎ᠠ ᠶᠢᠨ ᠠᠵᠢᠯ ᠢ ᠴᠢᠩᠭᠠᠳᠬᠠᠵᠣ᠂ ᠬᠤᠯᠣᠭᠠᠨ᠎ᠠ ᠣᠰᠠᠳᠬᠠᠬᠤ ᠠᠵᠢᠯ ᠢ ᠥᠷᠭᠦᠯᠵᠢᠯᠡᠨ ᠥᠷᠨᠢᠭᠦᠯᠵᠦ᠂ ᠲᠠᠯ᠎ᠠ ᠨᠣᠳᠤᠭ ᠤᠨ ᠠᠮᠢ ᠠᠬᠤᠢ ᠶᠢᠨ ᠣᠷᠴᠢᠨ ᠳᠣᠭᠤᠷᠢᠨ ᠢ ᠬᠠᠮᠠᠭᠠᠯᠠᠨ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠣᠷᠠᠯ ᠤᠨ ᠠᠮᠣᠷ ᠲᠦᠪᠰᠢᠨ ᠳᠤ ᠪᠠᠳᠣᠯᠠᠭ᠎ᠠ ᠬᠠᠩᠭᠠᠨ᠎ᠠ᠃ ᠢᠷᠡᠯᠳᠡ᠄ ᠪᠣᠱᠣᠣᠳᠠᠢ ᠰᠣᠮᠣᠨ ᠤ ᠠᠷᠠᠳ ᠤᠨ ᠵᠠᠰᠠᠭ ᠤᠨ ᠣᠷᠳᠣᠨ  ᠣᠶᠠᠩᠭ᠎ᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号