【 ᠪᠣᠯᠪᠠᠰᠣᠨ ᠦᠢᠯᠡᠳᠦᠯᠭᠡ ᠶᠢᠨ ᠠᠵᠢᠯᠯᠠᠭ᠎ᠠ】 ᠪᠣᠱᠣᠣᠳᠠᠢ ᠰᠣᠮᠣ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠭᠡᠭᠡᠨ ᠢ ᠵᠣᠬᠢᠶᠠᠨ ᠪᠠᠶᠢᠭᠤᠯᠵᠣ ᠥᠷᠨᠢᠭᠦᠯᠪᠡ
ᠨᠡᠶᠢᠲᠡᠯᠡᠭᠰᠡᠨ ᠴᠠᠭ᠄
2020/8/13
        ᠪᠤᠱᠤᠤᠳᠠᠢ ᠰᠣᠮᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠣ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨ᠎ᠡ ᠲᠢᠲᠢᠮ ᠠᠭᠤᠰᠬᠢᠨ ᠦᠷᠪᠢᠰᠦᠯ ᠪᠠ ᠬᠤᠯᠣᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠳᠣᠰᠠᠳᠠ᠂ 8 ᠰᠠᠷ᠎ᠠ ᠶᠢᠨ 12 ᠤ ᠡᠳᠦᠷ᠂ ᠪᠣᠱᠣᠣᠳᠠᠢ ᠰᠤᠮᠤ ᠺᠠᠳ᠋ᠷ ᠠᠵᠢᠯᠳᠠᠳ ᠢᠶᠠᠨ ᠵᠣᠬᠢᠶᠠᠨ ᠪᠠᠶᠢᠭᠤᠯᠵᠣ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ  ᠤᠨ ᠬᠥᠳᠡᠯᠭᠡᠭᠡᠨ ᠢ ᠥᠷᠨᠢᠭᠦᠯᠵᠦ᠂ ᠰᠤᠮᠤᠨ ᠤ ᠡᠷᠬᠢᠨ ᠲᠣᠭᠤᠷᠢᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠣᠭᠰᠠᠨ ᠪᠠᠶᠢᠨ᠎ᠠ᠃        ᠳᠣᠰ ᠤᠳᠠᠭᠠᠨ ᠤ ᠬᠦᠳᠡᠯᠭᠡᠭᠡᠨ ᠳᠤ᠂ ᠰᠣᠮᠣᠨ ᠲᠦᠪ ᠵᠢᠴᠢ ᠵᠠᠮ ᠳᠠᠭᠠᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠵᠢᠴᠢ ᠬᠤᠭ ᠨᠣᠪᠰᠢ ᠶᠢ ᠴᠡᠪᠡᠷᠯᠡᠬᠦ ᠠᠵᠢᠯ ᠢ ᠥᠷᠨᠢᠭᠦᠯᠵᠦ᠂ ᠰᠣᠮᠣᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷ ᠲᠡᠭᠰᠢ ᠪᠠᠶᠢᠯᠭᠠᠬᠤ ᠶᠢ ᠪᠠᠳᠣᠯᠠᠵᠣ᠂ ᠥᠷᠭᠡᠨ ᠣᠯᠠᠨ ᠮᠠᠯᠴᠢᠨ ᠲᠦᠮᠡᠨ ᠤ ᠰᠣᠷᠣᠯᠴᠠᠬᠤ ᠬᠡᠪ ᠲᠠᠭᠤᠷᠢᠶᠠᠯ ᠪᠣᠯᠵᠣ᠂ ᠪᠣᠯᠪᠠᠰᠤᠨ ᠡᠷᠡᠭᠦᠯ ᠴᠢᠭᠢᠷᠠᠭ ᠡᠷᠬᠢᠮ ᠳᠡᠭᠡᠳᠦ ᠦᠢᠯᠡ ᠠᠵᠢᠯᠯᠠᠭ᠎ᠠ ᠶᠢᠨ ᠬᠡᠪ ᠵᠠᠭᠪᠦᠷ ᠢ ᠪᠣᠶ ᠪᠣᠯᠭᠠᠬᠤ ᠳᠤ ᠠᠰᠢᠭᠳᠡᠢ ᠪᠠᠶᠢᠵᠣ᠂ ᠥᠷᠭᠡᠨ ᠣᠯᠠᠨ ᠮᠠᠯᠴᠢᠨ ᠲᠦᠮᠡᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠬᠠᠮᠰᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠬᠥᠮᠦᠨ ᠪᠦᠬᠦᠨ ᠣᠯᠣᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠬᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠣᠬᠢ ᠰᠠᠶᠢᠨ ᠠᠭᠤᠷ ᠠᠮᠢᠰᠬᠤᠯ ᠢ ᠪᠤᠢ ᠪᠣᠯᠭᠠᠪᠠ᠃ ᠢᠷᠡᠯᠳᠡ᠄ ᠪᠣᠱᠣᠣᠳᠠᠢ ᠰᠣᠮᠣᠨ ᠤ ᠠᠷᠠᠳ ᠤᠨ ᠵᠠᠰᠠᠭ ᠤᠨ ᠣᠷᠳᠣᠨ  ᠣᠶᠠᠩᠭ᠎ᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号