【 ᠪᠣᠯᠪᠠᠰᠣᠨ ᠦᠢᠯᠡᠳᠦᠯᠭᠡ ᠶᠢᠨ ᠠᠵᠢᠯᠯᠠᠭ᠎ᠠ】 ᠪᠣᠱᠣᠣᠳᠠᠢ ᠰᠣᠮᠣᠨ ᠤ ᠰᠢᠨ᠎ᠡ ᠴᠠᠭ ᠦᠶ᠎ᠡ ᠶᠢᠨ ᠪᠣᠯᠪᠠᠰᠣᠨ ᠦᠢᠯᠡᠳᠦᠯᠭᠡ ᠶᠢᠨ ᠰᠠᠶᠢᠨ ᠳᠣᠷ᠎ᠠ ᠶᠢᠨ ᠦᠢᠯᠡᠴᠢᠯᠡᠭᠡᠨ ᠤ ᠳᠣᠭᠤᠶᠢᠯᠠᠩ ᠨᠢ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ ᠤᠨ ᠳᠣᠷᠠᠰᠬᠠᠯ ᠤᠨ ᠣᠷᠳᠣᠨ ᠳᠤ ᠬᠦᠷᠴᠦ ᠰᠠᠶᠢᠨ ᠳᠣᠷ᠎ᠠ  ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/8/18
           ᠪᠣᠱᠣᠣᠳᠠᠢ ᠰᠤᠮᠤᠨ ᠤ ᠨᠠᠮ ᠤᠨ ᠭᠡᠰᠢᠭᠦᠨ ᠺᠠᠳ᠋ᠷᠴᠣᠳ ᠤᠨ ᠦᠵᠡᠯ ᠰᠠᠨᠠᠭᠠᠨ ᠤ ᠤᠬᠠᠮᠰᠠᠷ᠂ ᠶᠣᠰᠣ ᠮᠣᠷᠠᠯ ᠤᠨ ᠬᠢᠷᠢ ᠲᠦᠪᠰᠢᠨ ᠪᠠ ᠪᠣᠯᠪᠠᠰᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠣᠯᠠᠨ ᠲᠦᠮᠡᠨᠴᠢ ᠴᠢᠨᠠᠷᠲᠠᠢ ᠪᠣᠯᠪᠠᠰᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠳᠣᠰᠠᠳᠠ᠂ ᠣᠷᠴᠢᠮ  ᠪᠣᠱᠣᠣᠳᠠᠢ ᠰᠣᠮᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠯᠪᠦᠷᠢ  ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠳᠣᠭᠤᠶᠢᠯᠠᠩ ᠨᠢ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ  ᠤᠨ ᠳᠣᠷᠠᠰᠬᠠᠯ ᠤᠨ ᠣᠷᠳᠣᠨ ᠳᠤ ᠬᠦᠷᠴᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃          ᠲᠣᠰ ᠤᠳᠠᠭᠠᠨ ᠤ ᠠᠵᠢᠯᠯᠠᠭ᠎ᠠ ᠳᠤ ᠰᠤᠮᠤᠨ ᠤ ᠨᠠᠮ ᠤᠨ ᠬᠤᠷᠢᠶᠠᠨ ᠤ ᠱᠦᠵᠢ᠂ ᠰᠢᠨ᠎ᠡ ᠴᠠᠭ ᠦᠶ᠎ᠡ  ᠶᠢᠨ ᠪᠣᠯᠪᠠᠰᠤᠨ ᠦᠶᠯᠡᠳᠦᠯᠭᠡ ᠶᠢᠨ ᠰᠠᠯᠪᠦᠷᠢ ᠶᠢᠨ ᠳᠠᠷᠤᠭ᠎ᠠ ᠭᠡᠷᠡᠯᠴᠣᠭᠳᠣ ᠰᠠᠶᠢᠨ ᠳᠤᠷ᠎ᠠ ᠶᠢᠨ ᠦᠶᠯᠡᠴᠢᠯᠡᠭᠡᠨ ᠤ ᠳᠣᠭᠤᠶᠢᠯᠠᠩ ᠤᠨ ᠬᠡᠰᠢᠭᠦᠳ ᠢᠶᠠᠨ ᠳᠠᠭᠠᠭᠤᠯᠤᠨ ᠴᠠᠬᠠᠷ ᠠᠶᠢᠮᠠᠭ ᠤᠨ ᠠᠩᠬᠠᠳᠠᠭᠴᠢ ᠨᠠᠮ ᠤᠨ ᠡᠭᠦᠷ ᠤᠨ ᠳᠤᠷᠠᠰᠬᠠᠯ ᠤᠨ ᠣᠷᠳᠣᠨ ᠤ ᠬᠦᠷᠢᠶᠡᠨ ᠳᠤ ᠣᠯᠠᠨ ᠨᠡᠶᠢᠲᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠬᠤᠭ ᠨᠣᠪᠰᠢ ᠶᠢ ᠴᠡᠪᠡᠷᠯᠡᠬᠦ᠂ ᠮᠣᠳᠣᠨ ᠰᠠᠯᠠᠭ᠎ᠠ ᠶᠢ ᠬᠢᠷᠭᠠᠨ ᠵᠠᠰᠠᠬᠤ ᠵᠡᠷᠭᠡ ᠠᠵᠢᠯᠯᠠᠭ᠎ᠠ ᠥᠷᠨᠢᠭᠦᠯᠪᠡ᠃           ᠴᠡᠪᠡᠷ ᠰᠠᠶᠢᠬᠠᠨ ᠳᠤᠷᠠᠰᠬᠠᠯ ᠤᠨ ᠣᠷᠳᠣᠨ ᠤ ᠣᠷᠴᠢᠨ ᠲᠣᠭᠤᠷᠢᠨ ᠨᠢ ᠳᠣᠭᠤᠷᠢᠨ ᠰᠣᠷᠣᠯᠴᠠᠬᠤ ᠡᠯ᠎ᠡ ᠭᠠᠵᠠᠷ ᠤᠨ ᠨᠠᠮ ᠤᠨ ᠭᠡᠰᠢᠭᠦᠨ ᠣᠯᠠᠨ ᠲᠦᠮᠡᠨ ᠳᠤ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠬᠠᠩᠭᠠᠭᠰᠠᠨ ᠪᠦᠬᠡᠳ ᠨᠠᠮ ᠤᠨ ᠭᠡᠰᠢᠭᠦᠨ ᠺᠠᠳ᠋ᠷᠴᠤᠳ ᠤᠨ ᠦᠢᠯᠡᠴᠢᠯᠡᠭᠡᠨ ᠤ ᠤᠬᠠᠮᠰᠠᠷ ᠢ ᠬᠥᠭᠵᠢᠭᠡᠵᠦ᠂ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠳᠣᠮᠳᠠᠬᠢ ᠵᠢᠱᠢᠶᠡᠴᠢ ᠳᠠᠭᠤᠷᠢᠶᠠᠯ ᠤᠨ ᠦᠶᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠲᠦᠮᠡᠨᠴᠢ ᠴᠢᠨᠠᠷᠲᠠᠶ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠬᠤ ᠳᠤ ᠣᠬᠢ ᠰᠠᠶᠢᠨ ᠣᠷᠴᠢᠨ ᠠᠬᠤᠢ ᠶᠢ ᠪᠣᠶ ᠪᠣᠯᠭᠠᠭᠰᠠᠨ ᠪᠠᠶᠢᠨ᠎ᠠ᠃ ᠢᠷᠡᠯᠳᠡ᠄ ᠪᠣᠱᠣᠣᠳᠠᠢ ᠰᠣᠮᠣᠨ ᠤ ᠠᠷᠠᠳ ᠤᠨ ᠵᠠᠰᠠᠭ ᠤᠨ ᠣᠷᠳᠣᠨ     ᠣᠶᠠᠩᠭ᠎ᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号