| ᠪᠤᠱᠤᠤᠳᠠᠢ ᠰᠤᠮᠤ ᠨᠢ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ | ᠪᠠᠶᠢᠭᠤᠯᠤᠯᠲᠠ ᠶᠢ ᠦᠨᠳᠦᠰᠦᠨ ᠱᠠᠲᠤᠨ ᠤ ᠨᠠᠮ ᠤᠨ ᠡᠭᠦᠷ ᠤᠨ ᠵᠢᠷᠣᠮᠵᠢᠭᠰᠠᠨ ᠪᠠᠶᠢᠭᠤᠯᠤᠯᠲᠠ ᠶᠢ ᠠᠬᠢᠭᠤᠯᠬᠤ | ᠴᠢᠬᠤᠯᠠ ᠠᠵᠢᠯ ᠪᠣᠯᠭᠠᠨ ᠠᠳᠬᠤᠬᠤ ᠶᠢ ᠪᠠᠷᠢᠮᠳᠠᠯᠠᠵᠣ᠂ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠠᠳᠬᠤᠬᠤ ᠶᠢ ᠳᠣᠪᠣᠶᠢᠯᠭᠠᠬᠤ᠂ | ᠡᠭᠦᠷᠭᠡ ᠴᠢᠳᠠᠪᠬᠢ ᠲᠠᠢ ᠣᠶᠠᠯᠳᠣᠭᠤᠯᠣᠨ ᠳᠦᠷᠢᠮ ᠲᠣᠭᠲᠠᠭᠠᠯ ᠲᠣᠭᠲᠠᠭᠠᠬᠤ᠂ ᠦᠢᠯᠡᠴᠢᠯᠡᠭᠡ ᠶᠢ ᠥᠷᠭᠡᠳᠬᠡᠨ | ᠲᠣᠣᠷᠴᠢᠯᠠᠭᠰᠠᠨ ᠬᠠᠮᠢᠶᠠᠷᠤᠯᠲᠠ ᠶᠢ ᠠᠳᠬᠤᠬᠤ ᠵᠡᠷᠭᠡ ᠲᠠᠯ᠎ᠠ ᠪᠠᠷ ᠰᠢᠰᠲ᠋ᠧᠮ ᠲᠠᠢ ᠰᠦᠪᠭᠴᠢᠯᠡᠯᠳᠡ ᠬᠢᠵᠦ᠂ ᠨᠠᠮ | ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠦᠪ ᠤᠨ ᠲᠠᠪᠴᠠᠩ ᠳᠤ ᠪᠦᠳᠦᠮᠵᠢᠳᠡᠢ ᠪᠠᠶᠢᠭᠤᠯᠣᠯᠳᠠ | ᠬᠢᠭᠰᠡᠨ ᠪᠠᠶᠢᠨ᠎ᠠ᠃ | ᠨᠢᠭᠡ᠂ ᠨᠠᠮ ᠤᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠠᠳᠬᠤᠬᠤ ᠶᠢ ᠳᠣᠪᠣᠶᠢᠯᠭᠠᠪᠠ᠃ ᠪᠦᠬᠦ | ᠬᠤᠰᠢᠭᠤᠨ ᠤ ᠨᠠᠮ ᠪᠠ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢᠨ | ᠬᠠᠷᠠᠯᠳᠠ ᠶᠢᠨ ᠱᠠᠭᠠᠷᠳᠠᠯᠭ᠎ᠠ ᠶᠣᠰᠣᠭᠠᠷ᠂ ᠪᠣᠱᠣᠣᠳᠠᠢ ᠰᠤᠮᠤ ᠲᠤᠰᠬᠠᠶ ᠰᠡᠳᠦᠪᠲᠦ ᠬᠤᠷᠠᠯ ᠬᠢᠵᠦ ᠰᠣᠳᠣᠯᠣᠨ | ᠶᠠᠷᠢᠯᠴᠠᠵᠣ᠂ ᠨᠠᠮ ᠤᠨ ᠬᠤᠷᠢᠶᠠᠨ ᠤ ᠱᠦᠵᠢ ᠪᠠᠷ ᠳᠣᠭᠤᠶᠢᠯᠠᠩ ᠤᠨ ᠳᠠᠷᠤᠭ᠎ᠠ ᠪᠣᠯᠭᠠᠨ᠂ ᠨᠠᠮ ᠤᠨ ᠬᠤᠷᠢᠶᠠᠨ ᠤ | ᠳᠡᠳ᠋ ᠱᠦᠵᠢ ᠪᠠᠷ ᠲᠡᠳ᠋ ᠳᠣᠭᠤᠶᠢᠠᠯᠩ ᠤᠨ ᠲᠠᠷᠤᠭ᠎ᠠ ᠪᠣᠯᠭᠠᠭᠰᠠᠨ ᠨᠠᠮ ᠤᠨ ᠬᠡᠰᠢᠭᠦᠨ᠂ ᠣᠯᠠᠨ ᠲᠦᠮᠡᠨ ᠳᠤ | ᠦᠢᠯᠡᠴᠢᠯᠡᠬᠦ ᠲᠥᠪ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠣ᠂ ᠪᠥᠲᠥᠭᠡᠨ | ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠦᠯᠦᠪᠯᠡᠨ ᠠᠬᠢᠭᠤᠯᠪᠠ᠃ ᠰᠣᠮᠣᠨ ᠤ ︽ᠨᠠᠮ ᠤᠨ ᠬᠡᠰᠢᠭᠦᠨ᠂ ᠣᠯᠠᠨ | ᠲᠦᠮᠡᠨ ᠳᠤ ᠦᠢᠯᠡᠴᠢᠯᠡᠬᠦ ᠲᠥᠪ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠪᠣᠯᠤᠨ ︽ᠪᠦᠬᠦ | ᠠᠶᠢᠮᠠᠭ ᠤᠨ ᠲᠠᠪᠤᠨ ᠣᠳᠣᠬᠢᠴᠢᠯᠠᠯᠲᠠ ᠶᠢ ᠬᠠᠮᠵᠢᠯᠴᠠᠭᠤᠯᠤᠨ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠠᠵᠢᠯ | ᠢ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠡᠭᠦᠷᠭᠡ ᠶᠢ ᠵᠠᠳᠠᠯᠬᠤ ᠲᠥᠰᠦᠯ︾ ᠢ ᠲᠣᠭᠲᠠᠭᠠᠨ ᠲᠠᠷᠣᠮᠯᠠᠨ | ᠲᠠᠷᠬᠠᠭᠠᠵᠠᠶ᠃ ᠨᠠᠮ ᠤᠨ ᠭᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠦᠲᠦᠭᠡᠨ ᠪᠠᠶᠢᠭᠤᠯᠤᠯᠲᠠ ᠶᠢ | ᠪᠦᠬᠦ ᠵᠢᠯ ᠤᠨ ᠦᠨᠳᠦᠰᠦᠨ ᠱᠠᠳᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠡᠭᠦᠷᠭᠡ ᠳᠤ | ᠣᠷᠣᠭᠤᠯᠵᠤ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠶᠢ ᠭᠠᠴᠠᠭᠠᠨ ᠤ ᠨᠠᠮ ᠤᠨ ᠭᠡᠰᠢᠭᠦᠨ᠂ ᠣᠯᠠᠨ | ᠲᠦᠮᠡᠨ ᠳᠤ ᠦᠢᠯᠡᠴᠢᠯᠡᠬᠦ ᠲᠥᠪ ᠶᠢᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠠᠷ | ᠲᠣᠳᠣᠷᠬᠠᠶᠢᠯᠠᠵᠤ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ᠂ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠤᠯᠲᠠ ᠬᠢᠬᠦ᠂ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠠᠬᠢᠭᠤᠯᠪᠠ᠃ ᠣᠳᠣ ᠪᠣᠯᠲᠠᠯ᠎ᠠ᠂ ᠰᠣᠮᠣᠨ | ᠤ ᠬᠠᠷᠢᠶᠠᠨ ᠳᠠᠬᠢ 14 ᠭᠠᠴᠠᠭ᠎ᠠ ᠫᠠᠶᠢᠰᠠ ᠡᠯᠭᠦᠬᠦ ᠡᠭᠦᠷᠭᠡ ᠪᠠᠨ ᠪᠡᠶᠡᠯᠡᠭᠦᠯᠵᠦ᠂ ᠬᠠᠷᠠᠯᠲᠠ ᠶᠢ ᠪᠡᠶᠡᠯᠡᠭᠦᠯᠦᠭᠰᠡᠨ | ᠨᠣᠷᠮ᠎ᠠ 87% ᠳᠤ ᠬᠦᠷᠴᠦ᠂ ᠲᠣᠭᠲᠠᠭᠰᠠᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠪᠡ᠃ ︵ᠪᠤᠰᠤᠳ 2 | ᠭᠠᠴᠠᠭ᠎ᠠ ᠨᠢ ᠶᠠᠭ ᠰᠢᠨ᠎ᠡ ᠪᠠᠷ ᠠᠯᠪᠠᠨ ᠭᠡᠷ ᠪᠠᠶᠢᠭᠤᠯᠵᠤ ᠪᠠᠶᠢᠭ᠎ᠠ ᠪᠣᠯᠬᠤᠷ ᠵᠢᠯ ᠤᠨ ᠡᠴᠦᠰ ᠠᠴᠠ ᠡᠮᠦᠨ᠎ᠡ ᠫᠠᠶᠢᠰᠠ | ᠡᠯᠭᠦᠬᠦ ᠶᠢ ᠪᠡᠶᠡᠯᠡᠭᠦᠯᠦᠨ᠎ᠡ᠃︶ | ᠬᠤᠶᠠᠷ᠂ ᠡᠭᠦᠷᠭᠡ ᠴᠢᠳᠠᠪᠬᠢ ᠶᠢᠨ ᠲᠣᠭᠤᠷᠢᠨ ᠳᠤ ᠳᠦᠷᠢᠮ ᠲᠣᠭᠲᠠᠭᠠᠯ ᠲᠣᠭᠲᠠᠭᠠᠬᠤ ᠶᠢ ᠠᠳᠬᠤᠪᠠ᠃ | ᠫᠠᠶᠢᠰᠠ ᠡᠯᠭᠦᠬᠦ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠣᠱᠣᠣᠳᠠᠢ ᠰᠤᠮᠤ ᠨᠠᠮ ᠤᠨ ᠬᠡᠰᠢᠭᠦᠨ᠂ | ᠤᠯᠠᠨ ᠲᠦᠮᠡᠨ ᠳᠤ ᠦᠢᠯᠡᠴᠢᠯᠡᠬᠦ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠠᠵᠢᠯ ᠢ ᠴᠢᠩᠭ᠎ᠠ ᠠᠳᠬᠤᠪᠠ᠃ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠮ ᠤᠨ | ᠭᠡᠰᠢᠭᠦᠨ ᠤ ᠦᠢᠯᠡᠴᠢᠯᠡᠭᠡ᠂ ᠶᠡᠷᠦᠩᠬᠡᠶᠢᠯᠡᠭᠰᠡᠨ ᠠᠵᠢᠯ᠂ ᠵᠥᠪᠯᠡᠯᠭᠡ ᠥᠭᠬᠦ ᠦᠢᠯᠡᠴᠢᠯᠡᠭᠡ᠂ E ᠦᠢᠯᠡᠴᠢᠯᠡᠭᠡ | ᠵᠡᠷᠭᠡ ᠠᠭᠤᠯᠭ᠎ᠠ ᠪᠠᠷ ᠡᠭᠦᠷᠭᠡ ᠴᠢᠳᠠᠪᠬᠢ ᠶᠢᠨ ᠬᠤᠪᠢᠶᠠᠷᠢᠯᠠᠯ ᠬᠢᠵᠦ᠂ ᠲᠤᠰᠬᠠᠶ ᠠᠵᠢᠯᠳᠠᠨ ᠲᠣᠬᠢᠷᠠᠭᠤᠯᠵᠤ᠂ | ᠠᠵᠢᠯ ᠤᠨ ᠡᠭᠦᠷᠭᠡ ᠬᠠᠷᠢᠭᠤᠴᠠᠯᠭ᠎ᠠ ︵ᠣᠲᠣ ᠪᠣᠯᠲᠠᠯ᠎ᠠ᠂ ᠰᠤᠮᠤᠨ ᠤ ᠱᠠᠲᠤᠨ ᠤ ᠨᠠᠮ ᠤᠨ ᠬᠡᠰᠢᠭᠦᠨ᠂ ᠣᠯᠠᠨ | ᠲᠦᠮᠡᠨ ᠳᠤ ᠦᠢᠯᠡᠴᠢᠯᠡᠬᠦ ᠲᠥᠪ ᠨᠢ ᠨᠠᠮ ᠤᠨ ᠭᠡᠰᠢᠭᠦᠨ ᠤ ᠦᠢᠯᠡᠴᠢᠯᠡᠭᠡ᠂ ᠶᠡᠷᠦᠩᠬᠡᠶᠢᠯᠡᠭᠰᠡᠨ ᠦᠢᠯᠡᠴᠢᠯᠡᠭᠡ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ᠂ ᠨᠠᠮ ᠤᠨ ᠭᠡᠰᠢᠭᠦᠨ᠂ ᠣᠯᠠᠨ ᠲᠦᠮᠡᠨ ᠤ | ᠦᠢᠯᠡᠴᠢᠯᠡᠭᠡᠨ ᠤ ᠯᠠᠪᠯᠠᠭ᠎ᠠ ᠵᠡᠷᠭᠡ 6 ᠦᠢᠯᠡᠴᠢᠯᠡᠭᠡᠨ ᠤ ᠴᠣᠩᠬᠤ ᠶᠢ ᠳᠣᠭᠢᠷᠠᠭᠤᠯᠪᠠ᠃ 11 ᠠᠵᠢᠯᠲᠠᠨ ᠤ ᠣᠷᠣᠨ | ᠲᠤᠭ᠎ᠠ ᠲᠣᠬᠢᠷᠠᠭᠤᠯᠵᠤ᠂ 8 ᠠᠵᠢᠯᠲᠠᠨ ᠢ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠡᠭᠦᠷᠭᠡ ᠴᠢᠳᠠᠪᠬᠢ ᠶᠢᠨ | ᠣᠨᠴᠠᠯᠢᠭ ᠶᠣᠰᠣᠭᠠᠷ ︽ᠠᠵᠢᠯ ᠤᠨ ᠴᠤᠪᠤᠷᠠᠯ ᠵᠢᠷᠤᠭ︾ ᠢ ᠡᠮᠬᠢᠯᠡᠨ᠂ ᠠᠵᠢᠯᠲᠠᠨ ᠨᠢᠭᠡᠪᠦᠷᠢ ᠳᠤ ᠴᠥᠮ ︽ᠶᠠᠭᠤ | ᠬᠢᠬᠦ︾ ᠪᠠ ︽ᠶᠠᠭᠠᠬᠢᠵᠤ ᠬᠢᠬᠦ︾ ᠶᠢ ᠳᠣᠳᠣᠷᠬᠠᠶᠢᠯᠠᠵᠣ ᠦᠭᠴᠡᠢ᠃ ᠬᠡᠷᠡᠮ ᠳᠡᠭᠡᠷ᠎ᠡ ᠦᠢᠯᠡᠴᠢᠯᠡᠭᠡᠨ ᠤ ᠠᠮᠠᠯᠠᠯᠲᠠ | ᠶᠢᠨ ᠲᠦᠷᠢᠮ᠂ ᠠᠩᠬ᠎ᠠ ᠠᠰᠠᠭᠤᠭᠰᠠᠨ ᠬᠠᠷᠢᠭᠤᠴᠠᠯᠭ᠎ᠠ ᠶᠢᠨ ᠲᠦᠷᠢᠮ᠂ ᠬᠤᠭᠤᠴᠠᠭ᠎ᠠ ᠬᠢᠵᠠᠭᠠᠷᠯᠠᠨ ᠬᠦᠢᠴᠡᠳᠭᠡᠬᠦ | ᠲᠦᠷᠢᠮ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ᠂ E ᠦᠢᠯᠡᠴᠢᠯᠡᠭᠡ ᠬᠠᠩᠭᠠᠬᠤ ᠲᠦᠷᠢᠮ ᠵᠡᠷᠭᠡ | ᠬᠠᠮᠢᠶ᠎ᠠ ᠪᠦᠬᠦᠢ ᠳᠦᠷᠢᠮ ᠤᠨ ᠦᠵᠡᠭᠦᠯᠦᠯᠭᠡ ᠶᠢᠨ ᠰᠠᠮᠪᠠᠷ᠎ᠠ ᠶᠢ ᠳᠣᠭᠳᠠᠭᠠᠨ ᠡᠯᠭᠦᠵᠦ᠂ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ᠂ ᠵᠥᠪᠯᠡᠯᠭᠡ ᠥᠭᠬᠦ ᠦᠢᠯᠡᠴᠢᠯᠡᠭᠡ᠂ ᠨᠠᠮ ᠤᠨ ᠭᠡᠰᠢᠭᠦᠨ ᠤ ᠦᠢᠯᠡᠴᠢᠯᠡᠭᠡ᠂ | ᠶᠡᠷᠦᠩᠬᠡᠶᠢᠯᠡᠭᠰᠡᠨ ᠠᠵᠢᠯ ᠢ ᠭᠦᠢᠴᠡᠳᠬᠡᠬᠦ ᠵᠡᠷᠭᠡ ᠬᠤᠯᠪᠣᠭᠳᠠᠯ ᠪᠦᠬᠦᠢ ᠠᠵᠢᠯ ᠤᠨ ᠳᠠᠩᠰᠠ ᠡᠪᠬᠡᠮᠡᠯ ᠢ ᠪᠠᠶᠢᠭᠤᠯᠤᠨ | ᠲᠡᠭᠦᠯᠳᠡᠷᠵᠢᠭᠦᠯᠵᠦ᠂ ᠨᠠᠮ ᠤᠨ ᠬᠡᠰᠢᠭᠦᠨ᠂ ᠤᠯᠠᠨ ᠲᠦᠮᠡᠨ ᠳᠤ ᠦᠢᠯᠡᠴᠢᠯᠡᠬᠦ ᠲᠥᠪ ᠤᠨ ︽ᠵᠥᠭᠡᠯᠡᠨ ᠲᠤᠨᠤᠭ︾ | ᠤᠨ ᠬᠢᠷᠢ ᠬᠡᠮᠵᠢᠶ᠎ᠡ ᠶᠢ ᠦᠨᠡᠨᠬᠦ ᠴᠢᠩᠭᠠᠳᠬᠠᠪᠠ᠃ ᠵᠢᠱᠢᠶᠡᠯᠡᠪᠡᠯ᠂ E ᠡᠷᠦᠬᠡ ᠳᠤ ᠦᠢᠯᠡᠴᠢᠯᠡᠬᠦ ᠠᠵᠢᠯ ᠤᠨ | ᠳᠦᠷᠢᠮ ᠢ ᠲᠣᠭᠲᠠᠭᠠᠬᠤ ᠪᠠᠷ ᠳᠠᠮᠵᠢᠭᠤᠯᠤᠨ᠂ ᠲᠣᠭᠲᠠᠮᠠᠯ ᠬᠥᠮᠦᠨ ᠲᠣᠭᠲᠠᠭᠰᠠᠨ ᠴᠠᠭ ᠲᠤ ᠣᠯᠠᠨ ᠲᠦᠮᠡᠨ ᠳᠤ | ᠰᠢᠤᠳᠠᠨ ᠢᠶᠠᠷ ᠢᠯᠡᠭᠡᠬᠦ᠂ ᠨᠡᠭᠦᠳᠡᠯ ᠬᠤᠯᠪᠣᠭᠠᠨ ᠤ ᠰᠦᠢᠳᠬᠡᠯ ᠳᠣᠰᠢᠶᠠᠬᠤ᠂ ᠰᠢᠲᠠᠮᠠᠬᠠᠶ ᠬᠡᠢ ᠰᠣᠯᠢᠬᠤ ᠵᠢᠴᠢ | ᠬᠥᠳᠡᠯᠮᠦᠷᠢ ᠬᠦᠴᠦ ᠬᠡᠷᠡᠭᠯᠡᠬᠦ ᠮᠡᠳᠡᠭᠡ ᠵᠠᠩᠭᠢ ᠨᠡᠶᠢᠲᠡᠯᠡᠬᠦ ᠵᠡᠷᠭᠡ ᠦᠢᠯᠡᠴᠢᠯᠡᠭᠡᠨ ᠤ ᠲᠥᠷᠥᠯ ᠵᠦᠶ᠋ᠯ ᠢ ᠬᠠᠩᠭᠠᠵᠤ᠂ | ᠰᠣᠮᠣᠨ ᠤ ᠬᠠᠷᠢᠶᠡᠨ ᠳᠠᠬᠢ ᠮᠠᠯᠴᠢᠳ ᠤᠨ ᠠᠮᠢᠳᠣᠷᠠᠯ ᠳᠤ ᠳᠥᠭᠦᠮ ᠦᠵᠡᠭᠦᠯᠵᠦ᠂ ᠤᠯᠠᠨ ᠲᠦᠮᠡᠨ ᠤ ᠵᠣᠯ | ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠦᠨ᠎ᠡ᠃ | ᠭᠤᠷᠪᠠ᠂ ᠦᠢᠯᠡᠴᠢᠯᠡᠭᠡ ᠶᠢ ᠥᠷᠭᠡᠳᠬᠡᠨ ᠲᠣᠣᠷᠴᠢᠯᠠᠭᠰᠠᠨ ᠬᠠᠮᠢᠶᠠᠷᠣᠯᠳᠠ ᠶᠢ ᠠᠳᠬᠤᠪᠠ᠃ ᠨᠠᠮ ᠤᠨ | ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠲᠤᠬᠠᠶᠢᠯᠠᠭᠰᠠᠨ ᠠᠵᠢᠯ ᠤᠨ ︽ᠬᠦᠷᠦᠯᠴᠡᠬᠦ ᠴᠡᠭ︾ ᠢ | ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ ᠪᠤᠱᠤᠤᠳᠠᠢ ᠰᠤᠮᠤ ︽ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠲᠣᠣᠷᠴᠢᠯᠠᠭᠰᠠᠨ ᠴᠡᠭᠴᠡᠯᠡᠯᠳᠡ ᠶᠢ ᠬᠥᠲᠥᠯᠬᠦ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ | ᠬᠠᠷᠠᠯᠲᠠ ᠡᠭᠦᠷᠭᠡ᠂ ᠲᠣᠣᠷᠵᠢᠯ ᠤᠨ ᠬᠤᠪᠢᠶᠠᠷᠢᠯᠠᠯ᠂ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ᠂ ᠲᠦᠷᠢᠮ | ᠲᠣᠭᠲᠠᠴᠠ ᠵᠢᠴᠢ ᠨᠠᠮ ᠤᠨ ᠭᠡᠰᠢᠭᠦᠨ᠂ ᠤᠯᠠᠨ ᠲᠦᠮᠡᠨ ᠳᠤ ᠦᠢᠯᠡᠴᠢᠯᠡᠬᠦ ᠲᠥᠪ ᠲᠤ ᠲᠦᠰᠢᠭᠯᠡᠨ ᠬᠠᠮᠳᠣᠪᠠᠷ | ᠬᠤᠯᠪᠣᠭᠠᠯᠠᠨ ᠠᠬᠢᠭᠤᠯᠬᠤ ᠵᠡᠷᠭᠡ ᠠᠭᠤᠯᠭ᠎ᠠ ᠶᠢ ᠳᠣᠳᠣᠷᠬᠠᠶᠢᠯᠠᠵᠣ᠂ ᠳᠦᠷᠢᠮᠵᠢᠭᠦᠯᠦᠯᠲᠡ ᠪᠠᠷ ᠭᠠᠴᠠᠭᠠᠨ ᠤ | ᠲᠣᠣᠷᠴᠢᠯᠠᠭᠰᠠᠨ ᠬᠠᠮᠢᠶᠠᠷᠤᠯᠲᠠ ᠶᠢ ᠠᠬᠢᠭᠤᠯᠪᠠ᠃ ᠣᠳᠣᠬᠠᠨ ᠪᠣᠯᠲᠠᠯ᠎ᠠ᠂ ᠰᠤᠮᠤᠨ ᠤ 16 ᠭᠠᠴᠠᠭ᠎ᠠ ᠶᠢ ᠨᠡᠶᠢᠲᠡ | 150 ᠲᠣᠤᠷᠯᠢᠭ ᠬᠤᠪᠢᠶᠠᠵᠣ᠂ ᠲᠣᠣᠷᠯᠢᠭ ᠤᠨ ᠳᠠᠷᠤᠭ᠎ᠠ᠂ ᠲᠣᠣᠷᠯᠢᠭ ᠤᠨ ᠠᠵᠢᠯᠳᠠᠨ 166 ᠬᠥᠮᠦᠨ ᠢ | ᠲᠣᠬᠢᠷᠠᠭᠤᠯᠵᠤ᠂ ︽ᠨᠠᠮ ᠤᠨ ᠪᠠᠶᠢᠭᠤᠯᠣᠯᠳᠠ ᠶᠢᠨ ᠬᠥᠲᠥᠯᠥᠨ ᠳᠠᠭᠠᠭᠤᠯᠬᠤ ᠲᠣᠣᠷᠴᠢᠯᠠᠭᠰᠠᠨ ᠴᠡᠭᠴᠡᠯᠡᠯᠳᠡ ᠶᠢᠨ | ᠵᠣᠬᠢᠶᠠᠨ ᠪᠠᠶᠢᠭᠤᠯᠤᠯᠲᠠ ᠶᠢᠨ ᠵᠢᠷᠤᠭ︾ ᠢ ᠵᠣᠬᠢᠶᠠᠵᠣ᠂ ᠲᠣᠣᠷᠯᠢᠭ ᠤᠨ ᠳᠠᠷᠤᠭ᠎ᠠ᠂ ᠲᠣᠣᠷᠯᠢᠭ ᠤᠨ ᠠᠵᠢᠯᠳᠠᠨ ᠤ | ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠳᠣᠳᠣᠷᠬᠠᠶᠢᠯᠠᠪᠠ᠃ ᠲᠣᠣᠷᠯᠢᠭ ᠤᠨ ᠠᠵᠢᠯᠳᠠᠨ ︵ᠣᠷᠣᠯᠠᠨ | ᠬᠦᠢᠴᠡᠳᠭᠡᠭᠴᠢ︶ ᠨᠢ ᠭᠠᠴᠠᠭᠠᠨ ᠤ ᠨᠠᠮ ᠤᠨ ᠭᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠵᠢᠴᠢ | ᠬᠠᠷᠢᠶᠠᠨ ᠳᠠᠬᠢ ᠮᠠᠯᠴᠢᠳ ᠤᠨ ᠬᠠᠮᠢᠶ᠎ᠠ ᠪᠥᠬᠦᠶ ᠠᠵᠢᠯ ᠢ ᠳᠡᠭᠡᠭᠰᠢ ᠳᠠᠮᠵᠢᠭᠤᠯᠤᠨ ᠳᠣᠭᠤᠭᠰᠢ ᠪᠠᠭᠤᠯᠭᠠᠬᠤ᠂ | ᠲᠤᠬᠠᠶ ᠶᠢᠨ ᠭᠠᠵᠠᠷ ᠲᠤᠨᠢ ᠭᠦᠢᠴᠡᠳᠬᠡᠬᠦ ᠵᠢᠴᠢ ᠬᠠᠪᠰᠤᠷᠤᠨ ᠬᠦᠢᠴᠡᠳᠭᠡᠬᠦ ᠣᠷᠣᠯᠠᠨ ᠭᠦᠶ᠋ᠴᠡᠳᠬᠡᠬᠦ ᠠᠵᠢᠯ ᠢ | ᠬᠠᠷᠢᠭᠤᠴᠠᠨ᠎ᠠ᠃ ᠲᠤᠤᠷᠴᠢᠯᠠᠭᠰᠠᠨ ᠬᠠᠮᠢᠶᠠᠷᠤᠯᠲᠠ ᠪᠠᠷ ᠳᠠᠮᠵᠢᠭᠤᠯᠤᠨ᠂ ᠨᠠᠮ ᠤᠨ ᠭᠡᠰᠢᠭᠦᠨ᠂ ᠣᠯᠠᠨ ᠲᠦᠮᠡᠨ ᠳᠤ | ᠦᠢᠯᠡᠴᠢᠯᠡᠬᠦ ᠲᠥᠪ ᠤᠨ ᠦᠢᠯᠡᠴᠢᠯᠡᠭᠡᠨ ᠤ ᠦᠢᠯᠡᠳᠦᠯ ᠴᠢᠳᠠᠪᠬᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ | ᠦᠨᠳᠦᠰᠦᠨ ᠱᠠᠲᠤᠨ ᠤ ᠴᠡᠭᠴᠡᠯᠡᠯᠳᠡ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠦᠨᠡᠨᠬᠦ ᠠᠬᠢᠭᠤᠯᠪᠠ᠃ | ᠳᠠᠷᠠᠭᠠᠴᠢ ᠶᠢᠨ ᠠᠯᠬᠤᠮ ᠳᠤ᠂ ᠪᠣᠱᠣᠣᠳᠠᠢ ᠰᠣᠮᠣᠨ ᠤ ᠨᠠᠮ ᠤᠨ ᠭᠡᠰᠢᠭᠦᠨ᠂ ᠣᠯᠠᠨ ᠲᠦᠮᠡᠨ ᠳᠤ | ᠦᠢᠯᠡᠴᠢᠯᠡᠬᠦ ᠲᠥᠪ ᠨᠢ ᠦᠷᠭᠦᠯᠵᠢᠯᠡᠨ ᠨᠠᠮ ᠤᠨ ᠭᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ | ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ | ᠣᠳᠣᠷᠢᠳᠣᠨ ᠳᠠᠭᠠᠭᠤᠯᠬᠤ᠂ ᠡᠯᠪᠡᠭ ᠪᠠᠶᠠᠯᠢᠭ ᠠᠭᠤᠯᠭᠠᠳᠠᠢ ᠠᠵᠢᠯᠯᠠᠭ᠎ᠠ ᠥᠷᠨᠢᠭᠦᠯᠬᠦ᠂ ᠰᠢᠯᠢᠳᠡᠭ ᠰᠠᠶᠢᠨ | ᠦᠢᠯᠡᠴᠢᠯᠡᠭᠡ ᠬᠠᠩᠭᠠᠬᠤ ᠵᠡᠷᠭᠡ ᠲᠠᠯ᠎ᠠ ᠪᠠᠷ ᠠᠵᠢᠯ ᠤᠨ ᠡᠷᠴᠢᠮ ᠢᠶᠠᠨ ᠴᠢᠩᠭᠠᠳᠬᠠᠵᠣ᠂ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ ᠬᠢᠷᠢ ᠲᠦᠪᠰᠢᠨ ᠢ ᠲᠠᠰᠤᠷᠠᠯᠲᠠ ᠦᠬᠡᠢ ᠳᠡᠭᠡᠭᠰᠢᠯᠡᠭᠦᠯᠦᠨ᠎ᠡ | ᠃ | ᠢᠷᠡᠯᠳᠡ᠄ ᠪᠣᠱᠣᠣᠳᠠᠢ ᠰᠣᠮᠣᠨ ᠤ ᠠᠷᠠᠳ ᠤᠨ ᠵᠠᠰᠠᠭ ᠤᠨ ᠣᠷᠳᠣᠨ ᠣᠶᠠᠩᠭ᠎ᠠ |