ᠰᠢᠯᠤᠭᠤᠨ ᠬᠦᠬᠡ ᠶᠢ ᠴᠢᠭᠯᠡᠭᠰᠡᠨ ᠰᠢᠨ᠎ᠠ ᠴᠠᠭ ᠤᠨ ᠰᠠᠭᠠᠯᠢᠴᠢᠳ
ᠨᠡᠶᠢᠲᠡᠯᠡᠭᠰᠡᠨ ᠴᠠᠭ᠄
2020/8/19
        ᠪᠠᠭᠠᠷᠢᠨ ᠪᠠᠷᠠᠭᠤᠨ ᠬᠤᠰᠢᠭᠤᠨ ᠤ ᠦᠭᠡᠷ ᠲᠡᠵᠢᠭᠡᠬᠦ ᠨᠡᠶᠢᠭᠡᠮᠯᠢᠭ ᠨᠢ 2019 ᠣᠨ ᠤ 5 ᠰᠠᠷ᠎ᠠ  ᠎ ᠶᠢᠨ  26  ᠎ ᠤ ᠡᠳᠦᠷ᠂ ᠬᠤᠰᠢᠭᠤ ᠨᠠᠮ ᠤᠨ ᠬᠤᠷᠢᠶ᠎ᠠ᠂ ᠬᠤᠰᠢᠭᠤ ᠵᠠᠰᠠᠭ ᠤᠨ ᠣᠷᠳᠣᠨ ᠤ ︽ᠵᠠᠬ᠎ᠠ ᠳᠡᠯᠭᠡᠭᠦᠷ ᠢᠶᠠᠷ ᠬᠥᠲᠥᠯᠥᠨ ᠳᠠᠭᠠᠭᠤᠯᠬᠤ᠂ ᠵᠠᠰᠠᠭ ᠤᠨ ᠣᠷᠳᠣᠨ ᠠᠴᠠ ᠲᠡᠳᠬᠦᠬᠦ᠂ ᠰᠢᠨᠵᠢᠯᠡᠬᠦ ᠮᠡᠷᠭᠡᠵᠢᠯ ᠢᠶᠠᠷ ᠲᠤᠯᠭᠠᠭᠤᠷᠢᠯᠠᠬᠤ᠂ ᠠᠵᠤ ᠠᠬᠤᠶᠢᠯᠠᠯ ᠢᠶᠠᠷ ᠠᠵᠢᠯᠯᠠᠭᠤᠯᠬᠤ᠂ ᠡᠪᠡᠰᠦᠨ ᠤ ᠦᠶᠯᠡᠰ ᠢ ᠤᠷᠢᠳᠠᠪᠠᠷ ᠬᠥᠭᠵᠢᠭᠦᠯᠬᠦ᠂ ᠵᠢᠱᠢᠶ᠎ᠡ ᠦᠵᠡᠭᠦᠯᠦᠨ ᠳᠠᠶᠢᠴᠢᠯᠠᠬᠤ︾ ᠲᠠᠷᠢᠶᠠᠯᠠᠩ ᠮᠠᠯ ᠠᠵᠤ ᠠᠬᠤᠢ  ᠎ ᠶᠢᠨ ᠬᠥᠭᠵᠢᠯᠲᠡ ᠶᠢᠨ ᠶᠡᠷᠦᠩᠬᠡᠶ ᠰᠡᠳᠬᠢᠮᠵᠢ ᠶᠢᠨ ᠵᠢᠯᠣᠭᠤᠳᠤᠯᠭ᠎ᠠ ᠳᠣᠤᠷ᠎ᠠ᠂ ᠳ᠋ᠠᠪᠠᠨ ᠪᠠᠯᠭᠠᠰᠤᠨ ᠤ ᠨᠠᠮ ᠎ ᠤᠨ ᠬᠤᠷᠢᠶ᠎ᠠ᠂ ᠵᠠᠰᠠᠭ ᠤᠨ ᠣᠷᠳᠣᠨ ᠤ ᠰᠠᠨᠠᠭᠠᠴᠢᠯᠠᠭ᠎ᠠ ᠪᠠᠷ ᠳ᠋ᠠᠪᠠᠨ ᠪᠠᠯᠭᠠᠰᠤᠨ ᠤ ᠠᠯᠠᠰᠢᠨ ᠦᠭᠡᠷ ᠤᠨ ᠠᠵᠦ ᠦᠢᠯᠡᠰ ᠬᠦᠭᠵᠢᠭᠰᠡᠨ 12 ᠭᠠᠴᠠᠭ᠎ᠠ ᠪᠠᠷ ᠭᠤᠤᠯ  ᠪᠣᠯᠭᠠᠨ᠂  ᠴᠢᠨᠠᠷ  ᠰᠠᠶᠢᠲᠠᠶ  ᠠᠯᠠᠰᠢᠨ  ᠦᠬᠡᠷ  ᠎ ᠤᠨ  ᠬᠥᠭᠵᠢᠯᠲᠡ  ᠎ ᠶᠢᠨ  ᠠᠵᠤ  ᠦᠢᠯᠡᠰ  ᠎ ᠤᠨ   ᠪᠦᠰᠡ  ᠎ ᠶᠢ ᠲᠦᠯᠦᠪᠵᠢᠭᠦᠯᠦᠭᠰᠡᠨ ᠰᠠᠭᠤᠷᠢᠨ ᠳᠤ ᠪᠠᠶᠢᠭᠤᠯᠤᠭᠲᠠᠭᠰᠠᠨ ᠪᠠᠶᠢᠨ᠎ᠠ᠃         ᠦᠭᠡᠷ ᠲᠡᠵᠢᠭᠡᠬᠦ ᠨᠡᠶᠢᠭᠡᠮᠯᠢᠭ ᠨᠢ ᠠᠯᠠᠰᠢᠨ ᠦᠬᠡᠷ ᠲᠡᠵᠢᠭᠡᠨ  ᠦᠷᠡᠵᠢᠭᠦᠯᠬᠦ  ᠡᠷᠦᠬᠡ  ᠪᠠ  ᠪᠣᠷᠣᠯᠠᠭᠤᠯᠬᠤ  ᠵᠠᠬ᠎ᠠ ᠳᠡᠯᠭᠡᠭᠦᠷ ᠤᠨ ᠬᠦᠭᠦᠷᠭᠡ  ᠪᠤᠯᠵᠦ᠂  ᠵᠠᠬ᠎ᠠ  ᠳᠡᠯᠭᠡᠭᠦᠷ  ᠎ ᠤᠨ  ᠲᠦᠭᠰᠢᠭᠦᠷᠢ  ᠎ ᠶᠢ  ᠡᠰᠡᠷᠭᠦᠴᠡᠨ  ᠬᠤᠷᠢᠭᠯᠠᠬᠤ  ᠴᠢᠳᠠᠪᠤᠷᠢ  ᠎ ᠶᠢ ᠳᠡᠭᠡᠭᠰᠢᠯᠡᠭᠦᠯᠬᠦ᠂ ᠬᠤᠰᠢᠭᠤᠨ ᠤ ︽1015︾ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ  ᠵᠠᠭᠪᠤᠷ  ᠎ ᠢ  ᠳᠡᠯᠭᠡᠷᠡᠭᠦᠯᠬᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠤᠷᠠᠭᠤᠯᠵᠦ᠂ ᠣᠷᠣᠯᠭ᠎ᠠ ᠶᠢ ᠳᠡᠭᠡᠭᠰᠢᠯᠡᠭᠦᠯᠬᠦ ᠪᠠᠷ  ᠪᠦᠬᠦ  ᠬᠤᠰᠢᠭᠤᠨ  ᠎ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ᠂ ᠭᠡᠷ ᠪᠦᠯᠢ ᠶᠢᠨ  ᠮᠠᠯᠵᠢᠯ  ᠎ ᠤᠨ  ᠲᠠᠯᠠᠪᠠᠢ᠂  ᠠᠯᠠᠰᠢᠨ  ᠦᠬᠡᠷ  ᠲᠡᠵᠢᠭᠡᠨ ᠦᠷᠡᠵᠢᠭᠦᠯᠬᠦ ᠬᠤᠷᠰᠢᠶ᠎ᠠ ᠳᠤ ᠲᠠᠷᠢᠶᠠᠯᠠᠩ ᠮᠠᠯ ᠠᠵᠤ ᠠᠬᠤᠢ ᠶᠢᠨ ᠲᠥᠷᠦ  ᠎ ᠶᠢᠨ  ᠪᠣᠳᠣᠯᠭ᠎ᠠ  ᠎ ᠶᠢᠨ  ᠤᠬᠠᠭᠤᠯᠭ᠎ᠠ᠂  ᠠᠯᠠᠰᠢᠨ ᠦᠬᠡᠷ ᠬᠤᠳᠠᠯᠳᠤᠨ ᠠᠪᠬᠤ ᠪᠤᠶᠤ ᠪᠣᠷᠣᠯᠠᠭᠤᠯᠬᠤ  ᠮᠡᠳᠡᠭᠡ  ᠵᠠᠩᠭᠢ  ᠨᠡᠶᠢᠲᠡᠯᠡᠬᠦ᠂  ᠰᠢᠨᠵᠢᠯᠡᠬᠦ  ᠤᠬᠠᠭᠠᠨᠴᠢ  ᠎ ᠪᠠᠷ  ᠲᠡᠵᠢᠭᠡᠨ ᠦᠷᠡᠵᠢᠭᠦᠯᠬᠦ ᠮᠡᠷᠭᠡᠵᠢᠯ ᠢ ᠲᠦᠭᠡᠮᠡᠯᠵᠢᠭᠦᠯᠬᠦ᠂ ᠡᠭᠦᠯᠳᠡᠷ ᠰᠠᠶᠢᠵᠢᠷᠠᠭᠤᠯᠬᠤ ᠮᠡᠷᠭᠡᠵᠢᠯ  ᠎ ᠢ  ᠳᠡᠯᠭᠡᠷᠡᠭᠦᠯᠬᠦ᠂  ᠲᠡᠵᠢᠭᠡᠯ  ᠪᠣᠷᠳᠤᠭ᠎ᠠ ᠨᠠᠶᠢᠷᠠᠭᠤᠯᠬᠤ᠂ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠵᠠᠭᠤᠴᠢᠯᠠᠭᠴᠢ ᠶᠢᠨ ᠡᠩᠨᠡᠭᠡ ᠶᠢ  ᠬᠥᠮᠦᠵᠢᠭᠦᠯᠬᠦ  ᠵᠡᠷᠭᠡ ᠣᠯᠠᠨ ᠲᠠᠯ᠎ᠠ ᠶᠢᠨ ᠪᠣᠯᠪᠠᠰᠤᠷᠠᠯ ᠵᠢᠴᠢ ᠦᠶᠯᠡᠴᠢᠯᠡᠭᠡ ᠶᠢ ᠬᠠᠨᠭ᠍ᠭᠠᠬᠤ ᠪᠠᠷ ᠵᠤᠷᠢᠯᠭ᠎ᠠ ᠪᠠᠨ  ᠪᠤᠯᠭᠠᠵᠦ  ᠠᠯᠬᠤᠮ  ᠲᠠᠷᠠᠭ᠎ᠠ  ᠎ ᠲᠠᠢ ᠠᠵᠢᠯ ᠢᠶᠠᠨ ᠦᠷᠨᠢᠭᠦᠯᠦᠭᠰᠡᠨ ᠪᠠ ᠰᠦ ᠰᠠᠭᠠᠯᠢ ᠎ ᠶᠢᠨ ᠦᠢᠯᠡᠰ ᠢ ᠲᠠᠰᠤᠷᠠᠯᠲᠠ ᠦᠭᠡᠢ ᠲᠡᠮᠵᠢᠵᠦ ᠢᠷᠡᠭᠰᠡᠨ ᠶᠤᠮ᠃         2020 ᠣᠨ ᠤ 8 ᠰᠠᠷ᠎ᠠ ᠶᠢᠨ 6᠎ ᠤ ᠡᠳᠦᠷ ᠪᠠᠭᠠᠷᠢᠨ ᠪᠠᠷᠠᠭᠤᠨ ᠬᠤᠰᠢᠭᠤᠨ ᠤ ᠦᠬᠡᠷ ᠲᠡᠵᠢᠭᠡᠬᠦ ᠨᠡᠶᠢᠭᠡᠮᠯᠢᠭ ᠎ ᠨᠢ ᠨᠡᠶᠢᠭᠡᠮᠯᠢᠭ ᠤᠨ ᠰᠦ ᠰᠠᠭᠠᠯᠢ ᠪᠤᠷᠤᠯᠠᠭᠤᠯᠵᠦ ᠪᠠᠶᠢᠭ᠎ᠠ 22 ᠨᠡᠷ᠎ᠡ ᠭᠡᠰᠢᠭᠦᠳ ᠢᠶᠠᠨ ᠵᠤᠬᠢᠶᠠᠨ ᠪᠠᠶᠢᠭᠤᠯᠤᠨ᠂ ᠰᠢᠯᠤᠭᠤᠨ ᠬᠥᠬᠡ ᠬᠤᠰᠢᠭᠤᠨ ᠳᠤ ᠬᠦᠷᠴᠦ ᠤᠯᠠᠮᠵᠢᠯᠠᠯᠲᠤ ᠴᠠᠭᠠᠨ ᠢᠳᠡᠭᠡ ᠪᠣᠯᠪᠠᠰᠤᠷᠠᠭᠤᠯᠬᠤ᠂ ᠪᠣᠭᠤᠳᠠᠯᠯᠠᠬᠤ ᠮᠡᠷᠭᠡᠵᠢᠯ᠂ ᠪᠤᠷᠤᠯᠠᠭᠤᠯᠵᠦ ᠪᠠᠶᠢᠭ᠎ᠠ ᠪᠠᠶᠢᠲᠠᠯ ᠵᠡᠷᠭᠡ ᠶᠢ ᠲᠣᠭᠤᠷᠢᠨ ᠰᠤᠷᠤᠯᠴᠠᠭᠤᠯᠤᠭᠰᠠᠨ ᠪᠠᠶᠢᠨ᠎ᠠ᠃ ᠰᠠᠭᠠᠯᠢᠴᠢᠳ᠂ ᠵᠠᠯᠠᠭᠤ ᠠᠵᠦ ᠠᠬᠤᠶᠢᠯᠲᠠᠨ  ᠡᠷᠬᠢᠮᠪᠠᠶᠠᠷ  ᠎ ᠤᠨ ︽ᠦᠪᠦᠷ ᠮᠤᠩᠭᠤᠯ ᠤᠨ ᠰᠦ ᠲᠠᠢ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ﹀﹀᠎ ᠳᠤ ᠬᠦᠷᠴᠦ ᠦᠢᠯᠡᠰ ᠪᠣᠰᠬᠠᠭᠰᠠᠨ ᠥᠩᠭᠡᠷᠡᠯᠲᠡ᠂ ᠠᠵᠢᠯ ᠲᠥᠷᠥᠯ ᠤᠨ ᠦᠢᠯᠡᠳᠪᠦᠷᠢᠯᠡᠯ ᠤᠨ ᠵᠠᠭᠪᠤᠷ᠂ ᠵᠠᠬ᠎ᠠ ᠲᠡᠯᠭᠡᠬᠦᠷ ᠤᠨ ᠬᠡᠪᠴᠢᠶ᠎ᠡ᠂ ᠡᠵᠡᠩᠨᠡᠯᠲᠡ ᠶᠢᠨ ᠠᠰᠢᠭ ᠬᠤᠨᠵᠢᠪᠣᠷᠢ᠂ ᠦᠢᠯᠡᠳᠭᠦᠨ ᠤ ᠪᠤᠭᠤᠯᠲᠠ᠂ ᠰᠦ ᠰᠠᠭᠠᠯᠢ ᠶᠢᠨ ᠪᠦᠲᠦᠭᠡᠭᠲᠡᠭᠦᠨ ᠤ ᠬᠤᠵᠢᠮ ᠤᠨ ᠬᠠᠨᠲᠤᠰᠢ  ᠎ ᠶᠢᠨ  ᠦᠵᠡᠯᠲᠡ ᠪᠤᠲᠤᠯ ᠵᠡᠷᠭᠡ ᠶᠢ ᠬᠢᠨᠠᠮᠠᠭᠠᠶ ᠰᠤᠨᠤᠰᠴᠦ᠂ ᠪᠦᠲᠦᠭᠡᠭᠳᠡᠬᠦᠨ ᠤ ᠤᠯᠠᠨ ᠶᠠᠩᠵᠦ ᠶᠢᠨ ᠪᠣᠭᠤᠳᠠᠯ ᠪᠠᠭᠯᠠᠭ᠎ᠠ ᠪᠠ ᠪᠤᠭᠤᠲᠠᠯ ᠪᠠᠭᠯᠠᠭ᠎ᠠ ᠲᠠᠢ ᠪᠦᠲᠦᠭᠡᠭᠲᠡᠭᠦᠨ ᠤ ᠰᠣᠨᠢᠨ ᠰᠠᠶᠢᠬᠠᠨ ᠨᠡᠷ᠎ᠡ ᠶᠢ ᠨᠢ ᠰᠤᠨᠢᠷᠬᠠᠨ᠂ ᠪᠢᠰᠢᠷᠡᠵᠦ ᠪᠠᠭ᠋ᠠᠷᠬᠠᠭᠰᠠᠨ ᠦᠭᠡ᠂ ᠰᠢᠭᠤᠳ ᠰᠢᠯᠤᠭᠤᠨ ᠠᠰᠠᠭᠤᠯᠲᠠ᠂ ᠰᠤᠷᠴᠦ ᠮᠡᠲᠡᠬᠦ ᠬᠦᠰᠡᠯ ᠤᠨ ᠲᠤᠮᠲᠠ ᠪᠦᠬᠡᠮ ᠶᠠᠷᠢᠯᠴᠠᠭ᠎ᠠ ᠪᠤᠯᠤᠭᠰᠠᠨ ᠪᠠᠶᠢᠨ᠎ᠠ᠃         ᠲᠠᠷᠠᠭ᠎ᠠ  ᠦᠷᠲᠡᠭᠡᠨ  ᠎ ᠳᠤ  ᠲᠠᠰᠤᠯᠬᠠᠨ  ᠰᠦ  ᠎ ᠶᠢᠨ  ᠦᠨᠦᠷ  ᠠᠩᠭᠢᠯᠤᠭᠰᠠᠨ   ︽ᠲᠤᠯᠭ᠎ᠠ   ᠴᠠᠭᠠᠨ   ᠢᠳᠡᠭᠡ ᠪᠣᠯᠪᠠᠰᠤᠷᠠᠭᠤᠯᠬᠤ ᠦᠷᠦᠭᠡ﹀﹀᠎ ᠳᠤ ᠡᠵᠡᠨᠲᠡᠨ ᠤᠨᠤᠨ ᠤ ᠦᠨᠡᠨ ᠪᠤᠲᠠᠲᠦ  ᠦᠡᠭᠭᠡᠷᠡᠯᠲᠡ᠂  ᠮᠤᠩᠭᠤᠯ  ᠬᠦᠮᠦᠨ  ᠎ ᠳᠤ  ᠯᠡ ᠪᠠᠶᠢᠲᠠᠭ ᠰᠡᠳᠬᠢᠯ ᠢᠶᠠᠨ ᠠᠭᠤᠲᠠᠯᠠᠭᠰᠠᠨ ᠶᠠᠷᠢᠶᠠᠨ ᠳᠤ ᠰᠠᠭᠠᠯᠢᠴᠢᠳ ᠡᠷᠬᠡ ᠦᠭᠡᠢ ᠲᠠᠲᠠᠭᠲᠠᠨ᠂ ᠴᠠᠭᠠᠨ  ᠢᠳᠡᠭᠡᠨ ᠤ  ᠠᠵᠢᠯ ᠲᠥᠷᠥᠯ ᠤᠨ ᠨᠡᠶᠢᠲᠡᠮ ᠣᠷᠣᠰᠢᠵᠤ ᠪᠠᠶᠢᠭ᠎ᠠ ᠠᠰᠠᠭᠤᠳᠠᠯ  ᠪᠤᠯᠤᠨ  ᠲᠤᠯᠭᠠᠷᠠᠵᠤ  ᠪᠠᠶᠢᠭ᠎ᠠ  ᠬᠦᠴᠢᠷᠳᠡᠯ ᠤᠨ  ᠲᠤᠬᠠᠶ  ᠪᠤᠲᠤᠯ ᠰᠠᠨᠠᠯ ᠢᠶᠠᠨ ᠡᠷᠡᠭᠡ ᠦᠭᠡᠢ ᠰᠤᠯᠢᠯᠴᠠᠨ᠂ ᠸᠢᠴᠠᠲ ᠢᠶᠠᠨ ᠬᠤᠯᠪᠤᠵᠦ᠂  ᠲᠦᠷᠬᠦᠮ  ᠎ ᠳᠤ  ᠎ ᠪᠠᠨ  ᠬᠦᠷᠦᠭᠰᠡᠨ  ᠮᠡᠲᠦ  ᠪᠠᠶᠠᠷᠲᠠᠢ ᠪᠠᠶᠢᠯ᠎ᠠ᠃         ᠰᠠᠭᠠᠯᠢᠴᠢᠳ ᠠᠴᠠ ᠬᠤᠷᠤᠳ᠂ ᠰᠢᠷ᠎ᠠ ᠲᠣᠰᠣ᠂ ᠦᠷᠦᠮ᠎ᠡ ᠵᠡᠷᠭᠡ ᠳᠥᠭᠦᠮᠬᠡᠨ ᠡᠳ᠋ᠰᠢᠭᠦᠯᠦᠯᠲᠡ  ᠎ ᠪᠠᠨ  ᠬᠢᠮᠳᠠ  ᠎ ᠪᠠᠷ ᠪᠤᠷᠤᠯᠠᠭᠤᠯᠬᠤ ᠨᠢ ᠠᠰᠢᠭ ᠤᠷᠤᠯᠭ᠎ᠠ ᠶᠡᠭᠡ ᠤᠯᠬᠤ ᠦᠭᠡᠢ᠃ ᠦᠨᠡᠨᠬᠦ ᠴᠡᠪᠡᠷ ᠪᠠᠶᠢᠭᠠᠯᠢᠯᠢᠭ ᠴᠠᠭᠠᠨ ᠢᠲᠡᠭᠡᠨ  ᠎ ᠢᠶᠠᠨ  ᠦᠨ᠎ᠡ ᠴᠠᠨ᠎ᠠ ᠳᠤ ᠨᠢ ᠬᠦᠷᠭᠡᠵᠦ  ᠲᠡᠶᠢᠯᠬᠦ  ᠦᠭᠡᠢ  ᠪᠠᠶᠢᠨ᠎ᠠ᠃  ᠪᠢᠳᠡ  ᠥᠨᠥᠳᠦᠷ ᠤᠨ  ᠦᠵᠡᠵᠦ  ᠰᠤᠨᠤᠰᠤᠭᠰᠠᠨ  ᠮᠡᠲᠦ  ᠎ ᠪᠠᠷ ᠬᠡᠷᠡᠭᠯᠡᠭᠴᠢᠳ ᠤᠨ ᠬᠡᠷᠡᠭᠴᠡᠭᠡ ᠱᠠᠭᠠᠷᠲᠠᠯᠭ᠎ᠠ ᠳᠤ ᠵᠤᠬᠢᠴᠠᠭᠤᠯᠤᠨ ᠴᠡᠪᠡᠷ ᠪᠠᠶᠢᠭᠠᠯᠢᠯᠢᠭ᠂ ᠥᠪᠡᠷᠮᠢᠴᠡ ᠣᠨᠴᠠᠯᠢᠭ ᠲᠠᠢ᠂ ᠦᠨᠦᠷ ᠠᠮᠲᠠ ᠰᠢᠨ᠎ᠡ ᠰᠣᠷᠭᠤᠭ᠂ ᠰᠢᠮ᠎ᠡ ᠲᠡᠵᠢᠭᠡᠯ  ᠡᠯᠪᠡᠭ᠂  ᠪᠣᠭᠤᠳᠠᠯ  ᠪᠠᠭᠯᠠᠭ᠎ᠠ ᠨᠢ  ᠰᠢᠨ᠎ᠡ  ᠬᠡᠯᠪᠡᠷᠢ  ᠎ ᠶᠢᠨ  ᠴᠠᠭᠠᠨ  ᠢᠳᠡᠭᠡᠨ ᠡᠳ᠋ᠰᠢᠭᠦᠯᠬᠦ ᠶᠢ ᠬᠡᠷ ᠪᠦᠯᠢ ᠶᠢᠨ ᠲᠦᠭᠦᠮ ᠬᠡᠯᠪᠡᠷᠢ ᠠᠴᠠ  ᠠᠯᠬᠤᠮ  ᠠᠯᠬᠤᠮ ᠢᠶᠠᠷ  ᠬᠡᠪᠴᠢᠶᠡᠵᠢᠭᠦᠯᠦᠭᠰᠡᠨ  ᠦᠢᠯᠡᠳᠪᠦᠷᠢᠯᠡᠯ᠂ ᠨᠠᠷᠠᠲᠤ ᠲᠡᠮᠳᠡᠭᠴᠢᠯᠡᠭᠰᠡᠨ ᠪᠤᠷᠤᠯᠠᠭᠤᠯᠤᠯᠲᠠ ᠪᠣᠯᠭᠠᠨ ᠬᠤᠪᠢᠷᠠᠭᠤᠯᠵᠤ ᠣᠷᠣᠯᠭ᠎ᠠ ᠪᠠᠨ  ᠨᠡᠮᠡᠭᠳᠡᠭᠦᠯᠬᠦ  ᠎ ᠨᠢ  ᠰᠦ  ᠰᠠᠭᠠᠯᠢ  ᠎ ᠶᠢᠨ ᠦᠢᠯᠡᠳᠭᠦᠨ ᠤ ᠡᠷᠬᠡᠪᠰᠢ ᠶᠠᠪᠤᠬᠤ ᠵᠠᠮ ᠪᠤᠯᠬᠤ ᠶᠢ ᠰᠠᠨᠠᠯ ᠨᠢᠭᠡᠲᠡᠢ ᠦᠵᠡᠵᠦ᠂ ᠤᠯᠵᠠᠷᠬᠠᠯ ᠶᠡᠬᠡᠲᠡᠢ  ᠪᠤᠴᠠᠬᠤ  ᠠᠶᠠᠨ  ᠎ ᠢᠶᠠᠨ ᠡᠯᠭᠦᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号