ᠰᠦᠯᠵᠢᠶᠡᠨ‌ᠤᠳᠤᠥᠨ  ᠰᠢᠯᠤᠭᠤᠨ ᠬᠥᠬᠡ ᠬᠤᠰᠢᠭᠤᠨ ᠳᠤ ᠰᠢᠭᠤᠳ ᠨᠡᠪᠳᠡᠷᠡᠬᠦᠯᠭᠡ  ᠬᠢᠭᠰᠡᠨ
ᠨᠡᠶᠢᠲᠡᠯᠡᠭᠰᠡᠨ ᠴᠠᠭ᠄
2020/8/19
                     ᠬᠠᠮ ᠵᠠᠭᠤᠴᠢᠯᠠᠭᠤᠷ ᠤᠨ ᠰᠤᠷᠪᠤᠯᠵᠢᠯᠬᠠᠴᠢ       ᠡᠭᠡᠰᠢᠭ          ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠬᠢᠯᠡᠵᠤ᠂ ᠰᠢᠯᠢ ᠶᠢᠨ ᠬᠤᠳᠠ ᠶᠢᠨ ᠠᠷᠠᠳ  ᠤᠨ ᠵᠠᠰᠠᠭ ᠤᠨ ᠤᠷᠳᠤᠨ ᠵᠡᠷᠭᠡ ᠬᠠᠮᠢᠶᠠᠲᠠᠢ ᠪᠠᠶᠢᠭᠤᠯᠭ᠎ᠠ ᠨᠢᠬᠡᠴᠡ ᠠᠴᠠ ᠲᠠᠭᠠᠭᠠᠴᠢᠯᠠᠨ ᠡᠷᠬᠢᠯᠡᠭᠰᠡᠨ ︽ᠬᠠᠨᠠᠭᠠᠷ ᠲᠠᠯ᠎ᠠ · ᠰᠢᠯᠢ ᠶᠢᠨ ᠭᠤᠤᠯ︾ ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠰᠢᠭᠤᠳ ᠨᠡᠪᠳᠡᠷᠡᠬᠦᠯᠬᠡ ᠶᠢᠨ ᠦᠳᠡᠰᠢᠯᠡᠭᠡ ᠵᠢᠴᠢ ᠰᠦᠯᠵᠢᠶᠡᠨ ᠤᠳᠤᠳ ᠤᠨ ᠠᠵᠤ ᠠᠬᠤᠢ ᠶᠢᠨ ᠲᠤᠷᠰᠢᠯᠭ᠎ᠠ ᠰᠤᠯᠢᠯᠴᠠᠭᠠᠨ ᠤ ᠴᠤᠭᠯᠠᠭᠠᠨ ᠤ ᠬᠤᠪᠢᠶᠠᠷᠢ ᠠᠵᠢᠯᠯᠠᠭ᠎ᠠ 8 ᠰᠠᠷ᠎ᠠ ᠶᠢᠨ17 ᠤ ᠡᠳᠦᠷ  ᠰᠢᠯᠤᠭᠤᠨ ᠬᠥᠭᠡ ᠬᠤᠰᠢᠭᠤᠨ ᠤ  ᠶᠤᠸᠠᠨ ᠤ ᠲᠡᠭᠡᠳᠤ ᠨᠡᠶᠢᠰᠯᠡᠯ   ᠤᠨ ᠪᠠᠭᠤᠷᠢ ᠳᠤ ᠶᠠᠪᠤᠠᠠᠳᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠲᠡᠮᠦᠷ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃          ᠠᠵᠢᠯᠯᠠᠭ᠎ᠠ ᠪᠠᠷ ᠪᠦᠬᠦ ᠤᠯᠤᠰ ᠤᠨ ᠡᠯ᠎ᠡ ᠭᠠᠵᠠᠷ ᠤᠨ ᠨᠡᠶᠢᠳᠡ ᠵᠠᠭᠤ ᠰᠢᠬᠠᠮ ᠰᠦᠯᠵᠢᠶᠡᠨ ᠤᠳᠤᠨ ᠰᠢᠯᠤᠭᠤᠨ ᠬᠥᠬᠡ ᠬᠤᠰᠢᠭᠤᠨ ᠳᠤ ᠢᠷᠡᠵᠤ᠂ ᠬᠠᠭᠠᠨ ᠤᠷᠳᠤᠨ ᠤ ᠴᠠᠭᠠᠨ ᠢᠳᠡᠭᠡ ᠶᠢ ᠠᠮᠲᠠᠯᠠᠨ᠂ ᠮᠤᠩᠭᠤᠯ ᠶᠤᠸᠠᠨ ᠤ ᠰᠤᠶᠤᠯ᠂  ᠪᠠᠶᠢᠭᠠᠯᠢ ᠠᠬᠤᠢ ᠵᠢᠨ‌ᠭᠤᠶᠢᠳᠠ  ᠦᠵᠡᠮᠵᠢ ᠶᠢ ᠪᠡᠶᠡᠴᠢᠯᠡᠨ ᠤᠶᠢᠯᠠᠭᠠᠬᠰᠠᠨ ᠤ ᠬᠠᠮᠳᠤ ᠬᠠᠭᠠᠨ ᠤᠷᠳᠤᠨ ᠤ ᠡᠯ᠎ᠡ ᠲᠥᠷᠥᠯ ᠤᠨ  ᠴᠠᠭᠠᠨ ᠢᠳᠡᠭᠡ ᠶᠢ ᠰᠦᠯᠵᠢᠶᠠᠨ ᠠᠨᠳᠠ ᠤᠳ ᠲᠤ ᠳᠡᠯᠭᠡᠨ ᠦᠵᠡᠭᠦᠯᠵᠦ᠂ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ᠂ ᠰᠢᠯᠤᠭᠤᠨ ᠬᠥᠬᠡ  ᠨᠤᠳᠤᠭ ᠢ ᠨᠡᠩ ᠣᠯᠠᠨ ᠬᠦᠮᠦᠰ ᠲᠤ ᠣᠶᠢᠯᠠᠭᠠᠭᠤᠯᠤᠭᠰᠠᠨ ᠪᠠᠶᠢᠨ᠎ᠠ᠃ ᠠᠵᠢᠯᠯᠠᠭ᠎ᠠ ᠪᠠᠷ ᠪᠠᠰᠠ  ᠰᠢᠯᠤᠭᠤᠨ ᠬᠥᠭᠡ ᠬᠤᠰᠢᠭᠤᠨ ᠤ ᠤᠯᠠᠭᠠᠨᠮᠥ᠋ᠴᠢᠷ ᠦᠨᠳᠦᠰᠦᠲᠡᠨ ᠤ ᠣᠨᠴᠠᠯᠢᠭ ᠪᠦᠬᠦᠢ ︽ᠴᠤᠭᠤᠷ ᠳᠠᠭᠤᠤ︾᠂ ᠮᠣᠷᠢᠨ ᠬᠤᠭᠤᠷ ᠤᠨ ᠭᠤᠴᠣᠯᠠᠯ ︽ ᠵᠠᠯᠮ᠎ᠠ ᠬᠠᠷ᠎ᠠ︾᠂  ᠭᠤᠴᠣᠯᠠᠯ ᠳᠠᠭᠤᠤ ︽ᠦᠵᠡᠰᠬᠦᠯᠡᠩᠲᠦ ᠰᠠᠶᠢᠬᠠᠨ ᠥᠨᠢᠷ ᠪᠠᠶᠠᠯᠢᠭ ᠰᠢᠯᠤᠭᠤᠨ ᠬᠦᠬᠡ︾ ᠵᠡᠷᠭᠡ ᠤᠷᠠᠨ ᠰᠠᠶᠢᠬᠠᠨ ᠤ ᠲᠣᠭᠯᠠᠯᠲᠠ ᠭᠠᠷᠭᠠᠵᠤ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠤᠷᠮ᠎ᠠ ᠵᠣᠷᠢᠭ ᠢ ᠬᠥᠭᠵᠢᠭᠡᠵᠡᠢ᠃
        ᠤᠶᠢᠯᠠᠭᠠᠭᠰᠠᠨ ᠢᠶᠠᠷ᠂ ᠲᠣᠰ ᠤᠳᠠᠭᠠᠨ ᠤ ᠰᠢᠭᠤᠳ ᠨᠡᠪᠲᠡᠷᠡᠭᠦᠯᠭᠡ ᠶᠢᠨ ᠥᠵᠡᠭᠴᠢᠥᠨ ᠤᠨ ᠲᠤᠭ᠎ᠠ 211.1 ᠲᠦᠮᠡᠨ ᠬᠥᠮᠦᠨ ᠤᠳᠠᠭ᠎ᠠ ᠳᠤ ᠬᠦᠷᠴᠡᠶ᠃   ᠠᠵᠢᠯᠯᠠᠭ᠎ᠠ ᠶᠢ ᠲᠠᠭᠠᠭᠠᠴᠢᠯᠠᠨ ᠡᠷᠬᠢᠯᠡᠭᠰᠡᠨ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠳᠠᠨ ᠠᠴᠠ ᠡᠨᠡ ᠤᠳᠠᠭ᠎ᠠ ᠰᠢᠯᠤᠭᠤᠨ ᠬᠦᠬᠡ ᠬᠤᠰᠢᠭᠤᠨ ᠳᠤ ᠢᠷᠡᠭᠰᠡᠨ ᠵᠣᠷᠢᠯᠭ᠎ᠠ ᠶᠢᠨ ᠲᠤᠬᠠᠶ ᠪᠢᠳᠡᠨ ᠳᠤ ᠬᠡᠯᠡᠬᠦ ᠳᠡᠭᠡᠨ᠄ ᠡᠩ ᠲᠡᠷᠢᠭᠦᠨ ᠳᠤ ᠴᠠᠭᠠᠨ ᠢᠳᠡᠭᠡᠨ ᠤ ᠪᠦᠲᠦᠭᠡᠭᠳᠡᠬᠦᠨ ᠪᠠ ᠲᠥᠷᠥᠯ ᠵᠥᠢᠯ ᠢ ᠤᠶᠢᠯᠠᠭᠠᠶ᠎ᠠ᠂ ᠭᠠᠵᠠᠷ ᠣᠷᠣᠨ ᠤ ᠪᠦᠲᠦᠭᠡᠭᠳᠡᠬᠦᠨ ᠢ ᠳᠡᠯᠭᠡᠷᠡᠭᠦᠯᠦᠶ᠎ᠡ ᠤᠬᠠᠭᠤᠯᠥᠶ᠎ᠠ ᠭᠡᠵᠦ ᠪᠤᠳᠤᠬᠰᠠᠨ᠂ ᠳᠠᠷᠠᠭᠠᠯᠠᠪᠠᠯ ᠶᠤᠸᠠᠨ ᠤ ᠳᠡᠭᠡᠳᠦ ᠨᠡᠶᠢᠰᠯᠡᠯ ᠤᠨ ᠮᠣᠩᠭᠤᠯ ᠶᠤᠸᠠᠨ ᠤ ᠰᠣᠶᠣᠯ ᠢ  ᠤᠯᠠᠮᠵᠢᠯᠠᠨ ᠳᠠᠮᠵᠢᠭᠤᠯᠵᠤ᠂  ᠰᠥᠯᠵᠢᠶᠡᠨ ᠤᠳᠤᠥᠨ ᠤᠨ ᠨᠡᠪᠳᠡᠷᠡᠬᠦᠯᠭᠡ ᠪᠠᠷ  ᠲᠠᠮᠵᠢᠭᠤᠯᠵᠤ ᠰᠢᠯᠤᠭᠤᠨ ᠬᠥᠬᠡ ᠬᠤᠰᠢᠭᠤ ᠶᠢ ᠰᠦᠯᠵᠢᠶᠡᠨ ᠤ ᠨᠡᠷᠡᠲᠦ ᠴᠡᠭ ᠲᠡᠮᠳᠡᠭ ᠪᠣᠯᠭᠠᠵᠤ᠂ ᠭᠦᠨ ᠵᠤᠵᠠᠭᠠᠨ ᠦᠨᠳᠦᠰᠦᠲᠡᠨ ᠤ ᠰᠣᠶᠣᠯ ᠪᠠ ᠲᠠᠯ᠎ᠠ ᠨᠤᠲᠤᠭ ᠤᠨ  ᠰᠠᠶᠢᠬᠠᠨ ᠢ ᠤᠯᠠᠨ ᠲᠦᠮᠡᠨ ᠳᠤ ᠬᠠᠷᠠᠭᠤᠯᠤᠶ᠎ᠠ ᠬᠡᠵᠤ ᠪᠤᠳᠤᠭᠰᠠᠨ ᠬᠡᠯ᠎ᠡ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号