ᠪᠤᠱᠤᠤᠳᠠᠢ ᠰᠤᠮᠤ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠵᠢᠴᠢ ᠲᠤᠤᠷᠴᠢᠯᠠᠭᠰᠠᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠬᠤᠷᠠᠯᠳᠣᠪᠠ
ᠨᠡᠶᠢᠲᠡᠯᠡᠭᠰᠡᠨ ᠴᠠᠭ᠄
2020/8/19
             ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠳᠣᠰᠠᠳᠠ᠂ 8 ᠰᠠᠷᠠᠶᠢᠨ 18 ᠤ ᠡᠳᠦᠷ᠂ ᠪᠣᠱᠣᠣᠳᠠᠢ ᠰᠤᠮᠤ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠲᠤᠬᠠᠶᠢᠯᠠᠭᠰᠠᠨ ᠠᠵᠢᠯ ᠤᠨ ᠪᠣᠯᠪᠠᠰᠣᠷᠠᠯ ᠤᠨ ᠬᠤᠷᠠᠯ ᠵᠢᠴᠢ  ᠲᠣᠣᠷᠴᠢᠯᠠᠭᠰᠠᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠣᠷᠠᠯ ᠤᠨ ᠬᠤᠷᠠᠯ ᠢ ᠬᠤᠷᠠᠯᠳᠣᠪᠠ᠃ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ ᠣᠶᠣᠨᠳᠠᠨ᠎ᠠ ᠬᠤᠷᠠᠯ ᠡᠷᠬᠢᠯᠡᠵᠦ᠂ ᠰᠤᠮᠤᠨ ᠤ ᠨᠠᠮ ᠤᠨ ᠬᠤᠷᠢᠶᠠᠨ ᠤ ᠱᠦᠵᠢ ᠭᠡᠷᠡᠯᠴᠣᠭᠲᠤ᠂ ᠰᠤᠮᠤᠨ ᠳᠠᠷᠤᠭ᠎ᠠ ᠠᠯᠳᠠᠨᠰᠦ᠋ᠬᠡ ᠬᠤᠷᠠᠯ ᠳᠤ ᠣᠷᠣᠯᠴᠠᠵᠤ᠂ ᠰᠤᠮᠤ᠂ ᠭᠠᠴᠠᠭᠠᠨ ᠤ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠵᠢᠯᠲᠠᠨ ᠵᠢᠴᠢ ᠲᠣᠣᠷᠴᠢᠯᠠᠭᠰᠠᠨ ᠬᠠᠮᠢᠶᠠᠷᠤᠯᠲᠠ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ᠃              ᠪᠣᠯᠪᠠᠰᠣᠷᠠᠯ ᠤᠨ ᠬᠤᠷᠠᠯ ᠳᠡᠭᠡᠷ᠎ᠡ᠂ ᠰᠤᠮᠤᠨ ᠤ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠲᠠᠳ᠋ ᠡᠷᠬᠢᠯᠡᠭᠴᠢ ᠴᠢᠨᠠᠷᠳᠣ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠪᠠ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠲᠣᠣᠷᠴᠢᠯᠠᠭᠰᠠᠨ ᠴᠡᠭᠴᠡᠯᠡᠯᠳᠡ ᠶᠢ ᠬᠥᠲᠥᠯᠦᠨ ᠳᠠᠭᠠᠭᠤᠯᠬᠤ ᠠᠵᠢᠯ ᠤᠨ ᠲᠠᠯ᠎ᠠ ᠪᠠᠷ ᠬᠢ ᠣᠨᠣᠯ ᠤᠨ ᠤᠬᠠᠭᠳᠠᠬᠤᠨ᠂ ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠡᠭᠦᠷᠭᠡ ᠬᠠᠷᠢᠭᠤᠴᠠᠯᠭ᠎ᠠ᠂ ᠠᠵᠢᠯ ᠤᠨ ᠲᠦᠷᠢᠮ ᠳᠣᠭᠳᠠᠭᠠᠯ ᠵᠡᠷᠭᠡ ᠠᠭᠤᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠪᠠ᠃ ᠰᠤᠮᠤᠨ ᠤ ︽ᠪᠥᠬᠦ ᠠᠶᠢᠮᠠᠭ ᠤᠨ ᠲᠠᠪᠤ ᠶᠢ ᠬᠠᠮᠵᠢᠯᠴᠠᠭᠤᠯᠬᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ ᠭᠤᠣᠯᠳᠠᠯᠭ᠎ᠠ ᠲᠠᠢ ᠡᠭᠦᠷᠭᠡ ᠶᠢ ᠵᠠᠳᠠᠯᠬᠤ ᠲᠥᠰᠦᠯ︾᠂ ︽ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠠᠶᠢᠭᠤᠯᠣᠯᠳᠠ ᠶᠢᠨ ᠬᠡᠷᠡᠭᠵᠢᠭᠦᠯᠬᠦ ᠲᠥᠰᠦᠯ︾᠂ ︽ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠲᠣᠣᠷᠴᠢᠯᠠᠭᠰᠠᠨ ᠴᠡᠭᠴᠡᠯᠡᠯᠳᠡ ᠶᠢ ᠬᠥᠲᠥᠯᠦᠨ ᠳᠠᠭᠠᠭᠤᠯᠬᠤ ᠬᠡᠷᠡᠭᠵᠢᠭᠦᠯᠬᠦ ᠲᠥᠰᠦᠯ︾ ᠢ ᠰᠤᠷᠤᠯᠴᠠᠪᠠ᠃              ᠰᠤᠮᠤᠨ ᠤ ᠨᠠᠮ ᠤᠨ ᠬᠤᠷᠢᠶᠠᠨ ᠤ ᠱᠦᠵᠢ ᠭᠡᠷᠡᠯᠴᠣᠭᠲᠤ ᠳ᠋ᠦᠩᠨᠡᠯᠲᠡ ᠶᠢᠨ ᠶᠠᠷᠢᠶ᠎ᠠ ᠬᠢᠵᠦ ᠴᠢᠬᠤᠯᠠᠴᠢᠯᠠᠭᠰᠠᠨ ᠨᠢ᠄ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠦᠵᠡᠯᠳᠡ ᠲᠠᠨᠢᠯᠳᠠ ᠪᠠᠨ ᠴᠢᠩᠭᠠᠳᠬᠠᠵᠤ᠂ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠬᠦ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠲᠤᠤᠱᠯᠠᠭᠤᠯᠤᠨ ᠨᠠᠶᠢᠳᠠᠪᠦᠷᠢᠵᠢᠭᠤᠯᠬᠤ ᠬᠡᠷᠡᠭᠲᠡᠶ᠃ ᠬᠤᠶᠠᠷ ᠲᠤ᠂ ᠰᠤᠮᠤ᠂ ᠭᠠᠴᠠᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠯᠠᠨ ᠲᠠᠯ᠎ᠠ ᠪᠠᠷ ᠬᠠᠮᠳᠣᠷᠠᠨ ᠠᠵᠢᠯᠯᠠᠬᠤ ᠶᠢ ᠴᠢᠩᠭᠠᠳᠬᠠᠵᠤ᠂ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠣᠣᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠬᠤ ᠵᠢᠴᠢ ᠬᠠᠲᠠᠭᠤ ᠲᠣᠨᠤᠭ ᠤᠨ ᠰᠠᠭᠤᠷᠢ ᠶᠢ ᠪᠠᠬᠢᠵᠢᠭᠦᠯᠬᠦ ᠵᠡᠷᠭᠡ ᠣᠯᠠᠨ ᠲᠠᠯ᠎ᠠ ᠠᠴᠠ ᠬᠦᠴᠦᠯᠡᠵᠦ᠂ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠵᠢᠯ ᠢ ︽ᠭᠤᠣᠯ ᠣᠳᠣᠷᠢᠳᠣᠯᠭ᠎ᠠ︾ ᠶᠢᠨ ᠢᠨᠵᠧᠨᠧᠷᠢᠩ ᠪᠣᠯᠭᠠᠨ ᠠᠳᠬᠤᠵᠣ᠂ ᠪᠠᠶᠢᠩᠭᠤ ᠶᠢᠨ ᠴᠢᠨᠠᠷᠳᠠᠢ ᠳᠣᠬᠢᠷᠠᠭᠤᠯᠣᠯᠳᠠ ᠬᠢᠵᠦ᠂  ᠨᠠᠷᠢᠯᠢᠭ ᠣᠨᠣᠪᠴᠢᠳᠡᠢ ᠰᠢᠮᠳᠠᠭᠤᠯᠤᠨ ᠵᠢᠯᠣᠭᠤᠳᠴᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠠᠵᠢᠯ ᠤᠨ ᠨᠠᠶᠢᠳᠠᠪᠦᠷᠢᠵᠢᠭᠤᠯᠣᠯᠳᠠ ᠪᠠᠨ ᠨᠠᠷᠢᠯᠢᠭᠵᠢᠭᠤᠯᠣᠨ ᠠᠬᠢᠭᠤᠯᠬᠤ ᠬᠡᠷᠡᠭᠲᠡᠶ᠃              ᠬᠠᠮᠤᠭ ᠰᠡᠭᠦᠯ ᠳᠤ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠠᠯᠳᠠᠨᠰᠦ᠋ᠬᠡ ᠬᠤᠯᠤᠭᠠᠨ᠎ᠠ ᠬᠢᠵᠢᠭ ᠵᠢᠴᠢ ᠰᠢᠨ᠎ᠡ ᠲᠢᠲᠢᠮ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ᠂ ᠠᠶᠤᠯ ᠦᠬᠡᠢ ᠦᠢᠯᠡᠳᠪᠦᠷᠢᠯᠡᠯ᠂ ᠲᠠᠯ᠎ᠠ ᠨᠤᠲᠤᠭ ᠤᠨ ᠭᠠᠯ ᠰᠡᠷᠭᠡᠶᠢᠯᠡᠬᠦ ᠲᠠᠯ᠎ᠠ ᠪᠠᠷ ᠬᠢ ᠠᠵᠢᠯ ᠳᠤ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠪᠠ᠃ ᠨᠢᠭᠡ ᠳᠤ᠂ ︽ᠭᠠᠳᠠᠨ᠎ᠠ ᠠᠴᠠ ᠣᠷᠣᠵᠣ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ  ᠪᠠᠨ ᠳᠠᠬᠢᠵᠣ ᠡᠭᠦᠰᠬᠦ ᠠᠴᠠ ᠰᠡᠷᠭᠡᠶᠢᠯᠡᠬᠦ︾ ᠰᠢᠨ᠎ᠡ ᠲᠢᠲᠢᠮ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠷᠭ᠎ᠠ ᠪᠣᠳᠣᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠭᠠᠴᠠᠭᠠᠨ ᠤ ᠬᠠᠮᠢᠶᠠᠷᠤᠨ ᠡᠵᠡᠮᠳᠡᠬᠦ ᠬᠦᠴᠦᠯᠡᠴᠡ ᠶᠢ ᠴᠢᠩᠭᠠᠳᠬᠠᠵᠤ᠂  ᠲᠠᠮᠵᠢᠭᠤᠯᠣᠨ ᠲᠠᠷᠬᠠᠭᠠᠬᠤ ᠠᠷᠭ᠎ᠠ ᠵᠠᠮ ᠢ ᠪᠦᠲᠦᠮᠵᠢᠲᠡᠢ ᠲᠠᠰᠣᠯᠬᠤ ᠬᠡᠷᠡᠭᠳᠡᠢ᠃ ᠡᠭᠦᠨ ᠤ ᠳᠤ ᠬᠠᠮᠲᠤ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠦᠷᠭᠦᠯᠵᠢᠯᠡᠨ ᠪᠠᠷᠢᠮᠲᠠᠯᠠᠵᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠪᠠ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠠᠭᠤᠷᠢ ᠶᠢ ᠲᠠᠰᠤᠷᠠᠯᠲᠠ ᠦᠬᠡᠢ ᠪᠠᠬᠢᠵᠢᠭᠦᠯᠬᠦ ᠬᠡᠷᠡᠭᠳᠡᠢ᠃ ᠬᠤᠶᠠᠷ ᠲᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠭᠠᠴᠠᠭᠠᠨ ᠤ ᠬᠠᠷᠢᠭᠤᠴᠠᠯᠭᠠᠳᠠᠳ ᠮᠠᠯᠴᠢᠳ ᠤᠨ ᠡᠪᠡᠰᠦ ᠬᠠᠳᠣᠬᠤ᠂ ᠬᠠᠳᠠᠭᠠᠯᠠᠬᠤ ᠠᠵᠢᠯ ᠤᠨ ᠲᠣᠬᠢᠷᠠᠭᠤᠯᠤᠯᠲᠠ ᠵᠣᠬᠢᠴᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠪᠣᠳᠠᠳᠣ ᠪᠠᠶᠢᠳᠠᠯ ᠪᠠ ᠠᠰᠠᠭᠤᠳᠠᠯ ᠢ ᠤᠯᠠᠮ ᠨᠢᠭᠡ ᠠᠯᠬᠤᠮ ᠣᠨᠣᠪᠴᠢᠲᠠᠶ ᠣᠶᠢᠯᠠᠭᠠᠵᠤ᠂ ᠪᠦᠳᠦᠮᠵᠢᠳᠡᠢ ᠠᠷᠭ᠎ᠠ ᠬᠡᠮᠵᠢᠶ᠎ᠡ ᠠᠪᠴᠤ ᠮᠠᠯ ᠣᠨᠣᠭᠠᠨ ᠤ ᠠᠮᠤᠷ ᠲᠦᠪᠰᠢᠨ ᠢᠶᠠᠷ ᠡᠪᠦᠯ ᠬᠠᠪᠤᠷ ᠢ ᠬᠡᠳᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠲᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠠᠯ᠎ᠠ ᠨᠣᠳᠤᠭ ᠤᠨ ᠭᠠᠯ ᠰᠡᠷᠭᠡᠶᠢᠯᠡᠬᠦ ᠠᠵᠢᠯ ᠢ ᠪᠣᠳᠠᠳᠠᠶᠢᠵᠢᠭᠤᠯᠣᠨ ᠠᠳᠬᠤᠵᠤ᠂ ᠡ᠊ᠨᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠣᠯᠠᠬᠤ ᠬᠡᠷᠡᠭᠳᠡᠢ᠃              ᠪᠣᠯᠪᠠᠰᠤᠷᠠᠯ ᠢᠶᠠᠷ ᠳᠠᠮᠵᠢᠨ ᠰᠤᠮᠤ᠂ ᠭᠠᠴᠠᠭᠠᠨ ᠤ ᠡᠯ᠎ᠡ ᠱᠠᠲᠤᠨ ᠤ ᠨᠠᠮ ᠤᠨ ᠬᠡᠰᠢᠭᠦᠨ᠂ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠵᠢᠯᠲᠠᠨ ᠤ ᠠᠵᠢᠯ ᠤᠨ ᠴᠢᠭᠯᠡᠯ᠂ ᠦᠢᠯᠡᠴᠢᠯᠡᠭᠡᠨ ᠤ ᠰᠡᠳᠬᠢᠮᠵᠢ ᠶᠢ ᠨᠠᠩ ᠲᠣᠳᠣᠷᠬᠠᠶ ᠪᠣᠯᠭᠠᠵᠤ᠂ ᠦᠢᠯᠡᠴᠢᠯᠡᠭᠡᠨ ᠤ ᠬᠢᠷᠢ ᠲᠦᠪᠰᠢᠨ᠂ ᠶᠠᠰᠤ ᠴᠢᠨᠠᠷ ᠢ ᠪᠦᠬᠦ ᠬᠦᠴᠦᠨ ᠢᠶᠠᠷ ᠲᠡᠭᠡᠭᠰᠢᠯᠡᠭᠦᠯᠦᠨ᠂ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠢᠷᠡᠯᠳᠡ᠄ ᠪᠣᠱᠣᠣᠳᠠᠢ ᠰᠣᠮᠣᠨ ᠤ ᠠᠷᠠᠳ ᠤᠨ ᠵᠠᠰᠠᠭ ᠤᠨ ᠣᠷᠳᠣᠨ      ᠣᠶᠠᠩᠭ᠎ᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号