《ᠰᠢᠯᠢ ᠶᠢᠨ ᠭᠤᠣᠯ》ᠴᠠᠭᠠᠨ ᠢᠳᠡᠭᠡ ᠠᠮᠲᠠᠯᠠᠨ ᠦᠨᠡᠯᠡᠬᠦ ᠠᠵᠢᠯᠯᠠᠭ᠎ᠠ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ︽ᠶᠤᠸᠠᠨ ᠤ ᠳᠡᠭᠡᠳᠦ ᠨᠡᠶᠢᠰᠯᠡᠯ︾  ᠬᠠᠭᠠᠨ ᠣᠷᠳᠣᠨ ᠤ ᠴᠠᠭᠠᠨ ᠢᠳᠡᠭᠡᠨ ᠤ ᠰᠣᠶᠣᠯ ᠤᠨ ᠨᠠᠶᠢᠷ
ᠨᠡᠶᠢᠲᠡᠯᠡᠭᠰᠡᠨ ᠴᠠᠭ᠄
2020/8/20
2020.08.26-27 ᠥᠪᠥᠷ ᠮᠣᠩᠭᠤᠯ ᠤᠨ ᠰᠢᠯᠤᠭᠤᠨ ᠬᠥᠬᠡ ᠬᠤᠰᠢᠭᠤᠨ ᠳᠤ        2020 ᠣᠨ ᠤ 8 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤᠨ ᠳᠤ ︽ᠰᠢᠯᠢ ᠶᠢᠨ ᠭᠤᠤᠯ︾ ᠴᠠᠭᠠᠨ ᠢᠳᠡᠭᠡ ᠶᠢ ᠠᠮᠲᠠᠯᠠᠨ ᠦᠨᠡᠯᠡᠬᠦ ᠠᠵᠢᠯᠯᠠᠭ᠎ᠠ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ︽ᠶᠤᠸᠠᠨ ᠤ ᠳᠡᠭᠡᠳᠦ ᠨᠡᠶᠢᠰᠯᠡᠯ︾  ᠬᠠᠭᠠᠨ ᠣᠷᠳᠣᠨ ᠤ ᠴᠠᠭᠠᠨ ᠢᠳᠡᠭᠡᠨ ᠤ ᠰᠣᠶᠣᠯ ᠤᠨ ᠨᠠᠶᠢᠷ ᠦᠪᠡᠳᠡᠭᠰᠢ ᠶᠡᠬᠡᠪᠡᠷ ᠡᠷᠬᠢᠯᠡᠭᠳᠡᠬᠦ ᠪᠣᠯᠤᠯ᠎ᠠ᠃ ᠡᠭᠦᠨ ᠤ ᠬᠠᠮᠲᠤ ᠪᠥᠭᠡ ᠶᠢᠨ ᠴᠤᠯᠠ ᠣᠯᠭᠤᠬᠤ ᠨᠠᠶᠢᠷ ᠪᠠ ᠤᠯᠠᠮᠵᠢᠯᠠᠯᠲᠤ ᠴᠠᠬᠠᠷ ᠮᠣᠩᠭᠤᠯ ᠭᠡᠷ ᠤᠨ ᠦᠵᠡᠭᠦᠯᠦᠯᠭᠡ ᠶᠢᠨ ᠠᠵᠢᠯᠯᠠᠭ᠎ᠠ ᠶᠠᠪᠤᠭᠳᠠᠭᠤᠯᠬᠤ ᠪᠣᠯᠤᠨ᠎ᠠ᠃        ᠴᠠᠭᠠᠨ ᠢᠳᠡᠭᠡᠨ ᠤ ᠨᠠᠶᠢᠷ ᠤᠨ ᠬᠤᠭᠤᠴᠠᠭᠠᠨ ᠳᠤ ᠨᠠᠶᠢᠷ ᠤᠨ ᠲᠠᠯᠠᠪᠠᠢ ᠳᠤ ᠪᠦᠬᠦ ᠠᠶᠢᠮᠠᠭ ᠤᠨ ᠰᠠᠶᠢᠨ ᠡᠭᠦᠯᠳᠡᠷ ᠤᠨ ᠮᠠᠯ ᠢ ᠰᠢᠯᠭᠠᠷᠠᠭᠤᠯᠬᠤ ᠰᠣᠯᠢᠯᠴᠠᠭᠠᠨ ᠤ ᠴᠤᠭᠯᠠᠭᠠᠨ ᠪᠠ ᠰᠢᠯᠤᠭᠤᠨ ᠬᠥᠬᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ︽ᠰᠠᠶᠢᠨ ᠡᠭᠦᠯᠳᠡᠷ ᠤᠨ ᠮᠢᠬᠠᠨ ᠤ ᠦᠬᠡᠷ ᠤᠨ ᠨᠠᠶᠢᠷ︾ ᠢ ᠡᠷᠬᠢᠯᠡᠵᠦ᠂ ᠮᠠᠯ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠰᠣᠯᠢᠯᠴᠠᠭ᠎ᠠ᠂ ᠠᠷᠠᠯᠵᠢᠶ᠎ᠠ᠂ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠂ ᠮᠠᠯ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠪᠣᠯᠤᠨ᠎ᠠ᠃        ᠭᠤᠣᠯᠯᠠᠨ ᠡᠷᠬᠢᠯᠡᠬᠦ ᠨᠢᠭᠡᠴᠡ᠄ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠨᠡᠶᠢᠭᠡᠮᠯᠢᠭᠰᠢᠯᠤᠭᠤᠨ ᠬᠥᠬᠡ ᠬᠤᠰᠢᠭᠤᠨ ᠤ ᠴᠠᠬᠠᠷ ᠴᠠᠭᠠᠨ ᠢᠳᠡᠭᠡᠨ ᠤ ᠨᠡᠶᠢᠭᠡᠮᠯᠢᠭ        ᠴᠠᠭ ᠬᠤᠭᠤᠴᠠᠭ᠎ᠠ᠄2020 ᠣᠨ ᠤ 8 ᠰᠠᠷ᠎ᠠ ᠶᠢᠨ 26-27 ᠤ ᠡᠳᠦᠷ        ᠭᠠᠵᠠᠷ᠄ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠬᠤᠪᠢᠯᠠᠶ ᠠᠭᠤᠳᠠᠮ ᠲᠠᠯᠠᠪᠠᠢ       ᠶᠡᠷᠥᠩᠬᠡᠢ ᠵᠢᠯᠤᠭᠤᠳᠤᠮᠵᠢ᠄        ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ  ᠪᠠᠷᠢᠮᠵᠢᠶᠠᠨ ᠤ ᠬᠢᠷᠢ ᠲᠦᠪᠰᠢᠨ ᠢ  ᠳᠡᠭᠡᠭᠰᠢᠯᠡᠬᠦᠯᠦᠨ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠵᠦ᠂ ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠨᠳᠦᠰᠦᠲᠡᠨ ᠤ ᠤᠯᠠᠮᠵᠢᠯᠠᠯᠲᠤ ᠰᠢᠯᠢᠳᠡᠭ ᠰᠣᠶᠣᠯ ᠢ ᠤᠬᠠᠭᠤᠯᠤᠨ ᠤᠯᠠᠮᠵᠢᠯᠠᠬᠤ ᠪᠠ ᠳᠡᠯᠭᠡᠨ ᠦᠵᠡᠭᠦᠯᠵᠦ᠂ ᠰᠢᠯᠢ ᠶᠢᠨ ᠭᠤᠤᠯ ᠤᠨ ᠴᠠᠭᠠᠨ ᠢᠳᠡᠭᠡᠨ ᠤ ᠨᠥᠯᠥᠭᠡᠯᠡᠬᠦ ᠬᠦᠴᠦᠨ ᠢ ᠨᠠᠮᠡᠭᠳᠡᠭᠦᠯᠵᠦ᠂ ︽ᠰᠢᠯᠢ ᠶᠢᠨ ᠭᠤᠤᠯ ︾ ᠤᠨ ᠴᠠᠭᠠᠨ ᠢᠳᠡᠭᠡ ᠭᠡᠬᠦ ᠨᠡᠷᠡᠲᠦ ᠲᠡᠮᠳᠡᠭ ᠢ ᠠᠯᠳᠠᠷᠰᠢᠭᠤᠯᠤᠨ᠂ ︽ᠴᠠᠭᠠᠨ ᠢᠳᠡᠭᠡᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ︾ ᠶᠢᠨ ᠤᠯᠠᠮᠵᠢᠯᠠᠯᠲᠤ ᠰᠣᠶᠣᠯ ᠤᠨ ᠳᠠᠶᠢᠴᠢᠯᠠᠬᠤ ᠬᠦᠴᠦᠨ ᠪᠠ ᠠᠵᠤ ᠦᠢᠯᠡᠰ ᠤᠨ ᠠᠴᠢᠶᠠᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠴᠠᠭᠠᠨ ᠢᠳᠡᠭᠡᠨ ᠤ ᠠᠵᠤ ᠦᠢᠯᠡᠰ ᠢ ᠳᠦᠷᠢᠮᠵᠢᠭᠦᠯᠬᠦ᠂ ᠣᠯᠠᠨ ᠡᠰᠢᠵᠢᠭᠦᠯᠬᠦ᠂ ᠴᠢᠨᠠᠷᠵᠢᠭᠤᠯᠬᠤ ᠂ ᠵᠠᠬ᠎ᠠ ᠳᠡᠯᠭᠡᠭᠦᠷᠴᠢᠯᠡᠬᠦ᠂ ᠰᠦᠯᠵᠢᠶᠡᠨ ᠵᠠᠬ᠎ᠠ ᠳᠤ ᠭᠠᠷᠭᠠᠬᠤ ᠲᠡᠰᠢ ᠬᠤᠪᠢᠷᠠᠭᠤᠯᠤᠨ᠂ ᠠᠵᠤ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠵᠤ᠂ ᠣᠯᠠᠨ ᠲᠦᠮᠡᠨ ᠤ ᠠᠳᠠᠯ ᠦᠢᠯᠡᠰ ᠴᠣᠭᠴᠠᠯᠠᠨ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠰᠢᠯᠭᠠᠷᠠᠭᠤᠯᠤᠯᠲᠠ ᠶᠢᠨ ᠲᠦᠷᠦᠯ ᠵᠦᠢᠯ᠄        ︽ᠰᠢᠯᠢ ᠶᠢᠨ ᠭᠤᠣᠯ ᠤᠨ ᠴᠠᠭᠠᠨ ᠢᠳᠡᠭᠡ︾ ᠢ ᠠᠮᠲᠠᠯᠠᠨ ᠦᠨᠡᠯᠡᠬᠦ ᠠᠵᠢᠯᠯᠠᠭ᠎ᠠ ᠶᠢᠨ ᠬᠢᠨᠠᠭᠴᠢᠳ ᠤᠨ ᠪᠦᠯᠬᠦᠮ ᠳᠤ ᠴᠠᠭᠠᠨ ᠢᠳᠡᠭᠡᠨ ᠤ ᠲᠤᠰᠬᠠᠶ ᠮᠡᠷᠭᠡᠵᠢᠯᠲᠡᠨ᠂ ᠴᠠᠭᠠᠨ ᠢᠳᠡᠭᠡᠨ ᠤ ᠰᠣᠶᠣᠯ ᠤᠨ ᠲᠤᠰᠬᠠᠶ ᠮᠡᠷᠭᠡᠵᠢᠯᠲᠡᠨ ᠵᠡᠷᠭᠡ ᠶᠢ ᠪᠠᠭᠲᠠᠭᠠᠭᠰᠠᠨ ᠲᠤᠰᠬᠠᠶ ᠮᠡᠷᠭᠡᠵᠢᠯ ᠤᠨ ᠬᠢᠨᠠᠭᠴᠢ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠢᠯ ᠲᠥᠷᠥᠯ ᠤᠨ ᠨᠡᠶᠢᠭᠡᠮᠯᠢᠭ ᠢᠶᠠᠷ ᠪᠦᠷᠢᠯᠳᠦᠭᠰᠡᠨ ᠲᠤᠰᠬᠠᠶ ᠮᠡᠷᠭᠡᠵᠢᠯ ᠤᠨ ᠬᠢᠨᠠᠠᠭᠴᠢ ᠠᠵᠢᠯᠯᠠᠵᠤ᠂  ᠲᠤᠬᠠᠶ ᠶᠢᠨ ᠲᠠᠯᠠᠪᠤᠷ ᠲᠤ ︽ᠰᠢᠯᠢ ᠶᠢᠨ ᠭᠤᠣᠯ︾ ᠴᠠᠭᠠᠨ ᠢᠳᠡᠭᠡᠨ ᠤ ᠰᠢᠨ᠎ᠡ ᠡᠭᠦᠳᠦᠯᠲᠡ ᠶᠢᠨ ᠱᠠᠩᠨᠠᠯ᠂ ᠰᠢᠯᠢᠳᠡᠭ ᠦᠢᠯᠡᠳᠭᠦᠨ ᠤ ᠱᠠᠩᠨᠠᠯ᠂ ᠰᠢᠯᠢᠳᠡᠭ ᠪᠤᠷᠤᠯᠠᠭᠤᠯᠭ᠎ᠠ ᠶᠢᠨ ᠱᠠᠩᠨᠠᠯ᠂ ᠰᠢᠯᠢᠳᠡᠭ ᠪᠣᠭᠤᠳᠠᠯ ᠤᠨ  ᠱᠠᠩᠨᠠᠯ᠂ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠰᠣᠩᠭᠤᠨ ᠰᠢᠯᠭᠠᠷᠠᠭᠤᠯᠬᠤ ᠪᠣᠯᠤᠨ᠎ᠠ᠃ᠴᠠᠭ ᠤᠨ ᠳᠡᠰ ᠳᠠᠷᠠᠭᠠᠯᠠᠯ᠄8 ᠰᠠᠷ᠎ᠠ ᠶᠢᠨ 26 ᠤ ᠡᠳᠦᠷ ᠤᠨ 8᠄ 30 — 9᠄ 30 ᠡᠬᠢᠯᠡᠯᠲᠡ ᠶᠢᠨ ᠶᠣᠰᠣᠯᠠᠯ8ᠰᠠᠷ᠎ᠠ ᠶᠢᠨ 26 ᠤ ᠡᠳᠦᠷ ᠤᠨ 13᠄ 30 — 15᠄ 00 ᠴᠠᠭᠠᠨ ᠢᠳᠡᠭᠡᠨ ᠤ ᠰᠢᠨ᠎ᠡ ᠪᠦᠲᠦᠭᠡᠭᠳᠡᠬᠦᠨ ᠤ ᠰᠢᠯᠭᠠᠷᠠᠭᠤᠯᠤᠯᠲᠠ ᠵᠢᠴᠢ ᠴᠠᠭᠠᠨ ᠢᠳᠡᠭᠡᠨ ᠤ ᠳᠡᠯᠭᠡᠨ ᠪᠣᠷᠤᠯᠠᠭᠤᠯᠭ᠎ᠠ8 ᠰᠠᠷ᠎ᠠ ᠶᠢᠨ 26 ᠤ ᠡᠳᠦᠷ ᠤᠨ 15᠄ 30 — 18᠄ 30 ᠴᠠᠭᠠᠨ ᠢᠳᠡᠭᠡ ᠬᠢᠵᠦ ᠰᠢᠯᠭᠠᠷᠠᠭᠤᠯᠬᠤ8 ᠰᠠᠷ᠎ᠠ ᠶᠢᠨ 27 ᠤ ᠡᠳᠦᠷ ᠤᠨ 8᠄ 30 — 10᠄ 30 ᠤᠬᠠᠭᠤᠯᠤᠨ ᠪᠣᠷᠤᠯᠠᠭᠤᠯᠤᠭᠰᠠᠨ ᠰᠢᠯᠢᠳᠡᠭ ᠡᠷᠦᠬᠡ ᠶᠢ ᠰᠢᠯᠭᠠᠷᠠᠭᠤᠯᠬᠤ8 ᠰᠠᠷ᠎ᠠ ᠶᠢᠨ 27 ᠤ ᠡᠳᠦᠷ ᠤᠨ 11᠄ 00 — 15᠄ 00 ᠪᠠᠶᠢᠭᠠᠯᠢᠯᠢᠭ᠂ ᠣᠨᠴᠠᠯᠢᠭᠲᠤ ᠪᠣᠭᠤᠳᠠᠯ ᠢ ᠰᠢᠯᠭᠠᠷᠠᠭᠤᠯᠬᠤ8 ᠰᠠᠷ᠎ᠠ ᠶᠢᠨ 27 ᠤ ᠡᠳᠦᠷ ᠤᠨ 15᠄ 30 ᠲᠡᠭᠦᠰᠬᠦ ᠶᠣᠰᠣᠯᠠᠯᠠᠵᠢᠯᠯᠠᠭᠠᠨ ᠤ ᠳᠡᠰ ᠳᠠᠷᠠᠭᠠᠯᠠᠯ᠄        ᠲᠤᠰ ᠬᠤᠭᠤᠴᠠᠭᠠᠨ ᠤ《 ᠰᠢᠯᠢ ᠶᠢᠨ ᠭᠤᠤᠯ》 ᠴᠠᠭᠠᠨ ᠢᠳᠡᠭᠡ ᠶᠢ ᠠᠮᠲᠠᠯᠠᠨ ᠦᠨᠡᠯᠡᠬᠦ ᠠᠵᠢᠯᠯᠠᠭ᠎ᠠ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ︽ᠶᠤᠸᠠᠨ ᠤᠯᠤᠰ ᠤᠨ ᠳᠡᠭᠡᠳᠦ ᠨᠡᠶᠢᠰᠯᠡᠯ︾ ᠬᠠᠭᠠᠨ ᠣᠷᠳᠣᠨ ᠤ ᠴᠠᠭᠠᠨ ᠢᠳᠡᠭᠡᠨ ᠤ ᠰᠣᠶᠣᠯ ᠤᠨ ᠨᠠᠶᠢᠷ ᠨᠢ ᠥᠩᠭᠡᠷᠡᠭᠰᠡᠨ ᠬᠤᠭᠤᠴᠠᠭᠠᠨ ᠤ ᠠᠵᠢᠯᠯᠠᠭ᠎ᠠ ᠶᠢ ᠪᠣᠳᠤᠪᠠᠯ ᠪᠠᠷᠢᠮᠵᠢᠶ᠎ᠠ ᠥᠨᠳᠥᠷ᠂ ᠬᠡᠪᠴᠢᠶ᠎ᠡ ᠥᠷᠭᠡᠨ᠂ ᠠᠭᠤᠯᠭ᠎ᠠ ᠪᠠᠶᠠᠯᠢᠭ᠂ ᠣᠷᠤᠯᠴᠠᠭᠰᠠᠳ ᠣᠯᠠᠨ ᠨᠢᠭᠡ ᠤᠳᠠᠭᠠᠨ ᠤ ᠰᠣᠶᠣᠯ ᠤᠨ ᠨᠠᠶᠢᠷ ᠪᠣᠯᠤᠨ᠎ᠠ᠃        ᠨᠠᠶᠢᠷ ᠲᠤ ᠬᠥᠭᠵᠢᠶᠡᠨ ᠨᠠᠮᠠᠬᠦ ᠶᠢᠨ ᠲᠦᠯᠦᠭᠡ᠂ ᠬᠦᠴᠦᠲᠦ 256 ᠪᠥᠬᠡ ᠶᠢᠨ ᠴᠤᠯᠠ ᠣᠯᠭᠤᠬᠤ ᠨᠠᠶᠢᠷ ᠢ ᠲᠣᠬᠢᠷᠠᠭᠤᠯᠵᠤ᠂  ᠨᠤᠲᠤᠭ ᠨᠤᠲᠤᠭ ᠠᠴᠠ ᠢᠷᠡᠭᠰᠡᠨ ᠬᠦᠴᠦᠲᠦ ᠪᠦᠬᠡᠴᠤᠳ ᠨᠠᠶᠢᠷ ᠲᠤ ᠵᠣᠳᠣᠭᠯᠠᠬᠤ ᠪᠠᠷ ᠪᠠᠶᠢᠨ᠎ᠠ᠃ ᠰᠢᠯᠤᠭᠤᠨ ᠬᠥᠬᠡ ᠬᠤᠰᠢᠭᠤᠨ ᠤ ᠤᠯᠠᠮᠵᠢᠯᠠᠯᠲᠤ ᠮᠣᠩᠭᠤᠯ ᠭᠡᠷ ᠦᠢᠯᠡᠳᠬᠦ ᠮᠡᠷᠭᠡᠵᠢᠯ ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠲᠤ ᠵᠢᠭᠰᠠᠭᠠᠭᠳᠠᠵᠤ᠂ ᠮᠣᠩᠭᠤᠯ ᠭᠡᠷ ᠤᠨ ᠦᠵᠡᠭᠦᠯᠦᠯᠭᠡ ᠨᠢ ᠰᠢᠯᠤᠭᠤᠨ ᠬᠦᠬᠡ ᠬᠤᠰᠢᠭᠤᠨ ᠤ ᠤᠯᠠᠮᠵᠢᠯᠠᠯᠲᠤ ᠮᠣᠩᠭᠤᠯ ᠭᠡᠷ ᠤᠨ ᠦᠨᠳᠦᠰᠦᠲᠡᠨ ᠤ ᠰᠣᠶᠣᠯ ᠤᠨ ᠬᠤᠷᠠᠮᠳᠤᠯ᠂ ᠨᠠᠷᠢᠯᠢᠭ ᠰᠠᠶᠢᠬᠠᠨ ᠤᠷ᠎ᠠ ᠮᠡᠷᠭᠡᠵᠢᠯ᠂ ᠦᠨᠳᠦᠰᠦᠲᠡᠨ ᠤ ᠥᠪᠡᠷᠮᠢᠴᠡ ᠬᠡᠪ ᠨᠠᠮᠪᠠ  ᠪᠠᠷ ᠢᠶᠠᠨ ᠥᠨᠢ ᠤᠳᠠᠭᠠᠨ ᠮᠣᠩᠭᠤᠯ ᠶᠤᠸᠠᠨ ᠤ ᠰᠣᠶᠣᠯ ᠤᠨ ᠲᠡᠦᠬᠡ ᠶᠢ ᠭᠦᠢᠴᠡᠳ ᠢᠯᠡᠷᠡᠭᠦᠯᠵᠦ ᠴᠢᠳᠠᠨ᠎ᠠ ᠭᠡᠳᠡᠭ ᠢ ᠢᠲᠡᠭᠡᠵᠦ ᠪᠤᠢ᠃
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号