ᠪᠣᠱᠣᠣᠳᠠᠢ ᠰᠣᠮᠣᠨ ᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠣᠯ ᠳᠣᠭᠤᠶᠢᠯᠠᠩ  2020 ᠣᠨ ᠤ ᠨᠠᠢᠮᠠᠳᠣᠭᠠᠷ ᠣᠳᠠᠭᠠᠨ ᠤ ᠬᠠᠮᠳᠣ ᠶᠢᠨ ᠰᠣᠷᠣᠯᠴᠠᠯᠭ᠎ᠠ ᠶᠢᠨ ᠬᠤᠷᠠᠯ ᠢ ᠬᠤᠷᠠᠯᠳᠣᠪᠠ
ᠨᠡᠶᠢᠲᠡᠯᠡᠭᠰᠡᠨ ᠴᠠᠭ᠄
2020/8/7
        8 ᠰᠠᠷᠠᠶᠢᠨ 7 ᠤ ᠡᠳᠦᠷ᠂ ᠪᠣᠱᠣᠣᠳᠠᠢ ᠰᠣᠮᠣᠨ ᠤ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ  ᠶᠢᠨ ᠭᠤᠣᠯ ᠳᠣᠭᠤᠶᠢᠯᠠᠩ 2020 ᠣᠨ ᠤ ᠨᠠᠢᠮᠠᠳᠣᠭᠠᠷ ᠣᠳᠠᠭᠠᠨ ᠤ ᠬᠠᠮᠳᠣ ᠶᠢᠨ ᠰᠣᠷᠣᠯᠴᠠᠯᠭ᠎ᠠ ᠶᠢᠨ ᠬᠤᠷᠠᠯ ᠢ ᠬᠤᠷᠠᠯᠳᠣᠵᠣ᠂ ᠬᠤᠷᠠᠯ ᠢ ᠰᠣᠮᠣᠨ ᠤ ᠨᠠᠮ ᠤᠨ ᠬᠤᠷᠢᠶᠠᠨ ᠤ ᠱᠦᠵᠢ ᠭᠡᠷᠡᠯᠴᠣᠭᠳᠣ ᠡᠷᠬᠢᠯᠡᠵᠦ᠂ ᠨᠠᠮ ᠵᠠᠰᠠᠭ ᠤᠨ ᠣᠳᠣᠷᠢᠳᠬᠤ ᠪᠠᠭ ᠤᠨ ᠬᠡᠰᠢᠭᠦᠳ ᠬᠤᠷᠠᠯ ᠳᠤ ᠣᠷᠣᠯᠴᠠᠪᠠ᠃         ᠬᠤᠷᠠᠯ ᠳᠤ᠂ ︽ᠨᠠᠮ ᠤᠨ ᠬᠤᠷᠢᠶ᠎ᠡ ︵ᠨᠠᠮ ᠤᠨ ᠣᠳᠣᠷᠢᠳᠬᠤ ᠳᠣᠭᠤᠶᠢᠯᠠᠩ︶ ᠶᠢᠨ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾᠂ ︽ᠰᠢᠨ᠎ᠡ ᠴᠠᠭ ᠦᠶ᠎ᠡ ᠶᠢᠨ ᠡᠬᠡ ᠣᠷᠣᠨᠴᠢ ᠦᠵᠡᠯ ᠤᠨ ᠬᠦᠮᠦᠵᠢᠯ ᠤᠨ ᠭᠡᠷᠡᠭᠵᠢᠭᠦᠯᠬᠦ ᠬᠦᠳᠦᠯᠪᠦᠷᠢ︾᠂ ︽ᠠᠷᠠᠳ ᠢᠷᠭᠡᠨ  ᠤ ᠶᠣᠰᠣ ᠰᠣᠷᠳᠠᠬᠤᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ︾ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠠᠬᠤ ᠲᠦᠷᠦ ᠶᠢᠨ ᠪᠣᠳᠣᠯᠭ᠎ᠠ ᠵᠡᠷᠭᠡ ᠠᠭᠤᠯᠭ᠎ᠠ ᠶᠢ ᠰᠣᠷᠣᠯᠴᠠᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠰᠣᠮᠣᠨ ᠤ ᠨᠠᠮ ᠵᠠᠰᠠᠭ ᠤᠨ ᠣᠳᠣᠷᠢᠳᠬᠤ ᠪᠠᠭ ᠤᠨ ᠬᠡᠰᠢᠭᠦᠳ  ᠨᠢ ︽ᠨᠠᠮ ᠤᠨ ᠬᠤᠷᠢᠶ᠎ᠡ ︵ᠨᠠᠮ ᠤᠨ ᠣᠳᠣᠷᠢᠳᠬᠤ ᠳᠣᠭᠤᠶᠢᠯᠠᠩ︶ ᠶᠢᠨ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠪᠦᠬᠦ ᠰᠣᠮᠣᠨ ᠤ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠢ ᠣᠯᠠᠮ ᠨᠢᠬᠡ ᠠᠯᠬᠤᠮ ᠴᠢᠩᠭᠠᠳᠬᠠᠨ ᠰᠠᠶᠢᠵᠢᠷᠠᠭᠤᠯᠵᠣ᠂ ︽ᠨᠢᠬᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠬᠤᠪᠢᠳᠠᠨ ᠬᠠᠷᠢᠭᠤᠴᠠᠵᠣ ᠪᠠᠶᠢᠭ᠎ᠠ ᠰᠠᠯᠠᠭ᠎ᠠ ᠮᠦᠴᠢᠷ ᠤᠨ ᠦᠵᠡᠯ ᠣᠬᠠᠮᠰᠠᠷ ᠤᠨ ᠬᠡᠯᠪᠡᠷᠢ ᠶᠢᠨ ᠠᠵᠢᠯ ᠢ ᠴᠢᠩᠭ᠎ᠠ ᠠᠳᠬᠤᠨ᠂ ᠶᠠᠷᠢᠶ᠎ᠡ ᠬᠡᠯᠡᠯᠴᠡᠭᠡᠨ ᠤ ᠪᠠᠶᠢᠳᠠᠯ ᠢ ᠨᠠᠷᠢᠨ ᠬᠢᠨᠠᠮᠠᠭᠠᠢ ᠵᠠᠳᠠᠯᠣᠨ ᠰᠣᠳᠣᠯᠵᠣ᠂ ᠣᠬᠠᠭᠤᠯᠭ᠎ᠠ ᠵᠢᠯᠣᠭᠤᠳᠣᠯᠭ᠎ᠠ ᠪᠠᠨ ᠴᠢᠩᠭᠠᠳᠬᠠᠨ᠂ ᠰᠦᠯᠵᠢᠶᠡᠨ ᠤ ᠦᠵᠡᠯ ᠣᠬᠠᠮᠰᠠᠷ ᠤᠨ ᠬᠡᠯᠪᠡᠷᠢ ᠶᠢᠨ ᠠᠮᠣᠷ ᠲᠦᠪᠰᠢᠨ ᠢ ᠦᠨᠡᠨᠬᠦ ᠬᠠᠮᠠᠭᠠᠯᠠᠵᠣ᠂ ᠦᠵᠡᠯ ᠣᠬᠠᠮᠰᠠᠷ ᠤᠨ ᠬᠡᠯᠪᠡᠷᠢ ᠶᠢᠨ ᠭᠤᠣᠯᠯᠠᠬᠤ ᠡᠷᠬᠡ ᠶᠢ ᠪᠠᠳᠣ ᠡᠵᠡᠮᠰᠢᠭᠦ ᠬᠡᠷᠡᠭᠳᠡᠢ︔ ᠣᠳᠣᠷᠢᠳᠬᠤ ᠺᠠᠳ᠋ᠷ ᠨᠠᠷ ᠡᠬᠡ ᠣᠷᠣᠨᠴᠢ ᠵᠣᠷᠢᠭ ᠰᠠᠨᠠᠭ᠎ᠠ ᠶᠢ ᠦᠨᠡᠨᠬᠦ ᠪᠠᠳᠠᠷᠠᠭᠤᠯᠵᠣ᠂ ᠡᠯ᠎ᠡ ᠦᠨᠳᠦᠰᠦᠳᠡᠨ ᠤ ᠪᠦᠯᠬᠦᠮᠳᠡᠯ ᠨᠢᠭᠡᠳᠦᠯ ᠢ ᠬᠠᠮᠠᠭᠠᠯᠠᠨ︔ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠳᠦᠭᠡᠨ ᠪᠠᠶᠢᠭᠤᠯᠬᠤ ᠡᠭᠦᠷᠭᠡ ᠬᠠᠷᠠᠯᠳᠠ ᠶᠢ ᠪᠡᠶᠡᠯᠡᠬᠦᠯᠬᠦ ᠴᠢᠬᠤᠯᠠ ᠴᠠᠭ ᠦᠶ᠎ᠡ ᠳᠤ᠂ ᠨᠡᠶᠢᠭᠡᠮ ᠵᠢᠷᠣᠮ ᠤᠨ ᠶᠣᠰᠣ ᠰᠣᠷᠳᠠᠬᠤᠨ ᠤ ᠪᠦᠳᠦᠭᠡᠨ ᠪᠠᠶᠢᠭᠤᠯᠣᠯᠳᠠ ᠶᠢ ᠦᠨᠡᠨᠬᠦ ᠴᠢᠩᠭᠠᠳᠬᠠᠵᠣ᠂ ᠠᠷᠠᠳ ᠢᠷᠭᠡᠨ ᠤ ᠶᠣᠰᠣ ᠰᠣᠷᠳᠠᠬᠤᠨ ᠤ ᠪᠠᠶᠢᠭᠤᠯᠣᠯᠳᠠ ᠶᠢᠨ ᠲᠠᠰᠣᠷᠠᠯᠳᠠ ᠦᠬᠡᠢ ᠬᠦᠨᠵᠡᠭᠡᠶᠢᠷᠡᠨ ᠬᠡᠪᠴᠢᠶᠡᠵᠢᠬᠦ ᠪᠠᠷ ᠲᠠᠮᠵᠢᠨ᠂ ᠣᠬᠢ ᠰᠠᠶᠢᠨ ᠨᠡᠶᠢᠭᠡᠮ ᠤᠨ ᠶᠣᠰᠣ ᠰᠣᠷᠳᠠᠬᠤᠨ ᠤ ᠬᠡᠪ ᠰᠣᠷᠳᠠᠯ ᠢ ᠪᠣᠢ ᠪᠣᠯᠭᠠᠨ᠂ ᠪᠣᠳᠠᠰ ᠤᠨ ᠪᠣᠯᠪᠠᠰᠣᠨ ᠬᠢᠬᠡᠳ ᠣᠶᠣᠨ ᠤ ᠪᠣᠯᠪᠠᠰᠣᠨ ᠤ ᠵᠣᠬᠢᠴᠠᠩᠭᠤᠢ ᠬᠦᠭᠵᠢᠯᠳᠡ ᠶᠢ ᠠᠬᠢᠭᠤᠯᠬᠤ ᠬᠡᠷᠡᠭᠳᠡᠢ᠃ᠢᠷᠡᠯᠳᠡ᠄ ᠪᠣᠱᠣᠣᠳᠠᠢ ᠰᠣᠮᠣᠨ ᠤ ᠠᠷᠠᠳ ᠤᠨ ᠵᠠᠰᠠᠭ ᠤᠨ ᠣᠷᠳᠣᠨ    ᠣᠶᠠᠩᠭ᠎ᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号