ᠰᠢᠯᠤᠭᠤᠨ ᠬᠥᠬᠡ ᠬᠤᠰᠢᠭᠤᠨ ᠤ ᠬᠠᠪᠢᠷᠭ᠎ᠠ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/22
          9 ᠰᠠᠷ᠎ᠠ ᠶᠢᠨ 21 ᠤ ᠡᠳᠦᠷ᠂ ᠬᠠᠪᠢᠷᠭ᠎ᠠ ᠪᠠᠯᠭᠠᠰᠤ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ᠂ ᠶᠠᠳᠠᠭᠤ ᠶᠢ ᠲᠡᠳᠬᠦᠬᠦ ᠠᠵᠢᠯ ᠤᠨ ᠥᠷᠲᠡᠭᠡᠨ ᠤ ᠪᠦᠬᠦ ᠭᠡᠰᠢᠭᠦᠳ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠤᠭᠠᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠠᠴᠠ ᠰᠢᠯᠤᠭᠤᠨ ᠬᠥᠬᠡ ᠬᠤᠰᠢᠭᠤᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠶᠡᠷᠦᠩᠬᠡᠶ ᠠᠩᠭᠢ ᠶᠢᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠱᠢ ᠴᠢᠩ ᠬᠤᠷᠠᠯ ᠳᠤ ᠣᠷᠣᠯᠴᠠᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃           ᠬᠤᠷᠠᠯ ᠳᠡᠭᠡᠷ᠎ᠡ᠂ ᠱᠢ ᠴᠢᠩ ᠨᠥᠬᠦᠷ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠬᠤᠶᠠᠳᠤᠭᠠᠷ ᠪᠠᠶᠢᠴᠠᠭᠠᠨ ᠵᠢᠯᠣᠭᠤᠳᠬᠤ ᠳᠤᠭᠤᠶᠢᠯᠠᠩ ᠤᠨ ᠰᠢᠯᠤᠭᠤᠨ ᠬᠥᠬᠡ ᠬᠤᠰᠢᠭᠤᠨ ᠤ ᠶᠠᠳᠠᠭᠤ ᠶᠢ ᠲᠡᠳᠬᠦᠬᠦ ᠠᠵᠢᠯ ᠳᠤ ᠬᠠᠷᠢᠭᠤ ᠲᠤᠰᠬᠠᠭᠰᠠᠨ ᠠᠰᠠᠭᠤᠳᠠᠯ ᠢ ᠡᠮᠬᠢᠯᠡᠵᠦ ᠵᠠᠳᠠᠯᠤᠭᠰᠠᠨ ᠪᠥᠭᠡᠳ ᠬᠠᠷᠢᠭᠤ ᠲᠤᠰᠬᠠᠭᠰᠠᠨ ᠵᠦᠢᠯ ᠠᠴᠠ ᠪᠣᠰᠣᠳ ᠠᠰᠠᠭᠤᠳᠠᠯ ᠢ ᠣᠬᠤᠴᠢᠯᠠᠨ ᠭᠠᠷᠭᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠡᠮᠦᠨᠡᠬᠢ ᠬᠤᠭᠤᠴᠠᠭᠠᠨ ᠤ ᠪᠠᠶᠢᠴᠠᠭᠠᠯᠲᠠ ᠲᠠᠢ ᠤᠶᠠᠯᠳᠤᠭᠤᠯᠤᠨ ᠂ ᠬᠠᠪᠢᠷᠭ᠎ᠠ ᠪᠠᠯᠭᠠᠰᠤᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠭᠤᠷᠠᠶ ᠵᠦᠢᠯ ᠪᠠ ᠲᠤᠪᠤᠶᠢᠮ᠎ᠠ ᠠᠰᠠᠭᠤᠳᠠᠯ ᠢ ᠵᠢᠭᠠᠨ ᠭᠠᠷᠭᠠᠵᠤ᠂ ᠬᠠᠨᠳᠤᠯᠭᠠᠲᠤ ᠴᠢᠨᠠᠷᠲᠠᠶ ᠴᠡᠭᠴᠡᠯᠡᠬᠦ ᠰᠠᠨᠠᠯ ᠳᠤᠷᠠᠳᠪᠠ᠃           ᠱᠢ ᠴᠢᠩ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠲᠥᠷᠥᠯ ᠤᠨ ᠬᠢᠨᠠᠨ ᠰᠢᠯᠭᠠᠬᠤ ᠠᠭᠤᠯᠭ᠎ᠠ ᠪᠠ  ᠪᠠᠷᠢᠮᠵᠢᠶ᠎ᠠ ᠶᠢ ᠪᠥᠬᠦ ᠲᠠᠯ᠎ᠠ ᠪᠠᠷ ᠡᠵᠡᠮᠰᠢᠵᠦ᠂ ︽2020 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠬᠤ ᠠᠵᠢᠯ ᠤᠨ ᠭᠠᠷ ᠳᠡᠪᠲᠡᠷ︾ ᠲᠠᠬᠢ ᠨᠠᠷᠢᠯᠢᠭ ᠣᠨᠣᠪᠴᠢᠲᠠᠢ  ᠪᠠᠷ ᠢᠯᠭᠠᠨ ᠲᠠᠨᠢᠬᠤ ᠪᠠ ᠭᠠᠷᠭᠠᠬᠤ᠂ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠬᠦᠯᠬᠦ᠂ ᠶᠠᠳᠠᠭᠤ ᠶᠢ ᠲᠡᠳᠬᠦᠬᠦ ᠪᠠᠯᠠ ᠮᠥᠩᠭᠦ ᠶᠢ ᠪᠠᠭᠤᠯᠭᠠᠬᠤ ᠠᠬᠢᠴᠠ ᠪᠠ ᠲᠥᠷᠥᠯ ᠵᠦᠢᠯ ᠤᠨ ᠬᠠᠮᠢᠶᠠᠷᠤᠯᠲᠠ᠂ ᠨᠠᠷᠢᠯᠢᠭ ᠣᠨᠣᠪᠴᠢᠲᠠᠢ ᠪᠠᠷ ᠬᠠᠪᠰᠤᠷᠤᠨ ᠲᠡᠳᠬᠦᠬᠦ᠂ ᠤᠬᠠᠭᠤᠯᠤᠨ ᠳ᠋ᠦᠩᠨᠡᠬᠦ ᠵᠡᠷᠭᠡ ᠲᠠᠯ᠎ᠠ ᠶᠢ ᠡᠮᠬᠢᠯᠡᠨ ᠪᠠᠶᠢᠴᠠᠭᠠᠵᠤ᠂ ᠣᠷᠣᠰᠢᠵᠤ ᠪᠠᠶᠢᠭ᠎ᠠ ᠲᠤᠳᠠᠭᠳᠠᠯ ᠪᠠ ᠪᠠᠭᠤᠷᠠᠶ ᠲᠠᠯ᠎ᠠ ᠶᠢ ᠲᠣᠳᠤᠷᠬᠠᠶᠢᠯᠠᠨ᠂ ᠴᠠᠭ ᠤᠨ ᠳᠠᠷᠠᠭᠠᠯᠠᠯ ᠶᠣᠰᠣᠭᠠᠷ ᠴᠡᠭᠴᠡᠯᠡᠵᠦ᠂ ᠴᠠᠭ ᠢ ᠵᠠᠪᠳᠤᠨ ᠡᠯ᠎ᠡ ᠵᠦᠢᠯ ᠤᠨ ᠠᠵᠢᠯ ᠢ ᠨᠠᠷᠢᠯᠢᠭ ᠣᠨᠣᠪᠴᠢᠲᠠᠢ ᠰᠠᠶᠢᠳᠤᠷ ᠠᠬᠢᠭᠤᠯᠵᠤ᠂ ᠵᠢᠯ ᠤᠨ ᠡᠴᠦᠰ ᠤᠨ ᠡᠯ᠎ᠡ ᠱᠠᠲᠤᠨ ᠤ ᠬᠢᠨᠠᠨ ᠰᠢᠯᠭᠠᠯᠲᠠ ᠳᠤ ᠰᠠᠶᠢᠲᠤᠷ ᠪᠡᠯᠡᠳᠭᠡᠨ ᠰᠠᠭᠤᠷᠢ ᠲᠠᠯᠪᠢᠬᠤ ᠬᠡᠷᠡᠭᠳᠡᠢ ᠭᠡᠪᠡ᠃
          ᠱᠢ ᠴᠢᠩ ᠪᠦᠬᠦ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳ᠋ᠦᠩᠨᠡᠯᠲᠡ ᠤᠬᠠᠭᠤᠯᠭ᠎ᠠ ᠶᠢᠨ ᠠᠵᠢᠯ ᠤᠨ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠳᠠᠩᠰᠠ ᠡᠪᠬᠡᠮᠡᠯ ᠢ ᠵᠢᠷᠤᠮᠵᠢᠭᠤᠯᠬᠤ ᠠᠵᠢᠯ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠤᠬᠠᠭᠤᠯᠭ᠎ᠠ ᠪᠠ ᠳ᠋ᠦᠩᠨᠡᠯᠲᠡ ᠵᠡᠷᠭᠡ ᠭᠤᠷᠪᠠᠨ ᠲᠠᠯ᠎ᠠ ᠠᠴᠠ ᠣᠳᠣᠬᠠᠨ ᠤ ᠠᠵᠢᠯ ᠢ ᠪᠠᠶᠢᠷᠢᠯᠠᠭᠤᠯᠪᠠ᠃           ᠬᠠᠪᠢᠷᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦᠶ ᠾᠦᠢ ᠵᠢᠭᠠᠬᠤ ᠳᠠᠭᠠᠨ᠂ ᠣᠳᠣᠬᠠᠨ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠨᠢ ᠨᠢᠭᠡᠨᠲᠡ ᠰᠢᠢᠳᠪᠦᠷᠢᠲᠦ ᠢᠯᠠᠯᠲᠠ ᠣᠯᠬᠤ᠂ ᠪᠦᠬᠦ ᠲᠠᠯ᠎ᠠ ᠪᠠᠷ ᠰᠡᠭᠦᠯ ᠬᠤᠷᠢᠶᠠᠬᠤ ᠵᠠᠩᠭᠢᠯᠠᠭ᠎ᠠ ᠶᠢᠨ ᠱᠠᠲᠤᠨ ᠳᠤ ᠬᠦᠷᠪᠡ᠂ ᠲᠡᠶᠢᠮᠦ ᠠᠴᠠ ᠡᠷᠬᠡᠪᠰᠢ ᠡᠯ᠎ᠡ ᠵᠦᠢᠯ ᠤᠨ ᠠᠵᠢᠯ ᠢᠶᠠᠨ ᠬᠤᠭᠤᠴᠠᠭ᠎ᠠ ᠶᠣᠰᠣᠭᠠᠷ ᠨᠠᠷᠢᠨ ᠬᠢᠨᠠᠮᠠᠭᠠᠢ ᠰᠠᠶᠢᠲᠤᠷ ᠪᠡᠶᠡᠯᠡᠬᠦᠯᠬᠦ ᠬᠡᠷᠡᠭᠲᠡᠢ᠃ ᠬᠠᠭᠤᠮᠠᠭᠠᠢ ᠬᠠᠨᠳᠤᠵᠤ ᠶᠠᠭᠠᠬᠢᠭᠰᠠᠨ ᠴᠤ ᠪᠣᠯᠬᠤ ᠦᠭᠡᠢ᠂ ᠠᠰᠠᠭᠤᠳᠠᠯ ᠢ ᠴᠡᠭᠴᠡᠯᠡᠬᠦ᠂ ᠳᠠᠩᠰᠠ ᠡᠪᠬᠡᠮᠡᠯ ᠢ ᠡᠮᠬᠢᠯᠡᠬᠦ ᠵᠡᠷᠭᠡ ᠰᠠᠭᠤᠷᠢ ᠴᠢᠨᠠᠷᠲᠠᠶ ᠠᠵᠢᠯ ᠤᠨ ᠲᠣᠭᠤᠷᠢᠨ ᠳᠤ ᠣᠷᠬᠢᠭᠳᠠᠯ ᠢ ᠪᠠᠶᠢᠴᠠᠭᠠᠵᠤ ᠲᠤᠲᠠᠭᠳᠠᠯ ᠢ ᠨᠥᠬᠦᠪᠦᠷᠢᠯᠡᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠴᠠᠭ ᠢ ᠰᠠᠶᠢᠳᠤᠷ ᠠᠰᠢᠭᠯᠠᠵᠤ᠂ ᠠᠵᠢᠯ ᠤᠨ ᠰᠡᠳᠬᠢᠴᠡ ᠪᠠᠨ ᠲᠤᠳᠤᠷᠬᠠᠶᠢᠯᠠᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠨᠠᠷᠢᠯᠢᠭ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠳᠤᠷ ᠬᠢᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠰᠡᠭᠦᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠶ ᠬᠢᠵᠦ᠂ ᠶᠠᠳᠠᠭᠤ ᠠᠴᠠ ᠠᠩᠭᠢᠵᠢᠷᠠᠭᠤᠯᠤᠬᠤ ᠰᠢᠪᠲᠤᠯᠤᠯᠲᠠ ᠶᠢᠨ ᠠᠵᠢᠯ ᠤᠨ ᠢᠯᠠᠯᠲᠠ ᠶᠢ ᠣᠯᠬᠤ ᠪᠠᠷ ᠲᠡᠮᠡᠴᠡᠬᠦ ᠬᠡᠷᠡᠭᠳᠡᠢ ᠭᠡᠵᠡᠢ᠃           ᠬᠤᠷᠠᠯ ᠤᠨ ᠳᠠᠷᠠᠭ᠎ᠠ᠂ ᠱᠢ ᠴᠢᠩ ᠶᠠᠳᠠᠭᠤ ᠬᠦᠴᠢᠷᠳᠡᠯᠲᠡᠶ ᠡᠷᠦᠬᠡ ᠳᠤ ᠬᠦᠷᠴᠦ᠂ ᠭᠡᠷ ᠪᠦᠯᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠨᠢ ᠪᠠᠶᠢᠴᠠᠭᠠᠨ ᠦᠵᠡᠪᠡ᠃ᠤᠷᠠᠯᠢᠭ ᠣᠷᠴᠢᠭᠤᠯᠤᠨ᠂ ᠮᠦᠳᠡᠭ ᠬᠢᠨᠠᠪᠠ
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号