| | | ᠨᠠᠷᠠᠨ ᠬᠤᠸᠠᠷ ᠤᠨ ᠦᠷ᠎ᠠ ᠶᠢ ᠨᠢ ᠠᠪᠤᠭᠰᠠᠨ ᠴᠡᠴᠡᠭ ᠤᠨ ᠰᠠᠭᠤᠳᠠᠯ ᠨᠢ ᠳᠦᠢᠯ ᠤᠨ ᠰᠠᠶᠢᠨ ᠮᠠᠯ | ᠲᠠᠵᠢᠭᠡᠪᠤᠷᠢ ᠶᠢᠨ ᠲᠠᠵᠢᠭᠡᠯ ᠪᠤᠷᠳᠤᠭ᠎ᠠ ᠪᠤᠯᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠪᠦᠳᠤᠭᠦᠯᠢᠭ | ᠤᠭᠤᠷᠠᠭ ᠤᠨ ᠠᠭᠤᠯᠤᠭᠳᠠᠴᠠ 7% ~ 9%᠂ ᠪᠦᠳᠤᠭᠦᠯᠢᠭ ᠦᠭᠡᠭᠦ 6.5% ~ 10.5%᠂ ᠪᠦᠳᠤᠭᠦᠯᠢᠭ | ᠰᠢᠷᠭᠡᠭᠯᠢᠭ 17.7%᠂ ᠠᠽᠤᠲ ᠦᠭᠡᠢ ᠨᠠᠪᠴᠢᠮᠡᠭᠡᠢ ᠪᠤᠳᠠᠰ 43.9%᠂ ᠵᠢᠮᠢᠰ ᠤᠨ ᠴᠠᠪᠠᠤ 2.4% ~ 3%᠂ | ᠡᠭᠦᠨ ᠳᠤ ᠪᠦᠳᠤᠭᠦᠯᠢᠭ ᠤᠭᠤᠷᠠᠭ ᠭᠢᠭᠡᠳ ᠠᠽᠤᠲ ᠦᠭᠡᠢ ᠨᠠᠪᠴᠢᠮᠡᠭᠡᠢ ᠪᠤᠳᠠᠰ ᠤᠨ ᠠᠭᠤᠯᠤᠭᠳᠠᠴᠠ ᠨᠢ ᠠᠮᠤ | ᠪᠤᠳᠠᠭ᠎ᠠ ᠳᠠᠬᠢ ᠠᠭᠤᠯᠤᠭᠳᠠᠴᠠ ᠲᠠᠢ ᠪᠠᠶᠢᠳᠠᠭ᠃ | ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠭᠢᠭᠰᠡᠨ ᠲᠠᠯᠬ᠎ᠠ ᠪᠤᠷᠳᠤᠭ᠎ᠠ ᠶᠢᠨ ᠵᠠᠭᠤᠨ ᠺᠢᠯᠦᠭᠷᠠᠮ | ᠪᠦᠷᠢ ᠶᠢᠨ ᠰᠢᠮ᠎ᠠ ᠲᠠᠵᠢᠭᠡᠯ ᠤᠨ ᠤᠢᠷᠳᠡᠭ ᠨᠢ 60 ~ 66 ᠺᠢᠯᠦᠭᠷᠠᠮ ᠡᠷᠳᠡᠨᠢ ᠰᠢᠰᠢ ᠪᠤᠶᠤ 70 ~ 80 ᠺᠢᠯᠦᠭᠷᠠᠮ | ᠠᠷᠪᠠᠢ ᠵᠡᠷᠭᠡ ᠨᠠᠷᠢᠯᠢᠬ ᠪᠤᠷᠳᠤᠭ᠎ᠠ ᠶᠢᠨ ᠰᠢᠮ᠎ᠠ ᠲᠠᠵᠢᠭᠡᠯ ᠤᠨ ᠦᠷᠳᠡᠭ ᠲᠠᠢ ᠠᠳᠠᠯᠢᠬᠠᠨ᠃ | ᠨᠠᠷᠠᠨ ᠬᠤᠸᠠᠷ ᠤᠨ ᠴᠡᠴᠡᠭ ᠤᠨ ᠰᠠᠭᠤᠳᠠᠯ ᠢ ᠪᠠᠰᠠ ᠨᠤᠭᠤᠭᠠᠨ ᠢᠶᠠᠷ ᠲᠠᠷᠤᠰᠢᠭᠤᠯᠵᠤ ᠪᠤᠯᠤᠨ᠎ᠠ᠂ | ᠨᠤᠭᠤᠭᠠᠨ ᠢᠶᠠᠷ ᠲᠠᠷᠤᠰᠢᠭᠤᠯᠤᠭᠰᠠᠨ ᠨᠠᠷᠠᠨ ᠬᠤᠸᠠᠷ ᠤᠨ ᠴᠡᠴᠡᠭ ᠤᠨ ᠰᠠᠭᠤᠳᠠᠯ ᠨᠢ ᠳᠦᠢᠯ ᠤᠨ ᠰᠠᠶᠢᠬᠠᠨ ᠦᠨᠤᠷ ᠲᠠᠢ᠂ | ᠮᠠᠯ ᠲᠠᠵᠢᠭᠡᠪᠤᠷᠢ ᠳᠤᠩ ᠢᠳᠡᠭᠦ ᠳᠤᠷᠠᠳᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠶᠡᠭᠡ ᠭᠡᠮᠵᠢᠶᠠᠨ ᠤ | ᠺᠠᠯᠼᠠᠯᠢᠬ ᠪᠤᠳᠠᠰ ᠪᠤᠯᠤᠨ ᠨᠠᠯᠢᠶᠠᠳ ᠠᠷᠪᠢᠨ ᠵᠢᠮᠢᠰ ᠤᠨ ᠰᠢᠭᠢᠷ ᠠᠭᠤᠯᠤᠭᠳᠠᠬᠤ ᠪᠤᠯᠬᠤᠷ᠂ ᠨᠢᠯᠬ᠎ᠠ ᠳᠦᠯ ᠮᠠᠯ ᠪᠤᠯᠤᠨ | ᠭᠡᠭᠡᠯ ᠲᠠᠢ ᠡᠬᠡ ᠮᠠᠯ ᠢ ᠲᠠᠵᠢᠭᠡᠭᠦ ᠳᠤ ᠶᠡᠭᠡ ᠳᠤᠭᠢᠷᠠᠮᠵᠢᠳᠠᠢ᠃ ᠭᠡᠷᠪᠡ ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ | ᠭᠠᠭ᠋ᠠᠢ ᠲᠠᠵᠢᠭᠡᠪᠠᠯ ᠭᠠᠭ᠋ᠠᠢ ᠲᠠᠷᠭᠤᠯᠠᠬᠤ ᠨᠢ ᠬᠤᠷᠳᠤᠨ ᠪᠦᠭᠡᠳ ᠪᠤᠷᠳᠤᠭᠠᠨ ᠠᠮᠤ ᠶᠢ ᠠᠷᠪᠢᠯᠠᠨ᠂ ᠭᠠᠭ᠋ᠠᠢ ᠲᠠᠵᠢᠭᠡᠭᠦ | ᠦᠪᠠᠷ ᠤᠨ ᠦᠷᠳᠡᠭ ᠢ ᠪᠠᠭᠠᠰᠬᠠᠵᠤ ᠠᠰᠢᠭ ᠨᠢ ᠶᠡᠭᠡ ᠪᠠᠶᠢᠳᠠᠭ᠃ ᠵᠣᠬᠢᠶᠠᠭᠴᠢ᠄ | ᠲᠤᠭᠲᠠᠭᠤᠨ | | |